《ᠨᠡᠢᠭᠡᠮ᠎ᠦᠨ ᠠᠵᠢᠯᠲᠠᠨ᠎ᠤ ᠠᠵᠢᠯ ᠮᠡᠷᠭᠡᠵᠢᠯ᠎ᠦᠨ ᠬᠢᠷᠢ ᠲᠦᠪᠰᠢᠨ᠎ᠦ ᠦᠨᠡᠮᠯᠡᠯ᠎ᠢ ᠳᠠᠩᠰᠠᠯᠠᠬᠤ ᠠᠷᠭ᠎ᠠ》 ᠢ᠋ᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢᠨ ᠠᠵᠢᠯ᠎ᠤᠨ ᠲᠣᠬᠢᠷᠠᠭᠤᠯᠤᠯᠲᠠ ᠪᠠᠢᠷᠢᠯᠠᠭᠤᠯᠤᠯᠲᠠ᠎ᠶᠢ ᠦᠨᠳᠦᠰᠦᠯᠡᠨ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ 2025 ᠣᠨ᠎ᠤ ᠦᠪᠦᠷ ᠮᠤᠩᠭᠤᠯ᠎ᠤᠨ ᠨᠡᠢᠭᠡᠮ᠎ᠦᠨ ᠠᠵᠢᠯᠲᠠᠨ᠎ᠤ ᠠᠵᠢᠯ ᠮᠡᠷᠭᠡᠵᠢᠯ᠎ᠦᠨ ᠬᠢᠷᠢ ᠲᠦᠪᠰᠢᠨ᠎ᠦ ᠦᠨᠡᠮᠯᠡᠯ᠎ᠢ ᠳᠠᠩᠰᠠᠯᠠᠬᠤ ᠠᠵᠢᠯ᠎ᠢ ᠥᠷᠨᠢᠭᠦᠯᠵᠦ ᠪᠤᠢ᠃
ᠲᠠᠩᠰᠠᠯᠠᠬᠤ ᠴᠠᠬ᠄
2025 ᠣᠨ᠎ᠤ 11 ᠰᠠᠷ᠎ᠠ᠎ᠶᠢᠨ 3᠎ᠤ᠋ ᠡᠳᠦᠷ᠎ᠡᠴᠡ 2025 ᠣᠨ᠎ᠤ 12 ᠰᠠᠷ᠎ᠠ᠎ᠶᠢᠨ 31 ᠤ᠋ ᠡᠲᠦᠷ᠃
ᠳᠠᠩᠰᠠᠯᠠᠬᠤ ᠬᠡᠪᠴᠢᠶ᠎ᠡ᠄
ᠨᠡᠢᠭᠡᠮ᠎ᠦᠨ ᠠᠵᠢᠯᠲᠠᠨ᠎ᠤ ᠠᠵᠢᠯ ᠮᠡᠷᠭᠡᠵᠢᠯ᠎ᠦᠨ ᠬᠢᠷᠢ ᠲᠦᠪᠰᠢᠨ᠎ᠦ ᠦᠨᠡᠮᠯᠡᠯ᠎ᠦᠨ ᠳᠠᠩᠰᠠᠯᠠᠯ ᠢ᠋ ᠠᠩᠬ᠎ᠠ ᠤᠳᠠᠭ᠎ᠠ ᠳᠠᠩᠰᠠᠯᠠᠬᠤ ᠪᠠ ᠳᠠᠬᠢᠨ ᠳᠠᠩᠰᠠᠯᠠᠬᠤ ᠭᠡᠵᠦ ᠬᠤᠪᠢᠶᠠᠨ᠎ᠠ᠃
(ᠨᠢᠭᠡ) ᠠᠩᠬ᠎ᠠ ᠤᠳᠠᠭ᠎ᠠ ᠳᠠᠩᠰᠠᠯᠠᠬᠤ ᠬᠡᠪᠴᠢᠶ᠎ᠡ
ᠦᠢᠯᠡᠴᠢᠯᠡᠭᠡᠨ᠎ᠦ ᠭᠠᠵᠠᠷ ᠣᠷᠣᠨ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠪᠠᠢᠵᠤ᠂ ᠠᠩᠬ᠎ᠠ ᠤᠳᠠᠭ᠎ᠠ ᠪᠥᠬᠥ ᠤᠯᠤᠰ᠎ᠤᠨ ᠨᠡᠢᠭᠡᠮ᠎ᠦᠨ ᠠᠵᠢᠯᠲᠠᠨ᠎ᠤ ᠠᠵᠢᠯ ᠮᠡᠷᠭᠡᠵᠢᠯ᠎ᠦᠨ ᠬᠢᠷᠢ ᠲᠦᠪᠰᠢᠨ᠎ᠦ ᠰᠢᠯᠭᠠᠯᠲᠠ᠎ᠳᠤ ᠬᠢᠷᠢ ᠲᠡᠩᠴᠡᠭᠰᠡᠨ᠂ ᠨᠡᠢᠭᠡᠮ᠎ᠦᠨ ᠠᠵᠢᠯᠲᠠᠨ᠎ᠤ ᠠᠵᠢᠯ ᠮᠡᠷᠭᠡᠵᠢᠯ᠎ᠦᠨ ᠬᠢᠷᠢ ᠲᠦᠪᠰᠢᠨ᠎ᠦ ᠦᠨᠡᠮᠯᠡᠯ ᠣᠯᠣᠭᠰᠠᠨ ᠨᠡᠢᠭᠡᠮ᠎ᠦᠨ ᠠᠵᠢᠯᠲᠠᠨ᠃
(ᠬᠣᠶᠠᠷ) ᠲᠠᠬᠢᠨ ᠳᠠᠩᠰᠠᠯᠠᠬᠤ ᠬᠡᠪᠴᠢᠶ᠎ᠡ
ᠦᠢᠯᠡᠴᠢᠯᠡᠭᠡᠨ᠎ᠦ ᠭᠠᠵᠠᠷ ᠣᠷᠣᠨ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠪᠠᠢᠵᠤ᠂ ᠨᠢᠭᠡᠨᠲᠡ ᠨᠡᠢᠭᠡᠮ᠎ᠦᠨ ᠠᠵᠢᠯᠲᠠᠨ᠎ᠤ ᠠᠵᠢᠯ ᠮᠡᠷᠭᠡᠵᠢᠯ᠎ᠦᠨ ᠬᠢᠷᠢ ᠲᠦᠪᠰᠢᠨ᠎ᠦ ᠦᠨᠡᠮᠯᠡᠯ ᠣᠯᠣᠭᠰᠠᠨ ᠪᠥᠭᠡᠳ ᠡᠭᠦᠨ᠎ᠡᠴᠡ ᠡᠮᠦᠨ᠎ᠡ ᠶᠡᠷᠦ᠎ᠡᠴᠡ ᠠᠩᠬ᠎ᠠ ᠤᠳᠠᠭ᠎ᠠ ᠳᠡᠩᠰᠡᠯᠡᠵᠦ ᠥᠩᠭᠡᠷᠡᠭᠰᠡᠨ ᠦᠭᠡᠢ᠂ ᠡᠰᠡᠬᠦᠯ᠎ᠡ ᠳᠠᠩᠰᠠᠯᠠᠯᠲᠠ᠎ᠶᠢᠨ ᠬᠦᠴᠦᠨ᠎ᠲᠠᠢ ᠬᠤᠭᠤᠴᠠᠭ᠎ᠠ (3 ᠵᠢᠯ) ᠨᠢ ᠨᠢᠭᠡᠨᠲᠡ ᠬᠤᠭᠤᠴᠠᠭ᠎ᠠ ᠠ᠋ᠴᠠ ᠬᠡᠲᠦᠷᠡᠭᠰᠡᠨ ᠦᠨᠡᠮᠯᠡᠯ᠎ᠲᠠᠢ ᠨᠡᠢᠭᠡᠮ᠎ᠦᠨ ᠠᠵᠢᠯᠲᠠᠨ᠃
ᠳᠠᠩᠰᠠᠯᠠᠬᠤ ᠬᠡᠯᠪᠡᠷᠢ᠄
ᠲᠣᠰ ᠤᠳᠠᠭᠠᠨ᠎ᠤ ᠳᠠᠩᠰᠠᠯᠠᠯᠲᠠ᠎ᠶᠢᠨ ᠠᠵᠢᠯ᠎ᠢ ᠰᠦᠯᠵᠢᠶᠡᠨ ᠳᠡᠭᠡᠷ᠎ᠡ ᠳᠠᠩᠰᠠᠯᠠᠬᠤ ᠠᠷᠭ᠎ᠠ ᠮᠠᠶᠢᠭ᠋᠎ᠢᠶᠠᠷ 《ᠪᠥᠬᠥ ᠤᠯᠤᠰ᠎ᠤᠨ ᠨᠡᠢᠭᠡᠮ᠎ᠦᠨ ᠠᠵᠢᠯ᠎ᠤᠨ ᠮᠡᠳᠡᠭᠡ ᠵᠠᠩᠭᠢ᠎ᠶᠢᠨ ᠰᠢᠰᠲᠧᠮ》 ᠳ᠋ᠤ ᠲᠦᠰᠢᠭᠯᠡᠨ ᠶᠠᠪᠤᠭᠳᠠᠭᠤᠯᠤᠨ᠎ᠠ᠃ ᠦᠨᠡᠮᠯᠡᠯ᠎ᠲᠠᠢ ᠨᠡᠢᠭᠡᠮ᠎ᠦᠨ ᠠᠵᠢᠯᠲᠠᠳ ᠳᠤᠮᠳᠠᠳᠤ ᠤᠯᠤᠰ᠎ᠤᠨ ᠨᠡᠢᠭᠡᠮ᠎ᠦᠨ ᠠᠵᠢᠯ᠎ᠤᠨ ᠰᠦᠯᠵᠢᠶ᠎ᠡ (https://shgz.mca.gov.cn)᠎ᠳ᠋ᠤ ᠭᠠᠷᠴᠤ ᠱᠠᠭᠠᠷᠳᠠᠯᠭ᠎ᠠ ᠶᠣᠰᠣᠭᠠᠷ ᠵᠣᠬᠢᠬᠤ ᠳᠠᠩᠰᠠᠯᠠᠭᠤᠯᠬᠤ ᠭᠤᠶᠤᠴᠢᠯᠠᠯ᠎ᠢᠶᠠᠨ ᠲᠤᠰᠢᠶᠠᠵᠤ᠂ ᠬᠢᠨᠠᠨ ᠬᠠᠷᠭᠤᠭᠤᠯᠤᠭᠠᠳ ᠪᠠᠲᠤᠯᠠᠭᠰᠠᠨ᠎ᠤ ᠳᠠᠷᠠᠭ᠎ᠠ ᠳᠡᠩᠰᠡᠯᠡᠨᠠ᠃