ᠲᠠᠷᠢᠶᠠᠨ ᠭᠠᠵᠠᠷ ᠤ᠋ᠨ ᠠᠮᠤ ᠪᠤᠳᠠᠭᠠᠨ ᠤ᠋ ᠦᠢᠯᠡᠳᠪᠤᠷᠢᠯᠡᠯ ᠤ᠋ᠨ ᠴᠢᠳᠠᠪᠤᠷᠢ ᠵᠢ ᠪᠠᠳᠤᠯᠠᠨ᠎ᠠ᠃ ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠨᠠᠮᠤᠷ ᠤ᠋ᠨ ᠬᠤᠷᠢᠶᠠᠯᠲᠠ ᠶ᠋ᠢᠨ ᠠᠵᠢᠯ ᠰᠢᠪᠲᠤᠷᠠᠭᠠᠨ ᠳ᠋ᠠᠭᠠᠨ ᠤᠷᠤᠮᠠᠭᠴᠠ ᠪᠦᠬᠦ ᠤᠷᠤᠨ ᠤ᠋ ᠦᠨᠳᠦᠷ ᠪᠠᠷᠢᠮᠵᠢᠶᠠᠲᠤ ᠲᠡᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ ᠨᠠᠮᠤᠷ ᠡᠪᠦᠯ ᠤ᠋ᠨ ᠤᠯᠠᠷᠢᠯ ᠤ᠋ᠨ ᠬᠠᠮᠳᠤᠷᠠᠭᠰᠠᠨ ᠶᠡᠬᠡ ᠳᠠᠢᠯᠠᠯᠳᠤᠭᠠᠨ ᠪᠦᠬᠦ ᠲᠠᠯ᠎ᠠ ᠪᠡᠷ ᠡᠬᠢᠯᠡᠪᠡ᠃
ᠤᠢᠷ᠎ᠡ ᠶ᠋ᠢᠨ ᠡᠳᠦᠷ᠂ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠪᠦᠬᠦ ᠤᠷᠤᠨ ᠤ᠋ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ ᠤᠨ ᠤ᠋ ᠡᠭᠦᠷᠭᠡ ᠵᠢ ᠠᠬᠢᠭᠤᠯᠬᠤ ᠬᠤᠷᠠᠯ᠂ ᠪᠦᠬᠦ ᠤᠷᠤᠨ ᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ ᠨᠠᠮᠤᠷ ᠡᠪᠦᠯ ᠤ᠋ᠨ ᠤᠯᠠᠷᠢᠯ ᠤ᠋ᠨ ᠬᠠᠮᠳᠤᠷᠠᠭᠰᠠᠨ ᠶᠡᠬᠡ ᠳᠠᠢᠯᠠᠯᠳᠤᠭᠠᠨ ᠤ᠋ ᠲᠤᠬᠠᠢ ᠶ᠋ᠢᠨ ᠲᠠᠯᠠᠪᠠᠢ ᠶ᠋ᠢᠨ ᠬᠤᠷᠠᠯ ᠬᠢᠵᠤ᠂ ᠪᠥᠬᠥ᠌ ᠤᠯᠤᠰ ᠤ᠋ᠨ ᠡᠪᠦᠯ ᠬᠠᠪᠤᠷ ᠤ᠋ᠨ ᠲᠠᠷᠢᠶᠠᠨ ᠭᠠᠵᠠᠷ ᠤ᠋ᠨ ᠤᠰᠤᠨ ᠠᠱᠢᠭ᠍ᠯᠠᠯᠲᠠ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠸᠢᠳᠢᠣ᠋ ᠬᠤᠷᠠᠯ ᠤ᠋ᠨ ᠵᠣᠷᠢᠭ ᠰᠠᠨᠠᠭ᠎ᠠ ᠵᠢ ᠤᠯᠠᠮᠵᠢᠯᠠᠨ᠂ ᠪᠦᠬᠦ ᠤᠷᠤᠨ ᠤ᠋ 《ᠵᠢᠷᠡᠨ ᠡᠳᠦᠷ ᠤ᠋ᠨ ᠰᠢᠢᠳᠪᠦᠷᠢᠲᠦ ᠳᠠᠢᠯᠠᠯᠳᠤᠭᠠᠨ ᠬᠢᠬᠦ》 ᠠᠵᠢᠯ ᠤ᠋ᠨ ᠱᠠᠭᠠᠷᠳᠠᠯᠭ᠎ᠠ ᠵᠢ ᠪᠤᠳᠠᠳᠠᠢ ᠳ᠋ᠤ ᠨᠠᠢᠳᠠᠪᠤᠷᠢᠵᠢᠭᠤᠯᠵᠤ᠂ ᠤᠷᠤᠨ ᠳᠠᠶᠠᠭᠠᠷ ᠶ᠋ᠢᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ᠋ ᠲᠤᠭᠤᠯᠤᠨ ᠪᠡᠷᠭᠡ ᠵᠢ ᠳᠠᠪᠠᠵᠤ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ ᠪᠦᠬᠦ ᠵᠢᠯ ᠤ᠋ᠨ ᠬᠠᠷᠠᠯᠲᠠ ᠡᠭᠦᠷᠭᠡ ᠵᠢ ᠲᠤᠭᠲᠠᠭᠰᠠᠨ ᠴᠠᠭ ᠲᠠᠭᠠᠨ ᠲᠤᠭ᠎ᠠ ᠬᠡᠮᠵᠢᠶ᠎ᠡ ᠶᠤᠰᠤᠭᠠᠷ ᠪᠡᠶᠡᠯᠡᠭᠦᠯᠬᠦ ᠵᠢ ᠱᠠᠭᠠᠷᠳᠠᠪᠠ᠃
ᠦᠪᠦᠷ ᠮᠤᠡᠭᠭᠤᠯ 《ᠲᠠᠷᠢᠶᠠᠨ ᠭᠠᠵᠠᠷ ᠤ᠋ᠨ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ ᠪᠠᠲᠤᠯᠠᠵᠤ ᠲᠸᠭᠨᠢᠭ ᠮᠡᠷᠭᠡᠵᠢᠯ ᠶ᠋ᠢᠡᠷ ᠠᠮᠤ ᠪᠤᠳᠠᠭᠠᠨ ᠤ᠋ ᠤᠨᠠᠯᠲᠠ ᠵᠢ ᠨᠡᠮᠡᠭᠳᠡᠭᠦᠯᠬᠦ》 ᠪᠠᠢᠯᠳᠤᠬᠤ ᠪᠤᠳᠤᠯᠭ᠎ᠠ ᠵᠢ ᠬᠦᠨᠵᠡᠭᠡᠢ ᠨᠠᠢᠳᠠᠪᠤᠷᠢᠵᠢᠭᠤᠯᠵᠤ᠂ 2024 ᠤᠨ ᠤ᠋ ᠰᠡᠭᠦᠯᠴᠢ ᠪᠤᠯᠲᠠᠯ᠎ᠠ ᠨᠡᠢᠲᠡ 6005 ᠲᠦᠮᠡᠨ ᠮᠦ᠍ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ᠋ ᠪᠦᠲᠦᠭᠡᠨ ᠪᠠᠢᠭᠤᠯᠪᠠ᠃ ᠤᠳᠤ ᠦᠪᠦᠷ ᠮᠤᠡᠭᠭᠤᠯ ᠨᠢᠭᠡᠨᠲᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ ᠤᠯᠠᠨ ᠡᠰᠢᠲᠦ ᠵᠤᠬᠢᠶᠠᠨ ᠪᠠᠢᠭᠤᠯᠤᠯᠲᠠ ᠶ᠋ᠢᠨ ᠰᠢᠰᠲᠸᠮ᠂ ᠪᠦᠬᠦ᠌ ᠬᠡᠯᠬᠢᠶᠡᠨ ᠤ᠋ ᠬᠠᠮᠢᠶᠠᠷᠤᠯᠲᠠ ᠶ᠋ᠢᠨ ᠱᠢᠰᠲ᠋ᠧᠮ᠂ ᠱᠢᠨ᠎ᠡ ᠵᠢ ᠡᠭᠦᠳᠬᠦ᠌ ᠴᠢᠨᠠᠷᠲᠠᠶ ᠪᠠᠲᠤᠯᠠᠭ᠎ᠠ ᠶ᠋ᠢᠨ ᠱᠢᠰᠲ᠋ᠧᠮ ᠪᠠ ᠬᠠᠨᠳᠤᠯᠭᠠᠲᠤ ᠴᠢᠨᠠᠷᠲᠠᠶ ᠪᠦᠲᠦᠭᠡᠨ ᠪᠠᠢᠭᠤᠯᠤᠯᠲᠠ ᠶ᠋ᠢᠨ ᠱᠢᠰᠲ᠋ᠧᠮ ᠢ᠋ ᠪᠦᠷᠢᠯᠳᠦᠭᠦᠯᠪᠡ᠃ ᠪᠦᠬᠦ ᠤᠷᠤᠨ ᠤ᠋ ᠡᠯ᠎ᠡ ᠭᠠᠵᠠᠷ ᠤ᠋ᠨ ᠬᠢᠨ ᠭᠠᠵᠠᠷ ᠤ᠋ᠨ ᠪᠤᠳᠠᠳᠤ ᠪᠠᠢᠳᠠᠯ ᠳ᠋ᠤ ᠲᠤᠬᠢᠷᠠᠭᠤᠯᠤᠨ ᠣᠷᠣᠨ ᠪᠦᠰᠡ ᠶ᠋ᠢᠨ ᠣᠨᠴᠠᠯᠢᠭ ᠪᠦᠬᠦᠢ ᠠᠷᠭ᠎ᠠ ᠲᠤᠷᠰᠢᠯᠭ᠎ᠠ ᠵᠢ ᠢᠳᠡᠪᠬᠢᠳᠠᠢ ᠬᠠᠢᠨ ᠰᠦᠪᠡᠭ᠌ᠴᠢᠯᠡᠵᠦ᠍᠂ 14 ᠵᠦᠶ᠋ᠯ ᠤ᠋ᠨ ᠨᠡᠢᠲᠡᠯᠢᠭ ᠵᠠᠭ᠍ᠪᠤᠷ᠂ 10 ᠶᠡᠬᠡ ᠨᠡᠢᠲᠡᠯᠢᠭ ᠵᠢᠱ᠌ᠢᠶ᠎ᠡ ᠪᠤᠯᠤᠨ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ 26 ᠠᠯᠬᠤᠮ ᠤ᠋ᠨ ᠠᠵᠢᠯᠯᠠᠬᠤ ᠠᠷᠭ᠎ᠠ ᠵᠡᠷᠭᠡ ᠱᠢᠨ᠎ᠡ ᠵᠢ ᠡᠭᠦᠳᠦᠭ᠌ᠰᠡᠨ ᠲᠤᠷᠱᠢᠯᠭ᠎ᠠ ᠵᠢ ᠪᠦᠷᠢᠯᠳᠦᠭᠦᠯᠵᠦ᠂ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ ᠪᠦᠬᠦ ᠲᠠᠯ᠎ᠠ ᠪᠡᠷ ᠳᠡᠭᠡᠭᠰᠢᠯᠡᠭᠦᠯᠬᠦ ᠳ᠋ᠦ ᠪᠠᠲᠤ ᠰᠠᠭᠤᠷᠢ ᠲᠠᠯᠪᠢᠭᠰᠠᠨ ᠪᠠᠢᠨ᠎ᠠ᠃
ᠡᠨᠡ ᠵᠢᠯ ᠦᠪᠦᠷ ᠮᠤᠡᠭᠭᠤᠯ 818 ᠲᠦᠮᠡᠨ ᠮᠦ᠍ ᠵᠢᠨ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠭᠦᠶ᠋ᠴᠡᠳᠭᠡᠯ ᠲᠣᠭ᠎ᠠ ᠵᠢ ᠭᠤᠶᠤᠴᠢᠯᠠᠨ ᠣᠯᠵᠤ᠂ ᠪᠦᠳᠦᠬᠡᠨ ᠪᠠᠢᠭᠤᠯᠤᠯᠳᠠ ᠵᠢᠨ ᠡᠭᠦᠷᠭᠡ ᠶ᠋ᠢᠨ ᠬᠡᠮᠵᠢᠶ᠎ᠡ ᠪᠡᠷ ᠪᠥᠬᠥ᠌ ᠤᠯᠤᠰ ᠤ᠋ᠨ ᠲᠡᠷᠢᠭᠦᠨᠳᠦ ᠣᠷᠣᠪᠠ᠃ ᠣᠳᠣᠬᠠᠨ ᠳ᠋ᠤ ᠦᠪᠦᠷ ᠮᠤᠡᠭᠭᠤᠯ ᠶᠠᠭ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠨᠠᠮᠤᠷ ᠡᠪᠦᠯ ᠤ᠋ᠨ ᠤᠯᠠᠷᠢᠯ ᠤ᠋ᠨ ᠪᠠᠷᠢᠯᠭ᠎ᠠ ᠶ᠋ᠢᠨ ᠠᠵᠢᠯ ᠤ᠋ᠨ ᠱᠢᠵᠢᠷ ᠠᠯᠲᠠᠨ ᠬᠤᠭᠤᠴᠠᠭᠠᠨ ᠳ᠋ᠤ ᠣᠷᠣᠵᠤ᠂ ᠡᠯ᠎ᠡ ᠭᠠᠵᠠᠷ ᠤ᠋ᠨ ᠬᠢᠨ ᠭᠤᠤᠯ ᠴᠤᠭᠴᠠ ᠶ᠋ᠢᠨ ᠡᠭᠦᠷᠭᠡ ᠬᠠᠷᠢᠭᠤᠴᠠᠯᠭ᠎ᠠ ᠵᠢ ᠡᠷᠡᠰ ᠡᠭᠦᠷᠭᠡᠯᠡᠨ᠂ ᠳᠠᠷᠤᠯᠲᠠ ᠪᠠᠨ ᠬᠦᠳᠡᠯᠭᠡᠬᠦ ᠬᠦᠴᠦᠨ ᠪᠤᠯᠭᠠᠨ ᠬᠤᠪᠢᠷᠠᠭᠤᠯᠵᠤ᠂ ᠪᠠᠭᠤᠷᠠᠢ ᠭᠤᠭᠴᠤᠭ᠎ᠠ ᠳ᠋ᠦ ᠴᠢᠭᠯᠡᠭᠦᠯᠦᠨ ᠤᠨᠤᠴᠠᠲᠠᠢ ᠪᠡᠷ ᠠᠷᠭ᠎ᠠ ᠪᠤᠳᠤᠯᠭ᠎ᠠ ᠬᠡᠷᠡᠭᠵᠢᠭᠦᠯᠵᠦ᠂ 《ᠵᠢᠷᠠᠨ ᠡᠳᠦᠷ ᠤ᠋ᠨ ᠱᠢᠶ᠋ᠳᠪᠦᠷᠢᠲᠦ ᠳᠠᠢᠯᠠᠯᠳᠤᠭᠠᠨ ᠬᠢᠬᠦ᠌》 ᠠᠵᠢᠯ ᠤ᠋ᠨ ᠱᠠᠭᠠᠷᠳᠠᠯᠭ᠎ᠠ ᠶᠣᠰᠣᠭᠠᠷ ᠪᠡᠯᠡ ᠮᠦᠡᠭᠬᠦ ᠪᠠᠭᠤᠯᠭᠠᠬᠤ᠂ ᠠᠵᠢᠯ ᠤᠯᠭᠤᠯᠳᠠ ᠪᠡᠷ ᠲᠡᠳᠭᠦᠮᠵᠢ ᠵᠢ ᠤᠷᠤᠯᠠᠭᠤᠯᠬᠤ᠂ ᠪᠠᠷᠢᠯᠭ᠎ᠠ ᠳᠠᠭᠤᠰᠴᠤ ᠰᠢᠯᠭᠠᠨ ᠠᠪᠬᠤ ᠵᠡᠷᠭᠡ ᠭᠤᠤᠯᠳᠠᠯᠭ᠎ᠠ ᠲᠠᠢ ᠡᠭᠦᠷᠭᠡ ᠳ᠋ᠦ ᠠᠡᠭᠬᠠᠷᠤᠯ ᠶ᠋ᠢᠡᠨ ᠲᠦᠪᠯᠡᠷᠡᠭᠦᠯᠤᠨ᠂ ᠬᠥᠮᠦᠨ ᠤ᠋ ᠬᠦᠴᠦ ᠪᠠ ᠲᠥᠬᠥᠭᠡᠷᠦᠮᠵᠢ ᠶ᠋ᠢᠨ ᠣᠷᠣᠭᠤᠯᠤᠯᠲᠠ ᠪᠠᠨ ᠨᠡᠮᠡᠭ᠌ᠳᠡᠭᠦᠯᠵᠦ᠍᠂ ᠲᠥᠷᠥᠯ ᠵᠦᠶ᠋ᠯ ᠤ᠋ᠨ ᠬᠡᠷᠡᠭ᠌ᠵᠢᠭᠦᠯᠦᠯᠲᠡ ᠵᠢ ᠲᠦᠷᠭᠡᠳᠭᠡᠨ ᠠᠬᠢᠭᠤᠯᠵᠤ ᠪᠠᠢᠨ᠎ᠠ᠃ ᠮᠠᠨ ᠤ᠋ ᠤᠷᠤᠨ ᠡᠨᠡ ᠵᠢᠯ ᠤ᠋ᠨ ᠰᠡᠭᠦᠯᠴᠢ ᠡᠴᠡ ᠡᠮᠦᠨ᠎ᠡ ᠨᠢᠬᠡᠨᠳᠡ ᠳ᠋ᠦᠩᠨᠡᠨ ᠱᠢᠯᠵᠢᠭᠦᠯᠦᠭ᠌ᠰᠡᠨ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤ᠋ᠨ ᠪᠦᠳᠦᠬᠡᠨ ᠪᠠᠢᠭᠤᠯᠤᠯᠳᠠ ᠵᠢᠨ ᠲᠥᠷᠥᠯ ᠵᠦᠶ᠋ᠯ ᠢ᠋ ᠪᠦᠬᠦᠨ ᠢ᠋ ᠳᠠᠭᠤᠰᠭᠠᠨ᠂ ᠱᠢᠨ᠎ᠡ ᠪᠡᠷ ᠪᠦᠳᠦᠬᠡᠨ ᠪᠠᠢᠭᠤᠯᠵᠤ ᠪᠠᠢᠭ᠎ᠠ ᠲᠥᠷᠥᠯ ᠵᠦᠶ᠋ᠯ ᠤ᠋ᠨ ᠵᠢᠡᠨ 50% ᠡᠴᠡ ᠳᠡᠭᠡᠭᠰᠢᠬᠢ ᠵᠢ ᠪᠡᠶᠡᠯᠡᠭᠦᠯᠬᠦ ᠵᠢ ᠪᠠᠳᠤᠯᠠᠵᠤ᠂ ᠵᠢᠯ ᠤ᠋ᠨ ᠰᠡᠭᠦᠯᠴᠢ ᠪᠤᠯᠲᠠᠯ᠎ᠠ ᠪᠦᠬᠦ ᠤᠷᠤᠨ ᠤ᠋ ᠪᠦᠳᠦᠬᠡᠨ ᠪᠠᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠲᠠᠯᠠᠪᠠᠢ ᠵᠢ 6300 ᠲᠦᠮᠡᠨ ᠮᠦ᠍ ᠵᠢ ᠲᠠᠪᠠᠭᠤᠯᠵᠤ᠂ ᠢᠷᠡᠬᠦ᠌ ᠵᠢᠯ ᠤ᠋ᠨ ᠠᠮᠤ ᠪᠤᠳᠠᠭᠠᠨ ᠤ᠋ ᠦᠶ᠋ᠯᠡᠳᠪᠦᠷᠢᠯᠡᠯ ᠳ᠋ᠤ ᠡᠯᠪᠡᠭ ᠬᠤᠷᠢᠶᠠᠯᠳᠠ ᠵᠢᠨ ᠰᠠᠭᠤᠷᠢ ᠵᠢ ᠲᠠᠯᠪᠢᠬᠤ ᠪᠤᠯᠤᠨ᠎ᠠ᠃
ᠤᠳᠤᠬᠠᠨ ᠳ᠋ᠤ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠶᠠᠭ ᠲᠦᠷᠦᠯ ᠵᠦᠢᠯ ᠶ᠋ᠢᠡᠷ ᠬᠦᠳᠡᠯᠭᠡᠭᠦᠷ ᠪᠤᠯᠭᠠᠨ᠂ ᠡᠯ᠎ᠠ ᠠᠢᠮᠠᠭ ᠬᠤᠲᠠ ᠶ᠋ᠢᠨ ᠪᠦᠲᠦᠭᠡᠨ ᠪᠠᠢᠭᠤᠯᠤᠯᠲᠠ ᠶ᠋ᠢᠨ ᠠᠬᠢᠴᠠ ᠵᠢ ᠴᠠᠭ ᠲᠤᠬᠠᠢ ᠳ᠋ᠤᠨᠢ ᠮᠦᠷᠳᠡᠨ ᠵᠢᠭᠰᠠᠭᠠᠵᠤ᠂ ᠳᠠᠭᠠᠭᠠᠴᠢᠯᠠᠨ ᠬᠠᠮᠢᠶᠠᠷᠬᠤ ᠠᠵᠢᠯ ᠤ᠋ᠨ ᠲᠤᠭᠲᠠᠴᠠ ᠵᠢ ᠪᠠᠢᠭᠤᠯᠤᠨ᠂ ᠡᠯ᠎ᠠ ᠠᠢᠮᠠᠭ ᠬᠤᠲᠠ ᠵᠢ ᠬᠠᠪᠰᠤᠷᠤᠨ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ ᠶᠠᠪᠤᠴᠠ ᠳ᠋ᠦ ᠲᠤᠯᠭᠠᠷᠠᠵᠤ ᠪᠠᠢᠭ᠎ᠠ ᠠᠰᠠᠭᠤᠳᠠᠯ ᠢ᠋ ᠨᠢ ᠵᠤᠬᠢᠴᠠᠭᠤᠯᠤᠨ ᠰᠢᠢᠳᠪᠦᠷᠢᠯᠡᠵᠤ᠂ ᠤᠳᠠᠰᠤ ᠪᠡᠷ ᠱᠠᠯᠠᠪᠳᠠᠭᠤᠯᠬᠤ᠂ ᠲᠤᠬᠠᠢ ᠶ᠋ᠢᠨ ᠭᠠᠵᠠᠷ ᠲᠤᠨᠢ ᠬᠦᠷᠴᠦ ᠱᠠᠯᠠᠪᠳᠠᠭᠤᠯᠬᠤ᠂ ᠵᠠᠷᠯᠠᠨ ᠨᠡᠢᠲᠡᠯᠡᠬᠦ᠂ ᠪᠤᠯᠵᠤᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠡᠷ ᠪᠠᠷᠢᠯᠭ᠎ᠠ ᠶ᠋ᠢᠨ ᠠᠬᠢᠴᠠ ᠤᠳᠠᠭᠠᠨ ᠪᠠᠢᠭ᠎ᠠ ᠭᠠᠵᠠᠷ ᠤ᠋ᠨ ᠬᠢᠨ ᠢ᠋ ᠰᠡᠷᠡᠮᠵᠢᠯᠡᠭᠦᠯᠵᠦ᠂ ᠪᠤᠳᠠᠳᠠᠢ ᠵᠢ ᠡᠷᠬᠢᠮᠯᠡᠨ᠂ ᠪᠦᠬᠦ ᠵᠢᠯ ᠤ᠋ᠨ ᠬᠠᠷᠠᠯᠲᠠ ᠡᠭᠦᠷᠭᠡ ᠵᠢ ᠲᠡᠭᠦᠰ ᠠᠮᠵᠢᠯᠲᠠ ᠲᠠᠢ ᠪᠡᠶᠡᠯᠡᠭᠦᠯᠬᠦ ᠪᠡᠷ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ ᠠᠬᠢᠴᠠ ᠵᠢ ᠴᠢᠩᠭ᠎ᠠ ᠡᠷᠴᠢᠮᠳᠠᠢ ᠠᠬᠢᠭᠤᠯᠵᠤ ᠪᠠᠢᠨ᠎ᠠ᠃