
ᠲᠦᠩᠯᠢᠶᠤᠤ ᠬᠤᠲᠠ ᠵᠢᠨ ᠵᠠᠷᠤᠳ ᠬᠤᠰᠢᠭᠤᠨ᠎ᠤ ᠪᠠᠶᠠᠨᠲᠠᠯ᠎ᠠ ᠰᠤᠮᠤ ᠣᠢᠷ᠎ᠠ᠎ᠶ᠋ᠢᠨ ᠵᠢᠯ ᠡᠴᠡ ᠤᠨᠴᠠᠯᠢᠭ᠍ᠳᠤ ᠲᠠᠷᠢᠮᠠᠯ᠎ᠤᠨ ᠠᠵᠤ ᠦᠶ᠋ᠯᠡᠰ᠎ᠢ ᠬᠥᠭ᠌ᠵᠢᠭᠦᠯᠬᠦ ᠪᠡᠷ ᠭᠠᠷᠳᠠᠴᠠ ᠪᠣᠯᠭᠠᠵᠤ᠂ ᠲᠠᠷᠢᠶᠠᠴᠢᠨ ᠡᠷᠦᠬᠡ᠎ᠶ᠋ᠢᠨ ᠤᠨᠴᠠᠯᠢᠭ᠍ᠳᠤ ᠠᠵᠤ ᠠᠬᠤᠶ᠎ᠶ᠋ᠢᠨ ᠲᠠᠷᠢᠮᠠᠯᠲᠠᠷᠢᠬᠤ ᠵᠢ ᠢᠳᠡᠪᠬᠢᠲᠡᠶ ᠬᠥᠲᠥᠯᠦᠨ ᠵᠢᠯᠣᠭᠤᠳᠴᠤ᠌᠂ ᠡᠷᠴᠢᠮᠵᠢᠭᠦᠯᠦᠭ᠌ᠰᠡᠨ᠂ ᠥᠨᠳᠥᠷ ᠤᠨᠠᠯᠲᠠᠲᠤ ᠤᠨᠴᠠᠯᠢᠭ᠍ᠳᠤ ᠲᠠᠷᠢᠶᠠᠯᠠᠩ᠎ᠤᠨ ᠬᠥᠭ᠌ᠵᠢᠯᠲᠡ᠎ᠶ᠋ᠢᠨ ᠪᠠᠢᠷᠢᠱᠢᠯ᠎ᠢ ᠠᠯᠬᠤᠮ ᠠᠯᠬᠤᠮ᠎ᠢᠶᠠᠷ ᠪᠦᠷᠢᠯᠳᠦᠭᠦᠯᠵᠡᠢ᠃
ᠣᠢᠷ᠎ᠠ᠎ᠶ᠋ᠢᠨ ᠡᠳᠦᠷ᠎ᠤᠳ᠎ᠲᠤ᠌ ᠪᠠᠶᠠᠨᠳᠠᠯ᠎ᠠ ᠰᠤᠮᠤᠨ᠎ᠤ ᠫᠢᠩ ᠠᠨ ᠲᠣᠰᠭᠤᠨ᠎ᠤ 1000 ᠮᠥ᠍ ᠵᠢᠨ ᠱᠢᠬᠢᠷ ᠯᠤᠤᠪᠠᠩ᠎ᠤᠨ ᠲᠠᠷᠢᠮᠠᠯ᠎ᠤᠨ ᠰᠠᠭᠤᠷᠢᠨ᠎ᠳᠤ ᠬᠤᠷᠢᠶᠠᠬᠤ ᠠᠵᠢᠯ ᠪᠥᠬᠦ᠌ ᠲᠠᠯ᠎ᠠ᠎ᠪᠠᠷ ᠥᠷᠨᠢᠵᠦ᠍᠂ ᠳᠤᠮᠤ ᠬᠠᠳᠤᠵᠤ ᠬᠤᠷᠢᠶᠠᠬᠤ ᠮᠠᠱᠢᠨ ᠲᠠᠷᠢᠶᠠᠨ᠎ᠳᠤ ᠰᠦᠯᠵᠢᠯᠳᠦᠵᠦ᠍᠂ ᠮᠠᠯᠲᠠᠬᠤ᠂ ᠴᠡᠪᠡᠷᠯᠡᠬᠦ᠂ ᠲᠡᠭᠡᠭᠡᠬᠦ᠌ ᠵᠡᠷᠭᠡ ᠠᠷᠪᠢᠨ ᠠᠵᠢᠯ᠎ᠤᠨ ᠭᠤᠭᠴᠤᠭ᠎ᠠ ᠵᠢ ᠨᠢᠭᠡ ᠯᠡ ᠤᠳᠠᠭ᠎ᠠ᠎ᠳᠤ ᠪᠡᠶᠡᠯᠡᠬᠦᠯᠵᠦ᠍᠂ ᠰᠣᠷᠭᠤᠭ ᠱᠢᠬᠢᠷ ᠯᠤᠤᠪᠠᠩᠢ ᠬᠤᠷᠱᠢᠬ᠍ᠰᠠᠨ ᠠᠵᠤ ᠠᠬᠤᠢᠯᠠᠯ᠎ᠳᠤ ᠲᠥᠪᠯᠡᠷᠡᠭᠦᠯᠦᠨ ᠬᠦᠷᠬᠡᠵᠤ ᠪᠤᠢ᠃ ᠡᠨᠡ ᠵᠢᠯ ᠫᠢᠩ ᠠᠨ ᠲᠣᠰᠭᠤᠨ᠎ᠤ 1000 ᠮᠦ᠍ ᠱᠢᠬᠢᠷ ᠯᠤᠤᠪᠠᠩ ᠡᠯᠪᠡᠭ ᠬᠤᠷᠢᠶᠠᠯᠲᠠ ᠣᠯᠵᠤ᠂ ᠮᠦ᠍ ᠨᠢᠭᠡᠴᠢ᠎ᠶ᠋ᠢᠨ ᠤᠨᠠᠯᠲᠠ᠎ᠨᠢ 4 ᠲᠣᠨ᠎ᠳᠤ ᠬᠦᠷᠪᠡ᠃
ᠨᠠᠮᠢᠰ ᠵᠢᠶᠠ ᠵᠢᠶᠠ ᠰᠡᠭᠦᠳᠡᠷᠯᠡᠨ ᠮᠡᠳᠡᠭᠡᠯᠡᠪᠡ
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号