ᠤᠯᠠᠭᠠᠨᠬᠠᠳᠠ᠎ᠶ᠋ᠢᠨ ᠪᠤᠬᠢᠷᠳᠤᠯ ᠦᠭᠡᠢ ᠴᠠᠬᠢᠯᠭᠠᠨ᠎ᠤ ᠱᠢᠭᠤᠳ ᠵᠠᠯᠭᠠᠯᠲᠠ ᠨᠢ ᠱᠢᠨ᠎ᠡ ᠡᠨᠧᠷᠭᠢ᠎ᠶ᠋ᠢ ᠲᠤᠬᠠᠶ᠎ᠶ᠋ᠢᠨ ᠭᠠᠵᠠᠷ᠎ᠲᠤᠨᠢ ᠱᠢᠩᠭᠡᠭᠡᠨ ᠠᠪᠬᠤ᠎ᠶ᠋ᠢ ᠪᠡᠶᠡᠯᠡᠭᠦᠯᠪᠡ
2025-11-13 10:17:39
ᠵᠣᠬᠢᠶᠠᠭ᠍ᠴᠢ᠄
ᠱᠢᠶᠤᠤ ᠯᠦ᠍
ᠣᠩᠱᠢᠭ᠍ᠰᠠᠨ ᠣᠳᠠᠭ᠎ᠠ᠄
★★★☆☆

ᠡᠪᠦᠯ᠎ᠦᠨ ᠡᠬᠢ᠎ᠪᠡᠷ᠂ ᠥᠪᠥᠷ ᠮᠣᠩᠭᠣᠯ᠎ᠤᠨ ᠮᠧᠶ ᠵᠢᠶᠧ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠦᠶ᠋ᠯᠡᠳᠪᠦᠷᠢᠯᠡᠯ᠎ᠦᠨ ᠲᠠᠰᠤᠭ᠎ᠲᠤ ᠤᠭ᠍ᠰᠠᠷᠠᠵᠤ ᠲᠠᠯᠪᠢᠭᠰᠠᠨ ᠬᠠᠲᠠᠭᠤ ᠪᠡᠶᠡᠲᠦ ᠢᠯᠴᠢ ᠬᠠᠳᠠᠭᠠᠯᠠᠵᠤ ᠢᠯᠴᠢ ᠬᠠᠩᠭᠠᠬᠤ ᠲᠥᠬᠥᠭᠡᠷᠦᠮᠵᠢ ᠵᠢ ᠲᠡᠷᠢ ᠲᠡᠭ᠌ᠰᠢ ᠪᠠᠢᠷᠢᠯᠠᠭᠤᠯᠵᠠᠢ᠂ ᠲᠣᠰ ᠲᠥᠬᠥᠭᠡᠷᠦᠮᠵᠢ᠎ᠨᠢ ᠴᠠᠬᠢᠯᠭᠠᠨ ᠡᠨᠧᠷᠭᠢ᠎ᠶ᠋ᠢ 550°C ᠡᠴᠡ ᠳᠡᠭᠡᠭ᠌ᠰᠢᠬᠢ ᠢᠯᠴᠢ᠎ᠶ᠋ᠢᠨ ᠡᠨᠧᠷᠭᠢ ᠪᠣᠯᠭᠠᠨ ᠬᠤᠪᠢᠷᠠᠭᠤᠯᠤᠨ ᠬᠠᠳᠠᠭᠠᠯᠠᠵᠤ᠂ ᠬᠡᠷᠡᠭ᠌ᠯᠡᠭ᠌ᠴᠢ ᠬᠡᠷᠡᠭ᠌ᠯᠡᠬᠦ᠌ ᠴᠢᠬᠤᠯᠠᠲᠠᠶ ᠦᠶ᠎ᠡ᠎ᠳᠦ ᠳᠠᠬᠢᠨ ᠬᠠᠯᠠᠭᠤᠨ ᠤᠰᠤ᠂ ᠬᠠᠯᠠᠭᠤᠨ ᠰᠠᠯᠬᠢ ᠪᠤᠶᠤ ᠠᠭᠤᠷ᠎ᠤᠨ ᠬᠡᠯᠪᠡᠷᠢ᠎ᠪᠡᠷ ᠭᠠᠳᠠᠭ᠍ᠰᠢ ᠭᠠᠷᠭᠠᠳᠠᠭ ᠠᠵᠢ᠃

《ᠲᠤᠰ ᠬᠠᠲᠠᠭᠤ ᠪᠡᠶᠡᠲᠦ ᠢᠯᠴᠢ ᠬᠠᠳᠠᠭᠠᠯᠠᠵᠤ ᠬᠠᠩᠭᠠᠬᠤ ᠲᠥᠬᠥᠭᠡᠷᠦᠮᠵᠢ᠎ᠨᠢ ᠪᠤᠬᠢᠷᠳᠤᠯ ᠦᠭᠡᠢ ᠴᠠᠬᠢᠯᠭᠠᠨ᠎ᠢ ᠪᠦᠲᠦᠮᠵᠢᠲᠡᠶ ᠱᠢᠩᠭᠡᠭᠡᠵᠦ᠍ ᠴᠢᠳᠠᠨ᠎ᠠ᠂ ᠪᠢᠳᠡᠨ᠎ᠦ 2.6 ᠳ᠋ᠦᠩᠱᠢᠭᠤᠷ ᠲᠥᠭᠥᠷᠢᠭ  ᠪᠠᠯᠠ ᠣᠷᠣᠭᠤᠯᠵᠤ ᠪᠠᠢᠭᠤᠯᠤᠭ᠍ᠰᠠᠨ ᠮᠧᠶ ᠵᠢᠶᠧ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠦᠶ᠋ᠯᠡᠳᠪᠦᠷᠢ᠎ᠨᠢ ᠣᠲᠣ ᠨᠢᠭᠡᠨᠲᠡ ᠪᠠᠷᠢᠯᠭ᠎ᠠ ᠳᠠᠭᠤᠰᠴᠤ᠌᠂ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ ᠳᠣᠲᠣᠭᠠᠳᠤ ᠵᠢᠨ ᠡᠨᠧᠷᠭᠢ ᠬᠡᠷᠡᠭ᠌ᠯᠡᠬᠦ᠌ ᠱᠢᠰᠲ᠋ᠧᠮ᠎ᠨᠢ ᠳᠠᠬᠢᠨ ᠡᠭᠦᠰᠴᠦ᠍ ᠪᠣᠯᠬᠤ ᠡᠨᠧᠷᠭᠢ ᠬᠡᠷᠡᠯᠴᠢ ᠴᠡᠨᠡᠭ ᠵᠢᠡᠷ ᠭᠠᠷᠭᠠᠬᠰᠠᠨ ᠴᠠᠬᠢᠯᠭᠠᠨ᠎ᠢ ᠬᠡᠷᠡᠭᠯᠡᠬᠦ ᠪᠦᠭᠡᠳ ᠦᠶ᠋ᠯᠡᠳᠪᠦᠷᠢᠯᠡᠯ ᠠᠮᠢᠳᠤᠷᠠᠯ᠎ᠤᠨ ᠬᠡᠷᠡᠭ᠌ᠯᠡᠬᠦ᠌ ᠴᠠᠬᠢᠯᠭᠠᠨ᠂ ᠬᠥᠷᠥᠭᠡᠬᠦ᠌ ᠪᠠ ᠢᠯᠴᠢ ᠦᠶ᠋ᠯᠡᠳᠬᠦ᠌᠎ᠳᠦ ᠬᠡᠷᠡᠭ᠌ᠯᠡᠵᠦ᠍᠂ ᠣᠯᠠᠨ ᠡᠨᠧᠷᠭᠢ᠎ᠶ᠋ᠢᠨ ᠬᠠᠷᠢᠯᠴᠠᠨ ᠨᠥᠬᠥᠪᠥᠷᠢᠯᠡᠬᠦ᠌᠎ᠶ᠋ᠢ ᠦᠨᠡᠨ ᠬᠦ᠌ ᠵᠣᠬᠢᠴᠠᠭᠤᠯᠬᠤ ᠪᠤᠯᠤᠨ᠎ᠠ》 ᠭᠡᠵᠦ᠍ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ᠎ᠶ᠋ᠢᠨ ᠲᠤᠰᠠᠯᠠᠭ᠍ᠴᠢ ᠫᠠᠩ ᠵᠢᠩ ᠬᠡᠯᠡᠪᠡ᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ᠂ ᠨᠡᠭᠦᠷᠡᠰᠦᠲᠥ᠋ᠷᠥᠭ᠌ᠴᠢ ᠎ᠶᠢ ᠰᠠᠭᠠᠷᠮᠠᠭ᠍ᠵᠢᠭᠤᠯᠬᠤ ᠎ᠪᠠᠷ ᠬᠥᠲᠥᠯᠦᠮᠵᠢ ᠪᠣᠯᠭᠠᠵᠤ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠳᠠ᠎ᠶᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠦᠰᠦᠯᠳᠡ᠎ᠶᠢ ᠨᠡᠮᠡᠭᠳᠡᠭᠦᠯᠬᠦ᠎ᠶᠢ ᠵᠤᠬᠢᠴᠠᠭᠤᠯᠤᠨ ᠠᠬᠢᠭᠤᠯᠵᠤ᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ᠎ᠶ᠋ᠢ ᠴᠢᠩᠭᠠᠳᠭᠠᠬᠤ ᠬᠡᠷᠡᠭ᠌ᠲᠡᠢ ᠭᠡᠵᠦ᠍ ᠲᠣᠳᠣᠷᠬᠠᠢ ᠳᠤᠷᠠᠳᠴᠠᠢ᠃ ᠡᠯᠪᠡᠭ ᠪᠠᠶᠠᠯᠢᠭ ᠪᠤᠬᠢᠷᠳᠤᠯ ᠦᠭᠡᠢ ᠴᠠᠬᠢᠯᠭᠠᠨ᠎ᠤ ᠡᠬᠢ ᠪᠠᠶᠠᠯᠢᠭ᠎ᠲᠤ ᠰᠠᠭᠤᠷᠢᠯᠠᠵᠤ᠂ ᠤᠯᠠᠭᠠᠨᠬᠠᠳᠠ ᠬᠣᠲᠠ ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠪᠤᠬᠢᠷᠳᠤᠯ ᠦᠭᠡᠢ ᠴᠠᠬᠢᠯᠭᠠᠨ᠎ᠤ ᠱᠢᠭᠤᠳ ᠵᠠᠯᠭᠠᠯᠲᠠ᠎ᠪᠠᠷ ᠲᠥᠯᠥᠭᠡᠯᠡᠭᠦᠯᠦᠭ᠌ᠰᠡᠨ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠦᠨ ᠱᠢᠶ᠋ᠳᠪᠦᠷᠢᠯᠡᠬᠦ᠌ ᠲᠥᠰᠦᠯ ᠨᠢ ᠤᠯᠠᠭᠠᠨᠬᠠᠳᠠ᠎ᠶ᠋ᠢᠨ ᠨᠡᠭᠦᠷᠡᠰᠦᠲᠥ᠋ᠷᠥᠭ᠌ᠴᠢ᠎ᠦᠯᠦ ᠭᠠᠳᠠᠭᠰᠢᠯᠠᠭᠤᠯᠬᠤ ᠠᠵᠤ ᠦᠶ᠋ᠯᠡᠰ᠎ᠦᠨ ᠥᠷᠨᠢᠩᠭᠦᠶ ᠬᠥᠭ᠌ᠵᠢᠯᠲᠡ᠎ᠶ᠋ᠢᠨ ᠴᠢᠬᠤᠯᠠ ᠬᠥᠳᠡᠯᠭᠡᠭᠦᠷ ᠪᠣᠯᠪᠠ᠃

ᠪᠤᠬᠢᠷᠳᠤᠯ ᠦᠭᠡᠢ ᠴᠠᠬᠢᠯᠭᠠᠨ᠎ᠤ ᠱᠢᠭᠤᠳ ᠵᠠᠯᠭᠠᠯᠲᠠ ᠭᠡᠳᠡᠭ ᠨᠢ ᠲᠤᠰᠭᠠᠶ ᠱᠤᠭᠤᠮ᠎ᠢᠶᠠᠷ ᠱᠢᠨ᠎ᠡ ᠡᠨᠧᠷᠭᠢ᠎ᠶ᠋ᠢᠨ ᠴᠠᠬᠢᠯᠭᠠᠨ ᠥᠷᠲᠡᠭᠡ ᠬᠢᠭᠡᠳ ᠴᠠᠬᠢᠯᠭᠠᠨ ᠬᠡᠷᠡᠭ᠌ᠯᠡᠬᠦ᠌ ᠠᠵᠤ ᠠᠬᠤᠢᠯᠠᠯ ᠢ᠋ ᠬᠤᠯᠪᠤᠬᠤ ᠵᠢ ᠵᠢᠭᠠᠵᠤ᠂ 《ᠴᠠᠬᠢᠯᠭᠠᠨ ᠬᠦᠴᠦ᠍ ᠵᠢ ᠱᠢᠭᠤᠳ ᠵᠠᠯᠭᠠᠬᠤ》 ᠵᠠᠭ᠍ᠪᠤᠷ᠎ᠲᠠᠶ ᠨᠡᠢᠴᠡᠭᠦᠯᠦᠨ᠂ ᠰᠠᠯᠬᠢᠨ ᠬᠦᠴᠦᠨ᠎ᠦ ᠴᠠᠬᠢᠯᠭᠠᠨ᠂ ᠬᠡᠷᠡᠯᠴᠢ ᠴᠡᠨᠡᠭ ᠵᠡᠷᠭᠡ ᠱᠢᠨ᠎ᠡ ᠡᠨᠧᠷᠭᠢ᠎ᠳᠦ ᠨᠢᠭᠡ ᠵᠤᠷᠪᠤᠰ 《ᠬᠤᠪᠢ ᠬᠥᠮᠦᠨ᠎ᠦ ᠳᠡᠭᠡᠳᠦ ᠬᠤᠷᠳᠤᠴᠠᠲᠤ ᠵᠠᠮ》 ᠢ᠋ ᠵᠠᠰᠠᠵᠤ᠂ ᠴᠠᠬᠢᠯᠭᠠᠨ ᠭᠠᠷᠭᠠᠬᠤ ᠥᠷᠲᠡᠭᠡ᠎ᠡᠴᠡ ᠴᠠᠬᠢᠯᠭᠠᠨ ᠬᠡᠷᠡᠭ᠌ᠯᠡᠬᠦ᠌ ᠡᠳᠡᠭᠡᠳ ᠲᠦ᠍  ᠱᠢᠭᠤᠳ ᠬᠦᠷᠴᠦ᠍᠂ 《ᠪᠤᠬᠢᠷᠳᠤᠯ ᠦᠭᠡᠢ ᠴᠠᠬᠢᠯᠭᠠᠨ ᠮᠦᠨ ᠡᠰᠡᠬᠦ》᠎ᠶ᠋ᠢ ᠮᠥᠷᠳᠡᠬᠦ᠌᠎ᠳᠦ ᠬᠦᠴᠢᠷᠲᠡᠶ ᠪᠠᠢᠬᠤ ᠠᠰᠠᠭᠤᠳᠠᠯ᠎ᠢ ᠲᠤᠢᠯᠪᠤᠷᠢᠲᠠᠶ ᠱᠢᠶ᠋ᠳᠪᠦᠷᠢᠯᠡᠭ᠌ᠰᠡᠨ ᠪᠠᠢᠨ᠎ᠠ᠃

ᠪᠤᠬᠢᠷᠳᠤᠯ ᠦᠭᠡᠢ ᠴᠠᠬᠢᠯᠭᠠᠨ᠎ᠤ ᠱᠢᠭᠤᠳ ᠵᠠᠯᠭᠠᠯᠲᠠ ᠵᠢ ᠤᠯᠠᠭᠠᠨᠬᠠᠳᠠ ᠶᠠᠭᠠᠬᠢᠵᠤ ᠬᠢᠪᠡ?

ᠡᠬᠢ ᠪᠠᠶᠠᠯᠢᠭ᠎ᠤᠨ ᠲᠠᠪᠠᠭᠤᠯᠢᠭ ᠪᠣᠯ ᠤᠷᠢᠲᠠᠯ ᠨᠥᠬᠥᠴᠡᠯ ᠪᠣᠯᠤᠨ᠎ᠠ᠂ ᠤᠯᠠᠭᠠᠨᠬᠠᠳᠠ ᠪᠣᠯ ᠥᠪᠥᠷ ᠮᠣᠩᠭᠣᠯ᠎ᠤᠨ ᠴᠡᠪᠡᠷ ᠡᠨᠧᠷᠭᠢ᠎ᠶ᠋ᠢᠨ ᠲᠣᠮᠣ ᠬᠣᠲᠠ ᠪᠣᠯᠤᠨ᠎ᠠ᠂ ᠰᠠᠯᠬᠢ᠂ ᠬᠡᠷᠡᠯ ᠤ᠋ᠨ ᠵᠢᠯ᠎ᠦᠨ ᠠᠳᠠᠯᠢ ᠪᠦᠲᠦᠮᠵᠢᠲᠡᠶ ᠠᠱᠢᠭ᠍ᠯᠠᠬᠤ ᠴᠠᠭ᠎ᠤᠨ ᠲᠣᠭ᠎ᠠ᠎ᠨᠢ ᠲᠣᠰ ᠲᠣᠰ 4000 ᠴᠠᠭ ᠪᠠ 2000 ᠴᠠᠭ ᠬᠦᠷᠴᠦ᠍᠂ 2024 ᠣᠨ᠎ᠤ ᠡᠴᠦᠰ ᠪᠣᠯᠲᠠᠯ᠎ᠠ ᠤᠯᠠᠭᠠᠨᠬᠠᠳᠠ ᠬᠣᠲᠠ᠎ᠶ᠋ᠢᠨ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 1000 ᠲᠦᠮᠡᠨ ᠺᠢᠯᠦᠸᠠᠲ᠎ᠤᠨ ᠶᠡᠬᠡ ᠪᠣᠭᠣᠮᠲᠠ᠎ᠶ᠋ᠢ ᠳᠠᠪᠠᠵᠤ᠂ ᠡᠵᠡᠯᠡᠬᠦ᠌ ᠬᠠᠷᠢᠴᠠᠯ᠎ᠨᠢ 64.2% ᠲᠦ᠍ ᠬᠦᠷᠴᠦ᠍᠂ ᠲᠣᠰ ᠲᠣᠰ ᠪᠥᠬᠥ᠌ ᠤᠯᠤᠰ᠂ ᠪᠥᠬᠥ᠌ ᠣᠷᠣᠨ᠎ᠡᠴᠡ ᠵᠠᠭᠤᠨ ᠤ᠋ ᠬᠠᠷᠢᠴᠠᠯ ᠵᠢᠡᠷ 22 ᠬᠤᠪᠢ ᠪᠠ 12 ᠬᠤᠪᠢ ᠥᠨᠳᠥᠷ ᠪᠣᠯᠵᠠᠶ᠃

6 ᠰᠠᠷ᠎ᠠ᠎ᠶ᠋ᠢᠨ 23 ᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ 《ᠡᠨ᠋ᠸᠷᠬᠢ ᠲᠤᠤᠷ ᠳᠠᠭᠠᠭᠠᠴᠠ ᠨᠥᠭᠡᠴᠡ᠎ᠶ᠋ᠢ ᠨᠢᠭᠡ ᠴᠣᠭ᠍ᠴᠠᠵᠢᠭᠤᠯᠬᠤ ᠲᠥᠷᠥᠯ ᠵᠦᠶ᠋ᠯ᠎ᠢ ᠭᠤᠶᠤᠴᠢᠯᠠᠨ ᠮᠡᠳᠡᠭᠦᠯᠬᠦ᠌ ᠱᠠᠭᠠᠷᠳᠠᠯᠭ᠎ᠠ᠎ᠶ᠋ᠢ ᠤᠯᠠᠮ ᠱᠢᠯᠢᠳᠡᠭ᠌ᠵᠢᠭᠦᠯᠬᠦ᠌ ᠲᠤᠬᠠᠶ ᠮᠡᠳᠡᠭ᠌ᠳᠡᠯ》 ᠢ᠋ ᠳᠠᠷᠤᠮᠠᠯᠯᠠᠨ ᠲᠠᠷᠬᠠᠭᠠᠵᠤ᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠪᠣᠬᠢᠷᠲᠤᠯ ᠥᠬᠡᠶ᠎ᠪᠡᠷ ᠴᠠᠬᠢᠯᠭᠠᠨ ᠬᠠᠩᠭᠠᠬᠤ᠂ ᠰᠠᠯᠬᠢ ᠬᠡᠷᠡᠯ᠎ᠢᠶᠡᠷ ᠤᠰᠤᠲᠥ᠋ᠷᠥᠭ᠌ᠴᠢ᠎ᠦᠢᠯᠡᠳᠬᠦ ᠵᠢ ᠨᠢᠭᠡ ᠴᠣᠭ᠍ᠴᠠᠵᠢᠭᠤᠯᠵᠤ ᠵᠢᠱ᠌ᠢᠶ᠎ᠡ ᠦᠵᠡᠭᠦᠯᠬᠦ᠌᠂ ᠪᠥᠬᠥ᠌ ᠲᠣᠭ᠎ᠠ᠎ᠪᠠᠷ ᠱᠢᠨ᠎ᠡ ᠡᠨᠧᠷᠭᠢ ᠵᠢ ᠥᠪᠡᠰᠦᠪᠡᠨ ᠭᠠᠷᠭᠠᠨ ᠥᠪᠡᠰᠦᠪᠡᠨ ᠬᠡᠷᠡᠭ᠌ᠯᠡᠬᠦ᠌ ᠵᠡᠷᠭᠡ ᠪᠣᠬᠢᠷᠲᠤᠯ ᠥᠬᠡᠶ ᠴᠠᠬᠢᠯᠭᠠᠨ᠎ᠤ᠋ ᠱᠢᠭᠤᠳ ᠵᠠᠯᠭᠠᠯᠳᠠ ᠵᠢᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠪᠠ ᠬᠥᠭ᠌ᠵᠢᠯᠲᠡ᠎ᠶ᠋ᠢ ᠠᠬᠢᠭᠤᠯᠪᠠ᠃

ᠲᠥᠷᠥ᠎ᠶ᠋ᠢᠨ ᠪᠣᠳᠣᠯᠭ᠎ᠠ᠎ᠶ᠋ᠢ ᠠᠱᠢᠭ᠍ᠯᠠᠠ᠂ ᠤᠯᠠᠭᠠᠨᠬᠠᠳᠠ ᠪᠣᠬᠢᠷᠲᠤᠯ ᠥᠬᠡᠶ ᠴᠠᠬᠢᠯᠭᠠᠨ᠎ᠤ᠋ ᠱᠢᠭᠤᠳ ᠵᠠᠯᠭᠠᠯᠳᠠ ᠵᠢᠨ ᠱᠢᠨ᠎ᠡ ᠠᠯᠬᠤᠮ᠎ᠢ ᠠᠯᠬᠤᠪᠠ᠃ ᠡᠨᠡ ᠵᠢᠯ᠎ᠦᠨ 7 ᠰᠠᠷ᠎ᠠ᠎ᠳᠤ᠂ ᠶᠤᠸᠠᠨ ᠵᠢᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠦᠯᠦᠭ᠌ᠯᠡᠯ᠎ᠦᠨ ᠪᠠᠢᠭᠤᠯᠤᠭ᠍ᠰᠠᠨ ᠪᠦᠬᠦ᠌ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ ᠪᠣᠬᠢᠷᠲᠤᠯ ᠦᠭᠡᠢ ᠤᠰᠤᠲᠥ᠋ᠷᠥᠭ᠌ᠴᠢ ᠱᠢᠪᠲᠦᠷ᠎ᠢ ᠨᠢᠭᠡ ᠴᠤᠬ᠍ᠴᠠᠵᠢᠭᠤᠯᠬᠤ ᠲᠦᠷᠦᠯ ᠵᠦᠢᠯ ᠤᠯᠠᠭᠠᠨᠬᠠᠳᠠ᠎ᠳᠤ ᠵᠢᠩᠬᠢᠨᠢ᠎ᠪᠡᠷ ᠠᠱᠢᠭ᠍ᠯᠠᠯᠲᠠ᠎ᠳᠤ ᠣᠷᠣᠵᠤ᠂ ᠲᠦᠷᠦᠯ ᠵᠦᠢᠯ᠎ᠦᠨ ᠨᠢᠭᠡᠳᠦᠭᠡᠷ ᠬᠤᠭᠤᠴᠠᠭᠠᠨ᠎ᠳᠤ ᠵᠢᠯ᠎ᠳᠦ 32 ᠲᠦᠮᠡᠨ ᠲᠣᠨ ᠪᠣᠬᠢᠷᠲᠤᠯ ᠦᠭᠡᠢ ᠨᠡᠢᠯᠡᠯᠭᠡ ᠱᠢᠪᠲᠦᠷ ᠦᠢᠯᠡᠳᠪᠦᠷᠢᠯᠡᠵᠦ᠍᠂ ᠪᠦᠬᠦ᠌ ᠪᠥᠮᠪᠥᠷᠴᠡᠭ᠎ᠦᠨ ᠠᠩᠬᠠᠳᠠᠭ᠍ᠴᠢ ᠬᠤᠳᠠᠯᠳᠤᠭᠠᠴᠢᠯᠠᠭ᠍ᠰᠠᠨ ᠡᠵᠡᠩᠨᠡᠯᠲᠡ᠎ᠶ᠋ᠢᠨ ᠪᠣᠬᠢᠷᠲᠤᠯ ᠦᠭᠡᠢ ᠤᠰᠤᠲᠥ᠋ᠷᠥᠭ᠌ᠴᠢ ᠱᠢᠪᠲᠦᠷ᠎ᠦᠨ ᠢᠨᠵᠧᠨᠧᠷᠢᠩ ᠪᠣᠯᠵᠠᠢ᠃ ᠶᠤᠸᠠᠨ ᠵᠢᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠦᠯᠦᠭ᠌ᠯᠡᠯ ᠪᠡᠶ᠎ᠡ᠎ᠪᠡᠨ ᠳᠠᠭᠠᠭᠠᠵᠤ ᠰᠤᠳᠤᠯᠤᠨ ᠦᠶ᠋ᠯᠡᠳᠦᠭ᠌ᠰᠡᠨ ᠡᠨᠧᠷᠭᠢ᠎ᠶ᠋ᠢᠨ ᠲᠣᠮᠣ ᠵᠠᠭ᠍ᠪᠤᠷ ᠪᠣᠯᠤᠨ ᠴᠠᠭ ᠠᠭᠤᠷ᠎ᠤᠨ ᠲᠣᠮᠣ ᠵᠠᠭ᠍ᠪᠤᠷ᠎ᠲᠤ ᠲᠦᠱᠢᠭ᠌ᠯᠡᠨ᠂ ᠪᠥᠬᠥ᠌ ᠪᠥᠮᠪᠥᠷᠴᠡᠭ᠎ᠦᠨ ᠬᠠᠮᠤᠭ᠎ᠤᠨ ᠶᠡᠬᠡ᠂ ᠡᠨᠧᠷᠭᠢ᠎ᠶ᠋ᠢᠨ ᠲᠣᠮᠣ ᠵᠠᠭ᠍ᠪᠤᠷ᠎ᠢᠶᠠᠷ ᠬᠥᠳᠡᠯᠭᠡᠭᠦᠷ ᠪᠣᠯᠭᠠᠭ᠍ᠰᠠᠨ AI ᠴᠠᠬᠢᠯᠭᠠᠨ ᠬᠦᠴᠦᠨ᠎ᠦ ᠱᠢᠰᠲ᠋ᠧᠮ᠎ᠢ ᠪᠠᠢᠭᠤᠯᠵᠤ᠂ 100% ᠎ᠶ᠋ᠢᠨ ᠪᠤᠬᠢᠷᠲᠤᠯ ᠦᠭᠡᠢ ᠴᠠᠬᠢᠯᠭᠠᠨ᠎ᠢ ᠵᠠᠯᠭᠠᠬᠤ᠎ᠶ᠋ᠢ ᠪᠡᠶᠡᠯᠡᠭᠦᠯᠵᠦ᠍᠂ ᠰᠠᠯᠬᠢᠨ ᠬᠦᠴᠦᠨ ᠬᠡᠷᠡᠯᠴᠢ ᠴᠡᠨᠡᠭ᠎ᠡᠨ᠋ᠸᠷᠬᠢ ᠬᠠᠳᠠᠭᠠᠯᠠᠯᠲᠠ᠎ᠵᠢ ᠨᠢᠭᠡ ᠴᠤᠭᠴᠠᠵᠢᠭᠤᠯᠬᠤ ᠬᠢᠭᠡᠳ ᠤᠰᠤᠲᠥ᠋ᠷᠥᠭ᠌ᠴᠢ ᠱᠢᠪᠲᠦᠷᠲᠦ ᠠᠯᠺᠣᠣᠯ᠎ᠤᠨ ᠦᠶ᠋ᠯᠡᠳᠪᠦᠷᠢᠯᠡᠯ᠎ᠦᠨ ᠬᠥᠳᠡᠯᠦᠩᠭᠦᠶ ᠡᠪᠴᠡᠯᠳᠦᠯ᠎ᠢ ᠪᠡᠶᠡᠯᠡᠭᠦᠯᠪᠡ᠃

ᠪᠤᠬᠢᠷᠲᠤᠯ ᠦᠭᠡᠢ ᠴᠠᠬᠢᠯᠭᠠᠨ᠎ᠢ ᠰᠢᠭᠤᠳ ᠵᠠᠯᠭᠠᠬᠤ᠎ᠳᠤ ᠲᠦᠱᠢᠭ᠌ᠯᠡᠨ ᠥᠨᠳᠥᠷ ᠪᠦᠲᠦᠮᠵᠢᠲᠡᠶ ᠲᠣᠭ᠍ᠲᠠᠪᠤᠷᠢᠳᠠᠢ ᠱᠢᠨ᠎ᠡ ᠡᠨᠧᠷᠭᠢ᠎ᠶ᠋ᠢ ᠱᠢᠩᠭᠡᠭᠡᠵᠦ᠍᠂ ᠶᠤᠸᠠᠨ ᠵᠢᠩ ᠬᠠᠮᠲᠤᠷᠠᠯᠴᠠᠭᠠᠨ᠎ᠤ ᠬᠠᠨᠢᠲᠠᠨ ᠲᠠᠢ ᠪᠠᠨ ᠦᠷᠭᠦᠯᠵᠢᠯᠡᠨ ᠬᠠᠢᠨ ᠰᠦᠪᠡᠭ᠌ᠴᠢᠯᠡᠪᠡ᠃ 10 ᠰᠠᠷ᠎ᠠ᠎ᠶ᠋ᠢᠨ 17 ᠎ᠤ᠋ ᠡᠳᠦᠷ᠂ ᠪᠥᠬᠥ᠌ ᠪᠥᠮᠪᠥᠷᠴᠡᠭ᠎ᠦᠨ ᠠᠩᠬᠠᠳᠠᠭ᠍ᠴᠢ ᠤᠰᠤᠲᠥ᠋ᠷᠥᠭ᠌ᠴᠢ ᠱᠢᠪᠲᠦᠷ ᠬᠤᠤᠰ ᠲᠦᠯᠡᠱᠢᠲᠦ ᠱᠢᠲᠠᠮᠠᠬᠠᠶ ᠬᠡᠶ᠎ᠶ᠋ᠢᠨ ᠲᠦᠷᠪᠢᠨ ᠮᠠᠱᠢᠨ ᠴᠣᠭ᠍ᠴᠠᠯᠠᠪᠤᠷᠢ ᠶᠤᠸᠠᠨ ᠪᠦᠦ ᠱᠠᠨ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ᠎ᠲᠤ 100 ᠳ᠋ᠤᠭᠠᠷ ᠤᠳᠠᠭ᠎ᠠ᠎ᠶ᠋ᠢᠨ ᠪᠦᠬᠦ ᠮᠠᠱᠢᠨ᠎ᠢᠶᠠᠷ ᠨᠣᠴᠣᠭᠠᠬᠤ ᠲᠤᠷᠱᠢᠯᠲᠠ᠎ᠶ᠋ᠢ ᠪᠡᠶᠡᠯᠡᠭᠦᠯᠵᠦ᠍᠂ ᠠᠮᠵᠢᠯᠲᠠ ᠣᠯᠤᠭ᠍ᠰᠠᠨ ᠨᠣᠷᠮ᠎ᠠ᠎ᠨᠢ 100% ᠳ᠋ᠤ᠌ ᠬᠦᠷᠴᠡᠢ᠂ ᠡᠨᠡ ᠪᠣᠯ ᠪᠥᠬᠥ᠌ ᠪᠥᠮᠪᠥᠷᠴᠡᠭ᠎ᠦᠨ ᠴᠣᠷ᠎ᠤᠨ ᠭᠠᠭ᠍ᠴᠠ ᠤᠰᠤᠲᠥ᠋ᠷᠥᠭ᠌ᠴᠢ᠂ ᠱᠢᠪᠲᠦᠷ᠂ ᠪᠠᠢᠭᠠᠯᠢ᠎ᠶ᠋ᠢᠨ ᠱᠢᠲᠠᠮᠠᠬᠠᠶ ᠬᠡᠶ ᠭᠤᠷᠪᠠᠨ ᠵᠦᠶ᠋ᠯ᠎ᠦᠨ ᠲᠦᠯᠡᠰᠢ᠎ᠶ᠋ᠢ ᠰᠣᠯᠢᠵᠤ ᠪᠣᠯᠬᠤ ᠲᠥᠬᠥᠭᠡᠷᠦᠮᠵᠢ ᠪᠠᠢᠵᠤ᠂ 《ᠰᠠᠯᠬᠢᠨ ᠬᠦᠴᠦᠨ ᠬᠡᠷᠡᠯᠴᠢ ᠴᠡᠨᠡᠭ᠎ᠤᠨ ᠪᠣᠬᠢᠷᠲᠤᠯ ᠥᠬᠡᠶ ᠴᠠᠬᠢᠯᠭᠠᠨ — ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷ — ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷ᠎ᠢᠶᠡᠷ ᠴᠠᠬᠢᠯᠭᠠᠨ ᠭᠠᠷᠭᠠᠬᠤ》 ᠪᠦᠷᠢᠨ ᠪᠦᠲᠦᠨ ᠬᠡᠯᠬᠢᠶ᠎ᠡ ᠵᠠᠮ᠎ᠢ ᠨᠡᠪᠲᠡᠷᠡᠭᠦᠯᠪᠡ᠃

ᠪᠣᠬᠢᠷᠲᠤᠯ ᠥᠬᠡᠶ ᠴᠠᠬᠢᠯᠭᠠᠨ᠎ᠢ ᠰᠢᠭᠤᠳ ᠵᠠᠯᠭᠠᠵᠤ᠂ ᠤᠯᠠᠭᠠᠨᠬᠠᠳᠠ ᠨᠢᠭᠡᠨᠲᠡ ᠲᠣᠭ᠍ᠲᠠᠭᠤᠨ᠎ᠢᠶᠠᠷ ᠤᠷᠤᠭ᠍ᠰᠢᠯᠠᠵᠤ ᠪᠤᠢ᠃ ᠡᠨᠡ ᠵᠢᠯ᠂ ᠤᠯᠠᠭᠠᠨᠬᠠᠳᠠ᠎ᠶ᠋ᠢᠨ ᠳ᠋ᠦᠩ ᠱᠠᠨ ᠬᠥᠩᠭᠡᠨᠴᠠᠭᠠᠨ᠎ᠤ ᠦᠢᠯᠡᠰ᠎ᠦᠨ 50 ᠲᠦᠮᠡᠨ ᠲᠣᠨ ᠴᠠᠬᠢᠯᠭᠠᠨ ᠵᠠᠳᠠᠯᠤᠯ᠎ᠤᠨ ᠬᠥᠩᠭᠡᠨ ᠴᠠᠭᠠᠨ᠂ ᠸᠠᠨ᠎ᠲᠠᠶ ᠱᠢᠨ᠎ᠡ ᠮᠠᠲ᠋ᠧᠷᠢᠶᠠᠯ᠎ᠤᠨ 55 ᠲᠦᠮᠡᠨ ᠲᠣᠨ ᠾᠷᠣᠮᠲᠤ ᠲᠡᠮᠦᠷ᠎ᠤᠨ ᠬᠠᠢᠯᠤᠰᠢ ᠵᠡᠷᠭᠡ ᠶᠡᠷᠦᠨᠭᠬᠡᠢ ᠮᠠᠱᠢᠨ ᠴᠤᠭᠴᠠᠯᠠᠪᠤᠷᠢ ᠨᠢ 263 ᠲᠦᠮᠡᠨ ᠺᠢᠯᠦᠸᠠᠲ᠎ᠤᠨ ᠡᠨ᠋ᠸᠷᠬᠢ ᠲᠣᠣᠷ ᠳᠠᠭᠠᠭᠠᠴᠠ ᠨᠦᠬᠡᠴᠡ᠎ᠶ᠋ᠢ ᠨᠢᠭᠡ ᠴᠣᠭ᠍ᠴᠠᠵᠢᠭᠤᠯᠬᠤ 6 ᠲᠥᠷᠦᠯ ᠵᠦᠢᠯ᠎ᠨᠢ 《ᠲᠣᠰ ᠵᠢᠯ᠎ᠳᠡᠭᠡᠨ ᠲᠤᠭ᠎ᠠ ᠪᠦᠷᠢᠳᠭᠡᠯ᠎ᠳᠤ ᠤᠷᠤᠭᠤᠯᠵᠤ᠂ ᠲᠣᠰ ᠵᠢᠯ᠎ᠳᠡᠭᠡᠨ ᠬᠢᠨᠠᠨ ᠵᠥᠪᠱᠢᠶᠡᠷᠡᠵᠦ᠍᠂ ᠲᠣᠰ ᠵᠢᠯ᠎ᠳᠡᠭᠡᠨ ᠠᠵᠢᠯ ᠡᠬᠢᠯᠡᠭᠦᠯᠵᠦ᠍》᠂ ᠪᠣᠬᠢᠷᠲᠤᠯ ᠥᠬᠡᠶ ᠴᠠᠬᠢᠯᠭᠠᠨ᠎ᠬᠠᠨᠭᠭᠠᠵᠤ ᠰᠢᠨᠭᠭᠡᠭᠡᠬᠦ ᠱᠢᠨ᠎ᠡ ᠡᠨᠧᠷᠭᠢ᠎ᠶ᠋ᠢ ᠪᠠᠢᠭᠤᠯᠬᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠨᠢ 300 ᠲᠦᠮᠡᠨ ᠺᠢᠯᠦᠸᠠᠲ᠎ᠢ ᠳᠠᠪᠠᠵᠤ᠂ ᠤᠯᠠᠭᠠᠨᠬᠠᠳᠠ᠎ᠶ᠋ᠢᠨ ᠠᠵᠤ ᠦᠶ᠋ᠯᠡᠳᠪᠦᠷᠢ᠎ᠶ᠋ᠢᠨ ᠳᠠᠬᠢᠨ᠎ᠢᠶᠠᠷ ᠨᠡᠮᠡᠭ᠌ᠳᠡᠭᠦᠯᠬᠦ ᠠᠵᠢᠯᠯᠠᠭ᠎ᠠ᠎ᠳᠤ ᠪᠠᠲᠤ ᠪᠡᠬᠢ ᠲᠤᠯᠭᠠᠭᠤᠷᠢᠯᠠᠯ ᠬᠠᠩᠭᠠᠪᠠ᠃

《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠵᠢᠨ ᠳᠥᠷᠪᠡᠳᠦᠭᠡᠷ ᠪᠦᠬᠦᠳᠡ ᠬᠤᠷᠠᠯ᠎ᠡᠴᠡ 〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠬᠤᠭᠤᠴᠠᠭᠠᠨ᠎ᠳᠤ ᠲᠣᠳᠣᠷᠬᠠᠢ ᠵᠢᠷᠤᠭ ᠲᠥᠯᠥᠪᠯᠡᠭᠡ ᠲᠣᠭ᠍ᠲᠠᠭᠠᠵᠤ᠂ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲᠸᠮ᠎ᠢ ᠲᠦᠷᠭᠡᠳᠭᠡᠨ ᠪᠠᠢᠭᠤᠯᠵᠤ᠂ ᠨᠡᠭᠦᠷᠡᠰᠦᠲᠥ᠋ᠷᠥᠭ᠌ᠴᠢ᠎ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠬᠦ᠌᠎ᠶ᠋ᠢ ᠢᠳᠡᠪᠬᠢᠲᠡᠢ ᠯᠠᠪᠳᠠᠭᠤᠨ ᠠᠬᠢᠭᠤᠯᠤᠨ ᠪᠡᠶᠡᠯᠡᠭᠦᠯᠵᠦ᠍᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠲᠦᠷᠭᠡᠨ ᠪᠦᠷᠢᠯᠳᠦᠭᠦᠯᠬᠦ᠌ ᠬᠡᠷᠡᠭ᠌ᠲᠡᠢ ᠭᠡᠵᠦ᠍ ᠲᠣᠳᠣᠷᠬᠠᠢᠯᠠᠪᠠ》᠃ ᠤᠯᠠᠭᠠᠨᠬᠠᠳᠠ ᠬᠣᠲᠠ᠎ᠶ᠋ᠢᠨ ᠡᠨᠧᠷᠭᠢ᠎ᠶ᠋ᠢᠨ ᠲᠣᠪᠴᠢᠶᠠᠨ᠎ᠤ ᠳᠠᠷᠤᠭ᠎ᠠ ᠸᠠᠩ ᠸᠧᠶ ᠳ᠋ᠦᠩ᠂ 《ᠤᠯᠠᠭᠠᠨᠬᠠᠳᠠ ᠬᠣᠲᠠ 〈ᠬᠣᠶᠠᠷ᠎ᠢ ᠳᠠᠬᠢᠨ᠎ᠢᠶᠠᠷ ᠨᠡᠮᠡᠭ᠌ᠳᠡᠭᠦᠯᠬᠦ᠌〉᠂〈ᠬᠣᠶᠠᠷ᠎ᠢ ᠳᠡᠭᠡᠭ᠌ᠰᠢᠯᠡᠭᠦᠯᠬᠦ᠌〉᠂ 〈ᠬᠣᠶᠠᠷ᠎ᠢ ᠬᠤᠪᠢᠷᠠᠭᠤᠯᠬᠤ〉 ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠭᠤᠤᠯ ᠪᠣᠷᠣ ᠲᠥᠯᠥᠪ᠎ᠢ ᠬᠦᠴᠦᠯᠡᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠡᠨᠧᠷᠭᠢ᠎ᠶ᠋ᠢᠨ ᠶᠡᠷᠦᠩᠬᠡᠢᠯᠡᠭ᠌ᠰᠡᠨ ᠬᠡᠷᠡᠭ᠌ᠯᠡᠭᠡᠨ᠎ᠦ ᠵᠢᠱ᠌ᠢᠶ᠎ᠡ ᠦᠵᠡᠭᠦᠯᠬᠦ᠌ ᠣᠷᠣᠨ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 4000 ᠲᠦᠮᠡᠨ ᠺᠢᠯᠦᠸᠠᠲ᠎ᠤᠨ ᠴᠡᠪᠡᠷ ᠡᠨᠧᠷᠭᠢ᠎ᠶ᠋ᠢᠨ ᠰᠠᠭᠤᠷᠢᠨ᠂ ᠤᠯᠤᠰ᠎ᠤᠨ ᠪᠣᠬᠢᠷᠲᠤᠯ ᠥᠬᠡᠶ ᠡᠨᠧᠷᠭᠢ ᠵᠢᠨ ᠬᠡᠷᠡᠭᠴᠡᠭᠡ ᠶᠡᠬᠡᠳᠡᠢ ᠠᠵᠤ ᠦᠶ᠋ᠯᠡᠰ᠎ᠦᠨ ᠳᠠᠭᠠᠭᠠᠨ ᠠᠪᠬᠤ ᠰᠠᠭᠤᠷᠢᠨ᠂ ᠤᠯᠤᠰ᠎ᠤᠨ ᠤᠰᠤᠲᠥ᠋ᠷᠥᠭ᠌ᠴᠢ ᠡᠨᠧᠷᠭᠢ᠎ᠶ᠋ᠢᠨ ᠣᠷᠣᠨ᠎ᠤ ᠲᠤᠷᠱᠢᠯᠲᠠ᠎ᠶ᠋ᠢᠨ ᠬᠣᠲᠠ ᠪᠠ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠤᠰᠤᠲᠥ᠋ᠷᠥᠭ᠌ᠴᠢ᠎ᠶ᠋ᠢᠨ ᠠᠵᠤ ᠦᠢᠯᠡᠰ᠎ᠦᠨ ᠬᠤᠱᠢᠭᠤᠴᠢ ᠣᠷᠣᠨ᠂ ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷᠲᠦ ᠠᠯᠺᠣᠣᠯ᠎ᠢ ᠨᠢᠭᠡ ᠴᠣᠭ᠍ᠴᠠᠵᠢᠭᠤᠯᠬᠤ ᠠᠵᠤ ᠦᠶ᠋ᠯᠡᠰ᠎ᠦᠨ ᠰᠠᠭᠤᠷᠢᠨ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠬᠠᠳᠠᠭᠠᠯᠠᠬᠤ ᠠᠵᠤ ᠦᠢᠯᠡᠰ᠎ᠦᠨ ᠰᠠᠭᠤᠷᠢᠨ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠰᠠᠭᠤᠷᠢᠨ 〈ᠨᠢᠭᠡ ᠵᠢᠱ᠌ᠢᠶ᠎ᠡ ᠦᠵᠡᠭᠦᠯᠬᠦ᠌ ᠣᠷᠣᠨ᠂ ᠲᠠᠪᠤᠨ ᠶᠡᠬᠡ ᠠᠵᠤ ᠦᠶ᠋ᠯᠡᠰ᠎ᠦᠨ ᠰᠠᠭᠤᠷᠢᠨ〉 ᠤ᠋ ᠱᠢᠨ᠎ᠡ ᠡᠨᠧᠷᠭᠢ᠎ᠶ᠋ᠢᠨ ᠪᠥᠬᠥ᠌ ᠬᠡᠯᠬᠢᠶ᠎ᠡ᠎ᠶ᠋ᠢᠨ ᠠᠵᠤ ᠦᠶ᠋ᠯᠡᠰ᠎ᠦᠨ ᠪᠦᠯᠦᠭᠵᠢᠯ》᠎ᠢ᠋ ᠪᠠᠢᠭᠤᠯᠤᠨ᠎ᠠ ᠭᠡᠵᠦ ᠬᠡᠯᠡᠪᠡ᠃

《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠤᠯᠠᠭᠠᠨᠬᠠᠳᠠ᠎ᠶ᠋ᠢᠨ ᠪᠣᠬᠢᠷᠲᠤᠯ ᠥᠬᠡᠶ ᠴᠠᠬᠢᠯᠭᠠᠨ᠎ᠢ ᠰᠢᠭᠤᠳ᠎ᠬᠠᠨᠭᠭᠠᠵᠤ ᠰᠢᠨᠭᠭᠡᠭᠡᠬᠦ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠶ᠋ᠢ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠰᠠᠭᠤᠷᠢᠨ ᠳᠡᠭᠡᠷ᠎ᠡ ᠳᠥᠷᠪᠡᠨ ᠳᠠᠬᠢᠨ ᠪᠣᠯᠭᠠᠨ ᠪᠠᠢᠭᠤᠯᠬᠤ᠎ᠪᠠᠷ ᠴᠢᠷᠮᠠᠢᠵᠤ᠂ 1500 ᠲᠦᠮᠡᠨ ᠺᠢᠯᠦᠸᠠᠲ᠎ᠲᠤ ᠬᠦᠷᠭᠡᠨ᠎ᠡ᠃ ᠪᠦᠬᠦ᠌ ᠬᠣᠲᠠ᠎ᠶ᠋ᠢᠨ ᠱᠢᠨ᠎ᠡ ᠡᠨᠧᠷᠭᠢ᠎ᠶ᠋ᠢᠨ ᠶᠡᠷᠦᠩᠬᠡᠢ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠶ᠋ᠢ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠰᠠᠭᠤᠷᠢᠨ ᠳᠡᠭᠡᠷ᠎ᠡ ᠬᠣᠶᠠᠷ ᠳᠠᠬᠢᠨ ᠪᠣᠯᠭᠠᠵᠤ᠂ 4000 ᠲᠦᠮᠡᠨ ᠺᠢᠯᠦᠸᠠᠲ᠎ᠲᠤ ᠬᠦᠷᠭᠡᠵᠦ᠂ ᠤᠯᠠᠭᠠᠨᠬᠠᠳᠠ ᠠᠭᠠᠵᠢᠮ᠎ᠢᠶᠠᠷ 《ᠳᠣᠣᠷ᠎ᠠ ᠴᠠᠬᠢᠯᠭᠠᠨ᠎ᠤ ᠦᠨ᠎ᠡ᠂ ᠳᠣᠣᠷ᠎ᠠ ᠡᠨᠧᠷᠭᠢ᠎ᠶ᠋ᠢᠨ ᠬᠣᠷᠣᠭ᠍ᠳᠠᠯ᠂ ᠶᠡᠬᠡ ᠬᠡᠪᠴᠢᠶ᠎ᠡ᠂ ᠥᠨᠳᠥᠷ ᠬᠠᠷᠢᠴᠠᠯ》᠎ᠤ᠋ᠨ ᠪᠣᠬᠢᠷᠲᠤᠯ ᠦᠭᠡᠢ ᠡᠨᠧᠷᠭᠢ᠎ᠶ᠋ᠢᠨ ᠬᠠᠩᠭᠠᠯᠭ᠎ᠠ᠎ᠶ᠋ᠢᠨ ᠱᠢᠰᠲ᠋ᠧᠮ ᠪᠣᠯᠤᠨ 《ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠲᠦ᠂ ᠠᠮᠤᠷ ᠲᠦᠪᠱᠢᠨ ᠭᠦᠢᠴᠡᠳ᠂ ᠠᠵᠤ ᠠᠬᠤᠢ᠎ᠶ᠋ᠢᠨ ᠥᠨᠳᠥᠷ ᠦᠷ᠎ᠡ ᠠᠱᠢᠭ᠎ᠲᠠᠶ᠂ ᠬᠠᠩᠭᠠᠯᠭ᠎ᠠ ᠬᠡᠷᠡᠭ᠌ᠴᠡᠭᠡ ᠵᠤᠬᠢᠴᠠᠭᠰᠠᠨ᠂ ᠠᠮᠢᠳᠤᠯᠢᠭ ᠣᠶᠤᠨᠴᠢ》 ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠢ ᠪᠠᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号