ᠥᠪᠥᠷ ᠮᠣᠩᠭᠣᠯ᠎ᠤᠨ ᠠᠩᠬᠠᠳᠠᠭ᠍ᠴᠢ ᠲᠣᠮᠣ ᠬᠡᠯᠪᠡᠷᠢ᠎ᠶ᠋ᠢᠨ ᠶᠡᠷᠦᠩᠬᠡᠢᠯᠡᠭ᠌ᠰᠡᠨ ᠱᠢᠨ᠎ᠡ ᠡᠨᠧᠷᠭᠢ᠎ᠶ᠋ᠢᠨ ᠲᠤᠷᠱᠢᠯᠲᠠ ᠬᠢᠬᠦ ᠬᠡᠷᠡᠴᠢᠯᠡᠬᠦ ᠰᠠᠭᠤᠷᠢᠨ᠎ᠤ ᠪᠥᠲᠥᠭᠡᠨ ᠪᠠᠢᠭᠤᠯᠤᠯᠲᠠ ᠢᠳᠡ ᠬᠦᠭ ᠲᠠᠢ ᠠᠬᠢᠵᠤ ᠪᠤᠢ
2025-11-13 10:27:43
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 9᠎ᠤ᠋ ᠡᠳᠦᠷ᠂ ᠲᠡᠭᠷᠢ ᠬᠦᠢᠲᠡᠷᠡᠭᠰᠡᠨ ᠪᠠᠢᠬᠤ ᠳ᠋ᠤ ᠤᠯᠠᠭᠠᠨᠴᠠᠪ᠎ᠤᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠲᠤᠭ ᠤ᠋ᠨ ᠠᠭᠤᠯᠠ ᠪᠠᠯᠭᠠᠰᠤᠨ᠎ᠠᠴᠠ 20 ᠭᠠᠷᠤᠢ ᠺᠢᠯᠤᠮᠸᠲᠷ ᠵᠠᠢᠲᠠᠢ ᠪᠠᠢᠭ᠎ᠠ ᠯᠣᠣ ᠵᠢᠤᠸᠠᠨ ᠭᠸᠦ ᠱᠢᠶᠠᠩ᠎ᠤᠨ ᠭᠤᠷᠪᠠᠨ ᠬᠤᠳᠳᠤᠭ ᠲᠣᠰᠭᠣᠨ᠎ᠤ ᠵᠡᠭᠦᠨ ᠡᠮᠦᠨ᠎ᠡ ᠬᠡᠰᠡᠭ᠎ᠦᠨ ᠳᠣᠪᠣᠴᠠᠭ ᠲᠡᠭᠡᠷ᠎ᠠ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ 50 ᠲᠦᠮᠡᠨ ᠺᠢᠯᠦᠸᠠᠲ᠎ᠤᠨ ᠰᠠᠯᠬᠢᠨ ᠬᠦᠴᠤᠨ ᠬᠡᠷᠡᠯᠴᠢ ᠴᠡᠨᠡᠭ ᠤ᠋ᠨ ᠴᠠᠬᠢᠯᠭᠠᠨ ᠭᠠᠷᠭᠠᠬᠤ ᠲᠤᠷᠱᠢᠯᠲᠠ ᠬᠢᠬᠦ ᠭᠡᠷᠡᠴᠢᠯᠡᠬᠦ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ ᠶᠠᠭᠠᠷᠠᠯᠲᠠᠢ ᠶᠠᠪᠤᠭᠳᠠᠵᠤ᠂ ᠲᠤᠬᠠᠢ᠎ᠶ᠋ᠢᠨ ᠲᠠᠯᠠᠪᠠᠢ᠎ᠳᠤ ᠮᠠᠱᠢᠨ ᠮᠧᠬᠠᠨᠢᠭ ᠬᠦᠷᠴᠢᠭᠢᠨᠡᠨ᠂ ᠬᠦᠮᠦᠨ ᠬᠠᠷ᠎ᠠ ᠮᠤᠩᠭᠠᠨᠢᠵᠠᠭᠠᠨ᠎ᠠ᠃

《ᠵᠢᠯ᠎ᠦᠨ ᠡᠴᠦᠰ᠎ᠲᠦ ᠲᠤᠤᠷ ᠨᠡᠢᠯᠡᠭᠦᠯᠦᠨ ᠴᠠᠬᠢᠯᠭᠠᠨ ᠭᠠᠷᠭᠠᠬᠤ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠪᠢᠳᠡ ᠬᠥᠮᠦᠨ ᠨᠡᠮᠡᠵᠦ᠍ ᠠᠵᠢᠯᠯᠠᠨ᠂ ᠮᠠᠱᠢᠨ ᠮᠧᠬᠠᠨᠢᠭ ᠲᠣᠬᠢᠷᠠᠭᠤᠯᠵᠤ᠂ ᠴᠠᠭ᠎ᠶ᠋ᠢ ᠠᠮᠵᠢᠨ ᠲᠥᠷᠥᠯ ᠵᠦᠶ᠋ᠯ᠎ᠢ ᠪᠥᠬᠥ᠌ ᠬᠦᠴᠦᠨ᠎ᠢᠶᠡᠷ᠎ᠠᠬᠢᠭᠤᠯᠵᠤ ᠪᠠᠢᠨ᠎ᠠ᠂ ᠣᠳᠣ ᠲᠥᠷᠥᠯ ᠵᠦᠶ᠋ᠯ᠎ᠦᠨ ᠪᠠᠷᠢᠯᠭ᠎ᠠ ᠵᠢᠨ ᠲᠤᠬᠠᠶ᠎ᠶ᠋ᠢᠨ ᠲᠠᠯᠠᠪᠠᠶ ᠳ᠋ᠤ ᠡᠳᠦᠷ ᠳᠤᠮᠳᠠᠴᠢ ᠪᠡᠷ 350 ᠭᠠᠷᠤᠢ ᠬᠥᠳᠡᠯᠮᠦᠷᠢ ᠬᠦᠴᠦ ᠤᠷᠤᠯᠴᠠᠵᠦ ᠪᠠᠢᠨ᠎ᠠ᠃ ᠬᠦᠴᠦᠲᠡᠯ ᠲᠡᠭᠡᠭᠰᠢᠯᠡᠭᠦᠯᠬᠦ ᠥᠷᠲᠡᠭᠡ᠎ᠶ᠋ᠢ 12 ᠰᠠᠷ᠎ᠠ᠎ᠶ᠋ᠢᠨ ᠰᠡᠭᠦᠯᠴᠢ᠎ᠪᠡᠷ ᠪᠠᠢᠭᠤᠯᠵᠤ ᠳᠠᠭᠤᠰᠭᠠᠬᠤ᠎ᠶ᠋ᠢᠨ ᠬᠠᠮᠲᠤ ᠲᠤᠤᠷ ᠨᠡᠢᠯᠡᠭᠦᠯᠦᠨ ᠴᠠᠬᠢᠯᠭᠠᠨ ᠭᠠᠷᠭᠠᠬᠤ ᠪᠡᠷ ᠲᠦᠯᠦᠪᠯᠡᠵᠤ ᠪᠠᠢᠨ᠎ᠠ︾ᠬᠡᠵᠤ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠮᠸᠡᠭ ᠨᠸᠩ ᠱᠢᠨ᠎ᠡ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠲᠦᠷᠦᠯ ᠵᠦᠢᠯ᠎ᠦᠨ ᠳᠠᠭᠠᠭᠠᠮᠠᠯ ᠯᠢ ᠯᠢᠶᠠᠩ ᠫᠢᠩ ᠲᠠᠨᠢᠯᠴᠠᠭᠤᠯᠤᠯ᠎ᠠ᠃

ᠡᠨᠡ ᠬᠦ᠌ ᠬᠡᠷᠡᠴᠢᠯᠡᠬᠦ᠂ ᠲᠤᠷᠱᠢᠯᠲᠠ ᠬᠢᠬᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠮᠵᠢ᠎ᠶ᠋ᠢ ᠨᠢᠭᠡ ᠴᠤᠬ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠱᠢᠨ᠎ᠡ ᠡᠨᠧᠷᠭᠢ᠎ᠶ᠋ᠢᠨ ᠲᠦᠷᠦᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ 21.37 ᠳ᠋ᠦᠩᠱᠢᠭᠤᠷ ᠲᠥᠭᠥᠷᠢᠭ᠎ᠲᠦ ᠬᠦᠷᠴᠦ᠍᠂ ᠡᠨᠡ ᠵᠢᠯ᠎ᠦᠨ 9 ᠰᠠᠷ᠎ᠠ᠎ᠶ᠋ᠢᠨ12᠎ᠤ᠋ᠨ ᠡᠳᠦᠷ ᠵᠢᠩᠬᠢᠨᠢ᠎ᠪᠡᠷ ᠪᠠᠷᠢᠯᠭ᠎ᠠ ᠡᠬᠢᠯᠡᠭᠦᠯᠦᠭᠰᠡᠨ ᠶᠤᠮ᠃ ᠲᠣᠰ ᠲᠥᠷᠥᠯ ᠵᠦᠶ᠋ᠯ 《ᠭᠤᠷᠪᠠᠨ ᠰᠠᠭᠤᠷᠢᠨ᠂ ᠨᠢᠭᠡ ᠲᠠᠪᠴᠠᠩ᠂ ᠨᠢᠭᠡ ᠲᠥᠪ》 ᠵᠢᠡᠷ ᠭᠤᠤᠯ ᠪᠣᠯᠭᠠᠵᠤ᠂ ᠶᠠᠷᠤᠡᠭᠬᠡᠢ ᠬᠡᠪᠴᠢᠶ᠎ᠠ ᠨᠢ 500 ᠮᠸᠭ᠎ᠠ ᠸᠠᠲ ᠬᠦᠷᠬᠦ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠤ᠋ᠨ ᠴᠠᠬᠢᠯᠭᠠᠨ ᠡᠨᠧᠷᠭᠢ ᠬᠠᠳᠠᠭᠠᠯᠠᠬᠤ ᠱᠢᠨ᠎ᠡ ᠡᠨᠧᠷᠭᠢ᠎ᠶ᠋ᠢᠨ ᠰᠠᠭᠤᠷᠢᠨ᠎ᠢ ᠲᠥᠯᠥᠪᠵᠢᠭᠦᠯᠦᠨ ᠪᠥᠲᠥᠭᠡᠨ ᠪᠠᠢᠭᠤᠯᠤᠨ᠎ᠠ᠃ ᠡᠭᠦᠨ᠎ᠳᠦ 400 ᠮᠸᠭ᠎ᠠ ᠸᠠᠲ ᠤ᠋ᠨ ᠰᠠᠯᠬᠢᠨ ᠬᠦᠴᠦᠨ᠎ᠦ ᠴᠠᠬᠢᠯᠭᠠᠨ᠎ᠤ ᠤᠷᠤᠨ᠂ 100 ᠮᠸᠭ᠎ᠠ ᠸᠠᠲ᠎ᠤᠨ ᠬᠡᠷᠡᠯᠴᠢ ᠴᠡᠨᠡᠭ ᠤ᠋ᠨ ᠴᠠᠬᠢᠯᠭᠠᠨ᠎ᠤ ᠤᠷᠤᠨ ᠵᠢᠴᠢ 151.25 ᠮᠸᠭ᠎ᠠ ᠸᠠᠲ /312.25 ᠮᠸᠭ᠎ᠠ ᠸᠠᠲ ᠴᠠᠭ ᠡᠨᠧᠷᠭᠢ ᠬᠠᠳᠠᠭᠠᠯᠠᠬᠤ ᠲᠥᠷᠥᠯ ᠵᠦᠶ᠋ᠯ᠎ᠢ ᠪᠠᠭ᠍ᠲᠠᠭᠠᠨ᠎ᠠ᠃ ᠡᠭᠦᠨ᠎ᠳᠦ 《ᠭᠤᠷᠪᠠᠨ ᠰᠠᠭᠤᠷᠢᠨ》 ᠨᠢ ᠰᠠᠯᠬᠢᠨ ᠬᠦᠴᠦᠨ᠎ᠦ ᠴᠠᠬᠢᠯᠭᠠᠨ᠂ ᠬᠡᠷᠡᠯᠴᠢ ᠴᠡᠨᠡᠭ ᠤ᠋ᠨ ᠴᠠᠬᠢᠯᠭᠠᠨ᠂ ᠡᠨᠧᠷᠭᠢ ᠬᠠᠳᠠᠭᠠᠯᠠᠬᠤ ᠵᠢ ᠪᠤᠳᠠᠲᠠᠢ ᠭᠡᠷᠡᠴᠢᠯᠡᠬᠦ ᠱᠢᠯᠭᠠᠨ ᠪᠠᠢᠴᠠᠭᠠᠯᠲᠠ ᠬᠢᠬᠦ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ 《ᠨᠢᠭᠡ ᠲᠠᠪᠴᠠᠩ》 ᠨᠢ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠦᠨ ᠲᠤᠷᠱᠢᠯᠲᠠ᠎ᠶ᠋ᠢ ᠲᠤᠰᠭᠠᠶ ᠥᠷᠨᠢᠭᠦᠯᠵᠦ᠍᠂ 《ᠨᠢᠭᠡ ᠲᠥᠪ》 (ᠲᠤᠬᠠᠢᠯᠠᠪᠠᠯ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ︶ᠨᠢ ᠳᠡᠯᠭᠡᠨ ᠦᠵᠡᠭᠦᠯᠬᠦ᠌᠂ ᠪᠣᠯᠪᠠᠰᠤᠷᠠᠯ ᠲᠠᠳᠤᠯᠭ᠎ᠠ ᠬᠢᠬᠦ᠂ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠬᠦ᠌ ᠵᠡᠷᠭᠡ ᠣᠯᠠᠨ ᠡᠱᠢᠲᠦ ᠴᠢᠳᠠᠮᠵᠢ᠎ᠶ᠋ᠢ ᠨᠠᠢᠳᠭᠡᠵᠠᠢ᠃ ᠴᠠᠬᠢᠯᠭᠠᠨ᠎ᠤ ᠤᠷᠤᠨ ᠲᠤᠳᠤᠷ᠎ᠠ 220 ᠺᠢᠯᠤᠸᠠᠲ᠎ᠤᠨ ᠬᠦᠴᠦᠳᠡᠯ ᠳᠡᠭᠡᠭ᠌ᠰᠢᠯᠡᠭᠦᠯᠬᠦ᠌ ᠥᠷᠲᠡᠭᠡ ᠵᠢᠴᠢ ᠬᠦᠷᠭᠡᠬᠦ᠌ ᠬᠤᠯᠪᠤᠭᠠᠨ ᠤ᠋ ᠱᠤᠭᠤᠮ᠎ᠢ ᠬᠠᠮᠲᠤ᠎ᠳᠤᠨᠢ ᠢᠵᠢ ᠪᠦᠷᠢᠳᠦᠭᠦᠯᠦᠨ ᠱᠢᠨ᠎ᠡ᠎ᠪᠡᠷ ᠪᠠᠢᠭᠤᠯᠵᠤ᠂ ᠨᠢᠭᠡ ᠵᠤᠷᠪᠤᠰ 220 ᠺᠢᠯᠤᠸᠠᠲ᠎ᠤᠨ ᠴᠠᠬᠢᠯᠭᠠᠨ ᠲᠠᠮᠵᠢᠭᠤᠯᠬᠤ ᠱᠤᠭᠤᠮ ᠵᠢᠡᠷ ᠲᠢᠶᠠᠨ ᠫᠢ ᠱᠠᠨ ᠤ᠋ 220 ᠺᠢᠯᠦᠸᠠᠲ᠎ᠤᠨ ᠬᠦᠴᠦᠳᠡᠯ ᠥᠭᠡᠷᠡᠴᠢᠯᠡᠬᠦ᠌ ᠥᠷᠲᠡᠭᠡᠨ᠎ᠳᠦ ᠵᠠᠯᠭᠠᠵᠤ ᠴᠠᠬᠢᠯᠭᠠᠨ ᠲᠤᠤᠷ᠎ᠲᠤ ᠣᠷᠣᠭᠤᠯᠬᠤ᠎ᠶ᠋ᠢᠨ ᠬᠠᠮᠲᠤ᠂ ᠪᠠᠰᠠ 24 ᠵᠤᠷᠪᠤᠰ 35 ᠺᠢᠯᠦᠸᠠᠲ᠎ᠤᠨ ᠰᠠᠯᠬᠢᠨ ᠬᠦᠴᠦᠨ᠎ᠦ ᠴᠠᠬᠢᠯᠭᠠᠨ ᠬᠡᠷᠡᠯᠴᠢ ᠴᠡᠨᠡᠭ᠎ᠦᠨ ᠴᠠᠬᠢᠯᠭᠠᠨ ᠴᠤᠭ᠍ᠯᠠᠭᠤᠯᠬᠤ ᠵᠠᠮ ᠱᠤᠭᠤᠮ ᠢ᠋ ᠲᠥᠯᠥᠪᠵᠢᠭᠦᠯᠦᠨ ᠪᠥᠲᠥᠭᠡᠨ ᠪᠠᠢᠭᠤᠯᠤᠨ᠎ᠠ᠃

ᠣᠢᠯᠠᠭᠠᠭ᠍ᠰᠠᠨ᠎ᠢᠶᠠᠷ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠲᠣᠮᠣ ᠬᠡᠯᠪᠡᠷᠢ᠎ᠶ᠋ᠢᠨ ᠶᠡᠷᠦᠩᠬᠡᠢᠯᠡᠭ᠌ᠰᠡᠨ ᠱᠢᠨ᠎ᠡ ᠡᠨᠧᠷᠭᠢ᠎ᠶ᠋ᠢᠨ ᠲᠤᠷᠱᠢᠯᠲᠠ ᠬᠢᠬᠦ ᠭᠡᠷᠡᠴᠢᠯᠡᠬᠦ᠌ ᠰᠠᠭᠤᠷᠢᠨ᠎ᠤ ᠲᠥᠷᠥᠯ ᠵᠦᠶ᠋ᠯ ᠪᠣᠯᠤᠭ᠍ᠰᠠᠨ᠎ᠤ ᠬᠤᠪᠢ᠎ᠳᠤ᠂ ᠲᠣᠰ ᠲᠥᠷᠥᠯ ᠵᠦᠶ᠋ᠯ ᠨᠢᠭᠡᠨᠲᠡ ᠣᠯᠠᠨ ᠵᠦᠶ᠋ᠯ᠎ᠦᠨ ᠱᠢᠨ᠎ᠡ ᠮᠡᠷᠭᠡᠵᠢᠯ ᠢ᠋ ᠨᠤᠲᠠᠯᠨᠨ ᠬᠡᠷᠡᠴᠢᠯᠠᠵᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠦᠷᠦᠬᠦᠦ ᠪᠦᠯᠦᠭ᠎ᠤᠨ ᠡᠨᠧᠷᠭᠢ᠎ᠶ᠋ᠢᠨ ᠬᠦᠷᠢᠶᠡᠨ᠎ᠦ ᠭᠤᠤᠯᠳᠠᠯᠭ᠎ᠠ᠎ᠲᠠᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠷᠥᠯ ᠵᠦᠶ᠋ᠯ ᠵᠢᠡᠷ ᠰᠣᠩᠭᠣᠭ᠍ᠳᠠᠪᠠ᠃

ᠲᠤᠰ ᠲᠦᠷᠦᠯ ᠵᠦᠢᠯ ᠡᠨᠧᠷᠭᠢ᠎ᠶ᠋ᠢᠨ ᠬᠦᠷᠢᠶᠡᠨ᠎ᠳᠡᠬᠢ ᠬᠠᠮᠤᠭ᠎ᠤᠨ ᠱᠢᠨ᠎ᠡ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠦᠷ᠎ᠡ ᠪᠦᠲᠦᠭᠡᠯ᠎ᠢ ᠭᠦᠢᠴᠡᠳ ᠬᠡᠷᠡᠭ᠌ᠯᠡᠵᠦ᠍᠂ ᠡᠯ᠎ᠡ ᠡᠨᠧᠷᠭᠢ ᠵᠢᠨ ᠬᠦᠷᠢᠶᠡᠨ᠎ᠳᠦ ᠴᠥᠮ ᠴᠤᠷ᠎ᠤᠨ ᠭᠠᠭ᠍ᠴᠠ ᠮᠡᠷᠭᠡᠵᠢᠯ᠎ᠦᠨ ᠱᠢᠪᠲᠤᠯᠤᠯᠲᠠ ᠬᠢᠵᠦ᠂ ᠪᠤᠳᠠᠲᠠᠢ ᠭᠡᠷᠡᠴᠢᠯᠡᠯ᠎ᠤᠨ ᠦᠨ᠎ᠡ ᠦᠷᠲᠡᠭ᠎ᠢ ᠢᠯᠡᠷᠡᠭᠦᠯᠦᠨ᠎ᠡ᠃ ᠵᠢᠱ᠌ᠢᠶᠡᠯᠡᠪᠡᠯ ᠰᠠᠯᠬᠢᠨ ᠬᠦᠴᠦᠨ᠎ᠦ ᠴᠠᠬᠢᠯᠭᠠᠨ᠎ᠤ ᠬᠦᠷᠢᠶᠡᠨ᠎ᠳᠤ᠂ ᠰᠠᠯᠬᠢᠨ ᠬᠦᠴᠦᠨ ᠤ᠋ ᠴᠠᠬᠢᠯᠭᠠᠨ ᠭᠠᠷᠭᠠᠬᠤ ᠮᠠᠰᠢᠨ ᠤ᠋ ᠢᠯᠲᠠᠰᠤ᠎ᠶ᠋ᠢᠨ ᠣᠷᠳᠣ᠎ᠨᠢ 112 ᠮᠧᠲ᠋ᠷ᠎ᠲᠦ ᠬᠦᠷᠴᠦ᠍᠂ ᠲᠠᠩ ᠮᠠᠱᠢᠨ᠎ᠤ ᠪᠠᠭ᠍ᠲᠠᠭᠠᠮᠵᠢ᠎ᠨᠢ 11 ᠮᠸᠭ᠎ᠠ ᠸᠠᠲ᠎ᠤᠨ ᠲᠣᠮᠣ ᠴᠢᠳᠠᠮᠵᠢᠲᠤ ᠰᠠᠯᠬᠢᠨ ᠬᠦᠴᠦᠨ᠎ᠦ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ᠎ᠶ᠋ᠢ ᠬᠡᠷᠡᠭ᠌ᠯᠡᠵᠦ᠍᠂ ᠲᠠᠩ ᠮᠠᠱᠢᠨ᠎ᠤ ᠪᠠᠭ᠍ᠲᠠᠭᠠᠮᠵᠢ᠎ᠨᠢ 15 ᠮᠸᠭ᠎ᠠ ᠸᠠᠲ ᠵᠢᠴᠢ ᠲᠡᠭᠦᠨ᠎ᠡᠴᠡ ᠳᠡᠭᠡᠭ᠌ᠰᠢᠬᠢ ᠱᠢᠨ᠎ᠡ ᠬᠡᠯᠪᠡᠷᠢ᠎ᠶ᠋ᠢᠨ ᠮᠠᠱᠢᠨ ᠴᠣᠭ᠍ᠴᠠᠯᠠᠪᠤᠷᠢ᠎ᠶ᠋ᠢ ᠭᠡᠷᠡᠴᠢᠯᠡᠨ ᠲᠤᠷᠱᠢᠬᠤ ᠠᠵᠢᠯ ᠢ᠋ ᠲᠤᠰᠠᠭᠠᠷ ᠥᠷᠨᠢᠭᠦᠯᠵᠦ᠍᠂ ᠠᠵᠢᠯ ᠲᠥᠷᠥᠯ ᠤ᠋ᠨ ᠬᠢᠨ ᠳ᠋ᠤ ᠳᠤᠲᠠᠭ᠍ᠳᠠᠵᠤ ᠪᠠᠢᠭ᠎ᠠ ᠬᠡᠲᠦ ᠶᠡᠬᠡ ᠴᠢᠳᠠᠮᠵᠢᠲᠤ ᠮᠠᠱᠢᠨ ᠴᠣᠭ᠍ᠴᠠᠯᠠᠪᠤᠷᠢ᠎ᠶ᠋ᠢᠨ ᠠᠵᠢᠯᠯᠠᠭᠠᠨ᠎ᠤ ᠲᠣᠭ᠎ᠠ ᠪᠠᠷᠢᠮᠲᠠ᠎ᠶ᠋ᠢ ᠬᠤᠷᠠᠮᠳᠤᠭᠤᠯᠬᠤ᠎ᠪᠠᠷ ᠳᠠᠮᠵᠢᠭᠤᠯᠤᠨ᠂ ᠪᠥᠬᠥ᠌ ᠤᠯᠤᠰ᠎ᠤᠨ ᠬᠠᠭᠤᠷᠠᠶ ᠳᠡᠭᠡᠷᠡᠬᠢ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ ᠲᠥᠬᠥᠭᠡᠷᠦᠮᠵᠢ ᠵᠢᠨ ᠲᠠᠰ ᠳᠡᠪᠱᠢᠵᠦ᠍ ᠦᠶ᠎ᠡ ᠤᠯᠠᠷᠢᠬᠤ᠎ᠳᠤ ᠵᠠᠩᠭᠢᠯᠠᠭ᠎ᠠ᠎ᠶ᠋ᠢᠨ ᠦᠨᠳᠦᠰᠦᠯᠡᠯ ᠬᠠᠩᠭᠠᠨ᠎ᠠ᠃ ᠬᠡᠷᠡᠯᠴᠢ ᠴᠡᠨᠡᠭ᠎ᠦᠨ ᠬᠦᠷᠢᠶᠡᠨ᠎ᠳᠤ ᠤᠶᠤᠨᠴᠢ ᠬᠡᠷᠡᠯ᠎ᠢ ᠳᠠᠭᠠᠬᠤ ᠬᠡᠷᠡᠯᠴᠢ ᠴᠡᠨᠡᠭ᠎ᠢ ᠬᠡᠷᠡᠭ᠌ᠯᠡᠵᠦ᠍᠂ ᠠᠩᠬ᠎ᠠ ᠤᠳᠠᠭ᠎ᠠ TOPCON᠂ BC᠂ HJT᠂ ᠺᠠᠯᠼ ᠲᠢᠲ᠋ᠠᠨ᠎ᠤ ᠬᠦᠳᠡᠷ ᠵᠡᠷᠭᠡ ᠳᠥᠷᠪᠡᠨ ᠶᠡᠬᠡ ᠭᠤᠤᠯ ᠬᠡᠷᠡᠯᠴᠢ ᠴᠡᠨᠡᠭ᠎ᠦᠨ ᠲᠣᠨᠣᠭ᠍ᠯᠠᠭᠠᠰᠤ ᠪᠣᠯᠤᠨ ᠤᠶᠠᠨ ᠴᠢᠨᠠᠷᠲᠠᠶ ᠲᠤᠯᠤᠭᠠᠰᠤ᠂ ᠲᠡᠭ᠌ᠰᠢ ᠲᠠᠩ ᠲᠡᠩᠭᠡᠯᠢᠭ᠌ᠲᠦ ᠲᠤᠯᠤᠭᠠᠰᠤ᠂ ᠲᠣᠭ᠍ᠲᠠᠮᠠᠯ ᠲᠤᠯᠤᠭᠠᠰᠤ ᠵᠡᠷᠭᠡ ᠭᠤᠷᠪᠠᠨ ᠵᠦᠢᠯ᠎ᠦᠨ ᠲᠤᠯᠤᠭᠠᠰᠤ᠎ᠶ᠋ᠢᠨ ᠮᠡᠷᠭᠡᠵᠢᠯ᠎ᠢ ᠨᠢᠭᠡ ᠲᠠᠯᠠᠪᠠᠶ᠎ᠳ᠋ᠦ ᠪᠠᠢᠷᠢᠯᠠᠭᠤᠯᠵᠤ᠂ ᠠᠵᠢᠯ ᠲᠥᠷᠥᠯ᠎ᠦᠨ ᠬᠢᠨ ᠤ᠋ ᠴᠣᠷ᠎ᠤᠨ ᠭᠠᠭ᠍ᠴᠠ 《ᠲᠣᠨᠣᠭ᠍ᠯᠠᠭᠠᠰᠤ — ᠲᠤᠯᠤᠭᠠᠰᠤ》 ᠶ᠋ᠢ ᠤᠶᠠᠯᠳᠤᠭᠤᠯᠬᠤ ᠵᠢ ᠭᠡᠷᠡᠴᠢᠯᠡᠵᠦ᠂ ᠬᠡᠷᠡᠯᠴᠢ ᠴᠡᠨᠡᠭ᠎ᠦᠨ ᠬᠣᠱᠢᠭᠤᠴᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ ᠢ᠋ ᠲᠤᠷᠱᠢᠯᠲᠠ᠎ᠶ᠋ᠢᠨ ᠲᠠᠰᠤᠭ᠎ᠠᠴᠠ ᠠᠵᠤ ᠦᠶ᠋ᠯᠡᠰ ᠲᠦ᠍ ᠨᠠᠢᠳᠠᠪᠤᠷᠢᠵᠢᠭᠤᠯᠬᠤ ᠬᠦᠷᠲᠡᠯᠡᠬᠢ 《ᠡᠴᠦᠰ᠎ᠦᠨ ᠨᠢᠭᠡ ᠺᠢᠯᠣᠮᠧᠲ᠋ᠷ︾ ᠢ᠋ ᠰᠢᠪᠲᠤᠯᠬᠤ ᠵᠢ ᠠᠬᠢᠭᠤᠯᠤᠭᠰᠠᠨ ᠪᠠᠢᠨ᠎ᠠ᠃ ᠡᠨᠧᠷᠭᠢ ᠬᠠᠳᠠᠭᠠᠯᠠᠬᠤ ᠬᠦᠷᠢᠶᠡᠨ᠎ᠳᠤ ᠤᠯᠤᠰ᠎ᠤᠨ ᠳᠣᠲᠣᠭᠠᠳᠤ᠎ᠶ᠋ᠢᠨ ᠬᠠᠮᠤᠭ᠎ᠤᠨ ᠪᠦᠷᠢᠨ ᠣᠯᠠᠨ ᠡᠱᠢᠲᠦ ᠡᠨᠧᠷᠭᠢ ᠬᠠᠳᠠᠭᠠᠯᠠᠬᠤ ᠮᠡᠷᠭᠡᠵᠢᠯ᠎ᠦᠨ ᠭᠡᠷᠡᠴᠢᠯᠡᠬᠦ ᠲᠠᠪᠴᠠᠩ ᠢ᠋ ᠪᠦᠲᠦᠭᠡᠨ ᠪᠠᠢᠭᠤᠯᠵᠤ᠂ ᠡᠨᠧᠷᠭᠢ ᠬᠠᠳᠠᠭᠠᠯᠠᠬᠤ ᠴᠢᠳᠠᠮᠵᠢ 150 ᠮᠸᠭ᠎ᠠ ᠸᠠᠲ ᠲᠦ᠍ ᠬᠦᠷᠴᠤ᠂ ᠹᠣᠰᠹᠣᠷ ᠬᠦᠴᠢᠯ᠎ᠦᠨ ᠲᠡᠮᠦᠷ ᠯᠢᠲ᠋ᠢ᠂ ᠴᠠᠢᠷ ᠪᠷᠤᠮ᠎ᠤᠨ ᠱᠢᠩᠭᠡᠨ᠂ ᠬᠠᠲᠠᠭᠤ ᠲᠦᠯᠦᠪᠳᠦ ᠳ᠋ᠢᠶᠠᠨ ᡂᠢ ᠵᠡᠷᠭᠡ 8 ᠬᠠᠮᠤᠭ᠎ᠤᠨ ᠱᠢᠨ᠎ᠡ ᠡᠨᠧᠷᠭᠢ ᠬᠠᠳᠠᠭᠠᠯᠠᠬᠤ ᠮᠡᠷᠭᠡᠵᠢᠯ᠎ᠢ ᠬᠠᠮᠤᠷᠴᠤ᠌᠂ ᠠᠳᠠᠯᠢ ᠪᠤᠰᠤ ᠲᠥᠷᠥᠯ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠮᠡᠷᠭᠡᠵᠢᠯ᠎ᠦᠨ ᠠᠮᠤᠷ ᠲᠦᠪᠱᠢᠨ᠂ ᠨᠠᠢᠳᠠᠪᠤᠷᠢᠲᠤ ᠴᠢᠨᠠᠷ᠂ ᠦᠪᠡᠷ ᠤ᠋ᠨ ᠦᠷᠳᠡᠭ ᠤ᠋ᠨ ᠲᠠᠯ᠎ᠠ᠎ᠪᠡᠷ ᠬᠢ ᠵᠠᠩᠭᠢᠯᠠᠭ᠎ᠠ᠎ᠶ᠋ᠢᠨ ᠭᠦᠶ᠋ᠴᠡᠳᠭᠡᠯ ᠲᠣᠭ᠎ᠠ ᠵᠢ ᠪᠣᠳᠠᠲᠠᠢ ᠬᠡᠷᠡᠴᠢᠯᠡᠬᠦ ᠬᠠᠷᠢᠴᠠᠭᠤᠯᠬᠤ ᠰᠤᠳᠤᠯᠭᠠᠨ ᠥᠷᠨᠢᠭᠦᠯᠬᠦ᠌᠎ᠪᠡᠷ ᠳᠠᠮᠵᠢᠭᠤᠯᠤᠨ᠂ ᠱᠢᠨ᠎ᠡ ᠡᠨᠧᠷᠭᠢ᠎ᠶ᠋ᠢᠨ ᠲᠣᠭ᠍ᠲᠠᠪᠤᠷᠢᠲᠠᠢ ᠴᠠᠬᠢᠯᠭᠠᠨ ᠭᠠᠷᠭᠠᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠎ᠳᠦ ᠪᠣᠯᠤᠮᠵᠢᠲᠤ ᠲᠥᠰᠦᠯ᠎ᠢ ᠬᠠᠩᠭᠠᠨ᠎ᠠ᠃ ᠤᠰᠤᠲᠥ᠋ᠷᠥᠭ᠌ᠴᠢ᠎ᠶ᠋ᠢᠨ ᠡᠨᠧᠷᠭᠢ᠎ᠶ᠋ᠢᠨ ᠬᠦᠷᠢᠶᠡᠨ᠎ᠳᠦ ᠬᠠᠮᠤᠭ᠎ᠤᠨ ᠱᠢᠨ᠎ᠡ ᠤᠰᠤᠲᠥ᠋ᠷᠥᠭ᠌ᠴᠢ ᠦᠢᠯᠡᠳᠬᠦ᠌ ᠲᠥᠬᠥᠭᠡᠷᠦᠮᠵᠢ᠎ᠳᠦ ᠠᠵᠢᠯ ᠲᠦᠷᠦᠯ᠎ᠦᠨ ᠬᠢᠨ ᠤ᠋ ᠲᠦᠷᠦᠬᠦᠦ ᠪᠦᠯᠦᠭ᠎ᠤᠨ ᠪᠣᠳᠠᠲᠠᠢ ᠬᠡᠮᠵᠢᠨ ᠭᠡᠷᠡᠴᠢᠯᠡᠬᠦ᠌ ᠠᠵᠢᠯ ᠥᠷᠨᠢᠭᠦᠯᠬᠦ᠌᠎ᠪᠡᠷ ᠪᠠᠷᠠᠬᠤ ᠦᠭᠡᠢ᠂ ᠨᠡᠩ ᠴᠤ᠌ 《ᠰᠠᠯᠬᠢᠨ ᠬᠦᠴᠤᠨ ᠤ᠋ ᠴᠠᠬᠢᠯᠭᠠᠨ ᠬᠡᠷᠡᠯᠴᠢ ᠴᠡᠨᠡᠭ ᠤ᠋ᠨ ᠴᠠᠬᠢᠯᠭᠠᠨ ᠤᠰᠤᠲᠥ᠋ᠷᠥᠭ᠌ᠴᠢ ᠤᠢᠯᠡᠳᠬᠦ ᠡᠨᠧᠷᠬᠢ ᠬᠠᠳᠠᠭᠠᠯᠠᠬᠤ ᠪᠠᠭ᠎ᠠ ᠪᠠᠭ᠍ᠲᠠᠭᠠᠮᠵᠢᠲᠤ ᠱᠢᠰᠲ᠋ᠧᠮ᠎ᠢ ᠨᠢᠭᠡ ᠴᠤᠬ᠍ᠴᠠᠵᠢᠭᠤᠯᠤᠨ ᠡᠵᠡᠮᠳᠡᠬᠦ᠌ ᠵᠠᠭ᠍ᠪᠤᠷ》 ᠢ᠋ ᠡᠭᠦᠳᠴᠦ᠍᠂ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠤᠯᠠᠨ ᠡᠨᠧᠷᠭᠢ ᠬᠠᠷᠢᠯᠴᠠᠨ ᠨᠥᠬᠥᠪᠥᠷᠢᠯᠡᠬᠦ᠌ ᠡᠨᠧᠷᠭᠢ᠎ᠶ᠋ᠢ ᠠᠱᠢᠭ᠍ᠯᠠᠬᠤ ᠱᠢᠨ᠎ᠡ ᠠᠷᠭ᠎ᠠ ᠵᠠᠮ᠎ᠢ ᠰᠦᠪᠡᠭ᠌ᠴᠢᠯᠡᠭ᠌ᠰᠡᠨ ᠱᠢᠨ᠎ᠡ ᠡᠨᠧᠷᠭᠢ᠎ᠶ᠋ᠢᠨ ᠪᠣᠳᠠᠲᠠᠢ ᠭᠡᠷᠡᠴᠢᠯᠡᠬᠦ᠌ ᠲᠦᠷᠦᠯ ᠵᠦᠢᠯ ᠪᠠᠢᠵᠤ᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠢ ᠪᠠᠢᠭᠤᠯᠬᠤ᠎ᠳᠤ 《ᠤᠤᠭᠠᠯ ᠡᠭᠦᠳᠦᠯᠲᠡ᠎ᠶ᠋ᠢᠨ ᠴᠢᠨᠠᠷᠲᠠᠢ ᠦᠢᠯᠡᠳᠦᠯᠭᠡ᠎ᠶ᠋ᠢᠨ ᠦᠯᠢᠭᠡᠷ ᠬᠡᠪ》 ᠢ᠋ ᠬᠠᠩᠭᠠᠪᠠ᠃ ᠲᠤᠰ ᠲᠦᠷᠦᠯ ᠵᠦᠢᠯ ᠤᠯᠠᠨ ᠵᠦᠢᠯ᠎ᠦᠨ ᠬᠣᠱᠢᠭᠤᠴᠢ ᠮᠡᠷᠭᠡᠵᠢᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠬᠦᠷᠢᠶᠡᠨ᠎ᠳᠡᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠤᠨᠳᠤᠤᠰᠢᠭᠤᠯᠤᠨ᠂ ᠱᠢᠨ᠎ᠡ᠎ᠶ᠋ᠢ ᠡᠭᠦᠳᠦᠭᠰᠡᠨ ᠬᠡᠪ ᠳᠠᠭᠤᠷᠢᠶᠠᠯ ᠪᠣᠯᠬᠤ ᠪᠣᠯᠤᠨ᠎ᠠ᠃

2024 ᠣᠨ᠎ᠤ ᠡᠴᠦᠰ ᠪᠣᠯᠲᠠᠯ᠎ᠠ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠮᠧᠩ ᠨᠧᠩ ᠱᠢᠨ᠎ᠡ ᠡᠨᠧᠷᠭᠢ᠎ᠶ᠋ᠢᠨ ᠬᠢᠵᠠᠭᠠᠷᠲᠤ ᠺᠣᠮᠫᠠᠨᠢ ᠨᠢᠭᠡᠨᠲᠡ 300 ᠮᠸᠭ᠎ᠠ ᠸᠠᠲ᠎ᠤᠨ ᠪᠠᠭ᠍ᠲᠠᠭᠠᠮᠵᠢᠲᠤ ᠰᠠᠯᠬᠢᠨ ᠬᠦᠴᠦᠨ᠎ᠦ ᠴᠠᠬᠢᠯᠭᠠᠨ᠎ᠤ ᠢᠨᠵᠧᠨᠧᠷᠢᠩ ᠪᠣᠯᠤᠨ 200 ᠮᠸᠭ᠎ᠠ ᠸᠠᠲ᠎ᠤᠨ ᠪᠠᠭ᠍ᠲᠠᠭᠠᠮᠵᠢᠲᠤ ᠬᠡᠷᠡᠯᠴᠢ ᠴᠡᠨᠡᠭ᠎ᠦᠨ ᠢᠨᠵᠧᠨᠧᠷᠢᠩ ᠤ᠋ᠨ ᠪᠠᠷᠢᠯᠭ᠎ᠠ ᠵᠢ ᠪᠦᠲᠦᠭᠡᠨ ᠪᠠᠢᠭᠤᠯᠤᠨ ᠲᠠᠭᠤᠰᠬᠠᠵᠤ ᠠᠱᠢᠭ᠍ᠯᠠᠯᠲᠠ ᠳ᠋ᠤ ᠤᠷᠤᠭᠤᠯᠵᠠᠢ᠃

ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠴᠧᠩ ᠪᠧᠶ ᠨᠢᠩ᠄《ᠡᠨᠡ ᠬᠡᠳᠦᠨ ᠲᠥᠷᠥᠯ ᠵᠦᠶ᠋ᠯ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠵᠢᠱ᠌ᠢᠯᠲᠡ᠎ᠪᠡᠷ ᠵᠢᠯ ᠪᠦᠷᠢ ᠬᠣᠱᠢᠭᠤᠨ᠎ᠤ ᠡᠳ᠋᠎ᠦᠨ ᠵᠠᠰᠠᠭ᠎ᠲᠤ ᠪᠠᠷᠤᠭ 2 ᠳ᠋ᠦᠩᠱᠢᠭᠤᠷ ᠲᠥᠭᠥᠷᠢᠭ᠎ᠦᠨ ᠭᠠᠢᠯᠢ ᠵᠢᠨ ᠤᠷᠤᠯᠭ᠎ᠠ ᠡᠭᠦᠳᠴᠤ᠂ ᠣᠷᠣᠨ ᠪᠦᠰᠡ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡ ᠪᠠ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠤᠯᠭᠠᠭᠤᠷᠢᠯᠠᠬᠤ ᠴᠢᠬᠤᠯᠠ ᠬᠦᠴᠦᠨ ᠪᠣᠯᠬᠤ ᠪᠣᠯᠤᠨ᠎ᠠ᠃ ᠡᠭᠦᠨ᠎ᠦ ᠬᠠᠮᠲᠤ᠂ ᠲᠤᠬᠠᠶ᠎ᠶ᠋ᠢᠨ ᠭᠠᠵᠠᠷ᠎ᠲᠤ ᠪᠠᠷᠤᠭ 600 ᠭᠠᠷᠤᠶ ᠣᠷᠳᠣ ᠬᠤᠭᠤᠴᠠᠭᠠᠨ᠎ᠤ ᠲᠣᠭ᠍ᠲᠠᠪᠤᠷᠢᠳᠠᠢ ᠠᠵᠢᠯ᠎ᠤᠨ ᠪᠠᠢᠷᠢ ᠬᠠᠩᠭᠠᠵᠤ᠂ 3000 ᠭᠠᠷᠤᠶ ᠰᠤᠯᠠ ᠠᠵᠢᠯ᠎ᠤᠨ ᠪᠠᠢᠷᠢ ᠬᠠᠩᠭᠠᠬᠤ ᠪᠣᠯᠤᠨ᠎ᠠ》 ᠬᠡᠵᠤ ᠰᠤᠷᠪᠤᠯᠵᠢᠯᠠᠭᠴᠢ᠎ᠳᠤ ᠲᠠᠨᠢᠯᠴᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号