11 ᠰᠠᠷ᠎ᠠ᠎ᠶᠢᠨ 1᠎ᠤ᠋ ᠡᠳᠦᠷ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠦᠨ ᠬᠠᠤᠯᠢ》 ᠵᠢ ᠡᠬᠢᠯᠡᠨ ᠬᠡᠷᠡᠭᠵᠢᠭᠦᠯᠪᠡ᠃ 11 ᠰᠠᠷ᠎ᠠ᠎ᠶᠢᠨ 2᠎ᠤ᠋ᠨ ᠡᠳᠦᠷ᠂ ᠬᠥᠬᠡᠬᠣᠲᠠ᠎ᠶᠢᠨ ᠠᠷᠪᠠᠨ ᠳᠣᠯᠣᠳᠤᠭᠠᠷ ᠳᠤᠮᠳᠠᠳᠤ ᠰᠤᠷᠭᠠᠭᠤᠯᠢ ᠥᠪᠥᠷ ᠮᠣᠩᠭᠣᠯ᠎ᠤᠨ ᠳ᠋ᠦᠩ ᠷᠢ ᠬᠠᠤᠯᠢᠴᠢ᠎ᠶᠢᠨ ᠬᠡᠷᠡᠭ ᠡᠷᠬᠢᠯᠡᠬᠦ ᠭᠠᠵᠠᠷ᠎ᠤᠨ ᠳ᠋ᠦ᠍ᠸᠠᠨ ᠯᠢᠶᠠᠩ ᠬᠠᠤᠯᠢᠴᠢ᠎ᠶᠢ ᠤᠷᠢᠵᠤ 500 ᠭᠠᠷᠤᠢ ᠰᠣᠷᠣᠭ᠍ᠴᠢᠪᠠ ᠭᠡᠷ᠎ᠦᠨ ᠠᠬᠠᠮᠠᠳ᠎ᠲᠤ 《ᠵᠠᠯᠠᠭᠤ ᠨᠠᠰᠤ᠎ᠪᠠᠨ ᠰᠠᠬᠢᠨ ᠬᠠᠮᠠᠭᠠᠯᠠᠵᠤ ᠬᠠᠤᠯᠢ ᠴᠠᠭᠠᠵᠠ᠎ᠲᠠᠢ ᠬᠠᠮᠲᠤ ᠤᠷᠤᠭᠰᠢᠯᠠᠶ᠎ᠠ》 ᠭᠡᠬᠦ ᠭᠣᠣᠯ ᠰᠡᠳᠦᠪᠲᠦ ᠬᠠᠤᠯᠢ᠎ᠪᠠᠷ ᠵᠠᠰᠠᠬᠤ ᠬᠢᠴᠢᠶᠡᠯ ᠣᠷᠣᠭᠤᠯᠪᠠ᠃
ᠬᠢᠴᠢᠶᠡᠯ᠎ᠦᠨ ᠲᠠᠩᠬᠢᠮ᠎ᠳᠤ᠂ ᠳ᠋ᠤᠸᠠᠨ ᠯᠢᠶᠠᠩ ᠬᠠᠤᠯᠢᠴᠢ 《ᠨᠠᠰᠤᠨ᠎ᠳᠤ ᠥᠯᠥ ᠬᠦᠷᠦᠭᠰᠡᠳ᠎ᠦᠨ ᠪᠠᠢᠴᠠᠭᠠᠬᠤ ᠠᠵᠢᠯ᠎ᠤᠨ ᠴᠠᠭᠠᠨ ᠭᠠᠳᠠᠷᠲᠤ ᠪᠢᠴᠢᠭ (2024)》᠎ᠤ᠋ᠨ ᠪᠣᠳᠠᠲᠠᠢ ᠲᠣᠭ᠎ᠠ ᠪᠠᠷᠢᠮᠲᠠ᠎ᠲᠠᠢ ᠤᠶᠠᠯᠳᠤᠭᠤᠯᠤᠨ᠂ ᠣᠳᠣᠬᠠᠨ᠎ᠤ ᠨᠠᠰᠤᠨ᠎ᠳᠤ ᠥᠯᠥ ᠭᠦᠷᠦᠭᠰᠡᠳ᠎ᠦᠨ ᠶᠠᠯ᠎ᠠ ᠬᠢᠬᠦ᠎ᠶᠢ ᠰᠡᠷᠭᠡᠢᠯᠡᠬᠦ᠎ᠳᠦ ᠲᠤᠯᠭᠠᠷᠠᠵᠤ ᠪᠠᠢᠭ᠎ᠠ ᠪᠣᠳᠠᠲᠠᠢ ᠪᠠᠢᠳᠠᠯ ᠢ᠋ ᠵᠠᠲᠠᠯᠵᠦ᠂ ᠡᠶ᠎ᠡ ᠵᠣᠬᠢᠴᠠᠯ᠎ᠲᠠᠢ ᠪᠥᠭᠡᠳ ᠲᠣᠭᠲᠠᠭᠤᠨ ᠭᠡᠷ ᠪᠦᠯᠢ᠎ᠶᠢᠨ ᠬᠠᠷᠢᠴᠠᠭ᠎ᠠ ᠪᠣᠯ ᠨᠠᠰᠤᠨ᠎ᠳᠤ ᠥᠯᠥ ᠭᠦᠷᠦᠭᠰᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠶᠢᠨ ᠨᠢᠭᠡᠳᠦᠭᠡᠷ ᠡᠯᠧᠮᠧᠨ᠋ᠲ ᠮᠦᠨ ᠬᠡᠲᠡᠭ ᠢ᠋ ᠬᠡᠷ᠎ᠤᠨ ᠠᠬᠠᠮᠠᠳ ᠲᠸ᠋ ᠤᠢᠯᠠᠭᠠᠭᠤᠯᠵᠦ᠂ ᠬᠡᠦᠬᠡᠳ᠎ᠦᠨ ᠦᠰᠦᠨ ᠪᠣᠢᠵᠢᠯᠲᠠ ᠢ᠋ᠢᠨ ᠱᠠᠲᠤᠨ᠎ᠳᠤ ᠬᠦᠨᠳᠦ ᠨᠣᠴᠢᠲᠠᠢ ᠮᠠᠭᠤ ᠦᠶ᠋ᠯᠡ ᠠᠵᠢᠯᠯᠠᠭ᠎ᠠ ᠢ᠋ᠢᠨ ᠲᠦᠷᠭᠡᠨ ᠬᠤᠪᠢᠷᠠᠯᠲᠠ ᠵᠢ ᠠᠩᠬᠠᠷᠴᠤ᠂ ᠨᠠᠰᠤᠨ᠎ᠳᠤ ᠥᠯᠥ ᠭᠦᠷᠦᠭᠰᠡᠳ᠎ᠦᠨ ᠬᠣᠭᠣᠷᠣᠨᠳᠤ ᠡᠭᠦᠰᠦᠭᠰᠡᠨ ᠵᠠᠭᠤᠷᠠᠯᠳᠤᠭᠠᠨ᠂ ᠳᠣᠷᠣᠮᠵᠢᠯᠠᠯ ᠪᠠ ᠬᠦᠴᠦᠷᠬᠡᠭᠯᠡᠯ᠎ᠦᠨ ᠵᠥᠷᠢᠶ᠎ᠡ᠎ᠶᠢ ᠬᠡᠷᠬᠢᠨ ᠵᠥᠪ᠎ᠢᠶᠡᠷ ᠢᠯᠭᠠᠬᠤ ᠲᠤᠬᠠᠢ ᠲᠠᠢᠯᠪᠤᠷᠢᠯᠠᠪᠠ᠃ ᠡᠭᠦᠨ᠎ᠦ ᠵᠡᠷᠭᠡ᠎ᠳᠦ᠂ ᠨᠠᠰᠤᠨ᠎ᠳᠤ ᠥᠯᠥ ᠭᠦᠷᠦᠭᠰᠡᠳ᠎ᠦᠨ ᠰᠦᠯᠵᠢᠶᠡᠨ᠎ᠳᠦ ᠰᠢᠨᠤᠬᠤ ᠵᠡᠷᠭᠡ᠎ᠳᠤ ᠬᠤᠯᠪᠤᠬᠲᠠᠬᠰᠠᠨ ᠬᠡᠷᠡᠭ᠎ᠤᠨ ᠬᠢᠯᠪᠠᠷ ᠡᠭᠦᠰᠬᠦ ᠣᠨᠴᠠᠯᠢᠭ᠋ ᠵᠢᠴᠢ ᠭᠡᠷ᠎ᠦᠨ ᠠᠬᠠᠮᠠᠳ᠎ᠤᠨ ᠰᠣᠨᠣᠷ ᠰᠡᠷᠡᠮᠵᠢ ᠪᠠᠨ ᠬᠡᠷᠬᠢᠨ ᠳᠡᠭᠡᠭᠰᠢᠯᠡᠭᠦᠯᠬᠦ ᠲᠤᠬᠠᠢ ᠨᠠᠷᠢᠨ ᠲᠠᠢᠯᠪᠤᠷᠢᠯᠠᠯᠲᠠ ᠬᠢᠪᠡ᠃
ᠲᠣᠰ ᠤᠳᠠᠭᠠᠨ᠎ᠤ ᠬᠠᠤᠯᠢ᠎ᠪᠠᠷ ᠵᠠᠰᠠᠬᠤ ᠬᠢᠴᠢᠶᠡᠯ᠎ᠦᠨ ᠲᠠᠩᠬᠢᠮ᠎ᠳᠤ ᠭᠡᠷ᠎ᠦᠨ ᠠᠬᠠᠮᠠᠳ᠎ᠲᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ᠎ᠶᠢ ᠭᠣᠣᠯᠳᠠᠯᠭ᠎ᠠ᠎ᠲᠠᠢ ᠬᠢᠭᠰᠡᠨ ᠪᠥᠭᠡᠳ ᠨᠠᠰᠤᠨ᠎ᠳᠤ ᠥᠯᠥ ᠭᠦᠷᠦᠭᠰᠡᠳ᠎ᠦᠨ ᠶᠠᠯ᠎ᠠ ᠬᠢᠬᠦ᠎ᠶᠢ ᠬᠠᠮᠠᠭᠠᠯᠠᠬᠤ ᠪᠠ ᠰᠡᠷᠭᠡᠢᠯᠡᠬᠦ ᠬᠣᠯᠪᠣᠭᠳᠠᠯ ᠪᠦᠬᠦᠢ ᠬᠠᠤᠯᠢ ᠴᠠᠭᠠᠵᠠ᠎ᠶᠢᠨ ᠮᠡᠳᠡᠯᠭᠡ᠎ᠶᠢᠨ ᠪᠣᠯᠪᠠᠰᠤᠷᠠᠯ᠎ᠤᠨ ᠰᠢᠨ᠎ᠡ ᠵᠠᠭᠪᠤᠷ᠎ᠢ ᠢᠳᠡᠪᠬᠢᠲᠡᠢ᠎ᠪᠡᠷ ᠬᠠᠢᠨ ᠰᠦᠪᠡᠭᠴᠢᠯᠡᠵᠦ᠂ ᠰᠣᠷᠣᠭ᠍ᠴᠢ᠎ᠶᠢᠨ ᠭᠡᠷ᠎ᠦᠨ ᠠᠬᠠᠮᠠᠳ᠎ᠤᠨ ᠰᠠᠢᠨ ᠦᠨᠡᠯᠡᠯᠲᠡ᠎ᠶᠢ ᠣᠯᠣᠭᠰᠠᠨ ᠪᠠᠢᠨ᠎ᠠ᠃