11 ᠰᠠᠷ᠎ᠠ ᠵᠢᠨ 13 ᠤ᠋ ᠡᠳᠦᠷ᠂ ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ 《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠲᠥᠯᠥᠪᠵᠢᠭᠦᠯᠭᠡ ᠵᠢ ᠪᠡᠶᠡᠯᠡᠬᠦᠯᠵᠦ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ》 ᠱᠢᠷᠢᠰ ᠭᠤᠤᠯ ᠰᠡᠳᠦᠪᠳᠦ ᠰᠣᠨᠢᠨ ᠮᠡᠳᠡᠭᠡ ᠨᠡᠢᠲᠡᠯᠡᠬᠦ᠌ ᠬᠤᠷᠠᠯ ᠤ᠋ᠨ 《ᠤᠷᠤᠨ ᠪᠦᠰᠡ ᠵᠢᠨ ᠠᠵᠤ ᠠᠬᠤᠢ ᠵᠢᠨ ᠪᠠᠢᠷᠢᠯᠠᠭᠤᠯᠤᠯᠲᠠ ᠶ᠋ᠢ ᠰᠢᠯᠢᠳᠡᠭᠵᠢᠭᠦᠯᠵᠤ ᠤᠷᠤᠨ ᠪᠦᠰᠡ ᠵᠢᠨ ᠵᠤᠬᠢᠴᠠᠩᠭᠤᠢ ᠬᠦᠭᠵᠢᠯᠲᠡ ᠶ᠋ᠢ ᠠᠬᠢᠭᠤᠯᠬᠤ》 ᠲᠤᠰᠭᠠᠶ ᠲᠠᠯᠠᠪᠤᠷ ᠰᠤᠨᠢᠨ ᠮᠡᠳᠡᠭᠡ ᠨᠡᠢᠳᠡᠯᠡᠬᠦ ᠬᠤᠷᠠᠯ ᠬᠢᠵᠦ᠂ ᠦᠪᠡᠷᠳᠡᠭᠡᠨ ᠵᠠᠰᠠᠬᠤ ᠤᠷᠤᠨ ᠤ᠋ ᠬᠦᠭᠵᠢᠭᠦᠯᠦᠯᠲᠡ ᠪᠠ ᠦᠭᠡᠷᠡᠴᠢᠯᠡᠯᠲᠡ ᠵᠢᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ᠋ ᠠᠮᠢ ᠠᠬᠤᠶ ᠣᠷᠴᠢᠨ ᠲᠣᠭᠣᠷᠢᠨ ᠤ᠋ ᠲᠢᠩᠬᠢᠮ᠂ ᠦᠪᠡᠷᠳᠡᠭᠡᠨ ᠵᠠᠰᠠᠬᠤ ᠤᠷᠤᠨ ᠤ᠋ ᠤᠰᠤᠨ ᠠᠱᠢᠭ᠍ᠯᠠᠯᠲᠠ ᠵᠢᠨ ᠲᠢᠩᠬᠢᠮ ᠤ᠋ᠨ ᠬᠠᠷᠢᠭᠤᠴᠠᠯᠭᠠᠳᠠᠨ ᠡᠴᠡ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠡᠬᠢ ᠦᠪᠦᠷ ᠮᠤᠩᠭᠤᠯ ᠵᠡᠭᠦᠨ ᠳᠤᠮᠳᠠ ᠪᠠᠷᠠᠭᠤᠨ ᠣᠷᠣᠨ ᠤ᠋ ᠵᠦᠷᠢᠶᠡᠴᠢᠯᠡᠭ᠌ᠰᠡᠨ ᠵᠣᠬᠢᠴᠠᠩᠭᠤᠶ ᠬᠥᠭ᠌ᠵᠢᠯᠲᠡ ᠶ᠋ᠢ ᠨᠢᠭᠡᠳᠦᠯᠲᠡᠶ ᠲᠥᠯᠥᠪᠵᠢᠭᠦᠯᠬᠦ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠵᠢᠴᠢ ᠵᠠᠰᠠᠨ ᠰᠡᠷᠭᠦᠭᠡᠯᠲᠡ ᠶ᠋ᠢ ᠠᠬᠢᠭᠤᠯᠤᠭᠰᠠᠨ ᠦᠷ᠎ᠡ ᠪᠦᠲᠦᠮᠵᠢ ᠶ᠋ᠢ ᠨᠡᠢᠲᠡᠯᠡᠵᠤ᠂ ᠤᠷᠤᠨ ᠪᠦᠰᠡ ᠵᠢᠨ ᠠᠵᠤ ᠠᠬᠤᠢ ᠵᠢᠨ ᠪᠠᠢᠷᠢᠯᠠᠭᠤᠯᠤᠯᠲᠠ ᠶ᠋ᠢ ᠰᠢᠯᠢᠳᠡᠭᠵᠢᠭᠦᠯᠵᠤ ᠤᠷᠤᠨ ᠪᠦᠰᠡ ᠵᠢᠨ ᠵᠤᠬᠢᠴᠠᠩᠭᠤᠢ ᠬᠦᠭᠵᠢᠯᠲᠡ ᠶ᠋ᠢ ᠠᠬᠢᠭᠤᠯᠬᠤ ᠳ᠋ᠤ ᠬᠦᠴᠦᠨ ᠨᠡᠮᠡᠷᠢᠯᠡᠪᠡ᠃
ᠵᠡᠭᠦᠨ ᠳᠤᠮᠳᠠ ᠪᠠᠷᠠᠭᠤᠨ ᠣᠷᠣᠨ ᠤ᠋ ᠵᠦᠷᠢᠶᠡᠴᠢᠯᠡᠭ᠌ᠰᠡᠨ ᠵᠣᠬᠢᠴᠠᠩᠭᠤᠶ ᠬᠥᠭ᠌ᠵᠢᠯᠲᠡ ᠶ᠋ᠢ ᠨᠢᠭᠡᠳᠦᠯᠲᠡᠶ ᠲᠥᠯᠥᠪᠵᠢᠭᠦᠯᠪᠡ
《ᠥᠪᠡᠷᠲᠡᠭᠡᠨ ᠵᠠᠰᠠᠬᠤ ᠣᠷᠣᠨ ᠤ᠋ ᠣᠷᠣᠨ ᠪᠦᠰᠡ ᠵᠢᠨ ᠵᠣᠬᠢᠴᠠᠩᠭᠤᠶ ᠴᠢᠨᠠᠷ ᠰᠠᠢᠲᠠᠶ ᠬᠥᠭ᠌ᠵᠢᠯᠲᠡ ᠵᠢᠨ ᠤᠳᠤᠷᠢᠳᠭᠤ ᠳᠤᠭᠤᠢᠯᠠᠩ ᠨᠢᠭᠡᠳᠦᠯᠲᠡᠶ ᠲᠥᠯᠥᠪᠵᠢᠭᠦᠯᠭᠡᠪᠡᠨ ᠴᠢᠩᠭᠠᠳᠭᠠᠨ᠂ ᠡᠯ᠎ᠡ ᠠᠢᠮᠠᠭ ᠬᠣᠲᠠ᠂ ᠡᠯ᠎ᠡ ᠰᠠᠯᠠᠭ᠎ᠠ ᠮᠥᠴᠢᠷ ᠢ᠋ ᠨᠢᠭᠡ ᠴᠤᠭ᠍ᠴᠠᠵᠢᠭᠤᠯᠤᠨ ᠨᠠᠢᠳᠠᠪᠤᠷᠢᠵᠢᠭᠤᠯᠬᠤ ᠶ᠋ᠢ ᠵᠣᠬᠢᠴᠠᠭᠤᠯᠤᠨ ᠠᠬᠢᠭᠤᠯᠵᠤ᠂ ᠢᠯᠠᠩᠭᠤᠶ᠎ᠠ ᠭᠤᠤᠯᠳᠠᠯᠭ᠎ᠠ ᠲᠠᠶ ᠡᠭᠦᠷᠭᠡ ᠶ᠋ᠢ ᠲᠥᠷᠥ ᠵᠢᠨ ᠪᠣᠳᠣᠯᠭ᠎ᠠ ᠶ᠋ᠢ ᠨᠠᠢᠳᠠᠪᠤᠷᠢᠵᠢᠭᠤᠯᠬᠤ ᠢᠨᠵᠧᠨᠧᠷᠢᠩᠦᠨ ᠨᠠᠷᠢᠨ ᠬᠠᠭᠤᠳᠠᠰᠤ ᠳ᠋ᠤ ᠣᠷᠣᠭᠤᠯᠤᠨ ᠲᠤᠰᠭᠠᠶ ᠲᠥᠷᠥᠯ ᠵᠢᠡᠷ ᠠᠬᠢᠭᠤᠯᠤᠨ᠂ ᠵᠡᠭᠦᠨ ᠬᠡᠰᠡᠭ ᠤ᠋ᠨ ᠭᠠᠵᠠᠷ ᠤᠷᠤᠨ ᠢ᠋ ᠬᠥᠭ᠌ᠵᠢᠭᠦᠯᠦᠨ ᠮᠠᠨᠳᠤᠭᠤᠯᠬᠤ᠂ ᠳᠤᠮᠳᠠ ᠬᠡᠰᠡᠭᠦᠨ ᠭᠠᠵᠠᠷ ᠣᠷᠣᠨ ᠢ᠋ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌ ᠪᠠ ᠪᠠᠷᠠᠭᠤᠨ ᠬᠡᠰᠡᠭᠦᠨ ᠭᠠᠵᠠᠷ ᠣᠷᠣᠨ ᠤ᠋ ᠴᠢᠨᠠᠷ ᠰᠠᠢᠲᠠᠶ ᠬᠥᠭ᠌ᠵᠢᠯᠲᠡ ᠶ᠋ᠢ ᠬᠦᠴᠦᠲᠡᠶ ᠠᠬᠢᠭᠤᠯᠪᠠ》 ᠭᠡᠵᠤ ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠬᠦᠭᠵᠢᠭᠦᠯᠦᠯᠲᠡ ᠪᠠ ᠦᠭᠡᠷᠡᠴᠢᠯᠡᠯᠲᠡ ᠵᠢᠨ ᠵᠦᠪᠯᠡᠯ ᠤ᠋ᠨ ᠳᠡᠳ᠋ ᠡᠷᠬᠢᠯᠡᠭᠴᠢ ᠵᠠᠩ ᠸᠸᠨ ᡁᠢ ᠬᠡᠯᠡᠪᠡ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ ᠳ᠋ᠤ᠂ ᠵᠡᠭᠦᠨ ᠬᠡᠰᠡᠭᠦᠨ ᠲᠠᠪᠤᠨ ᠠᠢᠮᠠᠭ ᠬᠣᠲᠠ ᠵᠢᠨ ᠭᠠᠵᠠᠷ ᠣᠷᠣᠨ ᠤ᠋ ᠦᠶ᠋ᠯᠡᠳᠪᠦᠷᠢᠯᠡᠯᠦᠨ ᠶᠡᠷᠦᠩᠬᠡᠶ ᠥᠷᠲᠡᠭ 7782.6 ᠳ᠋ᠦᠩᠱᠢᠭᠤᠷ ᠲᠥᠭᠥᠷᠢᠭᠲᠦ ᠬᠥᠷᠪᠡ; ᠠᠮᠤ ᠪᠤᠳᠠᠭ᠎ᠠ ᠪᠠ ᠮᠢᠬᠠᠨ ᠤ᠋ ᠵᠦᠶ᠋ᠯᠦᠨ ᠭᠠᠷᠤᠯᠲᠠ 2390.9 ᠳ᠋ᠦᠩᠱᠢᠭᠤᠷ ᠵᠢᠩ᠂ 153.4 ᠳ᠋ᠦᠩᠱᠢᠭᠤᠷ ᠵᠢᠩᠳᠦ ᠬᠥᠷᠪᠡ; ᠬᠣᠷᠴᠢᠨ ᠪᠣᠯᠤᠨ ᠬᠤᠯᠠᠨ ᠱᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠤ᠋ᠨ ᠰᠥᠨᠥᠭᠡᠯᠲᠡ ᠵᠢᠨ ᠳᠠᠢᠯᠠᠯᠳᠤᠭᠠᠨ ᠢᠳᠡᠪᠬᠢᠲᠡᠶ ᠦᠷ᠎ᠡ ᠪᠦᠲᠦᠮᠵᠢ ᠣᠯᠵᠤ᠂ ᠨᠡᠢᠲᠡ 4000 ᠲᠦᠮᠡᠨ ᠮᠥ᠍ ᠡᠪᠡᠰᠦ ᠮᠣᠳᠣ ᠳᠠᠷᠢᠵᠤ᠂ 2000 ᠲᠦᠮᠡᠨ ᠮᠥ᠍ ᠡᠯᠡᠰᠦᠷᠬᠡᠭ᠌ᠵᠢᠭ᠌ᠰᠡᠨ ᠭᠠᠵᠠᠷ ᠱᠢᠷᠣᠶ ᠶ᠋ᠢ ᠵᠠᠰᠠᠪᠠ; ᠳᠤᠮᠳᠠᠳᠤ ᠮᠣᠩᠭᠣᠯ ᠤ᠋ᠨ ᠡᠷᠢᠶᠡᠨ ᠬᠣᠲᠠ — ᠵᠠᠮ ᠤ᠋ᠨ ᠡᠭᠦᠳᠡ ᠵᠢᠨ ᠠᠵᠤ ᠠᠬᠤᠶ ᠵᠢᠨ ᠬᠠᠮᠲᠤᠷᠠᠯᠴᠠᠭᠠᠨ ᠤ᠋ ᠲᠣᠭᠣᠷᠢᠭ ᠵᠥᠪᠱᠢᠶᠡᠷᠡᠯ ᠣᠯᠵᠤ᠂ ᠭᠠᠳᠠᠭᠠᠳᠤᠠᠴᠠ ᠣᠷᠣᠭᠤᠯᠵᠤ ᠭᠠᠳᠠᠭᠠᠳᠤ ᠳ᠋ᠤ ᠭᠠᠷᠭᠠᠭ᠍ᠰᠠᠨ ᠶᠡᠷᠦᠩᠬᠡᠶ ᠬᠡᠮᠵᠢᠶ᠎ᠡ 2371 ᠳ᠋ᠦᠩᠱᠢᠭᠤᠷ ᠲᠥᠭᠥᠷᠢᠭᠲᠦ ᠬᠦᠷᠴᠤ᠂ ᠵᠡᠭᠦᠨ ᠬᠡᠰᠡᠭᠦᠨ ᠭᠠᠵᠠᠷ ᠣᠷᠣᠨ ᠤ᠋ ᠲᠦᠷᠭᠡᠨ ᠬᠥᠭ᠌ᠵᠢᠯᠲᠡ ᠶ᠋ᠢ ᠠᠬᠢᠭᠤᠯᠪᠠ᠃ 2024 ᠣᠨ ᠳ᠋ᠤ᠂ ᠬᠥᠬᠡᠬᠣᠲᠠ ᠪᠤᠭᠤᠲᠤ ᠣᠷᠳᠣᠰ ᠦᠬᠠᠶ ᠳᠥᠷᠪᠡᠨ ᠬᠣᠲᠠ ᠵᠢᠨ ᠭᠠᠵᠠᠷ ᠣᠷᠣᠨ ᠤ᠋ ᠦᠶ᠋ᠯᠡᠳᠪᠦᠷᠢᠯᠡᠯᠦᠨ ᠶᠡᠷᠦᠩᠬᠡᠶ ᠥᠷᠲᠡᠭ 16259.4 ᠳ᠋ᠦᠩᠱᠢᠭᠤᠷ ᠲᠥᠭᠥᠷᠢᠭᠲᠦ ᠬᠦᠷᠴᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ ᠳ᠋ᠤ ᠵᠢᠯ ᠳᠤᠮᠳᠠᠴᠢ ᠪᠡᠷ 7.2% ᠵᠢᠡᠷ ᠨᠡᠮᠡᠭ᠌ᠳᠡᠪᠡ; ᠳᠥᠷᠪᠡᠨ ᠬᠣᠲᠠ ᠰᠠᠯᠬᠢ ᠪᠠ ᠭᠡᠷᠡᠯ ᠤ᠋ᠨ ᠡᠨ᠋ᠸᠷᠭᠢ ᠶ᠋ᠢ ᠤᠰᠤᠲᠦ᠋ᠷᠦᠭᠴᠢᠵᠢᠭᠦᠯᠦᠨ ᠬᠠᠳᠠᠭᠠᠯᠠᠵᠤ ᠬᠡᠷᠡᠭᠯᠡᠬᠦ ᠠᠵᠤ ᠦᠶ᠋ᠯᠡᠰᠦᠨ ᠬᠡᠯᠬᠢᠶ᠎ᠡ ᠶ᠋ᠢ ᠬᠠᠮᠲᠤ ᠪᠡᠷ ᠴᠣᠭ᠍ᠴᠠᠯᠠᠵᠤ᠂ ᠣᠳᠣᠬᠠᠨ ᠳ᠋ᠤ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠬᠡᠪᠴᠢᠶ᠎ᠡ ᠨᠢᠭᠡᠨᠲᠡ 6080 ᠲᠦᠮᠡᠨ ᠺᠢᠯᠦᠸᠠᠲᠲᠤ ᠬᠦᠷᠴᠦ᠍᠂ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠰᠡᠭᠦᠯᠴᠢ ᠵᠢᠨ ᠬᠤᠭᠤᠴᠠᠭᠠᠨ ᠤ᠋ 3.5 ᠳᠠᠬᠢᠨ ᠪᠣᠯᠵᠠᠶ; ᠠᠮᠢ ᠠᠬᠤᠢ ᠶ᠋ᠢ ᠬᠠᠮᠵᠢᠯᠴᠠᠨ ᠵᠠᠰᠠᠬᠤ ᠠᠵᠢᠯ ᠦᠷ᠎ᠡ ᠪᠦᠲᠦᠮᠵᠢ ᠣᠯᠵᠤ᠂ ᠬᠦᠨᠳᠦ ᠪᠣᠬᠢᠷᠲᠤᠯᠲᠠᠶ ᠴᠠᠭ ᠠᠭᠤᠷ ᠢ᠋ ᠬᠠᠮᠲᠤᠷᠠᠨ ᠰᠡᠷᠭᠡᠢᠯᠡᠵᠦ᠍ ᠬᠠᠮᠲᠤᠷᠠᠨ ᠬᠢᠵᠠᠭᠠᠷᠯᠠᠬᠤ ᠪᠠ ᠪᠠᠴᠢᠮ ᠪᠠᠢᠳᠠᠯ ᠢ᠋ ᠠᠷᠭᠠᠴᠠᠭᠠᠵᠤ ᠵᠥᠪᠳᠡᠯᠴᠡᠬᠦ᠌ ᠲᠣᠭ᠍ᠲᠠᠴᠠ ᠶ᠋ᠢ ᠪᠠᠢᠭᠤᠯᠤᠨ᠂ ᠳᠤᠮᠳᠠ ᠬᠡᠰᠡᠭᠦᠨ ᠭᠠᠵᠠᠷ ᠣᠷᠣᠨ ᠤ᠋ ᠨᠢᠭᠡ ᠴᠤᠭ᠍ᠴᠠᠵᠢᠭ᠍ᠰᠠᠨ ᠬᠥᠭ᠌ᠵᠢᠯᠲᠡ ᠶ᠋ᠢ ᠠᠬᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ ᠳ᠋ᠤ᠂ ᠪᠠᠷᠠᠭᠤᠨ ᠬᠡᠰᠡᠭᠦᠨ ᠭᠤᠷᠪᠠᠨ ᠠᠢᠮᠠᠭ ᠬᠣᠲᠠ ᠵᠢᠨ ᠭᠠᠵᠠᠷ ᠣᠷᠣᠨ ᠤ᠋ ᠦᠶ᠋ᠯᠡᠳᠪᠦᠷᠢᠯᠡᠯᠦᠨ ᠶᠡᠷᠦᠩᠬᠡᠶ ᠥᠷᠲᠡᠭ᠂ ᠡᠩᠦᠨ ᠣᠯᠠᠨ ᠨᠡᠢᠲᠡ ᠵᠢᠨ ᠲᠥᠰᠦᠪᠦᠨ ᠣᠷᠣᠯᠭ᠎ᠠ ᠲᠣᠰ ᠲᠣᠰ ᠪᠥᠬᠥ᠌ ᠣᠷᠣᠨ ᠤ᠋ 8.6% ᠪᠠ 6.6% ᠶ᠋ᠢ ᠡᠵᠡᠯᠡᠪᠡ; 2024 ᠣᠨ ᠳ᠋ᠤ᠂ ᠪᠠᠷᠠᠭᠤᠨ ᠬᠡᠰᠡᠭᠦᠨ ᠭᠠᠵᠠᠷ ᠣᠷᠣᠨ ᠤ᠋ ᠭᠠᠳᠠᠭᠠᠳᠤ ᠤᠷᠤᠭᠤᠯᠤᠯᠳᠠ ᠭᠠᠷᠭᠠᠯᠳᠠ ᠵᠢᠨ ᠪᠠᠷᠠᠭ᠎ᠠ ᠵᠢᠨ ᠬᠡᠮᠵᠢᠶ᠎ᠡ ᠪᠥᠬᠥ᠌ ᠣᠷᠣᠨ ᠤ᠋ 52.3% ᠶ᠋ᠢ ᠡᠵᠡᠯᠡᠪᠡ; ᠪᠠᠷᠠᠭᠤᠨ ᠬᠡᠰᠡᠭᠦᠨ ᠭᠠᠵᠠᠷ ᠣᠷᠣᠨ ᠤ᠋ ᠠᠢᠮᠠᠭ ᠬᠣᠲᠠ ᠵᠢᠨ ᠬᠣᠭᠣᠷᠣᠨᠳᠣ ᠬᠠᠮᠲᠤᠷᠠᠯᠴᠠᠬᠤ ᠲᠣᠭ᠍ᠲᠠᠴᠠ ᠶ᠋ᠢ ᠨᠢᠭᠡᠨᠲᠡ ᠦᠨᠳᠦᠰᠦᠨᠳᠡᠭᠡᠨ ᠪᠠᠢᠭᠤᠯᠵᠤ᠂ ᠬᠠᠮᠲᠤᠷᠠᠯᠴᠠᠬᠤ ᠵᠦᠶ᠋ᠯᠡᠰᠦᠨ ᠨᠠᠷᠢᠨ ᠬᠠᠭᠤᠳᠠᠰᠤ ᠶ᠋ᠢ ᠪᠦᠷᠢᠯᠳᠦᠭᠦᠯᠦᠨ᠂ ᠪᠠᠷᠠᠭᠤᠨ ᠬᠡᠰᠡᠭᠦᠨ ᠭᠠᠵᠠᠷ ᠣᠷᠣᠨ ᠤ᠋ ᠬᠡᠯᠪᠡᠷᠢᠪᠡᠨ ᠬᠤᠪᠢᠷᠠᠭᠤᠯᠤᠨ ᠬᠥᠭ᠌ᠵᠢᠬᠦ᠌ ᠶ᠋ᠢ ᠲᠦᠷᠭᠡᠳᠭᠡᠪᠡ᠃
ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠣᠷᠴᠢᠨ ᠲᠣᠭᠣᠷᠢᠨ ᠢ᠋ ᠰᠠᠢᠲᠤᠷ ᠬᠠᠮᠠᠭᠠᠯᠠᠪᠠ
《ᠣᠢᠷ᠎ᠠ ᠵᠢᠨ ᠵᠢᠯᠳᠤ᠂ ᠦᠪᠦᠷ ᠮᠤᠩᠭᠤᠯ 〈ᠬᠠᠮᠠᠭᠠᠯᠠᠯᠲᠠ ᠪᠡᠷ ᠭᠤᠤᠯᠯᠠᠵᠤ᠂ ᠵᠠᠰᠠᠯᠲᠠ ᠬᠢᠬᠦ᠌ ᠶ᠋ᠢ ᠴᠢᠬᠤᠯᠠᠴᠢᠯᠠᠬᠤ〉 ᠪᠠᠢᠯᠳᠤᠬᠤ ᠪᠣᠳᠣᠯᠭ᠎ᠠ ᠵᠢᠨ ᠱᠠᠭᠠᠷᠳᠠᠯᠭ᠎ᠠ ᠶ᠋ᠢ ᠪᠠᠲᠤ ᠡᠵᠡᠮᠳᠡᠵᠦ᠍᠂ ᠶᠡᠬᠡ ᠬᠠᠮᠠᠭᠠᠯᠠᠯᠲᠠ ᠶ᠋ᠢ ᠬᠠᠮᠲᠤ ᠪᠡᠷ ᠰᠠᠢᠲᠤᠷ ᠠᠳᠭᠤᠵᠤ᠂ ᠶᠡᠬᠡ ᠵᠠᠰᠠᠯᠲᠠ ᠶ᠋ᠢ ᠵᠤᠬᠢᠴᠠᠭᠤᠯᠤᠨ ᠠᠬᠢᠭᠤᠯᠵᠤ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠣᠷᠴᠢᠨ ᠲᠣᠭᠣᠷᠢᠨ ᠤ᠋ ᠲᠣᠪᠣᠢᠮ᠎ᠠ ᠠᠰᠠᠭᠤᠳᠠᠯ ᠢ᠋ ᠱᠢᠰᠲ᠋ᠧᠮᠲᠡᠶ ᠱᠢᠶ᠋ᠳᠪᠦᠷᠢᠯᠡᠨ᠂ ᠠᠷᠠᠳ ᠣᠯᠠᠨ ᠤ᠋ ᠰᠠᠢᠨ ᠰᠠᠢᠬᠠᠨ ᠠᠮᠢ ᠠᠬᠤᠶ ᠣᠷᠴᠢᠨ ᠲᠣᠭᠣᠷᠢᠨ ᠤ᠋ ᠬᠦᠷᠲᠡᠮᠵᠢ ᠵᠢᠨ ᠲᠥᠷᠥᠭ᠌ᠳᠡᠯ᠂ ᠵᠢᠷᠭᠠᠯᠳᠤ ᠲᠥᠷᠥᠭ᠌ᠳᠡᠯ ᠢ᠋ ᠶᠡᠬᠡᠪᠡᠷ ᠨᠡᠮᠡᠭᠳᠡᠬᠦᠯᠪᠡ》 ᠭᠡᠵᠤ ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠠᠮᠢ ᠠᠬᠤᠢ ᠤᠷᠴᠢᠨ ᠲᠤᠭᠤᠷᠢᠨ ᠤ᠋ ᠲᠢᠩᠬᠢᠮ ᠤᠨ ᠳᠡᠳ᠋ ᠳᠠᠷᠤᠭ᠎ᠠ ᠸᠠᠩ ᠢ ᠯᠢᠩ ᠬᠡᠯᠡᠪᠡ᠃
ᠮᠠᠨ ᠤ᠋ ᠤᠷᠤᠨ ᠤᠰᠤᠨ ᠤ᠋ ᠠᠮᠢ ᠠᠬᠤᠶ ᠣᠷᠴᠢᠨ ᠲᠣᠭᠣᠷᠢᠨ ᠤ᠋ ᠪᠠᠢᠳᠠᠯ ᠢ᠋ ᠵᠠᠳᠠᠯᠤᠨ ᠵᠥᠪᠳᠡᠯᠴᠡᠬᠦ᠌ ᠪᠠ ᠤᠷᠢᠳᠴᠢᠯᠠᠨ ᠰᠡᠷᠡᠮᠵᠢᠯᠡᠭᠦᠯᠵᠦ᠍ ᠱᠠᠯᠠᠪᠳᠠᠭᠤᠯᠤᠨ ᠭᠦᠶ᠋ᠴᠡᠳᠭᠡᠬᠦ᠌ ᠠᠵᠢᠯ ᠤ᠋ᠨ ᠲᠣᠭ᠍ᠲᠠᠴᠠ ᠶ᠋ᠢ ᠬᠡᠷᠡᠭ᠌ᠵᠢᠭᠦᠯᠵᠦ᠍᠂ ᠭᠤᠤᠯ ᠲᠤᠳᠤᠷ᠎ᠠ ᠪᠣᠬᠢᠷ ᠪᠤᠳᠠᠰ ᠭᠠᠳᠠᠭ᠍ᠰᠢᠯᠠᠭᠤᠯᠬᠤ ᠠᠮᠠᠰᠠᠷ ᠢ᠋ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠪᠠ ᠠᠵᠤ ᠦᠶ᠋ᠯᠡᠳᠪᠦᠷᠢ ᠵᠢᠨ ᠬᠦᠷᠢᠶᠡᠯᠡᠩ ᠲᠣᠭᠣᠷᠢᠭ ᠤ᠋ᠨ ᠤᠰᠤᠨ ᠤ᠋ ᠪᠣᠬᠢᠷᠲᠤᠯ ᠢ᠋ ᠲᠤᠰᠭᠠᠶ ᠴᠡᠭ᠌ᠴᠡᠯᠡᠨ ᠵᠠᠰᠠᠬᠤ ᠶ᠋ᠢ ᠦᠷᠭᠦᠯᠵᠢᠯᠡᠨ ᠥᠷᠨᠢᠭᠦᠯᠪᠡ᠃ ᠬᠠᠲᠤᠨ ᠭᠤᠤᠯ ᠤ᠋ᠨ ᠰᠠᠪᠠ ᠭᠠᠵᠠᠷ ᠤ᠋ᠨ 35 ᠤᠯᠤᠰ ᠤ᠋ᠨ ᠭᠠᠵᠠᠷ ᠤ᠋ᠨ ᠭᠠᠳᠠᠷᠭᠤ ᠵᠢᠨ ᠤᠰᠤᠨ ᠤ᠋ ᠬᠢᠨᠠᠨ ᠰᠢᠯᠭᠠᠯᠲᠠ ᠵᠢᠨ ᠤᠭᠲᠤᠯᠤᠭᠠᠰᠤ ᠵᠢᠨ ᠤᠰᠤᠨ ᠤ᠋ ᠴᠢᠨᠠᠷ ᠤ᠋ᠨ ᠱᠢᠯᠢᠳᠡᠭ ᠰᠠᠢᠨ ᠬᠠᠷᠢᠴᠠᠯ 2021 ᠣᠨ ᠳ᠋ᠤ 74.3% ᠪᠠᠢᠭ᠍ᠰᠠᠨᠠᠴᠠᠪᠠᠨ 2024 ᠣᠨ ᠳ᠋ᠤ 77.1% ᠪᠣᠯᠲᠠᠯ᠎ᠠ ᠳᠡᠭᠡᠭ᠌ᠰᠢᠯᠡᠵᠦ᠍᠂ ᠭᠤᠤᠯ ᠤᠷᠤᠰᠭᠠᠯ ᠤ᠋ᠨ ᠤᠰᠤᠨ ᠤ᠋ ᠴᠢᠨᠠᠷ ᠲᠠᠪᠤᠨ ᠵᠢᠯ ᠳᠠᠷᠠᠭᠠᠯᠠᠨⅡᠲᠥᠷᠥᠯᠦᠨ ᠱᠢᠯᠢᠳᠡᠭ ᠰᠠᠢᠨ ᠲᠦᠪᠱᠢᠨᠳᠦ ᠦᠷᠭᠦᠯᠵᠢᠯᠡᠨ ᠲᠣᠭ᠍ᠲᠠᠪᠤᠷᠢᠵᠢᠵᠤ᠂ ᠤᠰᠤᠨ ᠤ᠋ ᠣᠷᠴᠢᠨ ᠲᠣᠭᠣᠷᠢᠨ ᠤ᠋ ᠶᠠᠰᠤ ᠴᠢᠨᠠᠷ ᠦᠷᠭᠦᠯᠵᠢᠯᠡᠨ ᠰᠠᠢᠵᠢᠷᠠᠪᠠ; ᠪᠣᠯᠣᠳ ᠲᠡᠮᠦᠷ᠂ ᠬᠡᠦᠷᠱᠢᠭᠦᠯᠬᠦ᠌᠂ ᠱᠦᠢᠨᠢ ᠵᠡᠷᠭᠡ ᠠᠵᠢᠯ ᠲᠥᠷᠥᠯᠦᠨ ᠪᠠᠷᠢᠮᠵᠢᠶ᠎ᠡ ᠶᠤᠰᠤᠭᠠᠷ ᠭᠠᠳᠠᠭ᠍ᠰᠢᠯᠠᠭᠤᠯᠬᠤ ᠥᠭᠡᠷᠡᠴᠢᠯᠡᠯᠲᠡ ᠶ᠋ᠢ ᠦᠷᠭᠦᠯᠵᠢᠯᠡᠨ ᠠᠬᠢᠭᠤᠯᠵᠤ᠂ ᠪᠤᠭᠤᠲᠤ ᠬᠣᠲᠠ᠂ ᠬᠥᠬᠡᠬᠣᠲᠠ᠂ ᠤᠯᠠᠭᠠᠨᠴᠠᠪ ᠬᠣᠲᠠ᠂ ᠪᠠᠶᠠᠨᠨᠠᠭᠤᠷ ᠬᠣᠲᠠ ᠤᠯᠤᠰ ᠤ᠋ᠨ ᠴᠡᠪᠡᠷ ᠳᠤᠯᠠᠭᠠᠯᠠᠭ᠎ᠠ ᠵᠢᠨ ᠬᠣᠲᠠ ᠳ᠋ᠤ ᠬᠠᠮᠤᠷᠤᠭᠳᠠᠨ᠂ 59.5 ᠲᠦᠮᠡᠨ ᠡᠷᠦᠬᠡ ᠵᠢᠨ ᠴᠡᠪᠡᠷ ᠳᠤᠯᠠᠭᠠᠯᠠᠭ᠎ᠠ ᠵᠢᠨ ᠥᠭᠡᠷᠡᠴᠢᠯᠡᠯᠲᠡ ᠶ᠋ᠢ ᠪᠡᠶᠡᠯᠡᠭᠦᠯᠵᠤ᠂ ᠠᠭᠠᠷ ᠮᠠᠨᠳᠠᠯ ᠤ᠋ᠨ ᠣᠷᠴᠢᠨ ᠠᠬᠤᠢ ᠵᠢᠨ ᠴᠢᠨᠠᠷ ᠴᠢᠨᠰᠠᠭ᠎ᠠ ᠲᠣᠭ᠍ᠲᠠᠭᠤᠨ ᠳᠡᠭᠡᠭ᠌ᠰᠢᠯᠡᠨ᠂ ᠴᠡᠯᠮᠡᠭ ᠬᠦᠬᠡ ᠤᠭᠲᠠᠷᠭᠤᠢ ᠪᠠᠢᠩᠭᠤ ᠬᠠᠷᠠᠭᠳᠠᠬᠤ ᠪᠤᠯᠪᠠ; ᠬᠥᠷᠥᠰᠥ᠍ ᠱᠢᠷᠣᠶ ᠵᠢᠨ ᠪᠣᠬᠢᠷᠲᠤᠯ ᠤ᠋ᠨ ᠡᠬᠢ ᠡᠭᠦᠰᠦᠯ ᠢ᠋ ᠰᠡᠷᠭᠡᠢᠯᠡᠨ ᠡᠵᠡᠮᠳᠡᠬᠦ᠌ ᠶ᠋ᠢ ᠪᠠᠷᠢᠮᠲᠠᠯᠠᠵᠤ᠂ ᠬᠥᠳᠡᠭᠡ ᠲᠣᠰᠭᠣᠨ ᠤ᠋ ᠣᠷᠴᠢᠨ ᠲᠣᠭᠣᠷᠢᠨ ᠢ᠋ ᠴᠡᠭ᠌ᠴᠡᠯᠡᠨ ᠵᠠᠰᠠᠬᠤ ᠠᠵᠢᠯᠯᠠᠭ᠎ᠠ ᠶ᠋ᠢ ᠦᠷᠭᠦᠯᠵᠢᠯᠡᠨ ᠥᠷᠨᠢᠭᠦᠯᠪᠡ᠃ ᠣᠳᠣᠬᠠᠨ ᠪᠣᠯᠲᠠᠯ᠎ᠠ᠂ ᠬᠠᠲᠤᠨ ᠭᠤᠤᠯ ᠳᠠᠭᠠᠤ ᠵᠢᠨ 7 ᠠᠢᠮᠠᠭ ᠬᠣᠲᠠ 2690 ᠵᠠᠰᠠᠭ ᠵᠠᠬᠢᠷᠭᠠᠨ ᠤ᠋ ᠲᠣᠰᠭᠣᠨ ᠢ᠋ ᠵᠠᠰᠠᠬᠤ ᠡᠭᠦᠷᠭᠡᠪᠡᠨ ᠪᠡᠶᠡᠯᠡᠭᠦᠯᠤᠨ᠂ ᠵᠠᠰᠠᠯᠲᠠ (ᠬᠠᠮᠢᠶᠠᠷᠤᠨ ᠡᠵᠡᠮᠳᠡᠬᠦ᠌) ᠶ᠋ᠢᠨ ᠨᠣᠷᠮ᠎ᠠ 61.36%ᠳ᠋ᠤ ᠬᠦᠷᠴᠦ᠍᠂ ᠪᠥᠬᠥ᠌ ᠣᠷᠣᠨ ᠤ᠋ ᠪᠣᠬᠢᠷᠲᠤᠭ᠍ᠰᠠᠨ ᠲᠠᠷᠢᠶᠠᠨ ᠭᠠᠵᠠᠷ ᠤ᠋ᠨ ᠠᠮᠤᠷ ᠲᠦᠪᠱᠢᠨ ᠠᠱᠢᠭ᠍ᠯᠠᠯᠲᠠ ᠵᠢᠨ ᠨᠣᠷᠮ᠎ᠠ ᠲᠤᠭᠲᠠᠭᠤᠨ ᠳᠡᠭᠡᠭᠰᠢᠯᠡᠵᠤ ᠂ ᠬᠥᠷᠥᠰᠥ᠍ ᠱᠢᠷᠣᠶ ᠵᠢᠨ ᠣᠷᠴᠢᠨ ᠲᠣᠭᠣᠷᠢᠨ ᠤ᠋ ᠶᠠᠰᠤ ᠴᠢᠨᠠᠷ ᠤ᠋ᠨ ᠲᠤᠭᠲᠠᠪᠤᠷᠢᠳᠠᠢ ᠪᠠᠢᠬᠤ ᠵᠢ ᠪᠠᠲᠤᠯᠠᠪᠠ; ᠪᠦᠬᠦ᠌ ᠤᠯᠤᠰᠲᠤ ᠡᠩ ᠲᠡᠷᠢᠭᠦᠨᠳᠦ ᠬᠠᠳᠤᠨ ᠭᠣᠣᠯ ᠤ᠋ᠨ ᠰᠠᠪᠠ ᠭᠠᠵᠠᠷ ᠤ᠋ᠨ ᠲᠤᠰᠭᠠᠢ ᠱᠠᠯᠠᠪᠳᠠᠭᠤᠯᠤᠨ ᠪᠠᠢᠴᠠᠭᠠᠯᠲᠠ ᠶ᠋ᠢ ᠥᠷᠨᠢᠭᠦᠯᠵᠦ᠍᠂ ᠠᠮᠢ ᠠᠬᠤᠢ ᠣᠷᠴᠢᠨ ᠲᠣᠭᠣᠷᠢᠨ ᠤ᠋ ᠶᠠᠰᠤ ᠴᠢᠨᠠᠷ ᠪᠣᠯᠤᠨ ᠪᠣᠬᠢᠷᠲᠤᠯ ᠦᠭᠡᠢ ᠬᠥᠭ᠌ᠵᠢᠯᠲᠡ ᠵᠢᠨ ᠲᠡᠰ ᠪᠠ ᠴᠢᠳᠠᠪᠬᠢ ᠵᠢᠨ 《ᠬᠣᠣᠰ ᠳᠡᠭᠡᠭ᠌ᠰᠢᠯᠡᠯᠲᠡ》 ᠵᠢ ᠪᠡᠶᠡᠯᠡᠭᠦᠯᠤᠨ᠂ 《ᠠᠮᠢ ᠠᠬᠤᠶ ᠵᠢᠨ ᠴᠣᠩᠬᠣ》 ᠵᠢᠨ ᠦᠶ᠋ᠯᠡᠴᠢᠯᠡᠭᠡᠨᠦ ᠲᠠᠪᠴᠠᠩ ᠤ᠋ᠨ ᠪᠠᠢᠭᠤᠯᠤᠯᠲᠠ ᠶ᠋ᠢ ᠠᠬᠢᠭᠤᠯᠵᠤ᠂ ᠠᠮᠢ ᠠᠬᠤᠢ ᠵᠢᠨ ᠣᠷᠴᠢᠨ ᠨᠥᠬᠥᠴᠡᠯᠦᠨ ᠵᠠᠰᠠᠯᠲᠠ ᠵᠢᠨ ᠱᠢᠰᠲ᠋ᠧᠮ ᠢ᠋ ᠠᠯᠬᠤᠮ ᠠᠯᠬᠤᠮ ᠵᠢᠡᠷ ᠲᠡᠭᠦᠯᠳᠡᠷᠵᠢᠭᠦᠯᠵᠤ ᠂ ᠦᠵᠡᠰᠭᠦᠯᠡᠩᠲᠦ ᠰᠠᠢᠬᠠᠨ ᠥᠪᠥᠷ ᠮᠣᠩᠭᠣᠯ ᠢ᠋ ᠪᠥᠲᠥᠭᠡᠨ ᠪᠠᠢᠭᠤᠯᠬᠤ ᠳ᠋ᠤ ᠪᠠᠲᠤ ᠰᠠᠭᠤᠷᠢ ᠲᠠᠯᠪᠢᠪᠠ᠃
ᠬᠠᠲᠤᠨ ᠭᠤᠤᠯ ᠤ᠋ᠨ ᠰᠠᠪᠠ ᠭᠠᠵᠠᠷ ᠤ᠋ᠨ ᠤᠰᠤᠨ ᠤ᠋ ᠤᠷᠴᠢᠨ ᠲᠤᠭᠤᠷᠢᠨ ᠢ᠋ ᠵᠠᠰᠠᠨ ᠰᠡᠷᠭᠦᠭᠡᠪᠡ
《ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠢ ᠬᠡᠪᠡᠷᠡᠭ ᠪᠤᠯᠬᠤᠷ ᠪᠢᠳᠡ ᠪᠣᠬᠢᠷᠲᠤᠯ ᠥᠬᠡᠶ ᠬᠥᠭ᠌ᠵᠢᠯᠲᠡ ᠵᠢᠨ ᠣᠢᠯᠠᠭᠠᠭ᠍ᠳᠠᠬᠤᠨ ᠢ᠋ ᠪᠠᠲᠤᠳᠭᠠᠵᠤ᠂ ᠡᠬᠡ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨᠦ ᠬᠠᠯᠬᠠᠪᠴᠢ ᠶ᠋ᠢ ᠪᠥᠲᠥᠭᠡᠨ ᠪᠠᠢᠭᠤᠯᠬᠤ ᠬᠠᠷᠠᠯᠲᠠ ᠵᠢᠨ ᠪᠠᠢᠷᠢ ᠲᠣᠭ᠍ᠲᠠᠭᠠᠯᠲᠠᠲᠠᠶ ᠨᠢᠭ᠍ᠲᠠ ᠤᠶᠠᠯᠳᠤᠭᠤᠯᠤᠨ᠂ ᠶᠡᠷᠦᠩᠬᠡᠢᠯᠡᠨ ᠵᠠᠰᠠᠬᠤ᠂ ᠱᠢᠰᠲ᠋ᠧᠮᠲᠡᠶ ᠵᠠᠰᠠᠬᠤ᠂ ᠡᠬᠢ ᠡᠭᠦᠰᠦᠯᠡᠴᠡᠨᠢ ᠵᠠᠰᠠᠬᠤ ᠶ᠋ᠢ ᠴᠢᠩᠭᠠᠳᠭᠠᠵᠤ᠂ ᠢᠳᠡᠪᠬᠢᠲᠡᠶ ᠦᠷ᠎ᠡ ᠪᠦᠲᠦᠮᠵᠢ ᠤᠯᠪᠠ》 ᠭᠡᠵᠤ ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠵᠢᠨ ᠲᠢᠩᠬᠢᠮ ᠤ᠋ᠨ ᠳᠡᠳ᠋ ᠳᠠᠷᠤᠭ᠎ᠠ ᠯᠢ ᠪᠢᠨ ᠬᠡᠯᠡᠪᠡ᠃
ᠦᠪᠦᠷ ᠮᠤᠩᠭᠤᠯ ᠶᠡᠬᠡ ᠲᠦᠷᠭᠡᠨ ᠭᠤᠤᠯ᠂ ᠤᠯᠠᠭᠠᠨᠰᠤᠬᠠᠢ᠂ ᠲᠠᠭ᠎ᠠ ᠵᠢᠨ ᠨᠠᠭᠤᠷ ᠪᠣᠯᠤᠨ ᠬᠠᠷᠠᠠᠤᠰᠤ ᠨᠠᠭᠤᠷ ᠵᠡᠷᠭᠡ ᠰᠠᠪᠠ ᠭᠠᠵᠠᠷ ᠤ᠋ᠨ ᠴᠢᠬᠤᠯᠠ ᠭᠤᠤᠯ ᠨᠠᠭᠤᠷ ᠤ᠋ᠨ ᠠᠮᠢ ᠠᠬᠤᠶ ᠵᠢᠨ ᠤᠷᠤᠰᠭᠠᠯ ᠤ᠋ᠨ ᠬᠡᠮᠵᠢᠶ᠎ᠡ (ᠤᠰᠤᠨ ᠤ᠋ ᠬᠡᠮᠵᠢᠶ᠎ᠡ᠂ ᠤᠰᠤᠨ ᠤ᠋ ᠲᠦᠪᠱᠢᠨ) ᠶ᠋ᠢ ᠪᠠᠲᠤᠯᠠᠬᠤ ᠲᠥᠰᠦᠯ ᠢ᠋ ᠲᠣᠭ᠍ᠲᠠᠭᠠᠵᠤ᠂ ᠤᠰᠤᠨ ᠤ᠋ ᠴᠢᠨᠠᠷ ᠢ᠋ ᠠᠯᠬᠤᠮ ᠠᠯᠬᠤᠮ ᠵᠢᠡᠷ ᠰᠠᠢᠵᠢᠷᠠᠭᠤᠯᠤᠨ ᠳᠡᠭᠡᠭ᠌ᠰᠢᠯᠡᠭᠦᠯᠬᠦ᠌ᠳᠦ ᠬᠦᠴᠦᠲᠡᠢ ᠪᠠᠲᠤᠯᠠᠭ᠎ᠠ ᠬᠠᠩᠭᠠᠵᠤ᠂ ᠭᠤᠤᠯ ᠮᠥᠷᠡᠨ ᠨᠠᠭᠤᠷ ᠴᠥᠭᠥᠷᠥᠮᠦᠨ ᠠᠮᠢ ᠠᠬᠤᠶ ᠵᠢᠨ ᠤᠰᠤᠨ ᠤ᠋ ᠬᠡᠮᠵᠢᠶ᠎ᠡ ᠵᠢᠨ ᠪᠠᠲᠤᠯᠠᠭ᠎ᠠ ᠶ᠋ᠢ ᠴᠢᠩᠭᠠᠳᠬᠠᠪᠠ; 《ᠤᠰᠤ ᠪᠡᠷ ᠨᠣᠭᠣᠭᠠᠷᠠᠭᠤᠯᠤᠯᠲᠠ ᠶ᠋ᠢ ᠲᠣᠭ᠍ᠲᠠᠭᠠᠬᠤ》 ᠵᠠᠷᠴᠢᠮ ᠶᠣᠰᠣᠭᠠᠷ᠂ 《ᠤᠮᠠᠷᠠᠲᠤ ᠵᠢᠨ ᠭᠤᠷᠪᠠᠨ ᠣᠷᠣᠨ ᠤ᠋ ᠢᠨᠵᠧᠨᠧᠷᠢᠩ》 ᠤ᠋ᠨ ᠤᠰᠤᠨ ᠤ᠋ ᠡᠬᠢ ᠪᠠᠶᠠᠯᠢᠭ ᠤ᠋ᠨ ᠬᠠᠩᠭᠠᠯᠭ᠎ᠠ ᠶ᠋ᠢ ᠠᠯᠢ ᠴᠢᠳᠠᠬᠤ ᠪᠡᠷ ᠨᠡᠮᠡᠭ᠌ᠳᠡᠭᠦᠯᠵᠤ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠤᠰᠤ ᠬᠥᠷᠤᠰᠤᠨ ᠤ ᠢᠳᠡᠭ᠌ᠳᠡᠯ ᠢ᠋ ᠵᠠᠰᠠᠬᠤ ᠳ᠋ᠤ ᠠᠩᠬᠠᠷᠤᠯ ᠵᠢᠡᠨ ᠲᠥᠪᠯᠡᠷᠡᠭᠦᠯᠤᠨ᠂ 《ᠠᠷᠪᠠᠨ ᠳᠥᠷᠪᠡᠳᠦᠭᠡᠷ ᠲᠠᠪᠤᠨ ᠵᠢᠯ 》 ᠡᠴᠡ ᠨᠠᠭᠠᠰᠢ ᠨᠡᠢᠲᠡ 23.57 ᠳ᠋ᠦᠩᠱᠢᠭᠤᠷ ᠲᠥᠭᠥᠷᠢᠭ ᠣᠷᠣᠭᠤᠯᠵᠤ᠂ ᠮᠠᠨ ᠤ᠋ ᠣᠷᠣᠨ ᠤ᠋ ᠬᠠᠲᠤᠨ ᠭᠤᠤᠯ ᠤ᠋ᠨ ᠰᠠᠪᠠ ᠭᠠᠵᠠᠷ ᠤ᠋ᠨ ᠤᠰᠤ ᠬᠥᠷᠤᠰᠤᠨᠤ ᠢᠳᠡᠭ᠌ᠳᠡᠯᠦᠨ ᠲᠠᠯᠠᠪᠠᠶ ᠶ᠋ᠢ 2515 ᠲᠡᠭ᠌ᠰᠢ ᠳᠥᠷᠪᠡᠯᠵᠢᠨ ᠺᠢᠯᠣᠮᠧᠲ᠋ᠷ ᠪᠠᠭᠠᠰᠭᠠᠵᠤ᠂ ᠳᠤᠮᠳᠠ ᠵᠡᠷᠭᠡᠡᠴᠡ ᠳᠡᠭᠡᠭ᠌ᠰᠢᠬᠢ ᠤᠰᠤ ᠬᠥᠷᠤᠰᠤᠨ ᠤ ᠢᠳᠡᠭ᠌ᠳᠡᠯᠦᠨ ᠲᠠᠯᠠᠪᠠᠶ ᠶ᠋ᠢ 326 ᠲᠡᠭ᠌ᠰᠢ ᠳᠥᠷᠪᠡᠯᠵᠢᠨ ᠺᠢᠯᠣᠮᠧᠲ᠋ᠷ ᠪᠠᠭᠠᠰᠬᠠᠪᠠ; ᠭᠣᠣᠯ ᠮᠥᠷᠡᠨ ᠨᠠᠭᠤᠷ ᠴᠥᠭᠥᠷᠥᠮᠦᠨ 《ᠳᠤᠷ᠎ᠠ ᠪᠡᠷ ᠮᠠᠯᠲᠠᠬᠤ᠂ ᠳᠤᠷ᠎ᠠ ᠪᠡᠷ ᠡᠵᠡᠯᠡᠬᠦ᠂ ᠳᠤᠷ᠎ᠠ ᠪᠡᠷ ᠪᠠᠢᠭᠤᠯᠬᠤ᠂ ᠳᠤᠷ᠎ᠠ ᠪᠡᠷ ᠤᠪᠤᠭᠠᠯᠠᠬᠤ ᠠᠵᠢᠯᠯᠠᠭ᠎ᠠ ᠶ᠋ᠢ ᠴᠡᠭᠴᠡᠯᠡᠬᠦ》 ᠵᠢ ᠪᠠᠢᠩᠭᠤᠵᠢᠭᠤᠯᠤᠨ ᠵᠢᠷᠤᠮᠵᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ ᠳ᠋ᠤ 《ᠳᠤᠷ᠎ᠠ ᠪᠡᠷ ᠮᠠᠯᠲᠠᠬᠤ᠂ ᠳᠤᠷ᠎ᠠ ᠪᠡᠷ ᠡᠵᠡᠯᠡᠬᠦ᠂ ᠳᠤᠷ᠎ᠠ ᠪᠡᠷ ᠪᠠᠢᠭᠤᠯᠬᠤ᠂ ᠳᠤᠷ᠎ᠠ ᠪᠡᠷ ᠤᠪᠤᠭᠠᠯᠠᠬᠤ ᠠᠵᠢᠯᠯᠠᠭ᠎ᠠ ᠶ᠋ᠢ ᠴᠡᠭᠴᠡᠯᠡᠬᠦ》 ᠠᠰᠠᠭᠤᠳᠠᠯ ᠢ᠋ ᠨᠡᠢ᠌ᠳᠡ 4811 ᠰᠢᠢᠳᠪᠤᠷᠢᠯᠡᠪᠡ᠃ ᠬᠠᠲᠤᠨ ᠭᠤᠤᠯ ᠤ᠋ᠨ ᠬᠠᠮᠠᠭᠠᠯᠠᠯᠲᠠ ᠵᠢᠨ ᠬᠠᠤᠯᠢ ᠶ᠋ᠢ ᠬᠡᠷᠡᠭ᠌ᠵᠢᠭᠦᠯᠦᠭ᠌ᠰᠡᠨᠡᠴᠡ ᠨᠠᠭᠠᠰᠢ᠂ ᠰᠠᠪᠠ ᠭᠠᠵᠠᠷ ᠤ᠋ᠨ ᠬᠠᠤᠯᠢᠠᠴᠠ ᠵᠥᠷᠢᠴᠡᠭ᠌ᠰᠡᠨ 754 ᠠᠵᠢᠯᠯᠠᠭ᠎ᠠ ᠶ᠋ᠢ ᠬᠣᠷᠢᠭ᠍ᠯᠠᠨ ᠵᠣᠭ᠍ᠰᠣᠭᠠᠵᠤ᠂ ᠬᠠᠤᠯᠢᠠᠴᠠ ᠵᠥᠷᠢᠴᠡᠭ᠌ᠰᠡᠨ 526 ᠬᠡᠷᠡᠭ ᠢ᠋ ᠬᠡᠷᠡᠭ ᠪᠣᠯᠭᠠᠨ ᠳᠡᠩᠰᠡᠯᠡᠵᠦ᠍ ᠪᠠᠢᠴᠠᠭᠠᠨ ᠱᠢᠶ᠋ᠳᠪᠦᠷᠢᠯᠡᠵᠦ᠂ ᠰᠠᠪᠠ ᠭᠠᠵᠠᠷ ᠤ᠋ᠨ ᠤᠰᠤᠨ ᠤ᠋ ᠶᠠᠪᠤᠳᠠᠯ ᠤ᠋ᠨ ᠡᠮᠬᠢ ᠲᠢᠭᠯᠢᠮ ᠢ᠋ ᠪᠦᠲᠦᠮᠵᠢᠲᠠᠢ ᠬᠠᠮᠠᠭᠠᠯᠠᠪᠠ; 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠭᠤᠤᠯᠳᠠᠯᠭᠠᠲᠠᠶ ᠣᠷᠣᠨ ᠪᠦᠰᠡ ᠵᠢᠨ ᠭᠠᠵᠠᠷ ᠳᠤᠤᠷᠠᠬᠢ ᠤᠰᠤ ᠶ᠋ᠢ ᠬᠡᠲᠦᠷᠡᠲᠡᠯ᠎ᠡ ᠲᠠᠲᠠᠬᠤ ᠶ᠋ᠢ ᠶᠡᠷᠦᠩᠬᠡᠢᠯᠡᠨ ᠵᠠᠰᠠᠬᠤ ᠲᠥᠰᠦᠯ》 ᠢ᠋ ᠲᠣᠭ᠍ᠲᠠᠭᠠᠵᠤ ᠂ ᠣᠷᠣᠨ ᠨᠤᠲᠤᠭ ᠤ᠋ᠨ ᠥᠨᠳᠥᠷ ᠪᠦᠲᠦᠮᠵᠢᠲᠡᠶ ᠤᠰᠤ ᠠᠷᠪᠢᠯᠠᠵᠤ ᠤᠰᠤᠯᠠᠬᠤ᠂ ᠲᠠᠷᠢᠮᠠᠯ ᠤ᠋ᠨ ᠪᠦᠲᠦᠴᠡᠳᠦ ᠲᠣᠬᠢᠷᠠᠭᠤᠯᠤᠯᠲᠠ ᠬᠢᠬᠦ᠌ ᠵᠡᠷᠭᠡ ᠠᠷᠭ᠎ᠠ ᠬᠡᠮᠵᠢᠶ᠎ᠡ ᠠᠪᠴᠤ᠌᠂ ᠭᠠᠵᠠᠷ ᠳᠤᠤᠷᠠᠬᠢ ᠤᠰᠤᠨ ᠤ᠋ ᠬᠡᠮᠵᠢᠶ᠎ᠡ ᠶ᠋ᠢ ᠪᠠᠭᠠᠰᠭᠠᠬᠤ ᠶ᠋ᠢ ᠠᠬᠢᠭᠤᠯᠤᠨ᠂ ᠡᠨᠡ ᠵᠢᠯᠦᠨ ᠭᠤᠷᠪᠠᠳᠤᠭᠠᠷ ᠤᠯᠠᠷᠢᠯ ᠳ᠋ᠤ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠡᠯ᠎ᠡ ᠬᠡᠲᠦᠷᠡᠲᠡᠯ᠎ᠡ ᠮᠠᠯᠲᠠᠭ᠍ᠰᠠᠨ ᠣᠷᠣᠨ ᠤ᠋ ᠭᠠᠵᠠᠷ ᠳᠤᠤᠷᠠᠬᠢ ᠤᠰᠤᠨ ᠤ᠋ ᠲᠦᠪᠱᠢᠨ ᠠᠳᠠᠯᠢ ᠬᠤᠭᠤᠴᠠᠭᠠᠨ ᠤ᠋ᠬᠢᠡᠴᠡ ᠲᠣᠭ᠍ᠲᠠᠭᠤᠨ ᠪᠤᠶᠤ ᠳᠡᠭᠡᠭ᠌ᠰᠢᠯᠡᠬᠦ᠌ ᠬᠠᠨᠳᠤᠰᠢᠲᠠᠶ ᠪᠤᠯᠵᠤ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠭᠠᠵᠠᠷ ᠳᠤᠤᠷᠠᠬᠢ ᠤᠰᠤ ᠶ᠋ᠢ ᠬᠡᠲᠦᠷᠡᠲᠡᠯ᠎ᠡ ᠲᠠᠲᠠᠬᠤ ᠶ᠋ᠢ ᠶᠡᠷᠦᠩᠬᠡᠢᠯᠡᠨ ᠵᠠᠰᠠᠬᠤ ᠶ᠋ᠢ ᠲᠦᠷᠭᠡᠳᠭᠡᠨ ᠠᠬᠢᠭᠤᠯᠪᠠ᠃