11 ᠰᠠᠷ᠎ᠠ ᠵᠢᠨ 11 ᠤ᠋ ᠡᠳᠦᠷ᠂ ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ 《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠲᠥᠯᠥᠪᠵᠢᠭᠦᠯᠭᠡ ᠵᠢ ᠪᠡᠶᠡᠯᠡᠬᠦᠯᠵᠦ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ》 ᠱᠢᠷᠢᠰ ᠭᠤᠤᠯ ᠰᠡᠳᠦᠪᠳᠦ ᠰᠣᠨᠢᠨ ᠮᠡᠳᠡᠭᠡ ᠨᠡᠢᠲᠡᠯᠡᠬᠦ᠌ ᠬᠤᠷᠠᠯ ᠤ᠋ᠨ 《ᠠᠮᠢ ᠠᠬᠤᠶ ᠵᠢᠨ ᠪᠣᠯᠪᠠᠰᠤᠨ ᠤ᠋ ᠪᠠᠢᠭᠤᠯᠤᠯᠲᠠ ᠶ᠋ᠢᠨ ᠳᠤᠭᠳᠠᠯ ᠬᠦᠴᠦᠨ ᠢ᠋ ᠪᠠᠳᠤᠯᠠᠨ ᠴᠢᠩᠭᠠᠳᠭᠠᠵᠤ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠵᠢ ᠪᠠᠲᠤ ᠴᠣᠭ᠍ᠴᠠᠯᠠᠬᠤ》 ᠲᠤᠰᠭᠠᠶ ᠲᠠᠯᠠᠪᠤᠷ ᠰᠤᠨᠢᠨ ᠮᠡᠳᠡᠭᠡ ᠨᠡᠢᠳᠡᠯᠡᠬᠦ ᠬᠤᠷᠠᠯ ᠬᠢᠵᠦ᠂ ᠦᠪᠡᠷᠳᠡᠭᠡᠨ ᠵᠠᠰᠠᠬᠤ ᠤᠷᠤᠨ ᠤ᠋ ᠪᠠᠢᠭᠠᠯᠢ ᠵᠢᠨ ᠡᠬᠢ ᠪᠠᠶᠠᠯᠢᠭ ᠤ᠋ᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ᠋ ᠠᠮᠢ ᠠᠬᠤᠶ ᠣᠷᠴᠢᠨ ᠲᠣᠭᠣᠷᠢᠨ ᠤ᠋ ᠲᠢᠩᠬᠢᠮ᠂ ᠦᠪᠡᠷᠳᠡᠭᠡᠨ ᠵᠠᠰᠠᠬᠤ ᠤᠷᠤᠨ ᠤ᠋ ᠤᠰᠤᠨ ᠠᠱᠢᠭ᠍ᠯᠠᠯᠲᠠ ᠵᠢᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠶ᠋ᠢᠨ ᠬᠠᠷᠢᠭᠤᠴᠠᠯᠭᠠᠳᠠᠨ ᠡᠴᠡ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠡᠬᠢ ᠡᠯ᠎ᠡ ᠬᠦᠷᠢᠶᠡᠨ ᠤ᠋ ᠠᠮᠢ ᠠᠬᠤᠶ ᠵᠢᠨ ᠬᠠᠮᠠᠭᠠᠯᠠᠯᠲᠠ ᠪᠠ ᠵᠠᠰᠠᠯᠲᠠ ᠵᠢᠨ ᠭᠤᠤᠯ ᠦᠷ᠎ᠡ ᠪᠦᠲᠦᠮᠵᠢ ᠪᠣᠯᠤᠨ ᠱᠢᠨ᠎ᠡ ᠵᠢ ᠡᠭᠦᠳᠦᠭᠰᠡᠨ ᠠᠷᠭ᠎ᠠ ᠬᠡᠮᠵᠢᠶ᠎ᠡ ᠵᠢ ᠲᠥᠪᠯᠡᠷᠡᠭᠦᠯᠦᠨ ᠨᠡᠢᠲᠡᠯᠡᠵᠦ᠍᠂ ᠱᠢᠨ᠎ᠡ ᠴᠠᠭ ᠦᠶ᠎ᠡ ᠵᠢᠨ ᠠᠮᠢ ᠠᠬᠤᠶ ᠵᠢᠨ ᠵᠠᠰᠠᠯᠲᠠ ᠳ᠋ᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠠᠢ᠃
59.69 ᠲᠦᠮᠡᠨ ᠲᠡᠭ᠌ᠰᠢ ᠳᠥᠷᠪᠡᠯᠵᠢᠨ ᠺᠢᠯᠤᠮᠸᠲᠷ ᠤ᠋ᠨ ᠠᠮᠢ ᠠᠬᠤᠢ ᠵᠢᠨ ᠬᠠᠮᠠᠭᠠᠯᠠᠯᠳᠠ ᠶ᠋ᠢᠨ ᠤᠯᠠᠭᠠᠨ ᠱᠤᠭᠤᠮ ᠢ᠋ ᠵᠠᠭᠠᠭᠯᠠᠨ ᠲᠤᠭᠳᠠᠭᠠᠪᠠ
《〈ᠠᠷᠪᠠᠨ ᠳᠦᠷᠪᠡᠳᠦᠭᠡᠷ ᠲᠠᠪᠤᠨ ᠵᠢᠯ〉 ᠤ᠋ᠨ ᠬᠤᠭᠤᠴᠠᠭᠠᠨ ᠳ᠋ᠦ ᠦᠪᠦᠷ ᠮᠤᠩᠭᠤᠯ ᠨᠡᠢᠳᠡ 59.69 ᠲᠦᠮᠡᠨ ᠲᠡᠭ᠌ᠰᠢ ᠳᠥᠷᠪᠡᠯᠵᠢᠨ ᠺᠢᠯᠤᠮᠸᠲᠷ ᠤ᠋ᠨ ᠠᠮᠢ ᠠᠬᠤᠢ ᠵᠢᠨ ᠬᠠᠮᠠᠭᠠᠯᠠᠯᠳᠠ ᠵᠢᠨ ᠤᠯᠠᠭᠠᠨ ᠱᠤᠭᠤᠮ ᠢ᠋ ᠵᠠᠭᠠᠭᠯᠠᠨ ᠲᠤᠭᠳᠠᠭᠠᠵᠦ᠂ ᠪᠦᠬᠦ ᠤᠷᠤᠨ ᠤ᠋ ᠤᠯᠤᠰ ᠤ᠋ᠨ ᠨᠤᠲᠤᠭ ᠳᠡᠪᠢᠰᠭᠡᠷ ᠤ᠋ᠨ ᠲᠠᠯᠠᠪᠠᠶ ᠵᠢᠨ 50.46% ᠵᠢ ᠡᠵᠡᠯᠡᠨ᠂ ᠵᠠᠭᠠᠭᠯᠠᠨ ᠲᠤᠭᠳᠠᠭᠠᠭᠰᠠᠨ ᠬᠠᠷᠢᠴᠠᠯ ᠶ᠋ᠢᠡᠷ ᠪᠦᠬᠦ ᠤᠯᠤᠰ ᠤ᠋ᠨ ᠬᠤᠶᠠᠳᠤᠭᠠᠷ ᠲᠣ᠌ ᠵᠢᠭᠰᠠᠪᠠ》 ᠬᠡᠵᠤ ᠦᠪᠡᠷᠳᠡᠬᠡᠨ ᠵᠠᠰᠠᠬᠤ ᠤᠷᠤᠨ ᠤ᠋ ᠪᠠᠢᠭᠠᠯᠢ ᠵᠢᠨ ᠡᠬᠢ ᠪᠠᠶᠠᠯᠢᠭ ᠤ᠋ᠨ ᠲᠢᠩᠬᠢᠮ ᠤ᠋ᠨ ᠲᠡᠳ᠋ ᠲᠠᠷᠤᠭ᠎ᠠ ᠸᠠᠩ ᠲᠤᠤ ᠬᠡᠯᠡᠨ᠎ᠠ᠃
ᠮᠠᠨ ᠤ᠋ ᠤᠷᠤᠨ ᠠᠮᠢ ᠠᠬᠤᠢ ᠵᠢᠨ ᠬᠠᠮᠠᠭᠠᠯᠠᠯᠳᠠ ᠵᠢᠨ ᠤᠯᠠᠭᠠᠨ ᠱᠤᠭᠤᠮ ᠢ᠋ ᠵᠠᠭᠠᠭᠯᠠᠨ ᠲᠤᠭᠳᠠᠭᠠᠭᠰᠠᠨᠦ ᠰᠠᠭᠤᠷᠢᠨ ᠲᠠᠬᠡᠷ᠎ᠠ ᠠᠭᠤᠯᠠ ᠤᠰᠤ ᠤᠢ ᠰᠢᠭᠤᠢ ᠨᠤᠲᠤᠭ ᠪᠡᠯᠴᠢᠭᠡᠷ ᠭᠠᠵᠠᠷ ᠲᠠᠷᠢᠶ᠎ᠠ ᠨᠠᠭᠤᠷ ᠪᠦᠷᠢᠳᠦ ᠡᠯᠡᠰᠦ ᠮᠠᠩᠬ᠎ᠠ ᠶ᠋ᠢ ᠰᠢᠰᠲᠧᠮ ᠲᠠᠢ ᠵᠠᠰᠠᠬᠤ ᠶ᠋ᠢ ᠨᠢᠭᠡᠳᠦᠯᠳᠠᠢ ᠲᠦᠯᠦᠪᠵᠢᠭᠦᠯᠦᠨ᠂ ᠶᠡᠬᠡ ᠬᠢᠩᠭᠠᠨ ᠳᠠᠪᠠᠭ᠎ᠠ᠂ ᠮᠤᠨᠢ ᠠᠭᠤᠯᠠ᠂ ᠠᠯᠠᠱᠠ ᠠᠭᠤᠯᠠ ᠶ᠋ᠢᠨ ᠠᠮᠢ ᠠᠬᠤᠢ ᠶ᠋ᠢᠨ ᠬᠤᠩᠬᠢᠯ ᠪᠠ ᠨᠤᠳᠤᠭ ᠪᠡᠯᠴᠢᠬᠡᠷ ᠤ᠋ᠨ ᠠᠮᠢ ᠠᠬᠤᠢ ᠶ᠋ᠢᠨ ᠰᠢᠰᠲ᠋ᠧᠮ ᠤ᠋ᠨ ᠴᠢᠳᠠᠮᠵᠢ ᠶ᠋ᠢ ᠴᠢᠩᠭᠠᠳᠬᠠᠵᠤ᠂ ᠬᠠᠳᠤᠨ ᠭᠤᠤᠯ᠂ ᠪᠠᠷᠠᠭᠤᠨ ᠯᠢᠶᠤᠤᠾᠧ ᠭᠤᠤᠯ᠂ ᠨᠤᠨ ᠮᠦᠷᠡᠨ᠂ ᠬᠠᠷ᠎ᠠ ᠭᠤᠤᠯ ᠵᠢᠴᠢ ᠬᠦᠯᠦᠨ ᠨᠠᠭᠤᠷ᠂ ᠤᠯᠠᠭᠠᠨᠰᠤᠬᠠᠢ᠂ ᠳᠠᠭ᠎ᠠ ᠶ᠋ᠢᠨ ᠨᠠᠭᠤᠷ ᠵᠡᠷᠭᠡ ᠭᠤᠤᠯ ᠪᠤᠯᠬᠤ ᠰᠠᠪᠠ ᠭᠠᠵᠠᠷ ᠤ᠋ᠨ ᠤᠰᠤᠨ ᠴᠤᠭᠴᠠ ᠶ᠋ᠢᠨ ᠠᠮᠢ ᠠᠬᠤᠢ ᠤᠷᠴᠢᠨ ᠲᠤᠭᠤᠷᠢᠨ ᠤ᠋ ᠬᠠᠮᠠᠭᠠᠯᠠᠯᠳᠠ ᠪᠠ ᠵᠠᠰᠠᠯᠳᠠ ᠶ᠋ᠢ ᠴᠢᠩᠭᠠᠳᠬᠠᠵᠤ᠂ ᠪᠠᠳᠠᠢ ᠶ᠋ᠢᠨ ᠵᠢᠷᠠᠨ᠂ ᠲᠩᠷᠢ᠂ ᠤᠯᠠᠭᠠᠨᠪᠤᠬ᠎ᠠ᠂ ᠬᠦᠪᠴᠢ᠂ ᠪᠠᠶᠠᠡᠡᠦ᠋ᠨᠳᠦᠷ ᠵᠡᠷᠭᠡ 《ᠳᠠᠪᠤᠨ ᠶᠡᠬᠡ ᠡᠯᠡᠰᠦ》 ᠪᠤᠯᠤᠨ ᠮᠤᠤᠡᠤᠰᠤ᠂ ᠬᠤᠯᠠᠨ ᠰᠢᠷᠭ᠎ᠠ ᠳᠠᠭ᠎ᠠ᠂ ᠦᠵᠦᠮᠦᠴᠢᠨ᠂ ᠬᠤᠷᠴᠢᠨ᠂ ᠬᠦᠯᠦᠨ ᠪᠤᠢᠷ ᠵᠡᠷᠭᠡ 《ᠳᠠᠪᠤᠨ ᠡᠯᠡᠰᠦᠷᠬᠡᠭ ᠭᠠᠵᠠᠷ》 ᠤ᠋ᠨ ᠡᠯᠡᠰᠦᠷᠭᠡᠭᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠰᠢᠰᠲᠧᠮ ᠢ᠋ ᠲᠡᠭᠦᠯᠳᠡᠷᠵᠢᠭᠦᠯᠦᠨ᠂ ᠨᠤᠲᠤᠭ ᠪᠡᠯᠴᠢᠭᠡᠷ᠂ ᠣᠶ ᠱᠢᠭᠤᠶ᠂ ᠭᠤᠤᠯ ᠮᠦ᠋ᠷᠡᠨ᠂ ᠨᠠᠭᠤᠷ ᠪᠦᠷᠢᠳᠦ᠂ ᠨᠤᠭᠤ ᠭᠠᠵᠠᠷ᠂ ᠡᠯᠡᠰᠦ ᠮᠠᠩᠬ᠎ᠠ᠂ ᠡᠯᠡᠰᠦᠷᠬᠡᠭ ᠭᠠᠵᠠᠷ ᠢ᠋ ᠴᠦᠮ ᠬᠠᠮᠤᠷᠤᠭᠰᠠᠨ ᠪᠦᠬᠦ ᠤᠷᠤᠨ ᠪᠦᠰᠡ ᠶ᠋ᠢᠨ ᠠᠮᠢ ᠠᠬᠤᠢ ᠶ᠋ᠢᠨ ᠠᠮᠦᠷ ᠲᠦᠪᠰᠢᠨ ᠤ᠋ ᠪᠠᠢᠷᠢᠰᠢᠯ ᠢ᠋ ᠪᠠᠢᠭᠤᠯᠪᠠ᠃ ᠡᠨᠡ ᠬᠦ᠌ ᠬᠤᠭᠤᠴᠠᠭᠠᠨ ᠳ᠋ᠤ ᠪᠦᠬᠦ ᠤᠯᠤᠰ ᠲᠣ᠌ ᠡᠩ ᠲᠡᠷᠢᠬᠦᠨᠳᠤ ᠠᠮᠢ ᠠᠬᠤᠢ ᠵᠢᠨ ᠬᠠᠮᠠᠭᠠᠯᠠᠯᠳᠠ ᠵᠢᠨ ᠤᠯᠠᠭᠠᠨ ᠱᠤᠭᠤᠮ ᠢ᠋ ᠵᠠᠭᠠᠭᠯᠠᠨ ᠲᠤᠭᠳᠠᠭᠠᠬᠤ ᠠᠵᠢᠯ ᠢ᠋ ᠪᠡᠶᠡᠯᠡᠬᠦᠯᠵᠤ᠂ ᠪᠦᠬᠦ ᠤᠷᠤᠨ ᠤ᠋ 12 ᠠᠢᠮᠠᠭ ᠬᠤᠳᠠ ᠵᠢᠨ 100 ᠬᠤᠰᠢᠭᠤ ᠰᠢᠶᠠᠨ (ᠬᠤᠳᠠ᠂ ᠲᠤᠭᠤᠷᠢᠭ) ᠳ᠋ᠤ 67131 ᠵᠠᠭᠠᠭ ᠤ᠋ᠨ ᠱᠣᠩ ᠪᠠ 4483 ᠢᠯᠡᠷᠭᠡᠢᠯᠡᠯ ᠳᠡᠮᠳᠡᠭ ᠪᠤᠰᠬᠠᠵᠠᠢ᠃
ᠬᠥᠬᠡ ᠣᠭ᠍ᠲᠠᠷᠭᠤᠶ ᠬᠥᠬᠡᠮᠳᠦᠭ ᠤᠰᠤ ᠵᠢ ᠬᠠᠮᠠᠭᠠᠯᠠᠬᠤ ᠳᠠᠢᠯᠠᠯᠳᠤᠭᠠᠨ ᠳ᠋ᠦ ᠬᠢᠯᠠᠯᠵᠠᠭᠰᠠᠨ ᠠᠮᠵᠢᠯᠳᠠ ᠤᠯᠪᠠ
《ᠬᠦᠬᠡ ᠤᠭᠳᠠᠷᠭᠤᠢ ᠴᠡᠩᠬᠡᠭ ᠠᠭᠠᠷ ᠪᠤᠯ ᠬᠠᠮᠤᠭ ᠤ᠋ᠨ ᠰᠢᠭᠤᠳ ᠪᠦᠭᠡᠳ ᠬᠠᠮᠤᠭ ᠤ᠋ᠨ ᠲᠦᠭᠡᠮᠡᠯ ᠬᠦᠷᠳᠡᠬᠡᠮᠵᠢᠳᠤ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠮᠦᠨ᠃ 〈ᠠᠷᠪᠠᠨ ᠳᠦᠷᠪᠡᠳᠦᠭᠡᠷ ᠲᠠᠪᠤᠨ ᠵᠢᠯ〉 ᠳ᠋ᠦ᠂ ᠦᠪᠦᠷ ᠮᠤᠩᠭᠤᠯ ᠠᠭᠠᠷ ᠤ᠋ᠨ ᠶᠠᠰᠤ ᠴᠢᠨᠠᠷ ᠢ᠋ ᠰᠠᠢᠵᠢᠷᠠᠭᠤᠯᠬᠤ ᠪᠡᠷ ᠭᠤᠤᠯᠳᠠᠯᠭ᠎ᠠ ᠪᠤᠯᠭᠠᠨ ᠬᠦᠬᠡ ᠤᠭᠳᠠᠷᠭᠤᠢ ᠶ᠋ᠢ ᠬᠠᠮᠠᠭᠠᠯᠠᠬᠤ ᠳᠠᠢᠯᠠᠯᠳᠤᠭᠠᠨ ᠢ᠋ ᠡᠷᠴᠢᠮᠳᠠᠢ ᠦᠷᠨᠢᠭᠦᠯᠵᠦ᠂ ᠪᠦᠬᠦ ᠤᠷᠤᠨ ᠤ᠋ ᠠᠭᠠᠷ ᠤ᠋ᠨ ᠶᠠᠰᠤ ᠴᠢᠨᠠᠷ ᠲᠠᠰᠤᠷᠠᠯᠳᠠ ᠦᠭᠡᠢ ᠰᠠᠢᠵᠢᠷᠠᠪᠠ》 ᠬᠡᠵᠤ ᠦᠪᠡᠷᠳᠡᠬᠡᠨ ᠵᠠᠰᠠᠬᠤ ᠤᠷᠤᠨ ᠤ᠋ ᠠᠮᠢ ᠠᠬᠤᠢ ᠤᠷᠴᠢᠨ ᠲᠤᠭᠤᠷᠢᠨ ᠤ᠋ ᠲᠢᠩᠬᠢᠮ ᠤ᠋ᠨ ᠲᠡᠳ᠋ ᠲᠠᠷᠤᠭ᠎ᠠ ᠸᠠᠩ ᠢ ᠯᠢᠩ ᠲᠠᠨᠢᠯᠴᠠᠭᠤᠯᠪᠠ᠃
ᠡᠨᠡ ᠵᠢᠯ ᠤ᠋ᠨ 1 — 9 ᠰᠠᠷ᠎ᠠ ᠳ᠋ᠦ ᠪᠦᠬᠦ ᠤᠷᠤᠨ ᠤ᠋ ᠱᠢᠯᠢᠳᠡᠭ ᠰᠠᠢᠨ ᠡᠳᠦᠷ ᠤ᠋ᠨ ᠲᠣᠭ᠎ᠠ ᠵᠢᠨ ᠬᠠᠷᠢᠴᠠᠯ 90.9% ᠳ᠋ᠤ ᠬᠦᠷᠴᠦ᠍᠂ ᠵᠢᠷᠭᠤᠭᠠᠨ ᠲᠦᠷᠦᠯ ᠤ᠋ᠨ ᠭᠤᠤᠯ ᠪᠤᠯᠬᠤ ᠪᠤᠬᠢᠷ ᠪᠤᠳᠠᠰ ᠤ᠋ᠨ ᠦᠳᠭᠡᠴᠡ ᠪᠦᠬᠦ ᠲᠠᠯ᠎ᠠ ᠪᠡᠷ ᠪᠠᠭᠤᠷᠠᠪᠠ᠃ ᠡᠭᠦᠨ ᠳ᠋ᠤ PM2.5 ᠵᠢᠨ ᠥᠳᠭᠡᠴᠡ ᠪᠠᠭᠤᠷᠠᠭᠠᠳ ᠪᠣᠰᠣᠭ᠎ᠠ ᠳᠥᠷᠪᠡᠯᠵᠢᠨ ᠮᠧᠲ᠋ᠷ ᠪᠦᠷᠢ ᠳ᠋ᠤ 21 ᠮᠢᠺᠷᠥᠭ᠌ᠷᠠᠮ ᠪᠣᠯᠵᠣ᠂ ᠲᠡᠦᠬᠡ ᠵᠢᠨ ᠠᠳᠠᠯᠢ ᠬᠤᠭᠤᠴᠠᠭᠠᠨ ᠤ᠋ ᠬᠠᠮᠤᠭ ᠤ᠋ᠨ ᠰᠠᠢᠨ ᠲᠦᠪᠱᠢᠨ ᠳ᠋ᠤ ᠬᠦᠷᠴᠤ᠂ ᠬᠦᠬᠡ ᠲᠩᠷᠢ ᠳ᠋ᠤ ᠬᠦᠪᠦᠩ ᠡᠭᠦᠯᠡ ᠴᠠᠢᠯᠵᠠᠨ᠂ ᠰᠦᠨᠢ ᠶ᠋ᠢᠨ ᠲᠩᠷᠢ ᠳ᠋ᠤ ᠤᠳᠤᠨ ᠮᠡᠴᠢᠳ ᠬᠢᠯᠠᠯᠵᠠᠬᠤ ᠨᠢ ᠪᠠᠢᠩᠭᠤ ᠶ᠋ᠢᠨ ᠦᠵᠡᠭᠳᠡᠯ ᠪᠤᠯᠤᠭᠰᠠᠨ ᠶᠤᠮ᠃ ᠡᠭᠦᠨ ᠤ᠋ ᠵᠡᠷᠭᠡ ᠪᠡᠷ ᠬᠦᠬᠡᠮᠳᠦᠭ ᠤᠰᠤ ᠶ᠋ᠢ ᠬᠠᠮᠠᠭᠠᠯᠠᠬᠤ ᠳᠠᠢᠯᠠᠯᠳᠤᠭᠠᠨ ᠴᠤ᠌ ᠡᠷᠴᠢᠮᠳᠠᠢ ᠶᠠᠪᠤᠭᠳᠠᠵᠤ᠂ ᠬᠠᠳᠤᠨ ᠭᠤᠤᠯ ᠪᠠ ᠨᠤᠨ ᠮᠦᠷᠡᠨ ᠵᠡᠷᠭᠡ ᠶᠡᠬᠡ ᠭᠤᠤᠯ ᠮᠦᠷᠡᠨ ᠪᠠ ᠴᠢᠬᠤᠯᠠ ᠨᠠᠭᠤᠷ ᠪᠦᠷᠢᠳᠦ ᠶ᠋ᠢ ᠬᠠᠮᠠᠭᠠᠯᠠᠵᠤ ᠵᠠᠰᠠᠬᠤ ᠠᠵᠢᠯ ᠭᠦᠨᠵᠡᠭᠡᠢᠷᠡᠨ᠂ ᠪᠦᠬᠦ ᠤᠷᠤᠨ ᠤ᠋ ᠤᠰᠤᠨ ᠤ᠋ ᠠᠮᠢ ᠠᠬᠤᠢ ᠤᠷᠴᠢᠨ ᠲᠤᠭᠤᠷᠢᠨ ᠤ᠋ ᠶᠠᠰᠤ ᠴᠢᠨᠠᠷ ᠢᠯᠡᠳᠳᠡ ᠰᠠᠢᠵᠢᠷᠠᠪᠠ᠃ ᠡᠨᠡ ᠵᠢᠯ ᠤ᠋ᠨ 1 — 9 ᠰᠠᠷ᠎ᠠ ᠳ᠋ᠤ ᠪᠦᠬᠦ ᠤᠷᠤᠨ ᠤ᠋ ᠭᠤᠤᠯᠳᠠᠯᠭ᠎ᠠ ᠲᠠᠢ ᠤᠰᠤᠨ ᠴᠤᠭᠴᠠ ᠶ᠋ᠢᠨ ᠭᠠᠵᠠᠷ ᠤ᠋ᠨ ᠭᠠᠳᠠᠷᠭᠤ ᠳ᠋ᠡᠬᠢ ᠤᠰᠤᠨ ᠤ᠋ ᠰᠢᠯᠢᠳᠡᠭ ᠰᠠᠢᠨ ᠴᠢᠨᠠᠷ ᠪᠦᠬᠦᠢ ᠬᠠᠷᠢᠴᠠᠯ ᠨᠢ 75.4% ᠳ᠋ᠤ ᠬᠦᠷᠴᠤ᠂ ᠬᠠᠲᠤᠨ ᠭᠤᠤᠯ ᠤ᠋ᠨ ᠥᠪᠥᠷ ᠮᠣᠩᠭᠣᠯ ᠳ᠋ᠠᠬᠢ ᠬᠡᠰᠡᠭ ᠤ᠋ᠨ ᠭᠤᠤᠯ ᠤᠷᠤᠰᠭᠠᠯ ᠤ᠋ᠨ ᠤᠰᠤᠨ ᠤ᠋ ᠴᠢᠨᠠᠷ 5 ᠵᠢᠯ ᠳᠠᠷᠠᠭᠠᠯᠠᠨⅡᠲᠦᠷᠦᠯ ᠳ᠋ᠦ ᠲᠣᠭ᠍ᠲᠠᠪᠤᠷᠢᠵᠢᠪᠠ᠃
ᠭᠤᠤᠯ ᠤ᠋ᠨ ᠵᠠᠮ ᠤ᠋ᠨ ᠠᠮᠢ ᠠᠬᠤᠢ ᠢᠯᠡᠳᠳᠡ ᠰᠠᠢᠵᠢᠷᠠᠵᠤ ᠪᠠᠷᠠᠭᠤᠨ ᠯᠢᠶᠣᠤᠾᠧ ᠭᠣᠣᠯ ᠪᠦᠬᠦ ᠱᠤᠭᠤᠮ ᠵᠢᠡᠷ ᠤᠷᠤᠰᠬᠠᠯ ᠲᠠᠢ ᠪᠤᠯᠪᠠ
《ᠭᠤᠤᠯ ᠤ᠋ᠨ ᠵᠠᠮ ᠪᠤᠯ ᠭᠤᠤᠯ ᠤ᠋ᠨ ᠤᠰᠤᠨ ᠤ᠋ ᠠᠮᠢ ᠨᠠᠰᠤᠨ ᠤ᠋ ᠵᠠᠮ ᠮᠦᠨ᠃ 〈ᠠᠷᠪᠠᠨ ᠳᠦᠷᠪᠡᠳᠦᠭᠡᠷ ᠳᠠᠪᠤᠨ ᠵᠢᠯ〉 ᠳ᠋ᠤ ᠮᠠᠨ ᠤ᠋ ᠤᠷᠤᠨ ᠭᠤᠤᠯ ᠤ᠋ᠨ ᠵᠠᠮ ᠢ᠋ ᠴᠡᠪᠡᠷᠯᠡᠬᠦ ᠠᠵᠢᠯᠯᠠᠭ᠎ᠠ ᠶ᠋ᠢ ᠡᠷᠴᠢᠮᠳᠠᠢ ᠦᠷᠨᠢᠭᠦᠯᠵᠦ᠂ ᠭᠤᠤᠯ ᠪᠤᠯᠬᠤ ᠭᠤᠤᠯ ᠮᠦᠷᠡᠨ ᠨᠠᠭᠤᠷ ᠴᠦᠬᠦᠷᠦᠮ ᠤ᠋ᠨ ᠤᠰᠤᠨ ᠤ᠋ ᠬᠡᠮᠵᠢᠶ᠎ᠠ ᠶ᠋ᠢ ᠪᠦᠲᠦᠮᠵᠢᠳᠠᠢ ᠪᠠᠳᠤᠯᠠᠨ᠂ ᠭᠤᠤᠯ ᠮᠦᠷᠡᠨ ᠨᠠᠭᠤᠷ ᠴᠦᠬᠦᠷᠦᠮ ᠤ᠋ᠨ ᠪᠠᠢᠭᠠᠯᠢ ᠶ᠋ᠢᠨ ᠡᠷᠬᠢ ᠶ᠋ᠢ ᠠᠯᠬᠤᠮ ᠠᠯᠬᠤᠮ ᠶ᠋ᠢᠡᠷ ᠰᠡᠷᠭᠦᠭᠡᠪᠡ》 ᠬᠡᠵᠤ ᠦᠪᠡᠷᠳᠡᠬᠡᠨ ᠵᠠᠰᠠᠬᠤ ᠤᠷᠤᠨ ᠤ᠋ ᠤᠰᠤᠨ ᠠᠰᠢᠬᠯᠠᠯᠳᠠ ᠵᠢᠨ ᠲᠢᠩᠬᠢᠮ ᠤ᠋ᠨ ᠲᠡᠳ᠋ ᠲᠠᠷᠤᠭ᠎ᠠ ᠯᠢ ᠪᠢᠨ ᠶᠠᠷᠢᠨ᠎ᠠ᠃
《ᠠᠷᠪᠠᠨ ᠳᠦᠷᠪᠡᠳᠦᠭᠡᠷ ᠳᠠᠪᠤᠨ ᠵᠢᠯ》 ᠳ᠋ᠤ ᠮᠠᠨ ᠤ᠋ ᠤᠷᠤᠨ ᠪᠠᠷᠠᠭᠤᠨ ᠯᠢᠶᠤᠤᠾᠧ ᠭᠤᠤᠯ ᠪᠤᠯᠤᠨ ᠯᠤᠤᠬ᠎ᠠ ᠶ᠋ᠢᠨ ᠭᠤᠤᠯ ᠵᠡᠷᠭᠡ 21 ᠭᠤᠤᠯ ᠮᠦᠷᠡᠨ ᠤ᠋ ᠰᠠᠪᠠ ᠭᠠᠵᠠᠷ ᠲᠤ᠌ 1.12 ᠲᠦᠮᠡᠨ ᠺᠢᠯᠦᠮᠧᠲᠷ ᠤ᠋ᠨ ᠲᠠᠷᠢᠶᠠᠯᠠᠬᠤ ᠶ᠋ᠢ ᠴᠠᠭᠠᠵᠠᠯᠠᠬᠤ ᠱᠤᠭᠤᠮ ᠳᠤᠭᠳᠠᠭᠠᠨ᠂ 16.7 ᠲᠦᠮᠡᠨ ᠰᠠᠭᠤᠷᠢ ᠵᠠᠭᠠᠭ ᠤ᠋ᠨ ᠱᠤᠩ ᠪᠠ ᠦᠩᠭᠡᠳᠦ ᠳᠠᠯᠪᠠᠭ᠎ᠠ ᠪᠤᠰᠬᠠᠪᠠ᠃ ᠭᠤᠤᠯ ᠤ᠋ᠨ ᠵᠠᠮ ᠢ᠋ ᠴᠡᠪᠡᠷᠯᠡᠬᠦ ᠠᠵᠢᠯᠯᠠᠭ᠎ᠠ ᠪᠡᠷ ᠳᠠᠮᠵᠢᠨ ᠡᠨᠡ ᠵᠢᠯ ᠤ᠋ᠨ ᠦᠶᠡᠷ ᠤ᠋ᠨ ᠬᠤᠭᠤᠴᠠᠭᠠᠨ ᠳ᠋ᠤ ᠯᠤᠤᠬ᠎ᠠ ᠶ᠋ᠢᠨ ᠭᠤᠤᠯ ᠤ᠋ᠨ ᠦᠶᠡᠷ ᠤ᠋ᠨ ᠤᠰᠤᠨ ᠤ᠋ ᠬᠡᠮᠵᠢᠶ᠎ᠠ ᠨᠢ ᠨᠢᠳᠤᠨᠤᠨ ᠤ᠋ ᠰᠧᠺᠦ᠋ᠨ᠋ᠳ᠋ ᠪᠦᠷᠢ 589 ᠪᠤᠰᠤᠭ᠎ᠠ ᠳᠦᠷᠪᠡᠯᠵᠢᠨ ᠮᠧᠲᠷ ᠡᠴᠡ ᠨᠡᠮᠡᠭᠳᠡᠭᠡᠳ ᠰᠧᠺᠦ᠋ᠨ᠋ᠳ᠋ ᠪᠦᠷᠢ 751 ᠪᠤᠰᠤᠭ᠎ᠠ ᠳᠦᠷᠪᠡᠯᠵᠢᠨ ᠮᠧᠲᠷ ᠪᠤᠯᠤᠭᠰᠠᠨ ᠪᠤᠯᠪᠠᠴᠤ ᠯᠤᠤᠬ᠎ᠠ ᠶ᠋ᠢᠨ ᠭᠤᠤᠯ ᠤ᠋ᠨ ᠤᠰᠤᠨ ᠵᠠᠮ ᠤ᠋ᠨ ᠤᠰᠤᠨ ᠲᠦᠪᠰᠢᠨ ᠨᠢ ᠨᠢᠳᠤᠨᠤᠨ ᠡᠴᠡ 1.5 ᠮᠧᠲᠷ ᠳᠤᠷᠤᠭᠰᠢᠯᠠᠵᠤ᠂ ᠦᠶᠡᠷ ᠢ᠋ ᠤᠷᠤᠰᠬᠠᠬᠤ ᠴᠢᠳᠠᠪᠤᠷᠢ ᠨᠢ ᠢᠯᠡᠳᠳᠡ ᠰᠠᠢᠵᠢᠷᠠᠵᠠᠢ᠃ ᠡᠭᠦᠨ ᠤ᠋ ᠬᠠᠮᠳᠤ ᠪᠠᠷᠠᠭᠤᠨ ᠯᠢᠶᠤᠤᠾᠧ ᠭᠤᠤᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢ ᠰᠡᠷᠭᠦᠭᠡᠬᠦ ᠠᠵᠢᠯ ᠴᠤ᠌ ᠡᠷᠴᠢᠮᠳᠠᠢ ᠦᠷᠨᠢᠵᠤ᠂ 2020 ᠤᠨ ᠡᠴᠡ ᠰᠠᠪᠠ ᠭᠠᠵᠠᠷ ᠤ᠋ᠨ ᠤᠰᠤᠨ ᠤ᠋ ᠡᠬᠢ ᠪᠠᠶᠠᠯᠢᠭ ᠢ᠋ ᠰᠢᠨᠵᠢᠯᠡᠬᠦ ᠤᠬᠠᠭᠠᠨᠴᠢ ᠪᠡᠷ ᠨᠢᠭᠡᠳᠦᠯᠳᠠᠢ ᠳᠤᠬᠢᠷᠠᠭᠤᠯᠬᠤ ᠪᠠ ᠬᠠᠮᠢᠶᠠᠷᠤᠨ ᠡᠵᠡᠮᠳᠡᠬᠦ ᠠᠵᠢᠯᠯᠠᠭ᠎ᠠ ᠦᠷᠨᠢᠭᠦᠯᠦᠨ᠂ ᠤᠰᠤᠨ ᠤ᠋ ᠵᠠᠮ ᠪᠠ ᠴᠦᠬᠦᠷᠦᠮ ᠤ᠋ᠨ ᠤᠷᠤᠨ ᠤ᠋ ᠬᠠᠮᠢᠶᠠᠷᠤᠯᠳᠠ ᠶ᠋ᠢ ᠴᠢᠩᠭᠠᠳᠬᠠᠵᠤ᠂ ᠤᠰᠤ ᠶ᠋ᠢ ᠠᠷᠪᠢᠯᠠᠬᠤ ᠵᠢᠴᠢ ᠭᠠᠵᠠᠷ ᠲᠤᠤᠷᠠᠬᠢ ᠤᠰᠤ ᠶ᠋ᠢ ᠬᠡᠳᠦᠷᠡᠳᠡᠯ᠎ᠠ ᠳᠠᠳᠠᠬᠤ ᠶ᠋ᠢ ᠶᠡᠷᠦᠩᠬᠡᠢᠯᠡᠨ ᠵᠠᠰᠠᠬᠤ ᠶ᠋ᠢ ᠪᠦᠬᠦ ᠲᠠᠯ᠎ᠠ ᠪᠡᠷ ᠴᠢᠩᠭᠠᠳᠬᠠᠭᠰᠠᠨ ᠶ᠋ᠢᠡᠷ ᠤᠢᠷ᠎ᠠ ᠶ᠋ᠢᠨ ᠳᠠᠪᠤᠨ ᠵᠢᠯ ᠳ᠋ᠤ ᠪᠠᠷᠠᠭᠤᠨ ᠯᠢᠶᠤᠤᠾᠧ ᠭᠤᠤᠯ ᠤ᠋ᠨ ᠭᠤᠤᠯ ᠤᠷᠤᠰᠬᠠᠯ ᠳ᠋ᠤ ᠤᠰᠤ ᠲᠠᠢ ᠪᠠᠢᠬᠤ ᠬᠡᠰᠡᠭ ᠵᠢᠯ ᠳᠠᠷᠠᠭᠠᠯᠠᠨ ᠨᠡᠮᠡᠭᠳᠡᠵᠦ ᠂ 27 ᠵᠢᠯ ᠤᠷᠤᠰᠬᠠᠯ ᠲᠠᠰᠤᠷᠠᠭᠰᠠᠨ ᠪᠠᠷᠠᠭᠤᠨ ᠯᠢᠶᠣᠤᠾᠧ ᠭᠣᠣᠯ ᠡᠨᠡ ᠵᠢᠯ ᠤ᠋ᠨ 4 ᠰᠠᠷ᠎ᠠ ᠶ᠋ᠢᠨ 10 ᠪᠠ 9 ᠰᠠᠷ᠎ᠠ ᠶ᠋ᠢᠨ 13 ᠳ᠋ᠤ ᠬᠤᠶᠠᠷ ᠤᠳᠠᠭ᠎ᠠ ᠪᠦᠬᠦ ᠱᠤᠭᠤᠮ ᠶ᠋ᠢᠡᠷ ᠤᠷᠤᠰᠬᠠᠯ ᠲᠠᠢ ᠪᠤᠯᠵᠤ᠂ ᠰᠠᠪᠠ ᠭᠠᠵᠠᠷ ᠤ᠋ᠨ ᠭᠠᠵᠠᠷ ᠳᠣᠣᠷᠠᠬᠢ ᠤᠰᠤ ᠠᠯᠭᠤᠷ ᠠᠭᠠᠵᠢᠮ ᠵᠢᠡᠷ ᠲᠠᠬᠡᠭᠰᠢᠯᠡᠨ ᠨᠤᠭᠤ ᠭᠠᠵᠠᠷ ᠤ᠋ᠨ ᠠᠮᠢ ᠠᠬᠤᠶ ᠵᠢᠨ ᠠᠯᠬᠤᠮ ᠠᠯᠬᠤᠮ ᠵᠢᠡᠷ ᠰᠡᠷᠭᠦᠵᠤ᠂ ᠭᠠᠩ ᠬᠠᠭᠤᠷᠠᠶ ᠬᠠᠭᠠᠰ ᠭᠠᠩ ᠬᠠᠭᠤᠷᠠᠶ ᠭᠠᠵᠠᠷ ᠣᠷᠣᠨ ᠤ᠋ ᠭᠣᠣᠯ ᠮᠥᠷᠡᠨ ᠨᠠᠭᠤᠷ ᠴᠥᠭᠥᠷᠥᠮ ᠤ᠋ᠨ ᠰᠡᠷᠭᠦᠯᠲᠡ ᠳ᠋ᠦ ᠪᠤᠳᠠᠳᠤ ᠦᠢᠯᠡᠳᠦᠯᠭᠡ ᠵᠢᠨ ᠦᠯᠢᠭᠡᠷ ᠬᠡᠪ ᠬᠠᠩᠭᠠᠭᠰᠠᠨ ᠪᠠᠢᠨ᠎ᠠ᠃
《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩᠦᠨ ᠭᠤᠷᠪᠠᠨ ᠶᠡᠬᠡ ᠪᠡᠯᠭᠡ ᠳᠡᠮᠳᠡᠭ ᠤ᠋ᠨ ᠴᠢᠨᠠᠷᠳᠠᠢ ᠳᠠᠢᠯᠠᠯᠳᠤᠭᠠᠨ ᠳ᠋ᠦ ᠱᠠᠳᠤᠴᠢ ᠴᠢᠨᠠᠷᠳᠠᠢ ᠦᠷ᠎ᠡ ᠪᠦᠲᠦᠮᠵᠢ ᠤᠯᠪᠠ
《〈ᠠᠷᠪᠠᠨ ᠲᠠᠪᠤᠳᠤᠭᠠᠷ ᠲᠠᠪᠤᠨ ᠵᠢᠯ〉 ᠳ᠋ᠦ ᠦᠪᠦᠷ ᠮᠤᠩᠭᠤᠯ ᠤᠯᠤᠰ ᠤ᠋ᠨ ᠠᠮᠢ ᠠᠬᠤᠢ ᠶ᠋ᠢᠨ ᠪᠦᠲᠦᠭᠡᠨ ᠪᠠᠢᠭᠤᠯᠤᠯᠳᠠ ᠶ᠋ᠢᠨ ᠴᠢᠬᠤᠯᠠ ᠶᠡᠬᠡ ᠪᠠᠢᠯᠳᠤᠬᠤ ᠪᠤᠳᠤᠯᠭ᠎ᠠ ᠶ᠋ᠢᠨ ᠢᠨᠵᠧᠨᠧᠷᠢᠩ ᠪᠤᠯᠬᠤ 〈ᠤᠮᠠᠷᠠᠲᠤ ᠵᠢᠨ ᠭᠤᠷᠪᠠᠨ ᠤᠷᠤᠨ〉 ᠤ᠋ ᠢᠨᠵᠧᠨᠧᠷᠢᠩ ᠢ᠋ ᠬᠦᠴᠦᠳᠠᠢ ᠠᠬᠢᠭᠤᠯᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ ᠮᠠᠩᠬ᠎ᠠ ᠶ᠋ᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲᠧᠮ ᠲᠠᠢ ᠵᠠᠰᠠᠬᠤ ᠶ᠋ᠢ ᠪᠠᠷᠢᠮᠳᠠᠯᠠᠨ᠂ ᠤᠷᠢᠳ ᠬᠤᠵᠢᠳ ᠨᠡᠢᠳᠡ 1.23 ᠳ᠋ᠦᠩᠱᠢᠭᠤᠷ ᠮᠦ᠍ ᠶ᠋ᠢᠨ ᠠᠮᠢ ᠠᠬᠤᠢ ᠶ᠋ᠢᠨ ᠵᠠᠰᠠᠯᠳᠠ ᠶ᠋ᠢᠨ ᠡᠭᠦᠷᠭᠡ ᠶ᠋ᠢ ᠪᠡᠶᠡᠯᠡᠬᠦᠯᠵᠦ᠂ ᠪᠦᠬᠦ ᠤᠯᠤᠰ ᠤ᠋ᠨ ᠶᠡᠷᠦᠩᠬᠡᠢ ᠡᠭᠦᠷᠭᠡ ᠵᠢᠨ 43.2% ᠢ᠋ ᠡᠵᠡᠯᠡᠪᠡ᠃ ᠡᠭᠦᠨ ᠳ᠋ᠤ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠡᠭᠦᠷᠭᠡ ᠶ᠋ᠢ 6688 ᠲᠦᠮᠡᠨ ᠮᠣ᠌ ᠪᠡᠶᠡᠯᠡᠭᠦᠯᠵᠦ᠂ ᠪᠦᠬᠦ ᠤᠯᠤᠰ ᠲᠤ᠌ ᠮᠠᠩᠯᠠᠢᠯᠠᠪᠠ》 ᠬᠡᠵᠤ ᠦᠪᠡᠷᠳᠡᠬᠡᠨ ᠵᠠᠰᠠᠬᠤ ᠤᠷᠤᠨ ᠤ᠋ ᠤᠢ ᠰᠢᠭᠤᠢ ᠪᠠ ᠨᠤᠳᠤᠭ ᠪᠡᠯᠴᠢᠬᠡᠷ ᠤ᠋ᠨ ᠲᠤᠪᠴᠢᠶ᠎ᠠ ᠵᠢᠨ ᠲᠡᠳ᠋ ᠲᠠᠷᠤᠭ᠎ᠠ ᠡᠤ ᠬᠦᠸᠸ ᠴᠢᠩ ᠤᠯᠠᠨ ᠳ᠋ᠤ ᠲᠠᠨᠢᠯᠴᠠᠭᠤᠯᠤᠨ᠎ᠠ᠃
《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠭᠤᠷᠪᠠᠨ ᠶᠡᠬᠡ ᠪᠡᠯᠭᠡ ᠲᠡᠮᠳᠡᠭᠦᠨ ᠴᠢᠨᠠᠷᠲᠠᠶ ᠳᠠᠢᠯᠠᠯᠳᠤᠭᠠᠨ ᠤ᠋ ᠲᠠᠯ᠎ᠠ ᠪᠡᠷ᠂ ᠮᠠᠨ ᠤ᠋ ᠤᠷᠤᠨ ᠬᠠᠲᠤᠨ ᠭᠤᠤᠯ ᠤ᠋ᠨ 《ᠶᠡᠬᠡ ᠳᠤᠬᠤᠢ》 ᠵᠢᠨ ᠪᠣᠭᠣᠮᠲᠠ ᠱᠢᠪᠲᠤᠯᠬᠤ ᠳᠠᠢᠯᠠᠯᠳᠤᠭᠠᠨ ᠳ᠋ᠦ 6559 ᠲᠦᠮᠡᠨ ᠮᠣ᠌ ᠶ᠋ᠢᠨ ᠠᠮᠢ ᠠᠬᠤᠢ ᠶ᠋ᠢᠨ ᠵᠠᠰᠠᠯᠳᠠ ᠶ᠋ᠢᠨ ᠡᠭᠦᠷᠭᠡ ᠶ᠋ᠢ ᠪᠡᠶᠡᠯᠡᠭᠦᠯᠦᠨ᠂ 490 ᠲᠦᠮᠡᠨ ᠮᠤ᠌ ᠶ᠋ᠢᠨ ᠨᠤᠭᠤᠭᠠᠷᠠᠭᠤᠯᠤᠯᠳᠠ ᠶ᠋ᠢᠨ ᠪᠦᠰᠡ᠂ 《ᠠᠷᠪᠠᠨ ᠶᠡᠬᠡ ᠬᠦᠨᠳᠡᠢ》 ᠳᠠᠭᠠᠤ ᠶ᠋ᠢᠨ 509 ᠰᠠᠭᠤᠷᠢ ᠬᠠᠰᠢᠯᠭ᠎ᠠ᠂ 80 ᠲᠦᠮᠡᠨ ᠮᠤ᠌ ᠶ᠋ᠢᠨ ᠭᠡᠷᠡᠯᠴᠢ ᠴᠡᠨᠡᠭ ᠶ᠋ᠢᠡᠷ ᠡᠯᠡᠰᠦ ᠶ᠋ᠢ ᠵᠠᠰᠠᠬᠤ ᠪᠦᠰᠡ ᠪᠤᠯᠤᠨ 420 ᠺᠢᠯᠦᠮᠧᠲᠷ ᠤ᠋ᠨ ᠡᠯᠡᠰᠦ ᠵᠢ ᠡᠮᠵᠢᠶᠡᠷᠢᠯᠡᠬᠦ ᠤᠢ ᠰᠢᠭᠤᠢ ᠡᠪᠡᠰᠦ ᠪᠡᠯᠴᠢᠭᠡᠷ ᠤ᠋ᠨ ᠪᠦᠰᠡ ᠪᠦᠬᠦᠢ 《ᠳᠥᠷᠪᠡᠨ ᠰᠡᠷᠭᠡᠢᠯᠡᠯᠲᠡ ᠵᠢᠨ ᠱᠤᠭᠤᠮ》 ᠢ᠋ ᠪᠠᠢᠭᠤᠯᠵᠤ᠂ ᠬᠠᠲᠤᠨ ᠭᠤᠤᠯ ᠳ᠋ᠦ ᠤᠷᠤᠰᠤᠨ ᠣᠷᠣᠬᠤ ᠡᠯᠡᠰᠦ ᠱᠢᠪᠠᠷ ᠤ᠋ᠨ ᠬᠡᠮᠵᠢᠶ᠎ᠡ ᠵᠢ 400 ᠲᠦᠮᠡᠨ ᠲᠣᠨ ᠡᠴᠡ ᠳᠣᠷᠣᠭ᠍ᠰᠢ ᠪᠣᠯᠲᠠᠯ᠎ᠠ ᠪᠠᠭᠤᠷᠠᠭᠤᠯᠤᠨ᠂ ᠮᠤᠤᠠᠤᠰᠤ ᠵᠢᠨ ᠡᠯᠡᠰᠦᠷᠬᠡᠭ ᠭᠠᠵᠠᠷ ᠢ᠋ ᠵᠠᠰᠠᠭ᠍ᠰᠠᠨ ᠨᠣᠷᠮ᠎ᠠ 80% ᠵᠢ ᠳᠠᠪᠠᠪᠠ; ᠬᠣᠷᠴᠢᠨ ᠪᠣᠯᠤᠨ ᠬᠤᠯᠠᠨ ᠱᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠤ᠋ᠨ ᠰᠥᠨᠥᠭᠡᠯᠳᠡ ᠶ᠋ᠢᠨ ᠳᠠᠢᠯᠠᠯᠳᠤᠭᠠᠨ ᠳ᠋ᠦ 4126 ᠲᠦᠮᠡᠨ ᠮᠣ᠌ ᠶ᠋ᠢᠨ ᠠᠮᠢ ᠠᠬᠤᠢ ᠶ᠋ᠢᠨ ᠵᠠᠰᠠᠯᠳᠠ ᠶ᠋ᠢᠨ ᠡᠭᠦᠷᠭᠡ ᠶ᠋ᠢ ᠪᠡᠶᠡᠯᠡᠭᠦᠯᠦᠨ᠂ 2771 ᠺᠢᠯᠣᠮᠧᠲ᠋ᠷ ᠤ᠋ᠨ ᠡᠯᠡᠰᠦ ᠵᠢ ᠳᠤᠭᠤᠯᠤᠭ᠍ᠰᠠᠨ ᠵᠠᠰᠠᠮᠠᠯ ᠵᠠᠮ ᠵᠠᠰᠠᠵᠤ᠂ 15 ᠬᠣᠱᠢᠭᠤ ᠱᠢᠶᠠᠨ ᠤ᠋ ᠨᠡᠭᠦᠳᠡᠯ ᠡᠯᠡᠰᠦᠷᠬᠡᠭ ᠭᠠᠵᠠᠷ ᠢ᠋ ᠤᠰᠠᠳᠭᠠᠵᠤ᠂ ᠬᠤᠷᠴᠢᠨ ᠤ᠋ ᠡᠯᠡᠰᠦᠷᠬᠡᠭ ᠭᠠᠵᠠᠷ ᠤ᠋ᠨ ᠲᠠᠯ᠎ᠠ ᠨᠤᠳᠤᠭ ᠤ᠋ᠨ ᠦᠩᠭᠡ ᠦᠵᠡᠮᠵᠢ ᠠᠭᠠᠵᠢᠮ ᠶ᠋ᠢᠡᠷ ᠰᠡᠷᠭᠦᠨ᠂ ᠬᠤᠯᠠᠨ ᠰᠢᠷᠭ᠎ᠠ ᠳᠠᠭ᠎ᠠ ᠶ᠋ᠢᠨ ᠡᠮᠦᠨ᠎ᠠ ᠵᠠᠬ᠎ᠠ ᠶ᠋ᠢᠨ 23.3 ᠲᠦᠮᠡᠨ ᠮᠤ᠌ ᠡᠯᠡᠰᠦ ᠶ᠋ᠢ ᠵᠠᠰᠠᠪᠠ; ᠡᡁᠸᠰᠢ ᠵᠢᠨ ᠬᠤᠩᠬᠢᠯ — ᠲᠠᠺᠯᠢᠮᠠᠺᠠᠨ ᠡᠯᠡᠰᠦᠨ ᠴᠦᠯᠦᠨ ᠬᠦᠪᠡᠭᠡ ᠵᠠᠬ᠎ᠠ ᠶ᠋ᠢᠨ ᠬᠣᠷᠢᠭ᠍ᠯᠠᠯᠳᠠ ᠶ᠋ᠢᠨ ᠳᠠᠢᠯᠠᠯᠳᠤᠭᠠᠨ ᠳ᠋ᠦ 729.3 ᠲᠦᠮᠡᠨ ᠮᠦ᠍ ᠶ᠋ᠢᠨ ᠠᠮᠢ ᠠᠬᠤᠢ ᠶ᠋ᠢᠨ ᠵᠠᠰᠠᠯᠳᠠ ᠶ᠋ᠢᠨ ᠡᠭᠦᠷᠭᠡ ᠶ᠋ᠢ ᠪᠡᠶᠡᠯᠡᠭᠦᠯᠦᠨ᠂ ᠪᠠᠳᠠᠢ ᠶ᠋ᠢᠨ ᠵᠢᠷᠠᠨ ᠪᠠ ᠲᠩᠷᠢ ᠡᠯᠡᠰᠦᠨ ᠳ᠋ᠤ 336.8 ᠺᠢᠯᠤᠮᠸᠲᠷ ᠤ᠋ᠨ ᠡᠯᠡᠰᠦ ᠵᠢ ᠡᠮᠵᠢᠶᠡᠷᠢᠯᠡᠬᠦ ᠤᠢ ᠱᠢᠭᠤᠢ ᠡᠪᠡᠰᠦ ᠪᠡᠯᠴᠢᠭᠡᠷᠦᠨ ᠪᠦᠰᠡ ᠵᠢ ᠪᠠᠢᠭᠤᠯᠵᠤ᠂ ᠦᠪᠦᠷ ᠮᠤᠩᠭᠤᠯ ᠭᠠᠨᠰᠤ ᠨᠢᠩᠰᠢᠶᠠ ᠶ᠋ᠢᠨ ᠬᠢᠯᠢ ᠨᠡᠢᠯᠡᠭᠰᠠᠨ ᠭᠠᠵᠠᠷ ᠤ᠋ᠨ 97 ᠲᠦᠮᠡᠨ ᠮᠣ᠌ ᠵᠢᠨ ᠡᠯᠡᠰᠦ ᠶ᠋ᠢ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠵᠠᠰᠠᠵᠤ᠂ ᠡᠯᠡᠰᠦᠨ ᠴᠦᠯ ᠤ᠋ᠨ ᠡᡁᠸᠰᠢ ᠵᠢᠨ ᠬᠤᠩᠬᠢᠯ ᠵᠦᠭ ᠲᠦᠷᠢᠬᠦ᠌ ᠬᠠᠨᠳᠤᠰᠢ ᠶ᠋ᠢ ᠪᠦᠲᠦᠮᠵᠢᠲᠡᠢ ᠨᠠᠮᠳᠠᠭᠠᠪᠠ᠃
ᠠᠮᠢ ᠠᠬᠤᠢ ᠵᠢᠨ ᠠᠮᠤᠷ ᠲᠦᠪᠱᠢᠨ ᠪᠣᠯ ᠤᠯᠤᠰ ᠤ᠋ᠨ ᠠᠮᠤᠷ ᠲᠦᠪᠰᠢᠨ ᠤ᠋ ᠴᠢᠬᠤᠯᠠ ᠪᠦᠷᠢᠯᠳᠦᠬᠦᠨ ᠬᠡᠰᠡᠭ᠂ ᠠᠵᠤ ᠠᠬᠤᠢ ᠨᠡᠢᠬᠡᠮ ᠤ᠋ᠨ ᠦᠷᠬᠦᠯᠵᠢᠯᠡᠬᠦ ᠬᠦᠭᠵᠢᠯᠳᠡ ᠵᠢᠨ ᠴᠢᠬᠤᠯᠠ ᠪᠠᠳᠤᠯᠠᠭ᠎ᠠ ᠮᠦᠨ᠃ ᠦᠪᠦᠷ ᠮᠤᠩᠭᠤᠯ 《ᠤᠮᠠᠷᠠᠲᠤ ᠵᠢᠨ ᠭᠤᠷᠪᠠᠨ ᠣᠷᠣᠨ ᠤ᠋ ᠵᠣᠷᠢᠭ ᠰᠠᠨᠠᠭ᠎ᠠ》 ᠵᠢ ᠦᠷᠭᠦᠯᠵᠢᠯᠡᠨ ᠦᠶ᠋ᠯᠡᠳᠦᠯᠭᠡᠵᠢᠭᠦᠯᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ ᠲᠡᠶ ᠵᠠᠰᠠᠬᠤ ᠵᠢ ᠭᠦᠨᠵᠡᠭᠡᠢᠷᠡᠭᠦᠯᠤᠨ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠱᠢᠯᠢᠳᠡᠭ ᠲᠣᠭ᠍ᠲᠠᠴᠠ ᠪᠠᠷ ᠠᠮᠢ ᠠᠬᠤᠶ ᠵᠢᠨ ᠬᠠᠮᠠᠭᠠᠯᠠᠯᠲᠠ ᠬᠢᠭᠡᠳ ᠴᠢᠨᠠᠷ ᠰᠠᠢᠲᠠᠶ ᠬᠥᠭ᠌ᠵᠢᠯᠲᠡ ᠵᠢᠨ ᠭᠦᠨᠵᠡᠭᠡᠶ ᠠᠭᠤᠰᠤᠯᠴᠠᠯ ᠢ᠋ ᠠᠬᠢᠭᠤᠯᠵᠤ᠂ ᠡᠬᠡ ᠤᠯᠤᠰ ᠤ᠋ᠨ ᠤᠮᠠᠷᠠᠳᠦ ᠶ᠋ᠢᠨ ᠴᠢᠬᠤᠯᠠ ᠠᠮᠢ ᠠᠬᠤᠢ ᠶ᠋ᠢᠨ ᠠᠮᠦᠷ ᠲᠦᠪᠰᠢᠨ ᠤ᠋ ᠬᠠᠯᠬᠠᠪᠴᠢ ᠶ᠋ᠢ ᠤᠯᠠᠮ ᠪᠠᠳᠤ ᠪᠡᠬᠢ ᠴᠤᠭᠴᠠᠯᠠᠬᠤ ᠪᠡᠷ ᠲᠦᠷᠦᠬᠡ ᠴᠢᠩᠭᠠᠯᠠᠨ ᠤᠷᠤᠭᠰᠢᠯᠠᠨ᠎ᠠ᠃