ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ ᠤᠮᠠᠷᠠᠲᠤ ᠬᠢᠯᠢ᠎ᠶ᠋ᠢᠨ ᠬᠣᠱᠢᠭᠤᠴᠢ ᠲᠠᠭᠠᠭᠤᠯᠤᠭ᠍ᠴᠢ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠶ᠋ᠢ ᠨᠡᠢᠭᠡᠮ ᠲᠣᠭᠣᠷᠢᠭ᠎ᠲᠤ ᠣᠷᠣᠭᠤᠯᠬᠤ ᠠᠵᠢᠯᠯᠠᠭ᠎ᠠ ᠥᠷᠨᠢᠭᠦᠯᠪᠡ
2025-11-14 11:37:17
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

《ᠨᠠᠮ᠎ᠤᠨ ᠠᠴᠢ ᠳ᠋ᠦ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》ᠣᠯᠠᠨ ᠲᠦᠮᠡᠨᠴᠢ ᠬᠥᠮᠦᠵᠢᠯ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ᠌᠎ᠶ᠋ᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠠᠴᠠ ᠭᠤᠤᠯᠯᠠᠨ ᠡᠷᠭᠢᠯᠡᠵᠦ᠍᠂ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠰᠤᠷᠭᠠᠭᠤᠯᠢ᠂ ᠥᠪᠥᠷ ᠮᠣᠩᠭᠣᠯ᠎ᠤᠨ ᠬᠢᠲᠠᠳ ᠡᠮᠨᠡᠯᠭᠡ᠎ᠶ᠋ᠢᠨ ᠬᠣᠷᠢᠶ᠎ᠠ ᠪᠣᠯᠤᠨ ᠶᠡᠬᠡ ᠰᠤᠷᠭᠠᠭᠤᠯᠢ᠎ᠶ᠋ᠢᠨ ᠪᠠᠷᠠᠭᠤᠨ ᠵᠠᠮ᠎ᠤᠨ ᠵᠡᠭᠡᠯᠢ ᠭᠤᠳᠤᠮᠵᠢ᠎ᠶ᠋ᠢᠨ ᠪᠠᠭ᠍ᠰᠢ᠎ᠶ᠋ᠢᠨ ᠶᠡᠬᠡ ᠲᠣᠭᠣᠷᠢᠭ᠎ᠤᠨ ᠰᠠᠭᠤᠭᠠᠯᠢ ᠠᠷᠠᠳ᠎ᠤᠨ ᠵᠥᠪᠯᠡᠯ᠎ᠡᠴᠡ ᠬᠠᠮᠲᠤᠷᠠᠨ ᠳᠠᠭᠠᠭᠠᠴᠢᠯᠠᠨ ᠡᠷᠭᠢᠯᠡᠭ᠌ᠰᠡᠨ《ᠤᠮᠠᠷᠠᠲᠤ ᠬᠢᠯᠢ᠎ᠶ᠋ᠢᠨ ᠬᠣᠱᠢᠭᠤᠴᠢ ᠳᠠᠭᠠᠭᠤᠯᠤᠭ᠍ᠴᠢ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶ᠋ᠢ ᠨᠡᠢᠭᠡᠮ ᠲᠣᠭᠣᠷᠢᠭ᠎ᠲᠤ ᠣᠷᠣᠭᠤᠯᠬᠤ》ᠠᠵᠢᠯᠯᠠᠭ᠎ᠠ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠨᠡᠢᠭᠡᠮ ᠲᠣᠭᠣᠷᠢᠭ᠎ᠲᠤ ᠠᠮᠵᠢᠯᠲᠠ᠎ᠲᠠᠶ ᠶᠠᠪᠤᠭᠳᠠᠪᠠ᠃ ᠠᠵᠢᠯᠯᠠᠭ᠎ᠠ᠎ᠨᠢ ᠣᠯᠠᠨ ᠡᠱᠢᠲᠦ ᠦᠶ᠋ᠯᠡᠴᠢᠯᠡᠭᠡ᠎ᠪᠡᠷ ᠠᠴᠢᠶᠠᠯᠠᠪᠤᠷᠢ ᠪᠣᠯᠭᠠᠵᠤ᠂ ᠨᠠᠮ᠎ᠤᠨ ᠣᠨᠣᠯ᠎ᠤᠨ ᠤᠬᠠᠭᠤᠯᠭ᠎ᠠ ᠪᠠ ᠠᠷᠠᠳ᠎ᠤᠨ ᠠᠮᠢᠳᠤᠷᠠᠯ᠎ᠤᠨ ᠬᠠᠯᠠᠮᠵᠢᠯᠠᠯ᠎ᠢ ᠭᠦᠨᠵᠡᠭᠡᠶ ᠠᠭᠤᠰᠤᠯᠴᠠᠭᠤᠯᠵᠤ᠂ ᠰᠠᠭᠤᠭᠠᠯᠢ ᠠᠷᠠᠳ᠎ᠲᠤ ᠬᠠᠢᠷ᠎ᠠ ᠬᠠᠯᠠᠮᠵᠢ ᠪᠠ ᠭᠦᠨᠵᠡᠭᠡᠶ ᠰᠠᠢᠨ ᠳᠤᠷ᠎ᠠ᠎ᠶ᠋ᠢᠨ ᠦᠶ᠋ᠯᠡᠴᠢᠯᠡᠭᠡ ᠬᠠᠩᠭᠠᠪᠠ᠃

ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ᠂ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭᠠᠭᠤᠯᠢ᠎ᠶ᠋ᠢᠨ 《ᠬᠣᠶᠠᠷ ᠪᠥᠮᠪᠥᠭᠡ ᠨᠢᠭᠡ ᠤᠳᠤᠨ》 ᠤ᠋ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠦ᠂ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ᠎ᠶ᠋ᠢᠨ ᠬᠢᠨ 《ᠡᠬᠡ ᠤᠯᠤᠰ᠎ᠢᠶᠠᠨ ᠬᠠᠢᠷᠠᠯᠠᠬᠤ᠂ ᠬᠠᠷᠠᠮ ᠦᠭᠡᠢ ᠵᠣᠷᠢᠭᠤᠯᠬᠤ᠂ ᠥᠪᠡᠷ᠎ᠦᠨ ᠬᠦᠴᠦ᠍᠎ᠪᠡᠷ᠎ᠢᠶᠡᠨ ᠳᠡᠭ᠌ᠵᠢᠷᠡᠬᠦ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠶᠡᠬᠡ ᠪᠡᠷ ᠬᠠᠮᠵᠢᠯᠴᠠᠬᠤ᠂ ᠵᠣᠷᠢᠭ᠍ᠲᠠᠢ᠎ᠪᠠᠷ ᠠᠪᠠᠷᠢᠬᠤ》 ᠵᠣᠷᠢᠭ ᠰᠠᠨᠠᠭᠠᠨ᠎ᠤ ᠴᠥᠮ᠎ᠡ᠎ᠪᠡᠷ ᠭᠣᠣᠯᠳᠠᠭᠤᠯᠵᠤ᠂ ᠠᠮᠢᠳᠤᠯᠢᠭ ᠰᠠᠢᠬᠠᠨ ᠦᠯᠢᠭᠡᠷ ᠶᠠᠷᠢᠬᠤ᠎ᠪᠠᠷ ᠳᠠᠮᠵᠢᠨ᠂ ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠮ᠎ᠠ ᠲᠡᠦᠬᠡᠨ ᠶᠠᠪᠤᠴᠠ᠎ᠶ᠋ᠢ ᠡᠷᠭᠢᠴᠡᠭᠦᠯᠵᠦ᠍᠂ 20 ᠳ᠋ᠤᠭᠠᠷ ᠵᠠᠭᠤᠨ᠎ᠤ ᠲᠠᠪᠢ᠎ᠠᠴᠠ ᠳᠠᠯᠠᠭᠠᠳ ᠣᠨ᠎ᠤ ᠦᠶ᠎ᠡ᠎ᠶ᠋ᠢᠨ ᠮᠠᠨ᠎ᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠦᠢᠯᠡᠳᠦᠭ᠌ᠰᠡᠨ 《ᠬᠣᠶᠠᠷ ᠪᠥᠮᠪᠥᠭᠡ ᠨᠢᠭᠡ ᠤᠳᠤᠨ》 ᠤ᠋ ᠭᠠᠢᠬᠠᠮᠱᠢᠭ᠍ᠲᠤ ᠣᠨ ᠰᠠᠷ᠎ᠠ᠎ᠶ᠋ᠢ ᠪᠦᠬᠦ᠌ ᠦᠵᠡᠭ᠌ᠳᠡᠯ᠎ᠢᠶᠡᠷ ᠲᠠᠬᠢᠨ ᠢᠯᠡᠷᠡᠭᠦᠯᠪᠡ᠃ ᠲᠤᠰ ᠤᠳᠠᠭᠠᠨ᠎ᠤ ᠤᠬᠠᠭᠤᠯᠤᠨ ᠲᠠᠢᠯᠪᠤᠷᠢᠯᠠᠯᠲᠠ ᠨᠢ ᠲᠤᠬᠠᠢ᠎ᠶ᠋ᠢᠨ ᠲᠠᠯᠠᠪᠠᠢ ᠵᠢᠨ ᠰᠠᠭᠤᠭᠠᠯᠢ ᠠᠷᠠᠳ ᠪᠣᠯᠤᠨ ᠵᠠᠯᠠᠭᠤᠴᠤᠳ᠎ᠲᠤ 《ᠬᠣᠶᠠᠷ ᠪᠥᠮᠪᠥᠭᠡ ᠨᠢᠭᠡ ᠤᠳᠤᠨ》 ᠤ᠋ ᠵᠣᠷᠢᠭ ᠰᠠᠨᠠᠭ᠎ᠠ᠎ᠳᠤ ᠠᠭᠤᠯᠤᠭ᠍ᠳᠠᠵᠤ ᠪᠠᠢᠭ᠎ᠠ ᠤᠯᠤᠰ ᠭᠡᠷ᠎ᠦᠨ ᠭᠦᠨ ᠵᠤᠵᠠᠭᠠᠨ ᠬᠠᠢᠷ᠎ᠠ ᠰᠡᠳᠭᠢᠯᠭᠡ ᠪᠣᠯᠤᠨ ᠰᠦᠷ ᠳᠠᠯᠠᠢᠴᠠᠲᠠᠢ ᠲᠡᠮᠡᠴᠡᠯ᠎ᠦᠨ ᠬᠦᠴᠦᠨ᠎ᠢ ᠭᠦᠨᠵᠡᠭᠡᠢ ᠤᠢ᠍ᠢᠯᠠᠭᠠᠭᠤᠯᠪᠠ᠃

ᠡᠨᠡ ᠬᠦ᠌ ᠬᠤᠭᠤᠴᠠᠭᠠᠨ᠎ᠳᠤ᠂ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭᠠᠭᠤᠯᠢ᠎ᠶ᠋ᠢᠨ ᠰᠠᠢᠨ ᠳᠤᠷᠠᠴᠤᠳ ᠳᠠᠭᠤᠤ᠂ ᠪᠥᠵᠢᠭ ᠵᠡᠷᠭᠡ ᠭᠣᠢᠳᠠ ᠰᠠᠢᠬᠠᠨ ᠲᠣᠭ᠍ᠯᠠᠯᠲᠠ ᠭᠠᠷᠭᠠᠵᠤ᠂ ᠣᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠶ ᠬᠡᠯᠪᠡᠷᠢ᠎ᠪᠡᠷ ᠨᠠᠮ᠎ᠤᠨ ᠲᠠᠭᠤᠨ᠎ᠢ ᠳᠠᠮᠵᠢᠭᠤᠯᠵᠤ᠂ ᠵᠠᠯᠠᠭᠤᠴᠤᠳ᠎ᠤᠨ ᠴᠣᠭ ᠵᠢᠪᠬᠤᠭ᠎ᠠ᠎ᠶ᠋ᠢ ᠢᠯᠡᠷᠡᠭᠦᠯᠵᠦ᠍᠂ ᠰᠠᠭᠤᠭᠠᠯᠢ ᠠᠷᠠᠳ᠎ᠤᠨ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠪᠠ᠃ ᠥᠪᠥᠷ ᠮᠣᠩᠭᠣᠯ᠎ᠤᠨ ᠬᠢᠲᠠᠳ ᠡᠮᠨᠡᠯᠭᠡ᠎ᠶ᠋ᠢᠨ ᠬᠣᠷᠢᠶᠠᠨ᠎ᠤ ᠲᠤᠰᠭᠠᠶ ᠡᠮᠴᠢ ᠰᠤᠪᠢᠯᠠᠭ᠍ᠴᠢᠳ ᠰᠠᠭᠤᠭᠠᠯᠢ ᠠᠷᠠᠳ᠎ᠤᠨ ᠴᠢᠰᠤᠨ ᠳᠠᠷᠤᠯᠲᠠ᠎ᠶ᠋ᠢ ᠬᠡᠮᠵᠢᠵᠦ᠍᠂ ᠡᠷᠡᠭᠦᠯ ᠮᠡᠨᠳᠦ᠍᠎ᠶ᠋ᠢᠨ ᠰᠡᠵᠢᠭ᠎ᠢ ᠳᠡᠢᠯᠵᠦ᠍᠂ ᠨᠠᠰᠤᠲᠠᠢᠴᠤᠳ᠎ᠤᠨ ᠤᠳᠠᠭᠠᠨ ᠴᠢᠨᠠᠷᠲᠠᠶ ᠡᠪᠡᠳᠴᠢᠨ᠎ᠳᠦ ᠴᠢᠭ᠌ᠯᠡᠭᠦᠯᠦᠨ ᠣᠨᠣᠱᠢᠯᠠᠨ ᠡᠮᠨᠡᠬᠦ᠌ ᠰᠠᠨᠠᠭᠤᠯᠭ᠎ᠠ ᠪᠠ ᠡᠮ ᠬᠡᠷᠡᠭ᠌ᠯᠡᠬᠦ᠌ ᠵᠢᠯᠣᠭᠣᠳᠣᠯᠭ᠎ᠠ ᠬᠠᠩᠭᠠᠪᠠ᠃ ᠠᠵᠢᠯᠯᠠᠭ᠎ᠠ᠎ᠳᠤ ᠪᠠᠰᠠ ᠲᠤᠰᠭᠠᠶ ᠮᠡᠷᠭᠡᠵᠢᠯ᠎ᠦᠨ ᠦᠰᠦ ᠵᠠᠰᠠᠭ᠍ᠴᠢ᠎ᠶ᠋ᠢ ᠤᠷᠢᠵᠤ᠂ ᠨᠡᠢᠭᠡᠮ ᠲᠣᠭᠣᠷᠢᠭ᠎ᠤᠨ ᠨᠠᠰᠤᠲᠠᠢᠴᠤᠳ᠂ ᠵᠡᠮᠳᠡᠭ᠌ᠴᠦᠳ ᠵᠡᠷᠭᠡ ᠬᠥᠮᠦᠰ᠎ᠲᠦ ᠰᠦᠶ᠋ᠳᠭᠡᠯ ᠬᠤᠷᠢᠶᠠᠬᠤ ᠥᠬᠡᠶ᠎ᠪᠡᠷ ᠦᠰᠦ ᠵᠠᠰᠠᠬᠤ ᠦᠶ᠋ᠯᠡᠴᠢᠯᠡᠭᠡ ᠬᠠᠩᠭᠠᠵᠤ᠂ ᠰᠠᠭᠤᠭᠠᠯᠢ ᠠᠷᠠᠳ᠎ᠲᠤ ᠠᠷᠢᠭᠤᠨ ᠴᠡᠪᠡᠷ ᠳᠦᠷᠢ ᠲᠥᠷᠬᠦ᠌ ᠪᠠ ᠨᠡᠢᠭᠡᠮ᠎ᠦᠨ ᠬᠠᠢᠷ᠎ᠠ ᠬᠠᠯᠠᠮᠵᠢ ᠬᠦᠷᠲᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号