ᠮᠠᠯᠵᠢᠬᠤ ᠲᠠᠷᠢᠶᠠᠯᠠᠬᠤ ᠤᠷᠤᠨ ᠤ᠋ ᠱᠢᠯᠢᠳᠡᠭ ᠰᠠᠢᠨ ᠦᠢᠯᠡᠰ ᠪᠤᠰᠭᠠᠬᠤ ᠲᠦᠷᠦᠯ ᠵᠦᠢᠯ ᠵᠢᠴᠢ ᠴᠢᠳᠠᠪᠤᠷᠢᠲᠠᠨ ᠤ᠋ ᠲᠤᠬᠠᠢ ᠰᠢᠷᠢᠰ ᠮᠡᠳᠡᠬᠡᠯᠡᠯ ③ 500 ᠮᠥ᠍ ᠭᠠᠵᠠᠷ ᠡᠴᠡ ᠦᠷᠨᠢᠭᠰᠡᠨ ᠬᠦᠭᠵᠢᠶᠠᠨᠳᠦ ᠦᠢᠯᠡᠰ
2025-11-14 10:57:45
ᠵᠣᠬᠢᠶᠠᠭ᠍ᠴᠢ᠄
ᠼᠠᠢ ᠬᠤᠩ
ᠣᠩᠱᠢᠭ᠍ᠰᠠᠨ ᠣᠳᠠᠭ᠎ᠠ᠄
★★★☆☆

— ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ 《ᠶᠦᠨ ᠵᠦᠩ ᠶᠢᠦ ᠷᠠᠨ ᠤ᠋ ᠵᠠᠭᠪᠤᠷ》 ᠢ᠋ ᠲᠡᠮᠳᠡᠭᠯᠡᠪᠡ


ᠭᠠᠷᠠᠭ ᠤ᠋ᠨ ᠰᠡᠭᠦᠯᠴᠢ ᠪᠡᠷ ᠬᠦᠬᠡᠬᠤᠲᠠ ᠡᠴᠡ 209 ᠨᠤᠮᠸᠷᠳᠤ ᠤᠯᠤᠰ ᠤ᠋ᠨ ᠵᠠᠰᠠᠮᠠᠯ ᠵᠠᠮ ᠢ᠋ ᠳᠠᠭᠠᠨ 30 ᠺᠢᠯᠤᠮᠸᠲ᠋ᠷ ᠶᠠᠪᠤᠪᠠᠯ ᠲᠦᠮᠡᠳ ᠵᠡᠭᠦᠨ ᠬᠤᠰᠢᠭᠤᠨ ᠤ᠋ ᠰᠠᠭᠠᠯᠢᠴᠢᠨ ᠪᠠᠯᠭᠠᠰᠤ ᠵᠢᠨ ᠨᠢᠭᠡ ᠭᠡᠷᠲᠦ ᠲᠤᠰᠬᠤᠨ ᠳ᠋ᠦ ᠬᠦᠷᠴᠢᠬᠡᠳᠡᠭ᠃ ᠲᠡᠨᠳᠡ ᠬᠦᠷᠦᠭᠰᠡᠬᠡᠷ ᠲᠠᠯ᠎ᠠ ᠶ᠋ᠢᠨ ᠳᠤᠮᠳᠠ ᠴᠠᠭᠠᠨ ᠮᠠᠢᠬᠠᠨ ᠵᠢᠭᠳᠡᠷᠡᠴᠢᠬᠡᠭᠰᠡᠨ᠂ ᠬᠡᠤᠬᠡᠳ ᠪᠠᠭᠠᠴᠤᠳ ᠬᠦᠭᠡᠷᠦᠯᠳᠦᠴᠢᠬᠡᠭᠰᠡᠨ᠂ ᠠᠮᠢᠵᠢᠷᠠᠯ ᠤ᠋ᠨ ᠬᠦᠴᠦᠨ ᠶ᠋ᠢᠡᠷ ᠪᠢᠯᠬᠠᠵᠤ ᠡᠬᠡ ᠪᠠᠢᠭᠠᠯᠢ ᠲᠠᠢ ᠤᠢᠷᠠᠲᠤᠭᠰᠠᠨ ᠵᠢᠭᠤᠯᠴᠢᠯᠠᠨ ᠪᠠᠭᠤᠳᠠᠯᠯᠠᠬᠤ ᠰᠠᠭᠤᠷᠢᠨ ᠬᠠᠷᠠᠭᠠᠨ ᠳ᠋ᠤ ᠲᠤᠳᠤᠷᠠᠬᠤ ᠶᠤᠮ᠃

ᠡᠨᠡ ᠬᠦ᠌ 500 ᠮᠦ᠍ ᠶ᠋ᠢᠨ ᠭᠠᠵᠠᠷ ᠡᠵᠡᠯᠡᠭᠰᠡᠨ ᠵᠢᠭᠤᠯᠴᠢᠯᠠᠨ ᠪᠠᠭᠤᠳᠠᠯᠯᠠᠬᠤ ᠰᠠᠭᠤᠷᠢᠨ ᠪᠤᠯ ᠥᠪᠥᠷ ᠮᠣᠩᠭᠣᠯ ᠤ᠋ᠨ ᠶᠦᠨ ᠵᠦᠩ ᠶᠢᠦ ᠷᠠᠨ ᠲᠠᠷᠢᠶᠠᠯᠠᠡᠭ ᠤ᠋ᠨ ᠬᠥᠭ᠌ᠵᠢᠬᠦᠯᠤᠯᠲᠡ ᠶ᠋ᠢᠨ ᠬᠢᠵᠠᠭᠠᠷᠲᠤ ᠺᠣᠮᠫᠠᠨᠢ ᠶ᠋ᠢᠨ ᠪᠦᠲᠦᠭᠡᠨ ᠪᠠᠢᠭᠤᠯᠤᠭᠰᠠᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠶᠡᠷᠦᠡᠭᠬᠡᠢᠯᠡᠭᠰᠡᠨ ᠴᠤᠭᠴᠠ ᠶ᠋ᠢᠨ ᠲᠦᠷᠦᠯ ᠵᠦᠢᠯ ᠪᠤᠯᠤᠨ᠎ᠠ᠃ ᠲᠤᠰ ᠲᠦᠷᠦᠯ ᠵᠦᠢᠯ ᠨᠢ ᠭᠡᠳᠦᠬᠡᠨ ᠵᠢᠯ ᠤ᠋ᠨ ᠳᠤᠲᠤᠷ᠎ᠠ ᠲᠠᠩ ᠴᠤᠯᠭᠤᠢ ᠤᠯᠠᠮᠵᠢᠯᠠᠯᠲᠤ ᠮᠠᠯ ᠠᠵᠤ ᠠᠬᠤᠢ ᠲᠠᠷᠢᠶᠠᠯᠠᠡᠭ ᠡᠴᠡ ᠪᠠᠨ ᠠᠮᠢ ᠠᠬᠤᠢ᠂ ᠵᠢᠭᠤᠯᠴᠢᠯᠠᠯ ᠪᠠ ᠰᠤᠳᠤᠯᠤᠨ ᠰᠤᠷᠤᠯᠴᠠᠬᠤ ᠵᠢ ᠨᠢᠭᠡ ᠴᠤᠬ᠍ᠴᠠᠵᠢᠭᠤᠯᠤᠬ᠍ᠰᠠᠨ ᠬᠦᠭᠵᠢᠯᠳᠡ ᠶ᠋ᠢᠨ ᠵᠢᠱ᠌ᠢᠢ᠎ᠡ ᠦᠵᠡᠭᠦᠯᠬᠦ᠌ ᠣᠷᠣᠨ ᠪᠤᠯᠵᠠᠢ᠃


QQ截图20250825102238.png


ᠤᠯᠠᠭᠤᠯᠠ ᠪᠡᠨ ᠨᠠᠭᠠᠳᠤᠨ᠎ᠠ


ᠲᠤᠰ ᠲᠦᠷᠦᠯ ᠵᠦᠢᠯ ᠢ᠋ ᠡᠭᠦᠰᠭᠡᠨ ᠪᠠᠢᠭᠤᠯᠤᠭᠴᠢ ᠨᠢ ᠴᠡᠷᠢᠭ ᠤ᠋ᠨ ᠠᠯᠪᠠ ᠡᠴᠡ ᠬᠠᠯᠠᠭᠳᠠᠭᠰᠠᠨ ᠨᠤᠳᠤᠭ ᠤ᠋ᠨ ᠴᠢᠳᠠᠪᠤᠷᠢᠳᠠᠨ ᠯᠢ ᠴᠢᠡᠭ ᠭᠦᠸᠸ ᠪᠤᠯᠤᠨ᠎ᠠ᠃ 2014 ᠤᠨ ᠳ᠋ᠦ ᠯᠢ ᠴᠢᠡᠭ ᠭᠦᠸᠸ ᠨᠤᠳᠤᠭ ᠤ᠋ᠨ ᠲᠦᠮᠡᠨ ᠶ᠋ᠢᠡᠨ ᠳᠠᠢᠴᠢᠯᠠᠨ ᠲᠦᠮᠡᠳ ᠵᠡᠭᠦᠨ ᠬᠤᠰᠢᠭᠤᠨ ᠤ᠋ ᠴᠢᠡᠭ ᠱᠸᠡᠭ ᠴᠢᠤᠸᠠᠨ ᠮᠢᠬᠠᠨ ᠤ᠋ ᠬᠤᠨᠢ ᠲᠡᠵᠢᠭᠡᠨ ᠦᠷᠡᠵᠢᠭᠦᠯᠬᠦ ᠲᠠᠷᠢᠶᠠᠴᠢᠳ ᠤ᠋ᠨ ᠲᠤᠰᠬᠠᠢ ᠬᠤᠷᠰᠢᠶ᠎ᠡ ᠵᠢ ᠪᠠᠢᠭᠤᠯᠵᠤ᠂ ᠲᠡᠷᠢᠭᠦᠨ ᠤ᠋ ᠲᠡᠵᠢᠭᠡᠨ ᠦᠷᠡᠵᠢᠭᠦᠯᠬᠦ ᠮᠡᠷᠭᠡᠵᠢᠯ ᠪᠠ ᠬᠠᠮᠢᠶᠠᠷᠤᠯᠲᠠ ᠶ᠋ᠢᠨ ᠲᠤᠷᠰᠢᠯᠭ᠎ᠠ ᠵᠢ ᠰᠦᠪᠡᠭᠴᠢᠯᠡᠨ᠂ ᠤᠷᠤᠨ ᠨᠤᠳᠤᠭ ᠤ᠋ᠨ ᠶ᠋ᠢᠡᠨ ᠮᠠᠯ ᠠᠵᠤ ᠠᠬᠤᠢ ᠶ᠋ᠢᠨ ᠬᠡᠪᠴᠢᠶᠡᠵᠢᠭᠰᠡᠨ ᠠᠵᠤ ᠦᠢᠯᠡᠰᠵᠢᠭᠰᠡᠨ ᠬᠦᠭᠵᠢᠯᠲᠡ ᠵᠢ ᠪᠦᠲᠦᠮᠵᠢᠲᠡᠢ ᠠᠬᠢᠭᠤᠯᠪᠠ᠃ 2022 ᠤᠨ ᠡᠴᠡ ᠯᠢ ᠴᠢᠡᠭ ᠭᠦᠸᠸ ᠲᠤᠰᠬᠤᠨ ᠤ᠋ ᠪᠠᠨ ᠰᠤᠯᠠ ᠲᠠᠯᠪᠢᠭᠳᠠᠵᠤ ᠪᠠᠢᠭ᠎ᠠ ᠭᠠᠵᠠᠷ ᠰᠢᠷᠤᠢ ᠵᠢ ᠠᠰᠢᠭᠯᠠᠯᠳᠠ ᠳ᠋ᠤ ᠤᠷᠤᠭᠤᠯᠬᠤ ᠵᠤᠷᠢᠯᠳᠠ ᠡᠴᠡ ᠥᠪᠥᠷ ᠮᠣᠩᠭᠣᠯ ᠤ᠋ᠨ ᠶᠦᠨ ᠵᠦᠩ ᠶᠢᠦ ᠷᠠᠨ ᠲᠠᠷᠢᠶᠠᠯᠠᠡᠭ ᠤ᠋ᠨ ᠬᠥᠭ᠌ᠵᠢᠬᠦᠯᠤᠯᠲᠡ ᠶ᠋ᠢᠨ ᠬᠢᠵᠠᠭᠠᠷᠲᠤ ᠺᠣᠮᠫᠠᠨᠢ ᠵᠢ ᠪᠠᠢᠭᠤᠯᠵᠤ᠂ ᠬᠦᠳᠡᠭᠡ ᠲᠤᠰᠬᠤᠨ ᠤ᠋ ᠵᠢᠭᠤᠯᠴᠢᠯᠠᠯ ᠤ᠋ᠨ ᠦᠢᠯᠡᠰ ᠲᠦ᠍ ᠠᠡᠭᠬᠠᠷᠤᠯ ᠶ᠋ᠢᠡᠨ ᠲᠦᠪᠯᠡᠷᠡᠭᠦᠯᠦᠨ᠂ ᠱᠤᠷᠤᠯᠠᠭ ᠤ᠋ᠨ ᠭᠠᠵᠠᠷ ᠪᠠ ᠵᠢᠭᠤᠯᠴᠢᠯᠠᠨ ᠪᠠᠭᠤᠳᠠᠯᠯᠠᠬᠤ ᠭᠠᠵᠠᠷ ᠭᠠᠷᠭᠠᠵᠤ᠂ ᠰᠤᠳᠤᠯᠤᠨ ᠰᠤᠷᠤᠯᠴᠠᠬᠤ ᠠᠵᠢᠯᠯᠠᠭ᠎ᠠ᠂ ᠨᠠᠮ ᠤ᠋ᠨ ᠡᠭᠦᠷ ᠪᠠ ᠡᠪᠯᠡᠯ ᠤ᠋ᠨ ᠡᠭᠦᠷ ᠤ᠋ᠨ ᠠᠵᠢᠯᠯᠠᠭ᠎ᠠ ᠶ᠋ᠢ ᠬᠦᠯᠢᠶᠡᠨ ᠠᠪᠴᠤ᠂ 《ᠠᠮᠢ ᠠᠬᠤᠢ + ᠵᠢᠭᠤᠯᠴᠢᠯᠠᠯ + ᠰᠤᠳᠤᠯᠤᠨ ᠰᠤᠷᠤᠯᠴᠠᠬᠤ + ᠮᠠᠯ ᠠᠵᠤ ᠠᠬᠤᠢ ᠲᠠᠷᠢᠶᠠᠯᠠᠡᠭ》 ᠤ᠋ᠨ ᠬᠠᠮᠵᠢᠯᠴᠠᠨ ᠬᠥᠭ᠌ᠵᠢᠬᠦ᠌ ᠵᠠᠭ᠍ᠪᠤᠷ ᠢ᠋ ᠡᠭᠦᠳᠴᠦ᠍᠂ ᠬᠦᠳᠡᠭᠡ ᠨᠤᠲᠤᠭ ᠤ᠋ᠨ ᠶ᠋ᠢᠡᠨ ᠠᠮᠢᠵᠢᠷᠠᠯ ᠤ᠋ᠨ ᠬᠦᠴᠦᠨ ᠢ᠋ ᠲᠤᠢᠯᠪᠤᠷᠢᠳᠠᠢ ᠬᠦᠭᠵᠢᠭᠡᠵᠡᠢ᠃

ᠲᠦᠷᠦᠯ ᠵᠦᠢᠯ ᠤ᠋ᠨ ᠬᠢᠨ ᠬᠡᠷᠡᠭᠯᠡᠭᠴᠢᠳ ᠤ᠋ᠨ ᠵᠠᠬ᠎ᠠ ᠳᠡᠯᠭᠡᠭᠦᠷ ᠲᠦ᠍ ᠭᠦᠢᠴᠡᠳ ᠪᠠᠢᠴᠠᠭᠠᠨ ᠰᠤᠳᠤᠯᠤᠯᠳᠠ ᠬᠢᠬᠦ ᠪᠡᠷ ᠳᠠᠮᠵᠢᠨ ᠬᠤᠲᠠ ᠶ᠋ᠢᠨ ᠭᠡᠷ ᠪᠦᠯᠢ᠂ ᠰᠤᠷᠭᠠᠭᠤᠯᠢ ᠪᠠ ᠠᠵᠤ ᠠᠬᠤᠢᠯᠠᠯ ᠠᠵᠢᠯ ᠦᠢᠯᠡᠰ ᠤ᠋ᠨ ᠨᠢᠭᠡᠴᠢ᠂ ᠪᠤᠬᠢᠷᠳᠤᠯ ᠦᠭᠡᠢ ᠴᠢᠨᠠᠷ ᠰᠠᠢᠲᠠᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠬᠤᠳᠠᠯᠳᠤᠨ ᠠᠪᠤᠭᠴᠢ ᠵᠡᠷᠭᠡ ᠪᠡᠷ ᠭᠤᠤᠯ ᠬᠠᠷᠠᠯᠳᠠᠳᠤ ᠬᠡᠷᠡᠭᠯᠡᠭᠴᠢ ᠪᠠᠨ ᠪᠤᠯᠭᠠᠵᠤ᠂ 500 ᠮᠤ᠌ ᠶ᠋ᠢᠨ ᠰᠠᠭᠤᠷᠢᠨ ᠤ᠋ ᠪᠦᠲᠦᠭᠡᠨ ᠪᠠᠢᠭᠤᠯᠤᠯᠲᠠ ᠪᠠᠨ ᠵᠦᠢ ᠵᠤᠬᠢᠰᠳᠠᠢ ᠲᠦᠯᠦᠪᠵᠢᠭᠦᠯᠤᠨ᠂ ᠡᠯᠪᠡᠭ ᠪᠠᠶᠠᠯᠢᠭ ᠠᠭᠤᠯᠭ᠎ᠠ ᠪᠦᠬᠦᠢ ᠪᠡᠶᠡᠴᠢᠯᠡᠨ ᠤᠷᠤᠯᠴᠠᠬᠤ ᠠᠵᠢᠯᠯᠠᠭ᠎ᠠ ᠲᠤᠬᠢᠷᠠᠭᠤᠯᠵᠤ᠂ ᠬᠥᠳᠡᠭᠡ ᠲᠣᠰᠭᠣᠨ ᠤ᠋ ᠡᠬᠢ ᠪᠠᠶᠠᠯᠢᠭ ᠬᠢᠭᠡᠳ ᠬᠣᠲᠠ ᠶ᠋ᠢᠨ ᠠᠷᠠᠳ ᠤ᠋ᠨ ᠬᠡᠷᠡᠭ᠌ᠴᠡᠭᠡ ᠵᠢ ᠪᠦᠲᠦᠮᠵᠢᠲᠡᠶ ᠵᠣᠯᠭᠠᠭᠤᠯᠤᠭ᠍ᠰᠠᠨ ᠪᠠᠢᠨ᠎ᠠ᠃

ᠬᠡᠭᠡᠷ᠎ᠠ ᠪᠠᠭᠤᠳᠠᠯᠯᠠᠬᠤ ᠰᠠᠭᠤᠷᠢᠨ ᠤ᠋ ᠵᠦᠯᠭᠡᠲᠦ ᠲᠠᠯ᠎ᠠ ᠳ᠋ᠠᠭᠠᠨ ᠬᠡᠤᠬᠡᠳ ᠪᠠᠭᠠᠴᠤᠳ ᠤ᠋ᠨ ᠴᠡᠡᠭᠭᠡᠯ ᠤ᠋ᠨ ᠬᠦᠷᠢᠶᠡᠯᠡᠡᠭ᠂ ᠬᠦᠭᠡᠷᠦᠬᠦᠨ ᠠᠮᠢᠳᠠᠨ ᠤ᠋ ᠬᠦᠷᠢᠶᠡᠯᠡᠡᠭ ᠲᠤᠬᠢᠷᠠᠭᠤᠯᠤᠨ ᠬᠡᠤᠬᠡᠳ ᠪᠠᠭᠠᠴᠤᠳ ᠲᠦ᠍ ᠬᠦᠭᠡᠷᠦᠯᠳᠦᠨ ᠨᠠᠭᠠᠳᠬᠤ ᠲᠠᠯᠠᠪᠤᠷ ᠬᠠᠡᠭᠭᠠᠵᠤ᠂ ᠦᠨᠳᠦᠰᠦᠲᠡᠨ ᠤ᠋ ᠤᠨᠴᠠᠯᠢᠭ ᠲᠠᠢ ᠤᠯᠠᠮᠵᠢᠯᠠᠯᠲᠤ ᠬᠤᠪᠴᠠᠰᠤ ᠵᠠᠰᠠᠯ ᠬᠢᠬᠦ ᠭᠠᠷ ᠤᠷᠠᠯᠠᠯ ᠤ᠋ᠨ ᠬᠢᠴᠢᠶᠠᠯ᠂ ᠬᠦᠷᠦᠰᠦ ᠰᠢᠷᠤᠢ ᠶ᠋ᠢᠨ ᠶᠠᠰᠤ ᠴᠢᠨᠠᠷ ᠲᠦ᠍ ᠪᠠᠢᠴᠠᠭᠠᠯᠲᠠ ᠬᠢᠬᠦ ᠠᠮᠢ ᠠᠬᠤᠢ ᠶ᠋ᠢᠨ ᠰᠢᠨᠵᠢᠯᠡᠬᠦ ᠤᠬᠠᠭᠠᠨ ᠤ᠋ ᠬᠢᠴᠢᠶᠡᠯ᠂ ᠵᠢᠯᠤᠭᠤᠴᠢ ᠦᠭᠡᠢ ᠨᠢᠰᠭᠡᠯ ᠶ᠋ᠢᠡᠷ ᠲᠠᠷᠢᠶᠠᠨ ᠳ᠋ᠦ ᠡᠮ ᠰᠦᠷᠴᠢᠬᠦ ᠵᠢ ᠪᠡᠶᠡᠴᠢᠯᠡᠨ ᠤᠢᠯᠠᠭᠠᠬᠤ ᠬᠢᠴᠢᠶᠡᠯ᠂ ᠤᠯᠠᠮᠵᠢᠯᠠᠯᠲᠤ ᠮᠠᠯ ᠠᠵᠤ ᠠᠬᠤᠢ ᠶ᠋ᠢᠨ ᠲᠡᠵᠢᠭᠡᠨ ᠦᠷᠡᠵᠢᠭᠦᠯᠬᠦ ᠶᠠᠪᠤᠴᠠ ᠵᠢ ᠤᠢᠯᠠᠭᠠᠬᠤ ᠠᠵᠢᠯᠯᠠᠭ᠎ᠠ ᠵᠡᠷᠭᠡ ᠰᠤᠳᠤᠯᠤᠨ ᠰᠤᠷᠤᠯᠴᠠᠬᠤ ᠬᠢᠴᠢᠶᠡᠯ ᠲᠤᠬᠢᠷᠠᠭᠤᠯᠪᠠ᠃ ᠡᠭᠦᠨ ᠡᠴᠡ ᠭᠠᠳᠠᠨ᠎ᠠ ᠪᠠᠰᠠ ᠡᠯ᠎ᠠ ᠪᠠᠢᠭᠤᠯᠭ᠎ᠠ ᠨᠢᠭᠡᠴᠢ ᠶ᠋ᠢᠨ ᠨᠠᠮ ᠤ᠋ᠨ ᠡᠭᠦᠷ ᠪᠠ ᠡᠪᠯᠡᠯ ᠤ᠋ᠨ ᠡᠭᠦᠷ ᠤ᠋ᠨ ᠠᠵᠢᠯᠯᠠᠭ᠎ᠠ᠂ ᠭᠡᠷ ᠪᠦᠯᠢ ᠶ᠋ᠢᠨ ᠵᠢᠭᠤᠯᠴᠢᠯᠠᠯ ᠰᠡᠯᠡᠭᠦᠴᠡᠯ ᠤ᠋ᠨ ᠠᠵᠢᠯᠯᠠᠭ᠎ᠠ ᠵᠡᠷᠭᠡ ᠠᠳᠠᠯᠢ ᠪᠤᠰᠤ ᠪᠦᠯᠬᠦᠮ ᠨᠡᠢᠲᠡ ᠳ᠋ᠦ ᠵᠤᠷᠢᠭᠤᠯᠤᠭᠰᠠᠨ ᠱᠤᠷᠤᠯᠠᠭ ᠰᠢᠷᠠᠬᠤ᠂ ᠮᠤᠷᠢ ᠤᠨᠤᠬᠤ᠂ ᠵᠢᠭᠠᠰᠤ ᠬᠦᠬᠢᠳᠡᠬᠦ᠂ ᠰᠢᠨ᠎ᠡ ᠰᠤᠷᠭᠤᠭ ᠢᠳᠡᠰᠢᠨ ᠨᠤᠭᠤᠭ᠎ᠠ ᠲᠡᠭᠦᠬᠦ ᠵᠡᠷᠭᠡ ᠦᠢᠯᠡᠴᠢᠯᠡᠭᠡ ᠬᠠᠡᠭᠭᠠᠵᠠᠢ᠃ ᠡᠳᠡᠭᠡᠷ ᠠᠵᠢᠯᠯᠠᠭ᠎ᠠ ᠨᠢ ᠬᠠᠷᠢᠯᠴᠠᠨ ᠠᠭᠤᠰᠤᠯᠴᠠᠭᠠᠳ 《ᠰᠤᠳᠤᠯᠤᠨ ᠰᠤᠷᠤᠯᠴᠠᠬᠤ — ᠵᠢᠭᠤᠯᠴᠢᠯᠠᠨ ᠰᠡᠯᠡᠭᠦᠴᠡᠬᠦ — ᠬᠤᠳᠠᠯᠳᠤᠨ ᠠᠪᠬᠤ — ᠢᠳᠡᠵᠤ ᠤᠤᠭᠤᠬᠤ》 ᠪᠢᠳᠡᠭᠦᠦ ᠬᠡᠯᠬᠢᠶ᠎ᠡ ᠪᠡᠷ ᠬᠡᠷᠡᠭᠯᠡᠭᠴᠢᠳ ᠲᠦ᠍ ᠮᠡᠳᠡᠯᠭᠡ ᠮᠡᠷᠭᠡᠵᠢᠯ ᠬᠦᠷᠳᠡᠭᠡᠬᠦ ᠶ᠋ᠢᠨ ᠬᠠᠮᠲᠤ ᠪᠤᠬᠢᠷᠳᠤᠯ ᠦᠭᠡᠢ ᠴᠢᠨᠠᠷ ᠰᠠᠢᠲᠠᠢ ᠮᠠᠯ ᠤ᠋ᠨ ᠠᠰᠢᠭ ᠰᠢᠮ᠎ᠠ ᠲᠡᠷᠢᠶᠠᠯᠠᠡᠭ ᠤ᠋ᠨ ᠪᠦᠲᠦᠭᠡᠭᠳᠡᠭᠦᠨ ᠤ᠋ ᠪᠤᠷᠤᠯᠠᠭᠤᠯᠭ᠎ᠠ ᠶ᠋ᠢ ᠴᠦ᠍ ᠠᠬᠢᠭᠤᠯᠪᠠ᠃ ᠲᠤᠰ ᠲᠥᠷᠥᠯ ᠵᠦᠶ᠋ᠯ ᠤ᠋ᠨ ᠪᠡᠶ᠎ᠡ ᠪᠡᠨ ᠳᠠᠭᠠᠭᠠᠵᠤ ᠨᠡᠭᠡᠭᠡᠨ ᠬᠥᠭ᠌ᠵᠢᠭᠦᠯᠦᠭ᠌ᠰᠡᠨ ᠰᠤᠳᠤᠯᠤᠨ ᠰᠤᠷᠤᠯᠴᠠᠬᠤ ᠬᠢᠴᠢᠶᠡᠯ ᠨᠢ ᠨᠢᠭᠡᠨᠲᠡ ᠬᠦᠬᠡᠬᠤᠲᠠ ᠶ᠋ᠢᠨ ᠰᠤᠷᠭᠠᠨ ᠬᠥᠮᠦᠵᠢᠯ ᠤ᠋ᠨ ᠲᠣᠪᠴᠢᠶ᠎ᠠ ᠶ᠋ᠢᠨ ᠤᠶᠤᠨᠴᠢ ᠲᠠᠪᠴᠠᠡᠭ ᠤ᠋ᠨ ᠬᠢᠨᠠᠨ ᠪᠠᠢᠴᠠᠭᠠᠯᠲᠠ ᠵᠢ ᠦᠡᠭᠭᠡᠷᠡᠭᠦᠯᠵᠦ᠂ ᠵᠢᠯ ᠳᠤᠮᠳᠠᠴᠢ ᠪᠡᠷ 60 ᠭᠠᠷᠤᠶ ᠲᠠᠯᠠᠪᠤᠷ ᠰᠤᠳᠤᠯᠤᠨ ᠰᠤᠷᠤᠯᠴᠠᠬᠤ ᠠᠵᠢᠯᠯᠠᠭ᠎ᠠ ᠪᠤᠯᠤᠨ 150 ᠭᠠᠷᠤᠶ ᠲᠠᠯᠠᠪᠤᠷ ᠨᠠᠮ ᠤ᠋ᠨ ᠡᠭᠦᠷ ᠪᠠ ᠡᠪᠯᠡᠯ ᠤ᠋ᠨ ᠡᠭᠦᠷ ᠤ᠋ᠨ ᠠᠵᠢᠯᠯᠠᠭ᠎ᠠ ᠶ᠋ᠢ ᠬᠦᠯᠢᠶᠡᠨ ᠠᠪᠴᠤ ᠦᠷᠨᠢᠭᠦᠯᠵᠦ ᠪᠠᠢᠨ᠎ᠠ᠃


QQ截图20251001104448.png


ᠤᠰᠤᠨ ᠳ᠋ᠤ ᠨᠠᠭᠠᠳᠤᠨ᠎ᠠ


ᠲᠤᠰ ᠲᠦᠷᠦᠯ ᠵᠦᠢᠯ ᠤ᠋ᠨ ᠡᠢᠨ ᠬᠦ᠌ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ᠋ ᠠᠭᠤᠰᠤᠯᠴᠠᠭᠤᠯᠤᠨ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠰᠢᠨ᠎ᠡ ᠵᠠᠭᠪᠤᠷ ᠨᠢ 《ᠮᠠᠯ ᠠᠵᠤ ᠠᠬᠤᠢ ᠲᠠᠷᠢᠶᠠᠯᠠᠡᠭ ᠤ᠋ᠨ ᠰᠠᠭᠤᠷᠢ ᠶ᠋ᠢ ᠪᠡᠬᠢᠵᠢᠭᠦᠯᠬᠦ᠂ ᠰᠤᠳᠤᠯᠤᠨ ᠰᠤᠷᠤᠯᠴᠠᠬᠤ ᠪᠡᠷ ᠬᠦᠳᠡᠯᠭᠡᠬᠦ ᠡᠨᠧᠷᠬᠢ ᠨᠡᠮᠡᠷᠢᠯᠡᠬᠦ᠂ ᠰᠤᠶᠤᠯ ᠵᠢᠭᠤᠯᠴᠢᠯᠠᠯ ᠶ᠋ᠢᠡᠷ ᠤᠷᠤᠯᠭ᠎ᠠ ᠵᠢ ᠨᠡᠮᠡᠭᠳᠡᠭᠦᠯᠬᠦ》 ᠰᠠᠢᠨ ᠰᠠᠢᠬᠠᠨ ᠤᠷᠴᠢᠯ ᠢ᠋ ᠪᠤᠢ ᠪᠤᠯᠭᠠᠵᠤ᠂ ᠲᠠᠷᠢᠶᠠᠯᠠᠩ ᠤ᠋ᠨ ᠦᠶ᠋ᠯᠡᠳᠪᠦᠷᠢᠯᠡᠯ ᠨᠢ ᠰᠤᠳᠤᠯᠤᠨ ᠰᠤᠷᠤᠯᠴᠠᠬᠤ ᠳ᠋ᠦ ᠦᠶ᠋ᠯᠡᠳᠦᠯᠭᠡ ᠶ᠋ᠢᠨ ᠲᠠᠯᠠᠪᠤᠷ ᠪᠠ ᠵᠢᠭᠠᠨ ᠰᠤᠷᠭᠠᠯᠲᠠ ᠶ᠋ᠢᠨ ᠠᠭᠤᠯᠭ᠎ᠠ ᠬᠠᠩᠭᠠᠬᠤ᠂ ᠰᠤᠳᠤᠯᠤᠨ ᠰᠤᠷᠤᠯᠴᠠᠬᠤ ᠠᠵᠢᠯᠯᠠᠭ᠎ᠠ ᠨᠢ ᠵᠢᠭᠤᠯᠴᠢᠯᠠᠯ ᠤ᠋ᠨ ᠦᠢᠯᠡᠰ ᠲᠦ᠍ ᠬᠡᠷᠡᠭᠯᠡᠭᠴᠢ ᠬᠠᠡᠭᠭᠠᠬᠤ᠂ ᠵᠢᠭᠤᠯᠴᠢᠯᠠᠯ ᠤ᠋ᠨ ᠠᠱᠢᠭ ᠤᠷᠤᠯᠭ᠎ᠠ ᠨᠢ ᠳᠠᠬᠢᠨ ᠲᠠᠷᠢᠶᠠᠯᠠᠩ ᠤ᠋ᠨ ᠦᠢᠯᠡᠳᠪᠦᠷᠢᠯᠡᠯ ᠤ᠋ᠨ ᠳᠡᠰ ᠳᠡᠪᠰᠢᠯᠲᠡ ᠵᠢ ᠠᠬᠢᠭᠤᠯᠬᠤ ᠶ᠋ᠢ ᠪᠡᠶᠡᠯᠡᠭᠦᠯᠵᠤ᠂ ᠬᠠᠷᠢᠯᠴᠠᠨ ᠠᠬᠢᠭᠤᠯᠵᠤ ᠬᠠᠮᠳᠤ ᠪᠡᠷ ᠠᠰᠢᠭ ᠬᠦᠷᠲᠡᠬᠦ ᠰᠠᠢᠨ ᠰᠠᠢᠬᠠᠨ ᠪᠠᠢᠳᠠᠯ ᠢ᠋ ᠪᠤᠢ ᠪᠤᠯᠭᠠᠵᠠᠢ᠃ ᠡᠨᠡ ᠬᠦ᠌ ᠱᠢᠨ᠎ᠡ ᠵᠢ ᠡᠭᠦᠳᠦᠭᠰᠡᠨ ᠵᠠᠭ᠍ᠪᠤᠷ ᠨᠢ ᠭᠠᠵᠠᠷ ᠱᠢᠷᠣᠢ ᠶ᠋ᠢᠨ ᠡᠬᠢ ᠪᠠᠶᠠᠯᠢᠭ ᠢ᠋ ᠠᠮᠢᠯᠠᠭᠤᠯᠤᠭ᠍ᠰᠠᠨ ᠶ᠋ᠢᠡᠷ ᠪᠠᠷᠠᠬᠤ ᠦᠭᠡᠢ᠂ ᠬᠥᠳᠡᠭᠡ ᠨᠤᠳᠤᠭ ᠤ᠋ᠨ ᠡᠬᠢ ᠪᠠᠶᠠᠯᠢᠭ ᠤ᠋ᠨ ᠦᠷᠳᠡᠭ ᠢ᠋ ᠴᠦ᠍ ᠪᠦᠬᠦ᠌ ᠲᠠᠯ᠎ᠠ ᠪᠡᠷ ᠨᠡᠮᠡᠭᠳᠡᠭᠦᠯᠪᠡ᠃

ᠲᠦᠷᠦᠯ ᠵᠦᠢᠯ ᠤ᠋ᠨ ᠤᠷᠤᠨ ᠤ᠋ ᠣᠶᠤᠨᠴᠢ ᠡᠵᠡᠮᠱᠢᠯ ᠤ᠋ᠨ ᠲᠥᠪ ᠲᠦ᠍ ᠬᠦᠷᠪᠡᠯ᠂ ᠲᠤᠮᠤ ᠳᠡᠯᠭᠡᠴᠡ ᠳ᠋ᠤᠨᠢ ᠠᠮᠢ ᠠᠬᠤᠢ ᠶ᠋ᠢᠨ ᠰᠠᠭᠤᠷᠢᠨ ᠤ᠋ ᠡᠯ᠎ᠡ ᠵᠦᠢᠯ ᠤ᠋ᠨ ᠡᠵᠡᠩᠨᠡᠯᠲᠡ ᠶ᠋ᠢᠨ ᠲᠣᠭ᠎ᠠ ᠪᠠᠷᠢᠮᠲᠠ ᠲᠠᠰᠤᠷᠠᠯᠳᠠ ᠦᠭᠡᠢ ᠰᠢᠨᠡᠴᠢᠯᠡᠭᠳᠡᠨ᠎ᠡ᠃ ᠲᠦᠷᠦᠯ ᠵᠦᠢᠯ ᠤ᠋ᠨ ᠬᠢᠨ ᠣᠶᠤᠨᠴᠢ ᠬᠠᠮᠢᠶᠠᠷᠤᠯᠲᠠ ᠶ᠋ᠢᠨ ᠱᠢᠰᠲ᠋ᠧᠮ ᠶ᠋ᠢᠡᠷ ᠳᠠᠮᠵᠢᠨ ᠤᠷᠢᠳᠴᠢᠯᠠᠨ ᠪᠣᠯᠵᠣᠬᠤ᠂ ᠡᠬᠢ ᠪᠠᠶᠠᠯᠢᠭ ᠤ᠋ᠨ ᠲᠣᠬᠢᠷᠠᠭᠤᠯᠤᠯᠲᠠ ᠬᠢᠬᠦ᠂ ᠠᠮᠤᠷ ᠲᠦᠪᠱᠢᠨ ᠢ᠋ ᠬᠢᠨᠠᠨ ᠡᠵᠡᠮᠳᠡᠬᠦ ᠵᠡᠷᠭᠡ ᠴᠢᠳᠠᠮᠵᠢ ᠶ᠋ᠢᠨ ᠨᠢᠭᠡᠳᠦᠯᠲᠡᠶ ᠬᠠᠮᠢᠶᠠᠷᠤᠯᠲᠠ ᠵᠢ ᠪᠡᠶᠡᠯᠡᠭᠦᠯᠵᠦ᠂ ᠲᠣᠭ᠎ᠠ ᠪᠠᠷᠢᠮᠲᠠ ᠶ᠋ᠢᠨ ᠵᠠᠳᠠᠯᠤᠯᠲᠠ ᠪᠡᠷ ᠳᠠᠮᠵᠢᠨ ᠦᠶ᠋ᠯᠡᠳᠬᠦᠨ ᠪᠠ ᠦᠶ᠋ᠯᠡᠴᠢᠯᠡᠭᠡ ᠪᠠᠨ ᠰᠢᠯᠢᠳᠡᠭᠵᠢᠭᠦᠯᠤᠨ᠂ ᠬᠡᠷᠡᠭᠯᠡᠭᠴᠢᠳ ᠤ᠋ᠨ ᠬᠡᠷᠡᠭᠴᠡᠭᠡ ᠱᠠᠭᠠᠷᠳᠠᠯᠭ᠎ᠠ ᠶ᠋ᠢ ᠪᠦᠲᠦᠮᠵᠢᠳᠠᠢ ᠬᠠᠡᠭᠭᠠᠬᠤ ᠵᠢ ᠪᠠᠲᠤᠯᠠᠵᠤ᠂ ᠬᠠᠨᠤᠮᠵᠢᠳᠠᠢ ᠲᠦᠷᠦᠭᠳᠡᠯ ᠢ᠋ ᠨᠢ ᠨᠡᠮᠡᠭᠳᠡᠭᠦᠯᠵᠦ ᠪᠤᠢ᠃ ᠲᠠᠷᠢᠶᠠᠯᠠᠡᠭ ᠤ᠋ᠨ ᠲᠤᠭᠤᠷᠢᠭ ᠲᠦ᠍ ᠪᠠᠢᠭᠤᠯᠤᠭ᠍ᠰᠠᠨ ᠪᠠᠷᠢᠮᠵᠢᠶᠠᠵᠢᠭᠰᠡᠨ ᠲᠠᠷᠢᠶᠠᠯᠠᠭ᠎ᠠ ᠶ᠋ᠢᠨ ᠶᠠᠪᠤᠴᠠ ᠪᠠ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠢᠷᠡᠯᠲᠡ ᠵᠢ ᠮᠥᠷᠳᠡᠬᠦ᠌ ᠱᠢᠰᠲ᠋ᠧᠮ ᠨᠢ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠶᠠᠰᠤ ᠴᠢᠨᠠᠷ ᠢ᠋ ᠪᠠᠲᠤᠯᠠᠵᠤ᠂ ᠬᠡᠷᠡᠭ᠌ᠯᠡᠭ᠌ᠴᠢᠳ ᠤ᠋ᠨ ᠰᠠᠨᠠᠭ᠎ᠠ ᠠᠮᠦᠷ ᠵᠢᠡᠷ ᠬᠤᠳᠠᠯᠳᠤᠨ ᠠᠪᠬᠤ ᠵᠢ ᠪᠠᠳᠤᠯᠠᠵᠤ ᠪᠠᠢᠨ᠎ᠠ᠃

ᠲᠤᠰ ᠲᠥᠷᠥᠯ ᠵᠦᠶ᠋ᠯ ᠤ᠋ᠨ ᠱᠢᠨ᠎ᠡ ᠵᠢ ᠡᠭᠦᠳᠦᠭᠰᠡᠨ ᠬᠥᠭ᠌ᠵᠢᠯᠲᠡ ᠨᠢ ᠠᠵᠤ ᠠᠬᠤᠶ ᠶ᠋ᠢᠨ ᠦᠷ᠎ᠡ ᠠᠱᠢᠭ ᠠᠪᠴᠢᠷᠠᠭ᠍ᠰᠠᠨ ᠶ᠋ᠢᠡᠷ ᠪᠠᠷᠠᠬᠤ ᠥᠬᠡᠶ ᠬᠥᠳᠡᠭᠡ ᠲᠣᠰᠭᠣᠨ ᠤ᠋ ᠬᠦᠭᠵᠢᠯᠳᠡ ᠶ᠋ᠢᠨ ᠳᠣᠲᠣᠭᠠᠳᠤ ᠬᠥᠳᠡᠯᠭᠡᠬᠦ᠌ ᠬᠦᠴᠦᠨ ᠢ᠋ ᠴᠦ᠍ ᠬᠥᠭ᠌ᠵᠢᠭᠡᠵᠠᠢ᠃ ᠲᠦᠷᠦᠯ ᠵᠦᠢᠯ ᠤ᠋ᠨ ᠬᠢᠨ ᠤᠢᠷ᠎ᠠ ᠲᠣᠭᠣᠷᠢᠨ ᠤ᠋ ᠲᠤᠰᠬᠠᠢ ᠬᠤᠷᠱᠢᠶ᠎ᠠ ᠪᠣᠯᠤᠨ ᠲᠠᠷᠢᠶᠠᠯᠠᠬᠤ ᠡᠷᠤᠭᠡ ᠲᠡᠶ ᠬᠠᠮᠲᠤᠷᠠᠨ ᠠᠵᠢᠯᠯᠠᠬᠤ ᠪᠡᠷ ᠳᠠᠮᠵᠢᠨ 《ᠰᠠᠭᠤᠷᠢᠨ + ᠲᠠᠷᠢᠶᠠᠯᠠᠬᠤ ᠡᠷᠤᠭᠡ + ᠠᠵᠤ ᠠᠬᠤᠢᠯᠠᠯ》 ᠤ᠋ᠨ ᠬᠥᠭ᠌ᠵᠢᠯᠲᠡ ᠶ᠋ᠢᠨ ᠵᠠᠭ᠍ᠪᠤᠷ ᠢ᠋ ᠪᠦᠷᠢᠯᠳᠦᠭᠦᠯᠵᠤ᠂ ᠡᠵᠡᠩᠨᠡᠯᠲᠡ ᠶ᠋ᠢᠨ ᠬᠡᠯᠪᠡᠷᠢ ᠪᠡᠨ ᠪᠠᠶᠠᠯᠢᠭ᠍ᠵᠢᠭᠤᠯᠤᠭ᠍ᠰᠠᠨ ᠮᠥᠷᠲᠡᠭᠡᠨ ᠡᠤᠢᠷ᠎ᠠ ᠲᠣᠭᠣᠷᠢᠨ ᠤ᠋ ᠲᠠᠷᠢᠶᠠᠴᠢᠳ ᠢ᠋ ᠲᠠᠢ᠌ᠴᠢᠯᠡᠨ ᠣᠷᠣᠯᠭ᠎ᠠ ᠵᠢ ᠨᠢ ᠨᠡᠮᠡᠭ᠌ᠳᠡᠭᠦᠯᠪᠡ᠃ ᠯᠢ ᠴᠢᠡᠭ ᠭᠦᠸᠸ ᠶ᠋ᠢᠨ ᠲᠠᠨᠢᠯᠴᠠᠭᠤᠯᠤᠭᠰᠠᠨ ᠵᠢᠡᠷ᠂ ᠣᠳᠣᠬᠠᠨ ᠳ᠋ᠦ ᠲᠤᠰ ᠲᠥᠷᠥᠯ ᠵᠦᠶ᠋ᠯ ᠨᠢ ᠲᠤᠬᠠᠢ ᠶ᠋ᠢᠨ ᠭᠠᠵᠠᠷ ᠤ᠋ᠨ 30 ᠭᠠᠷᠤᠶ ᠲᠠᠷᠢᠶᠠᠴᠢᠨ ᠢ᠋ ᠣᠷᠳᠣ ᠬᠤᠭᠤᠴᠠᠭ᠎ᠠ ᠪᠡᠷ ᠤᠷᠢᠨ ᠬᠡᠷᠡᠭ᠌ᠯᠡᠵᠦ᠍᠂ ᠲᠠᠷᠢᠶ᠎ᠠ ᠲᠠᠷᠢᠬᠤ᠂ ᠦᠶ᠋ᠯᠡᠴᠢᠯᠡᠬᠦ ᠪᠠ ᠬᠠᠮᠢᠶᠠᠷᠬᠤ ᠵᠡᠷᠭᠡ ᠠᠵᠢᠯ ᠤ᠋ᠨ ᠪᠠᠢᠷᠢ᠎ᠬᠠᠡᠭᠭᠠᠨ᠂ ᠬᠥᠮᠦᠨ ᠳᠤᠮᠳᠠᠴᠢ ᠶ᠋ᠢᠨ ᠵᠢᠯ ᠤ᠋ᠨ ᠣᠷᠣᠯᠭ᠎ᠠ ᠵᠢ ᠨᠢ 2 — 4 ᠲᠦᠮᠡᠨ ᠲᠥᠭᠥᠷᠢᠭ᠎ᠨᠡᠮᠡᠭᠳᠡᠭᠦᠯᠵᠤ ᠪᠠᠢᠨ᠎ᠠ᠃ ᠡᠭᠦᠨ ᠤ᠋ ᠬᠠᠮᠲᠤ 200 ᠭᠠᠷᠤᠶ ᠲᠠᠷᠢᠶᠠᠯᠠᠬᠤ ᠡᠷᠦᠬᠡ ᠵᠢ ᠳᠠᠢᠴᠢᠯᠠᠨ ᠤᠨᠴᠠᠯᠢᠭ᠍ᠳᠤ ᠲᠠᠷᠢᠮᠠᠯ ᠳᠠᠷᠢᠬᠤ ᠳ᠋ᠦ ᠣᠷᠣᠯᠴᠠᠭᠤᠯᠵᠤ᠂ ᠡᠷᠦᠬᠡ ᠳᠤᠮᠳᠠᠴᠢ ᠶ᠋ᠢᠨ ᠣᠷᠣᠯᠭ᠎ᠠ ᠵᠢ ᠨᠢ 2 ᠲᠦᠮᠡᠨ ᠲᠥᠭᠥᠷᠢᠭ ᠨᠡᠮᠡᠭ᠌ᠳᠡᠭᠦᠯᠪᠡ᠃


5759877_baix_1762857707502.jpg


ᠡᠷᠳᠡᠨᠢ ᠰᠢᠰᠢ ᠬᠤᠷᠢᠶᠠᠯ᠎ᠠ


ᠲᠦᠷᠦᠯ ᠵᠦᠢᠯ ᠤ᠋ᠨ ᠬᠢᠨ ᠪᠤᠬᠢᠷᠳᠤᠯ ᠦᠭᠡᠢ ᠬᠦᠭᠵᠢᠯᠲᠡ ᠶ᠋ᠢᠨ ᠤᠢᠯᠠᠭᠠᠭᠳᠠᠬᠤᠨ ᠢ᠋ ᠠᠮᠢ ᠠᠬᠤᠢ ᠶ᠋ᠢᠨ ᠰᠠᠭᠤᠷᠢᠨ ᠤ᠋ ᠭᠤᠭᠴᠤᠭ᠎ᠠ ᠪᠤᠯᠭᠠᠨ ᠳ᠋ᠦ ᠠᠭᠤᠰᠤᠯᠴᠠᠭᠤᠯᠵᠤ᠂ ᠤᠰᠤ ᠠᠷᠪᠢᠯᠠᠬᠤ ᠣᠶᠤᠨᠴᠢ ᠤᠰᠤᠯᠠᠯᠲᠠ ᠶ᠋ᠢᠨ ᠱᠢᠰᠲ᠋ᠧᠮ ᠨᠢ ᠬᠥᠷᠥᠰᠥ᠍ ᠱᠢᠷᠣᠶ ᠶ᠋ᠢᠨ ᠴᠢᠭᠢᠭ ᠤ᠋ᠨ ᠬᠡᠮᠵᠢᠶ᠎ᠡ ᠵᠢ ᠦᠨᠳᠦᠰᠦᠯᠡᠨ ᠤᠰᠤᠯᠠᠯᠲᠠ ᠶ᠋ᠢᠨ ᠬᠡᠮᠵᠢᠶ᠎ᠡ ᠵᠢ ᠠᠦ᠋ᠲ᠋ᠣ᠋ ᠪᠡᠷ ᠲᠣᠬᠢᠷᠠᠭᠤᠯᠵᠤ᠂ ᠵᠢᠯ ᠳ᠋ᠦ ᠲᠦᠮᠡᠨ ᠲᠣᠨ ᠤᠰᠤ ᠠᠷᠪᠢᠯᠠᠵᠤ ᠪᠠᠢᠨ᠎ᠠ᠃ ᠭᠡᠭᠡᠷ᠎ᠠ ᠪᠠᠭᠤᠳᠠᠯᠯᠠᠬᠤ ᠭᠠᠵᠠᠷ ᠨᠢ 《ᠬᠤᠭ ᠦᠯᠡᠳᠡᠭᠡᠬᠦ ᠦᠭᠡᠢ》᠂ 《ᠪᠠᠭ᠎ᠠ ᠨᠡᠭᠦᠷᠡᠰᠦᠳ᠋ᠦ᠋ᠷᠦᠭᠴᠢᠳᠦ》 ᠣᠢᠯᠠᠭᠠᠭ᠍ᠳᠠᠬᠤᠨ ᠢ᠋ ᠦᠢᠯᠡᠳᠦᠯᠭᠡᠵᠢᠭᠦᠯᠵᠦ᠂ ᠵᠢᠯ ᠳᠤᠮᠳᠠᠴᠢ ᠪᠡᠷ 500 ᠺᠢᠯᠣᠭ᠌ᠷᠠᠮ ᠰᠦᠯᠢᠶᠣᠣ ᠶ᠋ᠢᠨ ᠬᠡᠷᠡᠭᠯᠡᠭᠡ ᠶ᠋ᠢ ᠪᠠᠭᠠᠰᠬᠠᠵᠤ ᠪᠠᠢᠨ᠎ᠠ᠃ ᠰᠤᠳᠤᠯᠤᠨ ᠰᠤᠷᠤᠯᠴᠠᠬᠤ ᠬᠢᠴᠢᠶᠡᠯ ᠨᠢ ᠣᠷᠴᠢᠨ ᠲᠣᠭᠣᠷᠢᠨ ᠢ᠋ ᠬᠠᠮᠠᠭᠠᠯᠠᠬᠤ ᠠᠭᠤᠯᠭ᠎ᠠ ᠲᠤᠬᠢᠷᠠᠭᠤᠯᠵᠤ᠂ ᠵᠢᠯ ᠳᠤᠮᠳᠠᠴᠢ ᠪᠡᠷ 1.5 ᠲᠦᠮᠡᠨ ᠰᠤᠷᠤᠭ᠍ᠴᠢ ᠳ᠋ᠦ ᠬᠦᠮᠦᠵᠢᠯ ᠬᠦᠷᠲᠡᠭᠡᠵᠦ ᠪᠠᠢᠨ᠎ᠠ᠃

《ᠪᠢᠳᠡ ᠦᠷᠭᠦᠯᠵᠢᠯᠡᠬᠦ᠌ ᠬᠥᠭ᠌ᠵᠢᠯᠲᠡ ᠶ᠋ᠢᠨ ᠣᠢᠯᠠᠭᠠᠭ᠍ᠳᠠᠬᠤᠨ ᠢ᠋ ᠡᠨᠳᠡ ᠦᠨᠳᠦᠰᠦᠯᠡᠭᠦᠯᠵᠦ᠂ ᠠᠵᠤ ᠠᠬᠤᠢ ᠵᠢ ᠬᠥᠭ᠌ᠵᠢᠭᠦᠯᠬᠦ᠌ ᠪᠡᠷ ᠪᠠᠷᠠᠬᠤ ᠦᠭᠡᠢ᠂ ᠨᠡᠩ ᠴᠤ᠌ ᠣᠷᠣᠱᠢᠨ ᠰᠠᠭᠤᠷᠢᠱᠢᠬᠤ ᠳ᠋ᠦ ᠲᠣᠬᠢᠷᠠᠮᠵᠢᠲᠠᠢ ᠤᠷᠴᠢᠨ ᠨᠦᠬᠦᠴᠡᠯ ᠢ᠋ ᠪᠤᠢ ᠪᠤᠯᠭᠠᠨ᠎ᠠ》 ᠭᠡᠵᠦ ᠯᠢ ᠴᠢᠡᠭ ᠭᠦᠸᠸ ᠶᠠᠷᠢᠵᠤ ᠪᠠᠢᠯ᠎ᠠ᠃ ᠡᠢᠨ ᠬᠦ᠌ ᠪᠠᠷᠢᠮᠳᠠᠯᠠᠯ ᠨᠢ ᠠᠵᠤ ᠠᠬᠤᠢ ᠪᠠ ᠠᠮᠢ ᠠᠬᠤᠢ ᠶ᠋ᠢᠨ ᠬᠤᠤᠰ ᠦᠷ᠎ᠡ ᠠᠰᠢᠭ ᠢ᠋ ᠡᠭᠦᠳᠴᠠᠢ᠃

ᠤᠯᠠᠮᠵᠢᠯᠠᠯᠲᠤ ᠲᠠᠷᠢᠶᠠᠯᠠᠬᠤ ᠤᠷᠤᠨ ᠡᠴᠡ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶ᠋ᠯᠡᠰ ᠢ᠋ ᠠᠭᠤᠰᠤᠯᠴᠠᠭᠤᠯᠤᠨ ᠬᠦᠭᠵᠢᠭᠦᠯᠦᠭᠰᠡᠨ ᠱᠢᠨ᠎ᠡ ᠵᠢ ᠡᠭᠦᠳᠬᠦ᠌ ᠦᠶ᠋ᠯᠡᠳᠦᠯᠭᠡ ᠶ᠋ᠢᠨ ᠤᠷᠤᠨ ᠪᠤᠯᠳᠠᠯ᠎ᠠ᠂ ᠶᠦᠨ ᠵᠦᠩ ᠶᠢᠦ ᠷᠠᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠶᠡᠷᠦᠡᠭᠬᠡᠢᠯᠡᠭᠰᠡᠨ ᠴᠤᠭᠴᠠ ᠶ᠋ᠢᠨ ᠲᠦᠷᠦᠯ ᠵᠦᠢᠯ ᠨᠢ ᠵᠢᠯ ᠤ᠋ᠨ 2 ᠲᠦᠮᠡ ᠭᠠᠷᠤᠢ ᠬᠡᠷᠡᠭᠯᠡᠭᠴᠢ ᠳ᠋ᠤ ᠦᠢᠯᠡᠴᠢᠯᠡᠵᠦ᠂ ᠡᠵᠡᠩᠨᠡᠯᠲᠡ ᠶ᠋ᠢᠨ ᠣᠷᠣᠯᠭ᠎ᠠ ᠨᠢ 300 ᠲᠦᠮᠡᠨ ᠲᠥᠭᠥᠷᠢᠭ ᠢ᠋ ᠳᠠᠪᠠᠬᠤ ᠶ᠋ᠢᠨ ᠬᠠᠮᠳᠤ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠦ ᠨᠠᠨᠳᠢᠨ ᠲᠤᠷᠱᠢᠯᠭ᠎ᠠ ᠬᠠᠩᠭᠠᠵᠠᠢ᠃ ᠵᠢᠱ᠌ᠢᠯᠳᠠ ᠪᠡᠷ 2027 ᠤᠨ ᠪᠤᠯᠬᠤ ᠳ᠋ᠤ ᠡᠵᠡᠩᠨᠡᠯᠳᠡ ᠶ᠋ᠢᠨ ᠤᠷᠤᠯᠭ᠎ᠠ ᠨᠢ 500 ᠲᠦᠮᠡᠨ ᠲᠦᠭᠦᠷᠢᠭ ᠲᠤ᠌ ᠬᠦᠷᠴᠤ᠂ ᠠᠰᠢᠭ ᠤᠯᠵᠠᠪᠤᠷᠢ ᠨᠢ 150 ᠲᠦᠮᠡᠨ ᠲᠦᠭᠦᠷᠢᠭ ᠲᠤ᠌ ᠬᠦᠷᠬᠦ ᠪᠤᠯᠤᠨ᠎ᠠ᠃ ᠲᠤᠰ ᠲᠦᠷᠦᠯ ᠵᠦᠢᠯ ᠨᠢ ᠴᠢᠭ᠌ᠯᠡᠯ ᠶ᠋ᠢᠡᠨ ᠤᠨᠤᠪᠴᠢᠳᠠᠢ ᠲᠤᠭᠲᠠᠭᠠᠨ ᠵᠣᠷᠢᠭ᠍ᠲᠠᠢ ᠪᠡᠷ ᠱᠢᠨ᠎ᠡ ᠵᠢ ᠡᠭᠦᠳᠬᠦ ᠳ᠋ᠤ ᠬᠦᠷᠪᠡᠯ ᠬᠥᠳᠡᠭᠡ ᠲᠣᠰᠭᠣᠨ ᠳ᠋ᠤ ᠬᠢᠵᠠᠭᠠᠯᠠᠰᠢ ᠦᠭᠡᠢ ᠬᠦᠭᠵᠢᠯᠳᠡ ᠶ᠋ᠢᠨ ᠤᠷᠤᠨ ᠵᠠᠢ ᠲᠠᠢ ᠪᠠᠢᠬᠤ ᠶ᠋ᠢ ᠮᠠᠷᠭᠤᠰᠢ ᠦᠬᠡᠢ ᠭᠡᠷᠡᠴᠢᠯᠡᠪᠠ᠃

(ᠭᠡᠷᠡᠯ ᠵᠢᠷᠤᠭ ᠢ᠋ ᠥᠪᠥᠷ ᠮᠣᠩᠭᠣᠯ ᠤ᠋ᠨ ᠶᠦᠨ ᠵᠦᠩ ᠶᠢᠦ ᠷᠠᠨ ᠲᠠᠷᠢᠶᠠᠯᠠᠡᠭ ᠤ᠋ᠨ ᠬᠥᠭ᠌ᠵᠢᠬᠦᠯᠤᠯᠲᠡ ᠶ᠋ᠢᠨ ᠬᠢᠵᠠᠭᠠᠷᠲᠤ ᠺᠣᠮᠫᠠᠨᠢ ᠡᠴᠡ ᠬᠠᠩᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号