ᠪᠠᠶᠠᠨᠰᠠᠢᠨ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ ᠎ᠤᠨ ᠬᠣᠷᠢᠶ᠎ᠠ ᠄ ᠨᠠᠮ ᠠᠷᠠᠳ᠎ᠤᠨ ᠰᠡᠳᠭᠢᠯ᠎ᠢ ᠬᠣᠯᠪᠣᠵᠤ ᠲᠦᠭ ᠲᠦᠮᠡᠨ ᠠᠢᠯ ᠡᠷᠦᠬᠡ᠎ᠶ᠋ᠢ ᠳᠤᠯᠠᠭᠠᠴᠡᠭᠤᠯᠤᠨ᠎ᠠ
2025-11-15 12:25:25
ᠵᠣᠬᠢᠶᠠᠭ᠍ᠴᠢ᠄
ᠬᠤᠤ ᠪᠢᠶᠤᠤ
ᠣᠩᠱᠢᠭ᠍ᠰᠠᠨ ᠣᠳᠠᠭ᠎ᠠ᠄
★★★☆☆

ᠡᠪᠦᠯ᠎ᠦᠨ ᠡᠬᠢᠨ᠎ᠤ ᠦᠬᠠᠢ ᠬᠤᠳᠠ ᠳ᠋ᠦ ᠬᠦᠢᠳᠡᠨ᠎ᠤ ᠡᠷᠴᠢ ᠴᠢᠩᠭᠠᠷᠠᠯ᠎ᠠ᠂ ᠭᠡᠪᠡᠴᠦ ᠤᠳᠠ᠎ᠵᠢᠨ ᠲᠤᠬᠤᠢ ᠲᠣᠭᠣᠷᠢᠭ᠎ᠤᠨ ᠪᠠᠶᠠᠨᠰᠠᠢ᠌ᠨ ᠵᠡᠭᠡᠯᠢ ᠭᠤᠳᠤᠮᠵᠢ᠎ᠶ᠋ᠢᠨ ᠰᠢᠩ ᠹᠦ ᠨᠡᠢᠭᠡᠮ ᠲᠣᠭᠣᠷᠢᠭ᠎ᠤᠨ ᠵᠢᠩ᠎ᠲᠡᠶ ᠰᠠᠭᠤᠭᠠᠯᠢ ᠠᠷᠠᠳ᠎ᠤᠨ ᠲᠣᠭᠣᠷᠢᠭ᠎ᠤᠨ 《ᠯᠧ ᠯᠢᠩ ᠰᠤᠷᠭᠠᠭᠤᠯᠢ》 ᠶ᠋ᠢᠨ ᠬᠥᠳᠡᠯᠭᠡᠭᠡᠨ᠎ᠦ ᠲᠠᠰᠤᠭ᠎ᠲᠤ ᠳᠤᠯᠠᠭᠠᠨ ᠲᠠᠪᠠᠲᠠᠢ ᠪᠠᠢᠵᠤ᠂ ᠴᠤᠭ ᠵᠤᠯᠢ ᠪᠠᠳᠠᠷᠠᠭᠰᠠᠨ 8 ᠨᠠᠰᠤᠲᠠᠨ ᠬᠠᠮᠲᠤ ᠰᠠᠭᠤᠯᠴᠠᠨ ᠱᠢᠨ᠎ᠡ ᠰᠤᠷᠤᠭᠰᠠᠨ ᠡᠾᠧᠨᠠᠨ ᠵᠦᠴᠦᠭᠡ᠎ᠪᠡᠨ ᠲᠣᠭ᠍ᠯᠠᠨ ᠪᠣᠯᠪᠠᠰᠤᠷᠠᠨ᠎ᠠ᠃ ᠤᠶᠠᠬᠠᠨ ᠠᠶᠠᠲᠠᠢ ᠳᠠᠭᠤᠯᠠᠯᠭ᠎ᠠ᠂ ᠢᠷᠠᠭᠤ ᠰᠠᠢᠬᠠᠨ ᠬᠣᠶᠠᠷ ᠤᠲᠠᠰᠤᠲᠤ ᠬᠤᠭᠤᠷ᠎ᠤᠨ ᠲᠠᠭᠤᠨ᠂ ᠴᠡᠭᠡᠯᠬᠡᠨ ᠬᠠᠩᠬᠢᠨᠠᠮ᠎ᠠ ᠪᠠᠩᠽᠢ᠎ᠶ᠋ᠢᠨ ᠲᠠᠭᠤᠨ ᠨᠡᠢᠯᠡᠭᠡᠳ᠂ ᠨᠠᠰᠤᠲᠠᠢᠴᠤᠳ᠎ᠤᠨ ᠴᠢᠷᠠᠢ ᠳᠦᠭᠦᠷᠡᠩ ᠵᠣᠯ ᠵᠢᠷᠭᠠᠯᠲᠦ ᠢᠨᠢᠶᠡᠳᠦ᠍᠎ᠶ᠋ᠢ ᠳᠤᠪᠤᠢᠯᠭᠠᠨ᠎ᠠ᠃

《ᠨᠡᠢᠭᠡᠮ ᠲᠣᠭᠣᠷᠢᠭ᠎ᠤᠨ ᠨᠠᠮ᠎ᠤᠨ ᠬᠣᠷᠢᠢ᠎ᠠ ᠡᠨᠡ ᠬᠦ᠌ ᠬᠦᠳᠡᠯᠭᠡᠭᠡᠨ᠎ᠤ ᠲᠠᠯᠠᠪᠤᠷ᠎ᠢ ᠪᠠᠢᠭᠤᠯᠤᠭ᠍ᠰᠠᠨ᠎ᠡᠴᠡ ᠨᠠᠭᠠᠰᠢ᠂ ᠲᠩᠷᠢ ᠬᠦᠢᠲᠡᠷᠡᠵᠦ᠍ ᠪᠣᠷᠣᠭᠠᠨ ᠤᠷᠤᠭ᠍ᠰᠠᠨ ᠴᠤ᠌ ᠪᠢᠳᠡ ᠣᠴᠢᠬᠤ ᠭᠠᠵᠠᠷ᠎ᠲᠠᠶ ᠪᠣᠯᠵᠠᠢ᠂ ᠪᠢᠳᠡ ᠡᠨᠳᠡ ᠰᠠᠨᠠᠯ᠎ᠢᠶᠠᠨ ᠰᠣᠯᠢᠯᠴᠠᠨ ᠵᠥᠪᠳᠡᠯᠴᠡᠵᠦ᠍᠂ ᠥᠲᠡᠯᠦᠭᠡ ᠨᠠᠰᠤᠨ᠎ᠤ ᠠᠮᠢᠳᠤᠷᠠᠯ᠎ᠳᠤ ᠪᠠᠶᠠᠷ ᠪᠠᠬᠠᠳᠤᠯ ᠨᠡᠮᠡᠷᠢᠯᠡᠪᠡ》᠃ ᠡᠨᠡ ᠵᠢᠯ 65 ᠨᠠᠰᠤᠲᠠᠢ ᠸᠠᠩ ᠠᠢ ᠫᠢᠩ ᠪᠣᠯ ᠡᠨᠡ ᠬᠦ᠌ ᠡᠾᠧᠨᠠᠨ ᠵᠦᠴᠦᠭᠡ᠎ᠶ᠋ᠢᠨ ᠪᠦᠯᠬᠦᠮ᠎ᠦᠨ ᠳᠠᠷᠤᠭ᠎ᠠ ᠪᠣᠯᠤᠨ᠎ᠠ᠂ ᠭᠠᠷᠠᠭ ᠪᠦᠷᠢ ᠲᠡᠳᠡᠨ᠎ᠦ ᠠᠷᠪᠠᠨ ᠬᠡᠳᠦᠨ ᠡᠾᠧᠨᠠᠨ ᠵᠦᠴᠦᠭᠡ᠎ᠶ᠋ᠢᠨ ᠪᠠᠬᠠᠳᠠᠳ ᠡᠨᠳᠡ ᠴᠤᠭ᠍ᠯᠠᠷᠠᠨ ᠲᠣᠭ᠍ᠯᠠᠯᠲᠠ᠎ᠪᠠᠨ ᠪᠣᠯᠪᠠᠰᠤᠷᠠᠳᠠᠭ᠃

ᠡᠳᠦᠭᠡ᠂ ᠡᠨᠡ ᠬᠦ᠌ ᠰᠢᠩ ᠹᠦ ᠨᠡᠢᠭᠡᠮ ᠲᠣᠭᠣᠷᠢᠭ᠎ᠤᠨ ᠨᠠᠮ᠎ᠤᠨ ᠬᠣᠷᠢᠢ᠎ᠠ᠎ᠡᠴᠡ ᠨᠠᠷᠢᠨ ᠨᠢᠮᠪᠠᠢ ᠴᠣᠭ᠍ᠴᠠᠯᠠᠭ᠍ᠰᠠᠨ ᠬᠦᠳᠡᠯᠭᠡᠭᠡᠨ᠎ᠤ ᠭᠠᠵᠠᠷ ᠨᠢ ᠨᠠᠰᠤᠲᠠᠢᠴᠤᠳ᠎ᠢ ᠥᠲᠡᠯᠦᠭᠡ ᠨᠠᠰᠤᠨ᠎ᠳᠠᠭᠠᠨ ᠪᠠᠶᠠᠷ ᠪᠠᠶᠠᠰᠤᠯ᠎ᠲᠠᠶ ᠪᠣᠯᠭᠠᠬᠤ᠎ᠪᠠᠷ ᠪᠠᠷᠠᠬᠤ ᠦᠬᠡᠢ᠂ ᠨᠡᠩ ᠴᠤ᠌ ᠲᠡᠳᠡᠨ᠎ᠦ ᠨᠡᠢᠭᠡᠮ ᠲᠣᠭᠣᠷᠢᠭ᠎ᠲᠤ ᠠᠴᠢ ᠬᠠᠷᠢᠭᠤᠯᠠᠬᠤ ᠬᠠᠯᠠᠭᠤᠨ ᠰᠡᠳᠭᠢᠯᠭᠡ᠎ᠶ᠋ᠢ ᠨᠢ ᠬᠥᠭ᠌ᠵᠢᠭᠡᠵᠡᠢ᠃ 《ᠤᠳᠤ ᠨᠡᠢᠭᠡᠮ ᠲᠣᠭᠣᠷᠢᠭ᠎ᠲᠤ ᠰᠣᠶᠣᠯ᠎ᠤᠨ ᠲᠣᠭ᠍ᠯᠠᠯᠲᠠ ᠪᠠᠢᠬᠤ᠎ᠳᠤ ᠯᠠ ᠬᠦᠷᠪᠡᠯ᠂ ᠪᠢᠳᠡ ᠪᠦᠷ ᠢᠳᠡᠪᠬᠢᠲᠡᠢ ᠣᠷᠣᠯᠴᠠᠵᠤ᠂ ᠥᠪᠡᠷ ᠎ᠦᠨ ᠠᠷᠭ᠎ᠠ ᠬᠡᠯᠪᠡᠷᠢ᠎ᠪᠡᠷ᠎ᠢᠶᠡᠨ ᠠᠢᠯ ᠰᠠᠭᠠᠬᠠᠯᠲᠠ᠎ᠳᠠᠭᠠᠨ ᠪᠠᠶᠠᠷ ᠪᠠᠶᠠᠰᠤᠯ᠎ᠬᠦᠷᠭᠡᠨ᠎ᠡ!》 ᠭᠡᠵᠦ ᠸᠠᠩ ᠠᠢ ᠫᠢᠩ ᠣᠮᠣᠭ ᠪᠠᠬᠠᠳᠤᠯ ᠲᠠᠢ  ᠬᠡᠯᠡᠨ᠎ᠡ᠃

ᠰᠢᠩ ᠹᠦ ᠨᠡᠢᠭᠡᠮ ᠲᠣᠭᠣᠷᠢᠭ᠎ᠤᠨ ᠵᠢᠩ ᠎ᠲᠡᠶ ᠰᠠᠭᠤᠭᠠᠯᠢ ᠠᠷᠠᠳ᠎ᠤᠨ ᠲᠣᠭᠣᠷᠢᠭ ᠎ᠲᠤ ᠨᠠᠰᠤᠲᠠᠢᠴᠤᠳ ᠣᠯᠠᠩᠬᠢ ᠲᠣᠭ᠎ᠠ ᠎ᠶ᠋ᠢ ᠡᠵᠡᠯᠡᠵᠦ᠍ ᠪᠤᠢ᠂ ᠬᠡᠷᠬᠢᠨ ᠪᠤᠭᠤᠷᠤᠯᠴᠤᠳ᠎ᠲᠤ ᠨᠠᠩ ᠰᠠᠢᠲᠤᠷ ᠦᠶ᠋ᠯᠡᠴᠢᠯᠡᠵᠦ᠍᠂ ᠲᠡᠳᠡᠨ᠎ᠢ ᠥᠲᠡᠯᠦᠭᠡ ᠨᠠᠰᠤᠨ᠎ᠳᠠᠭᠠᠨ ᠪᠠᠶᠠᠷ ᠪᠠᠶᠠᠰᠤᠯ᠎ᠲᠠᠶ᠂ ᠥᠲᠡᠯᠦᠭᠡ ᠨᠠᠰᠤᠨ᠎ᠳᠠᠭᠠᠨ ᠬᠢᠬᠦ᠌ ᠠᠵᠢᠯ᠎ᠲᠠᠶ ᠪᠣᠯᠭᠠᠬᠤ ᠨᠢ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ᠎ᠵᠢᠨ ᠬᠦᠴᠦᠯᠡᠨ ᠱᠢᠶ᠋ᠳᠪᠦᠷᠢᠯᠡᠬᠦ᠌ ᠠᠷᠠᠳ᠎ᠤᠨ ᠠᠮᠢᠳᠤᠷᠠᠯ᠎ᠤᠨ ᠰᠡᠳᠦᠪ ᠪᠣᠯᠪᠠ᠃

《 ᠪᠢᠳᠡ ᠡᠷᠦᠬᠡ᠎ᠳᠦ ᠣᠷᠣᠵᠤ ᠰᠤᠷᠪᠤᠯᠵᠢᠯᠠᠬᠤ᠂ 〈 ᠨᠡᠭᠦᠳᠡᠯ ᠠᠯᠪᠠᠨ ᠱᠢᠷᠡᠭᠡ 〉᠂ ᠰᠠᠭᠤᠭᠠᠯᠢ ᠠᠷᠠᠳ᠎ᠤᠨ ᠵᠥᠪᠯᠡᠯ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠵᠢᠩ᠎ᠲᠡᠶ ᠰᠠᠭᠤᠭᠠᠯᠢ ᠠᠷᠠᠳ᠎ᠤᠨ ᠲᠣᠭᠣᠷᠢᠭ ᠎ᠤᠨ  ᠨᠠᠰᠤᠲᠠᠢᠴᠤᠳ᠎ᠤᠨ ᠦᠨᠡᠨ ᠬᠦ᠌ ᠬᠡᠷᠡᠭ᠌ᠴᠡᠭᠡ᠎ᠶ᠋ᠢ ᠲᠣᠳᠣᠷᠬᠠᠶ ᠣᠢᠯᠠᠭᠠᠪᠠ》᠃ ᠵᠢᠩ᠎ᠲᠡᠶ ᠰᠠᠭᠤᠭᠠᠯᠢ ᠠᠷᠠᠳ᠎ᠤᠨ ᠲᠣᠭᠣᠷᠢᠭ᠎ᠤᠨ ᠲᠤᠤᠷᠵᠢᠭᠤᠯᠤᠯᠲᠠ᠎ᠵᠢᠨ ᠳᠠᠷᠤᠭ᠎ᠠ ᠫᠸᠩ ᠴᠧᠩ᠂ ᠨᠠᠰᠤᠲᠠᠢᠴᠤᠳ᠎ᠤᠨ ᠨᠡᠢᠳᠡᠮ ᠲᠤᠰᠭᠠᠭ᠍ᠰᠠᠨ ᠠᠵᠢᠯᠯᠠᠭᠠᠨ᠎ᠤ ᠣᠷᠣᠨ ᠵᠠᠶ ᠬᠦᠷᠦᠯᠴᠡᠬᠦ᠌ ᠥᠬᠡᠶ ᠪᠠᠢᠬᠤ ᠠᠰᠠᠭᠤᠳᠠᠯ᠎ᠳᠤ ᠴᠢᠭ᠌ᠯᠡᠭᠦᠯᠦᠨ᠂ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠰᠠᠭᠤᠭᠠᠯᠢ ᠠᠷᠠᠳ᠎ᠤᠨ ᠲᠣᠭᠣᠷᠢᠭ᠎ᠲᠤ ᠬᠡᠷ ᠳᠣᠲᠣᠷᠠᠬᠢ ᠪᠠ ᠬᠡᠷ᠎ᠦᠨ ᠭᠠᠳᠠᠨᠠᠬᠢ ᠬᠣᠶᠠᠷ ᠬᠦᠳᠡᠯᠭᠡᠭᠡᠨ᠎ᠤ ᠵᠢᠭ᠍ᠰᠠᠭᠠᠯ ᠎ᠤᠨ ᠭᠠᠵᠠᠷ᠎ᠢ ᠪᠠᠢᠭᠤᠯᠵᠤ ᠥᠭ᠌ᠴᠡᠶ᠃ ᠢᠯᠠᠩᠭᠤᠶ᠎ᠠ ᠰᠠᠭᠤᠭᠠᠯᠢ ᠠᠷᠠᠳ᠎ᠤᠨ ᠲᠣᠭᠣᠷᠢᠭ᠎ᠤᠨ ᠵᠢᠵᠢᠭ ᠠᠭᠤᠳᠠᠮ ᠲᠠᠯᠠᠪᠠᠢ᠎ᠶ᠋ᠢᠨ ᠪᠢᠴᠢᠯ ᠥᠭᠡᠷᠡᠴᠢᠯᠡᠯᠲᠡ᠎ᠶ᠋ᠢᠨ ᠳᠤᠮᠳᠠ᠂ ᠨᠡᠢᠭᠡᠮ ᠲᠣᠭᠣᠷᠢᠭ᠎ᠤᠨ ᠨᠠᠮ᠎ᠤᠨ ᠬᠣᠷᠢᠢ᠎ᠠ ᠠᠷᠠᠳ ᠎ᠤᠨ ᠬᠦᠰᠡᠯ ᠰᠠᠨᠠᠭ᠎ᠠ᠎ᠶ᠋ᠢ ᠢᠯᠡᠷᠡᠭᠦᠯᠬᠦ᠌᠎ᠪᠡᠷ ᠴᠢᠷᠮᠠᠢᠵᠤ᠂ ᠰᠡᠯᠡᠭᠦᠴᠡᠯ᠎ᠦᠨ ᠤᠷᠳᠤ ᠬᠤᠩᠬᠢᠯ ᠂ ᠬᠥᠳᠡᠯᠭᠡᠭᠡᠨ᠎ᠦ ᠪᠠᠭᠠᠵᠢ ᠬᠡᠷᠡᠭ᠌ᠰᠡᠯ ᠲᠤᠬᠢᠷᠠᠭᠤᠯᠤᠭᠰᠠᠨ᠎ᠢᠶᠠᠷ ᠪᠠᠷᠠᠬᠤ ᠦᠭᠡᠢ ᠪᠠᠰᠠ ᠬᠡᠦᠬᠡᠳ᠎ᠦᠨ ᠡᠯᠡᠰᠦ ᠨᠠᠭᠠᠳᠬᠤ ᠭᠠᠵᠠᠷ᠎ᠢ ᠪᠠᠢᠭᠤᠯᠵᠤ᠂ ᠰᠠᠭᠤᠭᠠᠯᠢ ᠠᠷᠠᠳ᠎ᠲᠤ 《 ᠨᠠᠮ ᠢᠮᠠᠭ᠍ᠲᠠ ᠤᠯᠠᠨ ᠲᠦᠮᠡᠨ᠎ᠦ ᠬᠡᠷᠡᠭ᠌ᠴᠡᠭᠡ᠎ᠶ᠋ᠢ ᠲᠡᠷᠢᠭᠦᠨ᠎ᠳᠦ ᠲᠠᠯᠪᠢᠬᠤ》 ᠲᠥᠪ ᠴᠢᠩᠭ᠎ᠠ ᠠᠮᠠᠯᠠᠯᠲᠠ᠎ᠶ᠋ᠢ ᠪᠡᠶᠡᠴᠢᠯᠡᠨ ᠭᠡᠷᠡᠴᠢᠯᠡᠵᠦ᠍᠂ ᠪᠡᠶᠡᠴᠢᠯᠡᠨ ᠤᠢ᠍ᠢᠯᠠᠭᠠᠭᠤᠯᠵᠤ᠂ ᠡᠭᠦᠨ᠎ᠦ ᠤᠯᠠᠮ᠎ᠡᠴᠨ 《ᠨᠠᠮ᠎ᠢᠶᠠᠨ ᠳᠠᠭᠠᠬᠤ》ᠡᠷᠡᠰ ᠵᠣᠷᠢᠭ᠎ᠢ ᠨᠢ ᠴᠢᠩᠭᠠᠳᠭᠠᠵᠠᠢ ᠭᠡᠵᠦ ᠲᠠᠨᠢᠯᠴᠠᠭᠤᠯᠪᠠ᠃

ᠣᠷᠴᠢᠮ᠎ᠤᠨ ᠵᠢᠯ᠎ᠳᠤ᠂ ᠪᠠᠶᠠᠨᠰᠠᠢᠨ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ ᠎ᠤᠨ  ᠬᠣᠷᠢᠶ᠎ᠠ 《ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠂ ᠲᠥᠷᠥ᠎ᠶ᠋ᠢᠨ ᠪᠣᠳᠣᠯᠭ᠎ᠠ᠎ᠪᠠᠷ ᠠᠷᠠᠳ᠎ᠲᠤ ᠠᠱᠢᠭ ᠬᠦᠷᠲᠡᠭᠡᠬᠦ᠂ ᠠᠷᠠᠳ᠎ᠤᠨ ᠲᠥᠯᠥᠭᠡ ᠦᠢᠯᠡᠴᠢᠯᠡᠬᠦ᠂ ᠰᠣᠶᠣᠯ᠎ᠢᠶᠠᠷ ᠰᠡᠳᠭᠢᠯ᠎ᠢ ᠤᠮᠳᠠᠯᠠᠬᠤ》 ᠠᠵᠢᠯ᠎ᠤᠨ ᠠᠷᠭ᠎ᠠ᠎ᠵᠢ ᠡᠭᠦᠳᠦᠨ ᠬᠡᠷᠡᠭ᠌ᠵᠢᠭᠦᠯᠵᠦ᠂ 《 ᠬᠤᠪᠢᠷᠠᠯᠲᠠ᠎ᠶ᠋ᠢ ᠶᠠᠷᠢᠬᠤ᠂ ᠳᠠᠪᠱᠢᠯᠲᠠ᠎ᠵᠢ ᠥᠭᠦᠯᠡᠬᠦ᠌ 》 ᠤᠳᠠ᠎ᠵᠢᠨ ᠲᠤᠬᠤᠢ᠎ᠶ᠋ᠢ ᠳᠣᠭ᠍ᠳᠣᠯᠤᠭᠤᠯᠤᠭ᠍ᠰᠠᠨ ᠥᠯᠢᠭᠡᠷ ᠶᠠᠷᠢᠬᠤ ᠠᠵᠢᠯᠯᠠᠭ᠎ᠠ᠎ᠪᠠᠷ ᠭᠠᠷᠳᠡᠴᠡ ᠪᠣᠯᠭᠠᠵᠤ 《 ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠬᠤ 》 ᠣᠯᠠᠨ ᠲᠦᠮᠡᠨᠴᠢ ᠰᠤᠷᠭᠠᠨ ᠬᠥᠮᠦᠵᠢᠯ᠎ᠢ ᠪᠠᠢᠩᠭᠤᠵᠢᠭᠤᠯᠤᠨ ᠠᠬᠢᠭᠤᠯᠵᠤ᠂ ᠨᠡᠢᠲᠡ 32 ᠳᠡᠷᠭᠡᠳᠡᠬᠢ ᠥᠯᠢᠭᠡᠷ᠎ᠢ ᠠᠭᠤᠳᠠᠯᠵᠤ᠂ ᠣᠯᠠᠨ ᠲᠦᠮᠡᠨ ᠵᠣᠬᠢᠶᠠᠨ ᠪᠦᠲᠦᠭᠡᠭᠰᠡᠨ 6 ᠲᠣᠭ᠍ᠯᠠᠯᠲᠠ᠎ᠶ᠋ᠢᠨ ᠫᠷᠤᠭ᠌ᠷᠠᠮ᠎ᠢ ᠪᠦᠷᠢᠯᠳᠦᠭᠦᠯᠵᠦ ᠂ 60 ᠭᠠᠷᠤᠶ ᠲᠠᠯᠠᠪᠤᠷ ᠥᠯᠢᠭᠡᠷ ᠬᠤᠪᠢᠶᠠᠯᠴᠠᠬᠤ ᠠᠵᠢᠯᠯᠠᠭ᠎ᠠ ᠥᠷᠨᠢᠭᠦᠯᠵᠦ᠂ ᠠᠷᠠᠳ᠎ᠲᠤ ᠠᠱᠢᠭ ᠬᠦᠷᠲᠡᠭᠡᠬᠦ᠌ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ 《 ᠵᠢᠷᠭᠤᠭᠠᠨ ᠥᠭᠦᠯᠡᠪᠦᠷᠢ 》 ᠎ᠶ᠋ᠢᠨ ᠪᠣᠳᠠᠲᠤ ᠶᠠᠪᠤᠳᠠᠯ ᠪᠠ ᠶᠣᠰᠣ ᠤᠴᠢᠷ᠎ᠢ ᠲᠠᠢᠯᠪᠤᠷᠢᠯᠠᠬᠤ ᠂ 《ᠨᠡᠭᠦᠳᠡᠯ ᠠᠯᠪᠠᠨ ᠱᠢᠷᠡᠭᠡ》᠂《 ᠨᠢᠭᠡ ᠵᠡᠭᠡᠯᠢ ᠭᠤᠳᠤᠮᠵᠢ ᠨᠢᠭᠡ ᠪᠣᠳᠠᠲᠤ ᠶᠠᠪᠤᠳᠠᠯ 》ᠤ᠋ᠨ ᠪᠣᠳᠠᠲᠠᠶ ᠠᠵᠢᠯ᠎ᠢ ᠠᠭᠤᠰᠤᠯᠴᠠᠭᠤᠯᠤᠨ ᠥᠷᠨᠢᠭᠦᠯᠵᠦ᠂ 《ᠨᠠᠮ᠎ᠠᠷᠠᠳ᠎ᠤᠨ ᠰᠡᠳᠭᠢᠯ᠎ᠢ ᠬᠣᠯᠪᠣᠭ᠍ᠰᠠᠨ》 ᠰᠡᠳᠬᠢᠯ ᠲᠤᠯᠠᠭᠠᠴᠠᠭᠤᠯᠤᠭᠰᠠᠨ ᠵᠢᠷᠤᠭ᠎ᠢ ᠵᠢᠷᠤᠬᠯᠠᠪᠠ᠃

ᠬᠡᠷᠬᠢᠨ ᠨᠠᠮ᠎ᠤᠨ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠣᠯᠠᠨ ᠲᠦᠮᠡᠨ᠎ᠦ ᠭᠠᠷ ᠲᠤ᠌ ᠪᠠᠷᠢᠬᠳᠠᠮ᠎ᠠ ᠰᠡᠳᠬᠢᠯ ᠳ᠋ᠤ ᠰᠠᠭᠤᠭᠳᠠᠭᠤᠯᠤᠮ᠎ᠠ ᠪᠣᠳᠠᠲᠤ ᠠᠱᠢᠭ ᠲᠤᠰᠠ ᠪᠣᠯᠭᠠᠬᠤ ᠪᠤᠢ? ᠪᠠᠶᠠᠨᠰᠠᠢ᠌ᠨ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ ᠎ᠤᠨ ᠬᠣᠷᠢᠶ᠎ᠠ 《ᠲᠥᠷᠥ᠎ᠶ᠋ᠢᠨ ᠪᠣᠳᠣᠯᠭ᠎ᠠ ᠲᠣᠳᠣᠷᠬᠠᠶ᠂ ᠲᠠᠩᠰᠠ ᠬᠠᠷ᠎ᠠ ᠲᠣᠳᠣᠷᠬᠠᠶ᠂ ᠣᠯᠠᠨ ᠲᠦᠮᠡᠨ ᠣᠢᠯᠠᠭᠠᠵᠤ ᠮᠡᠳᠡᠬᠦ᠌》ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠬᠥᠳᠡᠯᠦᠩᠭᠦᠶ ᠱᠢᠨᠡᠴᠢᠯᠡᠯᠲᠡ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠌᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠂ ᠨᠠᠰᠤᠵᠢᠯ᠎ᠤᠨ ᠠᠰᠠᠷᠠᠮᠵᠢ ᠵᠡᠷᠭᠡ 23 ᠲᠠᠯ᠎ᠠ᠎ᠳᠤ ᠬᠣᠯᠪᠣᠭ᠍ᠳᠠᠬᠤ ᠬᠠᠮᠤᠭ᠎ᠤᠨ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ《ᠦᠵᠡᠪᠡᠯ ᠲᠠᠷᠤᠢ ᠤᠢᠯᠠᠭᠠᠴᠢᠬᠠᠬᠤ᠂ ᠪᠠᠢᠴᠠᠭᠠᠪᠠᠯ ᠲᠠᠷᠤᠢ ᠮᠡᠳᠡᠴᠢᠬᠡᠬᠦ᠌》᠂《ᠠᠷᠠᠳ᠎ᠲᠤ ᠠᠱᠢᠭ ᠬᠦᠷᠲᠡᠭᠡᠬᠦ᠌ ᠲᠥᠷᠥ ᠎ᠶ᠋ᠢᠨ ᠪᠣᠳᠣᠯᠭ᠎ᠠ᠎ᠶ᠋ᠢᠨ ᠲᠣᠳᠣᠷᠬᠠᠶ ᠭᠠᠷ ᠳᠡᠪᠲᠡᠷ》ᠪᠣᠯᠭᠠᠨ ᠨᠠᠢᠷᠠᠭᠤᠯᠤᠨ ᠵᠣᠬᠢᠶᠠᠪᠠ᠃ ᠡᠭᠦᠨ᠎ᠦ ᠬᠠᠮᠲᠤ《ᠬᠤᠤᠰ ᠨᠡᠷ᠎ᠡ ᠮᠡᠳᠡᠭᠦᠯᠵᠦ᠍ ᠬᠤᠤᠰ ᠦᠶ᠋ᠯᠡᠴᠢᠯᠡᠬᠦ᠌ ᠬᠤᠤᠰ ᠮᠡᠳᠡᠭᠦᠯᠦᠯᠲᠡ》 ᠶ᠋ᠢᠨ ᠠᠵᠢᠯ᠎ᠲᠠᠶ ᠤᠶᠠᠯᠳᠤᠭᠤᠯᠤᠨ᠂ ᠵᠡᠭᠡᠯᠢ ᠭᠤᠳᠤᠮᠵᠢ᠎ᠶ᠋ᠢᠨ ᠤᠳᠤᠷᠢᠳᠭᠤ ᠪᠠᠭ᠎ᠤᠨ ᠪᠦᠷᠢᠯᠳᠦᠬᠦᠨ᠂ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷ ᠪᠠ ᠳᠠᠭᠠᠭᠠᠴᠢᠯᠠᠨ ᠬᠠᠷᠢᠯᠴᠠᠬᠤ ᠨᠢᠭᠡᠴᠢ᠎ᠪᠡᠷ ᠪᠦᠷᠢᠯᠳᠦᠭ᠌ᠰᠡᠨ ᠤᠬᠠᠭᠤᠯᠤᠨ ᠲᠠᠢᠯᠪᠤᠷᠢᠯᠠᠬᠤ ᠡᠩᠨᠡᠭᠡ᠎ᠶ᠋ᠢ ᠵᠣᠬᠢᠶᠠᠨ ᠪᠠᠢᠭᠤᠯᠵᠤ᠂ ᠠᠳᠠᠯᠢ ᠪᠤᠰᠤ ᠬᠠᠮᠲᠤᠯᠢᠭ᠎ᠤᠨ ᠬᠡᠷᠡᠭ᠌ᠴᠡᠭᠡ᠎ᠳᠦ ᠴᠢᠭ᠌ᠯᠡᠭᠦᠯᠦᠨ᠂《ᠨᠢᠭᠡ ᠡᠷᠦᠬᠡ᠎ᠳᠦ ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠂ ᠨᠢᠭᠡ ᠬᠥᠮᠦᠨ᠎ᠳᠦ ᠨᠢᠭᠡ ᠶᠠᠩᠵᠤ ᠵᠢᠨ ᠲᠠᠢᠯᠤᠮᠵᠢ ᠬᠢᠬᠦ᠌》ᠠᠷᠭ᠎ᠠ ᠮᠠᠶᠢᠭ᠎ᠢ ᠠᠪᠴᠤ᠌᠂ ᠬᠠᠷᠢᠶᠠᠲᠤ ᠣᠷᠣᠨ᠎ᠤ ᠰᠠᠭᠤᠭᠠᠯᠢ ᠠᠷᠠᠳ᠎ᠤᠨ ᠡᠷᠦᠬᠡ᠎ᠳᠦ ᠬᠦᠷᠴᠦ᠍ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

ᠱᠢᠶᠠᠨ ᠹᠸᠩ ᠨᠡᠢᠭᠡᠮ ᠲᠣᠭᠣᠷᠢᠭ᠎ᠤᠨ ᠪᠢ ᠬᠠᠢ ᠬᠤᠸᠠ ᠶᠤᠸᠠᠨ ᠬᠣᠶᠠᠳᠤᠭᠠᠷ ᠬᠤᠭᠤᠴᠠᠭᠠᠨ᠎ᠤ ᠰᠠᠭᠤᠭᠠᠯᠢ ᠠᠷᠠᠳ᠎ᠤᠨ ᠲᠣᠭᠣᠷᠢᠭ᠎ᠲᠤ᠂ 《ᠨᠡᠭᠦᠳᠡᠯ ᠠᠯᠪᠠᠨ ᠱᠢᠷᠡᠭᠡ》ᠶ᠋ᠢ ᠰᠠᠭᠤᠭᠠᠯᠢ ᠠᠷᠠᠳ᠎ᠤᠨ ᠲᠣᠭᠣᠷᠢᠭ᠎ᠤᠨ ᠬᠥᠳᠡᠯᠭᠡᠭᠡᠨ᠎ᠦ ᠲᠠᠰᠤᠭ᠎ᠲᠤ ᠲᠠᠯᠪᠢᠵᠤ᠂ ᠡᠨᠡ ᠱᠢᠷᠡᠭᠡ᠎ᠨᠢ ᠦᠵᠡᠬᠦ᠌᠎ᠳᠦ ᠶᠠᠯᠢᠮ ᠦᠭᠡᠢ ᠪᠣᠯᠪᠠᠴᠤ《ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ + ᠬᠦᠴᠢᠷ ᠠᠰᠠᠭᠤᠳᠠᠯ᠎ᠢ ᠱᠢᠢᠳᠪᠦᠷᠢᠯᠡᠬᠦ᠌》 ᠬᠣᠣᠰ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠳᠠᠭ᠃ ᠭᠠᠷᠠᠭ ᠪᠦᠷᠢ᠂ ᠬᠤᠯᠪᠤᠭᠳᠠᠯ ᠪᠥᠬᠥᠶ ᠰᠠᠯᠠᠭ᠎ᠠ ᠮᠥᠴᠢᠷ ᠨᠢᠭᠡᠴᠢ᠎ᠨᠢ ᠱᠢᠷᠡᠭᠡᠨ ᠡᠮᠦᠨ᠎ᠡ ᠣᠯᠠᠨ ᠲᠦᠮᠡᠨ᠎ᠳᠦ ᠠᠷᠠᠳ᠎ᠲᠤ ᠠᠱᠢᠭ ᠬᠦᠷᠲᠡᠭᠡᠬᠦ᠌ ᠬᠠᠮᠤᠭ᠎ᠤᠨ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠵᠤ ᠦᠭᠬᠦ ᠪᠥᠭᠡᠳ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ ᠢ᠋ ᠱᠢᠷᠡᠭᠡᠨ ᠡᠮᠦᠨ᠎ᠡ ᠲᠡᠮᠳᠡᠭ᠌ᠯᠡᠵᠦ᠍ ᠱᠢᠶ᠋ᠳᠪᠦᠷᠢᠯᠡᠵᠦ᠍ ᠪᠠᠢᠨ᠎ᠠ᠃

《ᠨᠠᠰᠤᠵᠢᠯ᠎ᠤᠨ ᠠᠰᠠᠷᠠᠮᠵᠢ᠂ ᠡᠮ ᠡᠮᠨᠡᠯᠭᠡ᠂ ᠠᠵᠢᠯ ᠣᠯᠭᠣᠯᠲᠠ᠎ᠵᠡᠷᠭᠡ ᠳ᠋ᠤ ᠪᠢᠳᠡ ᠬᠦᠴᠢᠷ ᠲᠥᠭᠡᠷᠢᠭ᠌ᠳᠡᠯ ᠲᠤᠯᠭᠠᠷᠠᠪᠠᠯ ᠲᠠᠷᠤᠢ 〈ᠨᠡᠭᠦᠳᠡᠯ ᠠᠯᠪᠠᠨ ᠱᠢᠷᠡᠭᠡ〉ᠶ᠋ᠢᠨ ᠡᠮᠦᠨ᠎ᠡ ᠢᠷᠡᠵᠦ ᠠᠰᠠᠭᠤᠨ ᠯᠠᠪᠯᠠᠵᠤ᠂ ᠠᠰᠠᠭᠤᠳᠠᠯ᠎ᠲᠠᠶ ᠪᠣᠯ ᠪᠠᠰᠠ ᠠᠯᠪᠠᠨ ᠱᠢᠷᠡᠭᠡᠨ᠎ᠦ ᠡᠮᠦᠨ᠎ᠡ ᠲᠤᠰᠭᠠᠳᠠᠭ》᠃ ᠪᠢ ᠬᠠᠢ ᠬᠤᠸᠠ ᠶᠤᠸᠠᠨ ᠬᠣᠶᠠᠳᠤᠭᠠᠷ ᠬᠤᠭᠤᠴᠠᠭᠠᠨ᠎ᠤ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ ᠯᠢ ᠳ᠋ᠦᠨ ᠴᠢᠶᠦ᠋ᠩ᠂ ᠨᠢᠳᠤᠨᠤᠨ ᠲᠡᠳᠡᠨ᠎ᠦ ᠲᠤᠰᠭᠠᠭ᠍ᠰᠠᠨ ᠰᠠᠭᠤᠭᠠᠯᠢ ᠠᠷᠠᠳ᠎ᠤᠨ ᠲᠣᠭᠣᠷᠢᠭ᠎ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠴᠡᠨᠡᠭ᠌ᠯᠡᠬᠦ᠌᠎ᠳᠦ ᠬᠦᠴᠢᠷ᠂ ᠲᠡᠷᠭᠡ ᠵᠣᠭ᠍ᠰᠣᠭᠠᠬᠤ᠎ᠳᠤ ᠬᠦᠴᠢᠷ ᠵᠡᠷᠭᠡ ᠠᠰᠠᠭᠤᠳᠠᠯ ᠢ᠋᠎ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ᠎ᠤᠨ ᠬᠣᠷᠢᠶ᠎ᠠ ᠪᠠᠲᠤ ᠴᠡᠭᠡᠵᠢᠯᠡᠬᠦ᠌᠎ᠶ᠋ᠢᠨ ᠬᠠᠮᠲᠤ ᠪᠠᠶᠠᠨᠰᠠᠢ᠌ᠨ ᠵᠡᠭᠡᠯᠢ ᠭᠤᠳᠤᠮᠵᠢ᠎ᠶ᠋ᠢᠨ ᠠᠷᠠᠳ᠎ᠤᠨ ᠠᠮᠢᠳᠤᠷᠠᠯ᠎ᠤᠨ 20 ᠪᠣᠳᠠᠲᠤ ᠶᠠᠪᠤᠳᠠᠯ᠎ᠤᠨ ᠨᠢᠭᠡ᠎ᠪᠡᠷ ᠲᠣᠭ᠍ᠲᠠᠭᠠᠪᠠ᠃ ᠰᠠᠭᠤᠭᠠᠯᠢ ᠠᠷᠠᠳ᠎ᠤᠨ ᠰᠠᠨᠠᠯ᠎ᠢ ᠥᠷᠭᠡᠨ᠎ᠢᠶᠡᠷ ᠬᠤᠷᠢᠶᠠᠭ᠍ᠰᠠᠨ ᠰᠠᠭᠤᠷᠢᠨ ᠳᠡᠭᠡᠷ᠎ᠡ᠂ ᠬᠡᠳᠦᠨ ᠰᠠᠷ᠎ᠠ ᠪᠣᠯᠤᠯ ᠥᠬᠡᠶ᠎ᠪᠡᠷ᠂ ᠨᠢᠭᠡᠨ ᠴᠣ ᠱᠢᠨ᠎ᠡ ᠲᠡᠷᠭᠡᠨ᠎ᠦ ᠰᠠᠷᠠᠪᠴᠢ᠎ᠶ᠋ᠢ ᠰᠠᠭᠤᠭᠠᠯᠢ ᠠᠷᠠᠳ᠎ᠤᠨ ᠲᠣᠭᠣᠷᠢᠭ᠎ᠤᠨ ᠶᠡᠬᠡ ᠡᠭᠦᠳᠡᠨ᠎ᠦ ᠡᠮᠦᠨ᠎ᠡ ᠲᠠᠯ᠎ᠠ᠎ᠳᠤ ᠪᠠᠢᠭᠤᠯᠤᠨ ᠳᠠᠭᠤᠰᠭᠠᠵᠤ᠂ ᠰᠠᠭᠤᠭᠠᠯᠢ ᠠᠷᠠᠳ᠎ᠤᠨ ᠠᠮᠢᠳᠤᠷᠠᠯ᠎ᠳᠤ ᠲᠤᠢᠯ᠎ᠤᠨ ᠶᠡᠬᠡ ᠲᠥᠬᠥᠮ ᠦᠵᠡᠭᠦᠯᠵᠠᠢ ᠭᠡᠵᠦ ᠬᠡᠯᠡᠪᠡ᠃ 《ᠨᠢᠳᠤᠨᠤᠨ ᠵᠢᠯ᠎ᠦᠨ ᠡᠴᠦᠰ᠎ᠡᠴᠡ ᠡᠨᠡ ᠵᠢᠯ᠎ᠦᠨ ᠡᠬᠢ ᠪᠣᠯᠲᠠᠯ᠎ᠠ ᠰᠠᠭᠤᠭᠠᠯᠢ ᠠᠷᠠᠳ᠎ᠤᠨ ᠵᠥᠪᠯᠡᠯ᠎ᠤᠨ ᠬᠢᠨ〈ᠨᠡᠭᠦᠳᠡᠯ ᠠᠯᠪᠠᠨ ᠱᠢᠷᠡᠭᠡ〉 ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠵᠡᠭᠡᠯᠢ ᠭᠤᠳᠤᠮᠵᠢ᠎ᠶ᠋ᠢᠨ ᠠᠷᠠᠳ᠎ᠤᠨ ᠠᠮᠢᠳᠤᠷᠠᠯ᠎ᠤᠨ 20 ᠪᠣᠳᠠᠲᠤ ᠶᠠᠪᠤᠳᠠᠯ᠎ᠢ ᠲᠣᠭ᠍ᠲᠠᠭᠠᠪᠠ᠃ ᠵᠢᠯ᠎ᠤᠨ ᠡᠬᠢᠨ᠎ᠡᠴᠡ ᠨᠠᠭᠠᠰᠢ᠂ ᠪᠢᠳᠡ ᠰᠠᠭᠤᠭᠠᠯᠢ ᠠᠷᠠᠳ᠂ ᠳᠠᠭᠠᠭᠠᠴᠢᠯᠠᠨ ᠬᠠᠷᠢᠯᠴᠠᠬᠤ ᠨᠢᠭᠡᠴᠢ᠂ ᠨᠡᠢᠭᠡᠮ ᠲᠣᠭᠣᠷᠢᠭ᠎ᠤᠨ ᠬᠤᠷᠱᠢᠬ᠍ᠴᠢ᠂ ᠠᠳᠠᠯ ᠠᠬᠤᠢ᠎ᠶ᠋ᠢᠨ ᠺᠣᠮᠫᠠᠨᠢ᠎ᠲᠠᠶ ᠬᠠᠮᠲᠤ᠎ᠪᠠᠷ ᠴᠢᠷᠮᠠᠢᠵᠤ᠂ ᠨᠢᠭᠡᠳ ᠨᠢᠭᠡ᠎ᠪᠡᠷ ᠬᠢᠵᠦ᠍᠂ ᠣᠳᠣᠬᠠᠨ᠎ᠳᠤ ᠨᠢᠭᠡᠨᠲᠡ ᠠᠷᠠᠳ᠎ᠤᠨ ᠠᠮᠢᠳᠤᠷᠠᠯ᠎ᠤᠨ 18 ᠪᠣᠳᠠᠲᠤ ᠶᠠᠪᠤᠳᠠᠯ᠎ᠢ ᠪᠡᠶᠡᠯᠡᠭᠦᠯᠵᠦ᠍᠂ ᠦᠯᠡᠳᠡᠭ᠌ᠰᠡᠨ 2 ᠵᠦᠢᠯ᠎ᠢ ᠨᠢ ᠶᠠᠭ ᠰᠡᠭᠦᠯ ᠬᠤᠷᠢᠶᠠᠬᠤ ᠪᠡᠷ ᠪᠠᠢᠨ᠎ᠠ᠂ ᠤᠯᠠᠨ ᠲᠦᠮᠡᠨ ᠡᠭᠦᠨ᠎ᠳᠦ ᠮᠠᠰᠢ ᠬᠠᠨᠤᠮᠵᠢᠲᠠᠢ ᠰᠢᠦ》 ᠭᠡᠵᠦ᠍ ᠪᠠᠶᠠᠨᠰᠠᠢ᠌ᠨ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ ᠎ᠤᠨ  ᠬᠣᠷᠢᠶ᠎ᠠ ᠵᠢᠨ ᠱᠦᠵᠢ ᠸᠠᠩ ᠭᠠᠢ ᠮᠧᠢ ᠬᠡᠯᠡᠪᠡ᠃

ᠸᠠᠩ ᠭᠠᠢ ᠮᠧᠢ᠂ ᠡᠩ᠎ᠦᠨ ᠦᠶ᠎ᠡ᠎ᠳᠦ᠂ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ ᠎ᠤᠨ  ᠬᠣᠷᠢᠶ᠎ᠠ ᠎ᠶ᠋ᠢᠨ ᠤᠳᠤᠷᠢᠳᠭᠤ ᠪᠠᠭ᠎ᠤᠨ ᠪᠦᠷᠢᠯᠳᠦᠬᠦᠨ ᠨᠡᠢᠭᠡᠮ ᠲᠣᠭᠣᠷᠢᠭ᠂ ᠪᠠᠢᠭᠤᠯᠭ᠎ᠠ᠂ ᠨᠡᠢᠭᠡᠮ ᠲᠣᠭᠣᠷᠢᠭ ᠎ᠤᠨ ᠺᠠᠳ᠋ᠷ ᠎ᠢ ᠳᠠᠭᠠᠭᠠᠴᠢᠯᠠᠨ ᠬᠣᠯᠪᠣᠭᠠᠯᠠᠬᠤ ᠲᠣᠣᠷᠵᠢᠭᠤᠯᠤᠯᠳᠠ᠎ᠵᠢᠨ ᠲᠣᠭ᠍ᠲᠠᠴᠠ᠎ᠶ᠋ᠢ ᠬᠡᠷᠡᠭ᠌ᠵᠢᠭᠦᠯᠦᠭ᠌ᠰᠡᠨ ᠪᠥᠭᠡᠳ ᠠᠷᠠᠳ᠎ᠤᠨ ᠴᠠᠭ᠍ᠳᠠᠭ᠎ᠠ᠂ ᠠᠵᠢᠯ ᠣᠯᠭᠣᠯᠲᠠ᠂ ᠨᠡᠢᠭᠡᠮ᠎ᠦᠨ ᠪᠠᠲᠤᠯᠠᠭ᠎ᠠ᠂ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠲᠥᠪ᠎ᠦᠨ ᠠᠵᠢᠯᠳᠠᠨ ᠵᠢᠴᠢ ᠠᠰᠠᠷ᠎ᠤᠨ ᠳᠠᠷᠤᠭ᠎ᠠ᠂ ᠰᠠᠢ᠌ᠨ ᠳᠤᠷᠠᠴᠤᠳ ᠵᠡᠷᠭᠡ ᠤᠯᠠᠨ ᠲᠠᠯ᠎ᠠ᠎ᠶ᠋ᠢᠨ ᠬᠦᠴᠦᠨ᠎ᠢ ᠵᠣᠬᠢᠶᠠᠨ ᠪᠠᠢᠭᠤᠯᠵᠤ᠂ 《ᠨᠡᠭᠦᠳᠡᠯ ᠠᠯᠪᠠᠨ ᠱᠢᠷᠡᠭᠡ》 ᠵᠢ ᠰᠠᠭᠤᠭᠠᠯᠢ ᠠᠷᠠᠳ᠎ᠤᠨ ᠲᠣᠭᠣᠷᠢᠭ᠎ᠤᠨ ᠠᠭᠤᠳᠠᠮ ᠲᠠᠯᠠᠪᠠᠢ᠂ ᠰᠠᠭᠤᠭᠠᠯᠢ ᠠᠷᠠᠳ᠎ᠤᠨ ᠠᠰᠠᠷ ᠳᠣᠣᠷ᠎ᠠ ᠨᠡᠭᠦᠯᠭᠡᠵᠦ᠍᠂ ᠲᠦᠷᠦ᠍᠎ᠶ᠋ᠢᠨ ᠪᠤᠳᠤᠯᠭ᠎ᠠ᠎ᠶ᠋ᠢᠨ ᠯᠠᠪᠯᠠᠭ᠎ᠠ ᠥᠭ᠌ᠬᠦ᠂ ᠬᠠᠪᠰᠤᠷᠤᠨ ᠭᠦᠢᠴᠡᠳᠭᠡᠬᠦ᠌ ᠣᠷᠣᠯᠠᠨ ᠭᠦᠢᠴᠡᠳᠭᠡᠬᠦ᠌ ᠵᠡᠷᠭᠡ ᠦᠢᠯᠡᠴᠢᠯᠡᠭᠡ᠎ᠶ᠋ᠢ ᠥᠷᠨᠢᠭᠦᠯᠵᠦ᠍᠂ 《ᠤᠯᠠᠨ ᠲᠦᠮᠡᠨ ᠦᠪᠡᠷ ᠵᠢᠡᠨ ᠭᠦᠶᠦᠬᠦ》 ᠵᠢ 《ᠤᠯᠠᠨ ᠲᠦᠮᠡᠨ᠎ᠳᠦ ᠦᠢᠯᠡᠴᠢᠯᠡᠬᠦ᠌》 ᠪᠣᠯᠭᠠᠨ ᠬᠤᠪᠢᠷᠠᠭᠤᠯᠵᠤ᠂ ᠤᠯᠠᠨ ᠲᠦᠮᠡᠨ᠎ᠳᠦ ᠥᠨᠳᠥᠷ ᠪᠦᠲᠦᠮᠵᠢᠲᠡᠢ ᠦᠢᠯᠡᠴᠢᠯᠡᠭᠡᠨ᠎ᠦ ᠳᠤᠮᠳᠠ ᠨᠠᠮ᠎ᠤᠨ ᠬᠠᠢᠷ᠎ᠠ ᠬᠠᠯᠠᠮᠵᠢ᠎ᠶ᠋ᠢ ᠮᠡᠳᠡᠷᠡᠭᠦᠯᠪᠡ᠃

ᠲᠦᠷᠦᠭᠦᠬᠡᠨ᠂ ᠪᠠᠶᠠᠨᠰᠠᠢ᠌ᠨ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ ᠎ᠤᠨ  ᠬᠣᠷᠢᠶ᠎ᠠ᠎ᠡᠴᠡ ᠨᠠᠷᠢᠨ ᠨᠢᠮᠪᠠᠶ ᠨᠠᠢᠷᠠᠭᠤᠯᠤᠨ ᠵᠣᠬᠢᠶᠠᠭ᠍ᠰᠠᠨ ᠦᠵᠡᠭ᠌ᠳᠡᠯᠲᠦ ᠵᠦᠴᠦᠭᠡ《ᠤᠯᠠᠮᠵᠢᠯᠠᠯᠲᠤ ᠡᠷᠳᠡᠨᠢ》ᠨᠢ ᠤᠳᠠ ᠵᠢᠨ ᠲᠤᠬᠤᠢ ᠲᠣᠭᠣᠷᠢᠭ᠎ᠤᠨ ᠬᠣᠶᠠᠳᠤᠭᠠᠷ ᠬᠤᠭᠤᠴᠠᠭᠠᠨ᠎ᠤ 《 ᠬᠤᠪᠢᠷᠠᠯᠲᠠ  ᠳᠠᠪᠱᠢᠯᠲᠠ᠎ᠶ᠋ᠢᠨ ᠲᠤᠬᠠᠶ ᠶᠠᠷᠢᠬᠤ᠎ᠨᠢ 》 ᠭᠡᠬᠦ ᠤᠳᠠ ᠵᠢᠨ ᠲᠤᠬᠤᠢ ᠲᠤᠭᠤᠷᠢᠭ ᠤ᠋ᠨ ᠠᠷᠠᠳ ᠲᠦᠮᠡᠨ᠎ᠢ ᠳᠣᠭ᠍ᠳᠣᠯᠤᠭᠤᠯᠤᠭ᠍ᠰᠠᠨ ᠦᠯᠢᠭᠡᠷ ᠤ᠋ᠨ ᠲᠠᠪᠴᠠᠩ᠎ᠳᠤ ᠭᠠᠷᠪᠠ᠃ ᠲᠠᠢᠰᠠᠨ ᠳᠡᠭᠡᠷ᠎ᠡ᠂ ᠵᠡᠭᠡᠯᠢ ᠭᠤᠳᠤᠮᠵᠢ᠎ᠶ᠋ᠢᠨ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ ᠲᠣᠭ᠍ᠯᠠᠭ᠍ᠴᠢ ᠪᠣᠯᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ》 ᠭᠤᠤᠯ ᠰᠡᠳᠦᠪ᠎ᠢ ᠠᠯᠢ ᠤᠯᠠᠨ ᠰᠡᠳᠭᠢᠯ ᠬᠥᠳᠡᠯᠭᠡᠮ᠎ᠡ ᠤᠯᠤᠰ ᠣᠷᠣᠨ᠎ᠤ ᠦᠯᠢᠭᠡᠷ᠎ᠲᠦ ᠠᠭᠤᠰᠭᠠᠵᠤ᠂ ᠲᠤᠬᠠᠶ᠎ᠶ᠋ᠢᠨ ᠲᠠᠯᠠᠪᠠᠢ᠎ᠶ᠋ᠢᠨ ᠲᠣᠭ᠎ᠠ ᠲᠣᠮᠰᠢ ᠦᠭᠡᠢ ᠬᠥᠮᠦᠰ᠎ᠢ ᠳᠣᠭ᠍ᠳᠣᠯᠤᠭᠤᠯᠪᠠ᠃ ᠡᠨᠡ ᠬᠦ᠌ ᠦᠵᠡᠭ᠌ᠳᠡᠯᠲᠦ ᠵᠦᠴᠦᠭᠡ ᠨᠢ ᠪᠠᠰᠠ ᠪᠠᠶᠠᠨᠰᠠᠢ᠌ᠨ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ ᠎ᠤᠨ  ᠬᠣᠷᠢᠶ᠎ᠠ ᠎ᠶ᠋ᠢᠨ 《ᠤᠯᠠᠮᠵᠢᠯᠠᠯᠲᠤ ᠡᠷᠳᠡᠨᠢ》 ᠭᠡᠬᠦ᠌ ᠠᠷᠠᠳ ᠲᠦᠮᠡᠨ᠎ᠳᠦ ᠦᠶ᠋ᠯᠡᠴᠢᠯᠡᠬᠦ᠌ ᠣᠭ ᠰᠠᠨᠠᠭ᠎ᠠ ᠵᠢᠴᠢ ᠨᠠᠮ ᠪᠠ ᠣᠯᠠᠨ ᠲᠦᠮᠡᠨ᠎ᠦ ᠰᠡᠳᠭᠢᠯ ᠨᠢᠭᠡᠳᠦᠨ ᠭᠠᠷ ᠬᠣᠯᠪᠣᠨ ᠡᠷᠡᠯᠬᠡᠭ᠌ᠯᠡᠨ ᠤᠷᠤᠭ᠍ᠰᠢᠯᠠᠬᠤ ᠰᠦᠷ ᠳᠠᠯᠠᠢᠴᠠᠲᠠᠶ ᠬᠦᠴᠦᠨ ᠎ᠢ ᠬᠠᠵᠠᠭᠤ ᠲᠠᠯ᠎ᠠ᠎ᠡᠴᠡ ᠨᠢ ᠠᠮᠢᠳᠤᠯᠢᠭ᠎ᠢᠶᠠᠷ ᠲᠠᠢᠯᠪᠤᠷᠢᠯᠠᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号