ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠦᠨᠳᠦᠰᠦᠲᠡᠨ ᠪᠠ ᠱᠠᠱᠢᠨ ᠰᠤᠷᠲᠠᠬᠤᠨ᠎ᠤ ᠵᠥᠪᠯᠡᠯ᠎ᠦᠨ ᠨᠠᠮ᠎ᠤᠨ ᠡᠭᠦᠷ ᠡᠴᠡ ᠤᠯᠤᠰ ᠲᠦᠷᠦ᠎ᠶᠢᠨ ᠵᠦᠪᠯᠡᠯᠬᠡᠨ᠎ᠤ ᠬᠤᠷᠠᠯ᠎ᠤᠨ ᠭᠠᠵᠠᠷ᠂ ᠭᠡᠱᠢᠭᠦᠳ᠎ᠦᠨ ᠬᠠᠷᠢᠯᠴᠠᠬᠤ ᠭᠠᠵᠠᠷ᠂ ᠠᠵᠢᠯᠲᠠᠨ᠎ᠤ ᠶᠠᠪᠤᠳᠠᠯ᠎ᠤᠨ ᠭᠠᠵᠠᠷ᠂ ᠪᠠᠢᠭᠤᠯᠭ᠎ᠠ᠎ᠶ᠋ᠢᠨ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠲᠥᠪ᠎ᠦᠨ ᠨᠠᠮ᠎ᠤᠨ ᠡᠭᠦᠷ ᠲᠠᠢ ᠬᠠᠮᠳᠤᠷᠠᠵᠦ᠂ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ ᠬᠦᠷᠴᠦ᠍ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠭᠤᠤᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠂ ᠦᠪᠡᠷᠲᠡᠭᠡᠨ ᠵᠠᠰᠠᠬᠤ ᠤᠷᠤᠨ᠎ᠤ ᠠᠵᠢᠯᠴᠢᠨ᠎ᠤ ᠶᠡᠷᠦᠩᠬᠡᠶ ᠡᠪᠯᠡᠯ᠂ ᠦᠪᠡᠷᠲᠡᠭᠡᠨ ᠵᠠᠰᠠᠬᠤ ᠤᠷᠤᠨ᠎ᠤ ᠡᠮᠡᠭ᠌ᠲᠡᠢᠴᠦᠳ᠎ᠦᠨ ᠬᠤᠯᠪᠤᠭ᠎ᠠ᠂ ᠦᠪᠡᠷᠲᠡᠭᠡᠨ ᠵᠠᠰᠠᠬᠤ ᠤᠷᠤᠨ᠎ᠤ ᠡᠪᠯᠡᠯ᠎ᠦᠨ ᠬᠣᠷᠢᠶ᠎ᠠ᠎ᠶ᠋ᠢᠨ ᠬᠠᠮᠲᠤᠷᠡᠨ ᠡᠷᠭᠢᠯᠡᠭ᠌ᠰᠡᠨ 《ᠤᠮᠠᠷᠠᠲᠤ ᠬᠢᠯᠢ᠎ᠵᠢᠨ ᠭᠡᠷᠡᠯ ᠵᠢᠷᠤᠭ·ᠰᠡᠳᠭᠢᠯ ᠵᠢᠡᠨ ᠨᠢᠭᠡᠳᠭᠡᠨ ᠬᠦᠰᠡᠯ ᠵᠡᠭᠦᠳᠦ᠍᠎ᠪᠡᠨ ᠲᠡᠷᠭᠡᠯᠱᠢᠭᠦᠯᠤᠶᠠ — ᠮᠢᠨᠦ᠍ ᠳᠡᠷᠭᠡᠳᠡᠬᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ》 ᠬᠡᠷᠡᠯ ᠵᠢᠷᠤᠭ᠎ᠤᠨ ᠪᠦᠲᠦᠭᠡᠯ᠎ᠦᠨ ᠦᠵᠡᠭᠦᠯᠭᠡ᠎ᠶ᠋ᠢ ᠲᠣᠭᠣᠷᠢᠨ ᠦᠵᠡᠪᠡ᠃
ᠬᠡᠷᠡᠯ ᠵᠢᠷᠤᠭ᠎ᠤᠨ ᠪᠦᠲᠦᠭᠡᠯ᠎ᠨᠢ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠦ ᠴᠤᠬᠴᠠᠯᠠᠬᠤ ᠭᠤᠤᠯ ᠱᠢᠵᠢᠮ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ᠂ ᠪᠥᠬᠥ᠌ ᠲᠠᠯ᠎ᠠ᠎ᠶ᠋ᠢᠨ ᠰᠣᠯᠢᠯᠴᠠᠭ᠎ᠠ᠂ ᠭᠦᠨᠵᠡᠭᠡᠶ ᠠᠭᠤᠰᠤᠯᠴᠠᠯ᠎ᠢ ᠠᠬᠢᠭᠤᠯᠤᠭ᠍ᠰᠠᠨ ᠰᠡᠳᠭᠢᠯ ᠬᠥᠳᠡᠯᠭᠡᠮ᠎ᠡ ᠪᠣᠳᠠᠲᠤ ᠶᠠᠪᠤᠳᠠᠯ᠎ᠢ ᠠᠮᠢᠳᠤᠯᠢᠭ᠎ᠢᠶᠠᠷ ᠳᠡᠯᠭᠡᠨ ᠦᠵᠡᠭᠦᠯᠵᠡᠶ᠃ ᠨᠠᠮ᠎ᠤᠨ ᠭᠡᠱᠢᠭᠦᠨ ᠺᠠᠳ᠋ᠷ ᠡᠴᠡ᠂ ᠲᠤᠬᠠᠢᠯᠠᠭ᠍ᠰᠠᠨ ᠠᠵᠢᠯ᠎ᠲᠠᠶ᠎ᠪᠠᠨ ᠤᠶᠠᠯᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠨᠡᠩ ᠤᠬᠠᠮᠰᠠᠷ᠎ᠠᠴᠠ᠎ᠪᠠᠨ ᠪᠠᠲᠤ ᠴᠣᠭ᠍ᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠨᠡᠩ ᠬᠦᠴᠦᠲᠡᠢ ᠠᠬᠢᠭᠤᠯᠤᠨ᠎ᠠ ᠭᠡᠵᠦ᠍ ᠢᠯᠡᠳᠭᠡᠵᠡᠭᠡᠪᠡ᠃
ᠲᠤᠰ ᠤᠳᠠᠭ᠎ᠠ᠎ᠶ᠋ᠢᠨ ᠬᠡᠷᠡᠯ ᠵᠢᠷᠤᠭ᠎ᠤᠨ ᠪᠦᠲᠦᠭᠡᠯ᠎ᠦᠨ ᠤᠷᠤᠯᠳᠤᠭᠠᠨ ᠡᠬᠢᠯᠡᠭ᠌ᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠯᠪᠠᠨ ᠲᠢᠩᠬᠢᠮ᠂ ᠦᠨᠳᠦᠰᠦᠲᠡᠨ ᠪᠠ ᠱᠠᠱᠢᠨ ᠰᠤᠷᠲᠠᠬᠤᠨ᠎ᠤ ᠵᠥᠪᠯᠡᠯ ᠢᠳᠡᠪᠬᠢᠲᠡᠢ ᠬᠠᠮᠵᠢᠯᠴᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠠ ᠪᠠᠢᠭᠤᠯᠭ᠎ᠠ᠎ᠶ᠋ᠢᠨ ᠺᠠᠳ᠋ᠷ᠎ᠢ ᠲᠠᠢ᠌ᠴᠢᠯᠠᠨ ᠢᠳᠡᠪᠬᠢᠲᠡᠢ ᠣᠷᠣᠯᠴᠠᠭᠤᠯᠵᠤ᠂ 《ᠭᠠᠯ ᠤᠯᠠᠭᠠᠨ ᠰᠠᠬᠢᠨ ᠪᠠᠷᠠᠯᠠᠯᠳᠠ》᠂ 《ᠬᠡᠷᠡᠯ ᠬᠡᠬᠡ᠎ᠶ᠋ᠢᠨ ᠠᠶᠠᠯᠠᠯ·ᠦᠨᠳᠦᠰᠦᠲᠡᠨ᠎ᠦ ᠬᠠᠢᠷ᠎ᠠ ᠰᠡᠳᠭᠢᠯᠭᠡ᠎ᠶ᠋ᠢ ᠭᠡᠢᠭᠦᠯᠦᠶ᠎ᠡ》᠂ 《ᠲᠠᠯ᠎ᠠ ᠨᠤᠲᠤᠭ᠎ᠤᠨ ᠰᠠᠭᠤᠭ᠍ᠳᠠᠯ》 ᠵᠡᠷᠭᠡ 52 ᠱᠢᠯᠢᠳᠡᠭ ᠪᠦᠲᠦᠭᠡᠯ᠎ᠢ ᠲᠠᠨᠢᠯᠴᠠᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠬᠠᠷᠠᠭᠠᠰᠤ ᠡᠴᠡ ᠦᠪᠦᠷ ᠮᠤᠩᠭᠤᠯ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠡᠬᠡ ᠤᠯᠤᠰ᠎ᠤᠨ ᠤᠮᠠᠷᠠᠲᠤ ᠬᠢᠯᠢ᠎ᠶ᠋ᠢ ᠬᠠᠮᠲᠤ᠎ᠪᠠᠷ ᠰᠠᠬᠢᠨ ᠬᠠᠮᠠᠭᠠᠯᠠᠵᠤ᠂ ᠰᠠᠢ᠌ᠨ ᠰᠠᠢᠬᠠᠨ ᠭᠡᠷ ᠣᠷᠣᠨ᠎ᠢᠶᠠᠨ ᠬᠠᠮᠲᠤ᠎ᠪᠠᠷ ᠴᠣᠭ᠍ᠴᠠᠯᠠᠵᠦ ᠪᠠᠢᠭ᠎ᠠ ᠭᠣᠢᠳᠠ ᠰᠠᠢᠬᠠᠨ ᠭᠱᠠᠨ ᠵᠠᠭᠤᠷ᠎ᠠ᠎ᠶ᠋ᠢ ᠢᠯᠡᠷᠡᠬᠦᠯᠪᠡ᠃