ᠠᠤᠭ᠎ᠠ ᠬᠦᠰᠡᠯᠡᠩ ᠡᠪᠤᠷᠯᠡᠨ ᠵᠣᠷᠢᠭ ᠰᠦᠰᠦ ᠪᠠᠨ ᠬᠦᠪᠴᠢᠯᠡᠵᠤ᠂ ᠡᠷᠡᠮᠡᠭᠡᠢᠯᠡᠨ ᠤᠷᠤᠬᠰᠢᠯᠠᠵᠦ ᠱᠢᠨ᠎ᠡ ᠠᠶᠠᠨ᠎ᠢᠶᠠᠨ ᠡᠬᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ ᠦᠨ ᠥᠪᠥᠷ ᠮᠣᠩᠭᠣᠯ ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠂ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠠᠨᠠᠭᠤᠯᠭ᠎ᠠ 》 ᠶ᠋ᠢ ᠬᠢᠨᠠᠨ ᠵᠥᠪᠯᠡᠵᠦ᠍ ᠪᠠᠲᠤᠯᠠᠨ᠂ ᠪᠥᠬᠥ᠌ ᠣᠷᠣᠨ᠎ᠤ ᠥᠷᠭᠡᠨ ᠣᠯᠠᠨ ᠺᠠᠳ᠋ᠷ ᠣᠯᠠᠨ ᠲᠦᠮᠡᠨ᠎ᠢ ᠳᠠᠢᠴᠢᠯᠠᠵᠤ ᠰᠡᠳᠭᠢᠯ ᠨᠢᠬᠡᠳᠦᠨ ᠬᠦᠴᠦ᠍᠎ᠪᠡᠨ ᠬᠠᠮᠲᠤᠳᠭᠠᠵᠤ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠤ᠂ ᠳᠤᠮᠳᠠᠳᠤ ᠤᠯᠤᠰ᠎ᠤᠨ ᠮᠠᠶᠢᠭ ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠰᠠᠢᠲᠤᠷ ᠪᠢᠴᠢᠭ᠌ᠯᠡᠬᠦ ᠳ᠋ᠤ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ ᠪᠣᠯ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ ᠳᠡᠭᠡᠷ᠎ᠡ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠢᠷᠡᠭᠡᠳᠦᠢ᠎ᠶ᠋ᠢᠨ ᠲᠠᠪᠤᠨ ᠵᠢᠯ ᠴᠢᠨᠠᠭ᠍ᠰᠢᠯᠠᠪᠠᠯ ᠨᠡᠩ ᠤᠷᠳᠤ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠠᠯᠢ ᠤᠯᠠᠨ ᠴᠢᠭ᠌ᠯᠡᠯ᠎ᠦᠨ ᠴᠢᠨᠠᠷᠲᠠᠢ᠂ ᠦᠨᠳᠦᠰᠦᠨ ᠴᠢᠨᠠᠷᠲᠠᠢ ᠴᠢᠬᠤᠯᠠ ᠶᠡᠬᠡ ᠠᠰᠠᠭᠤᠳᠠᠯ ᠢ ᠲᠣᠳᠣᠷᠬᠠᠢᠯᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠳᠤᠮᠳᠠᠳᠤ ᠤᠯᠤᠰ ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠱᠢᠨᠵᠢᠯᠡᠬᠦ᠌ ᠤᠬᠠᠭᠠᠨᠴᠢ ᠵᠦᠭ᠌ᠯᠡᠭᠦᠷ ᠪᠠ ᠴᠢᠬᠤᠯᠠ ᠵᠢᠷᠤᠮᠯᠠᠯ ᠬᠠᠩᠭᠠᠪᠠ᠃ ᠪᠢᠳᠡ 《ᠬᠣᠶᠠᠷ᠎ᠢ ᠲᠣᠭ᠍ᠲᠠᠭᠠᠬᠰᠡᠨ》 ᠤ᠋ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ ᠢ ᠬᠠᠮᠠᠭᠠᠯᠠᠬᠤ》 ᠶ᠋ᠢ ᠪᠡᠶᠡᠯᠡᠭᠦᠯᠵᠦ᠍ ᠂ ᠤᠬᠠᠮᠰᠠᠷ᠎ᠡᠴᠡ᠎ᠪᠠᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠶ ᠪᠠᠷᠢᠮᠵᠢᠶᠠᠯᠠᠨ ᠬᠠᠷᠭᠤᠭᠤᠯᠵᠤ᠂ ᠦᠵᠡᠯ ᠰᠠᠨᠠᠭ᠎ᠠ᠎ᠪᠠᠨ ᠨᠢᠭᠡᠳᠭᠡᠵᠦ᠍᠂ ᠰᠡᠳᠭᠢᠯ᠎ᠨᠢᠭᠡᠳᠤᠨ ᠬᠦᠴᠦ᠍᠎ᠪᠡᠨ ᠬᠠᠮᠲᠤᠳᠭᠠᠵᠤ᠂ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠥᠪᠥᠷ ᠮᠣᠩᠭᠣᠯ᠎ᠳᠤ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃
ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠪᠡᠶᠡᠯᠡᠭᠦᠯᠬᠦ᠌ ᠪᠣᠯ ᠨᠢᠭᠡᠨ ᠱᠠᠲᠤᠯᠢᠭ ᠮᠠᠶᠢᠭ᠎ᠢᠶᠠᠷ ᠠᠬᠢᠵᠤ᠂ ᠲᠠᠰᠤᠷᠠᠯᠲᠠ ᠦᠭᠡᠢ ᠬᠥᠭ᠌ᠵᠢᠨ ᠳᠠᠪᠱᠢᠬᠤ ᠲᠡᠦᠬᠡᠨ ᠶᠠᠪᠤᠴᠠ ᠮᠥᠨ᠃《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭ᠎ᠠ᠎ᠶ᠋ᠢ ᠡᠷᠭᠢᠴᠡᠭᠦᠯᠬᠦᠶ᠎ᠡ᠂ ᠣᠯᠠᠨ ᠬᠦᠴᠢᠷᠳᠡᠯ ᠪᠠ ᠥᠷᠢᠰᠥᠯᠳᠦᠭᠡᠨ᠎ᠳᠦ ᠬᠠᠨᠳᠤᠵᠤ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ ᠤ ᠱᠢᠨᠵᠢᠯᠡᠬᠦ᠌ ᠤᠬᠠᠭᠠᠨᠴᠢ ᠵᠢᠯᠣᠭᠣᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂《ᠶᠡᠷᠦᠩᠬᠡᠶ ᠱᠦᠵᠢ ᠰᠢ ᠵᠢᠨ ᠫᠢᠩ᠎ᠦᠨ ᠲᠤᠱᠢᠶᠠᠭ᠍ᠰᠠᠨ ᠲᠠᠪᠤᠨ ᠶᠡᠬᠡ ᠡᠭᠦᠷᠭᠡ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ》 ᠬᠣᠶᠠᠷ ᠶᠡᠬᠡ ᠶᠠᠪᠤᠳᠠᠯ ᠢ᠋ ᠬᠦᠴᠤᠯᠡᠨ ᠰᠠᠢᠳᠤᠷ ᠪᠠᠶᠠᠯᠡᠬᠦᠯᠵᠤ᠂《ᠵᠢᠷᠭᠤᠭᠠᠨ ᠢᠨᠵᠧᠨᠧᠷᠢᠩ》 ᠢ᠋ ᠬᠡᠷᠡᠭ᠌ᠵᠢᠭᠦᠯᠵᠤ᠂ 《ᠵᠢᠷᠭᠤᠭᠠᠨ ᠠᠵᠢᠯᠯᠠᠭ᠎ᠠ》ᠵᠢ ᠥᠷᠨᠢᠭᠦᠯᠵᠤ᠂ ᠱᠢᠨ᠎ᠡ ᠵᠠᠮ ᠨᠡᠭᠡᠭᠡᠵᠦ᠍᠂ ᠳᠤᠮᠳᠠ ᠲᠦᠪᠰᠢᠨ ᠳ᠋ᠤ ᠣᠷᠣᠬᠤ ᠲᠠᠯ᠎ᠠ᠎ᠪᠠᠷ ᠢᠳᠡᠷᠡᠭᠦᠨ ᠠᠯᠬᠤᠮ᠎ᠢ ᠠᠯᠬᠤᠪᠠ᠃ ᠢᠷᠡᠭᠡᠳᠦᠢ᠎ᠶ᠋ᠢᠨ ᠠᠶᠠᠨ᠎ᠳᠤ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠬᠠᠯᠠᠮᠵᠢᠯᠠᠯ ᠵᠢᠯᠤᠭᠤᠳᠤᠯᠭ᠎ᠠ ᠪᠠᠢᠨ᠎ᠠ᠂ ᠨᠠᠮ ᠪᠣᠯᠤᠨ ᠤᠯᠤᠰ᠎ᠤᠨ ᠠᠯᠢ ᠤᠯᠠᠨ ᠴᠢᠬᠤᠯᠠ ᠶᠡᠬᠡ ᠳᠡᠮᠵᠢᠯᠭᠡ᠎ᠶ᠋ᠢᠨ ᠲᠦᠷᠦ᠍᠎ᠶ᠋ᠢᠨ ᠪᠤᠳᠤᠯᠭ᠎ᠠ ᠪᠠᠢᠨ᠎ᠠ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠠᠯᠢ ᠤᠯᠠᠨ ᠠᠱᠢᠭ᠍ᠲᠠᠢ ᠨᠥᠬᠥᠴᠡᠯ ᠪᠠᠢᠨ᠎ᠠ᠂ ᠪᠢᠳᠡᠨ᠎ᠳᠦ ᠬᠠᠷᠠᠯᠲᠠ ᠡᠭᠦᠷᠭᠡ᠎ᠪᠡᠨ ᠰᠠᠢᠲᠤᠷ ᠪᠡᠶᠡᠯᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠳᠤ ᠱᠢᠨ᠎ᠡ ᠵᠠᠮ ᠨᠡᠭᠡᠭᠡᠬᠦ ᠰᠠᠭᠤᠷᠢ᠎ᠲᠠᠶ᠂ ᠳᠠᠪᠠᠭᠤᠯᠢᠭ᠎ᠲᠠᠶ᠂ ᠪᠠᠲᠤᠯᠠᠭ᠎ᠠ᠎ᠲᠠᠶ᠂ ᠢᠲᠡᠭᠡᠯ᠎ᠲᠡᠶ ᠶᠤᠮ᠃
《ᠠᠷᠪᠠᠨ ᠳᠠᠪᠤᠳᠤᠭᠠᠷ ᠳᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠮᠠᠨ᠎ᠤ ᠤᠯᠤᠰ ᠨᠡᠢᠭᠡᠮ ᠵᠢᠷᠤᠮ ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠪᠥᠬᠥ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠪᠠᠰᠠ ᠴᠤ᠌ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ ᠲᠦᠷᠭᠡᠨ ᠨᠡᠭᠡᠭᠡᠬᠦ᠌ ᠵᠢᠨ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠪᠥᠬᠥᠳᠡ ᠬᠤᠷᠠᠯ ᠡᠴᠡ ᠪᠠᠲᠤᠯᠠᠭ᠍ᠰᠠᠨ 《ᠰᠠᠨᠠᠭᠤᠯᠭ᠎ᠠ》᠎ᠨᠢ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠠᠬᠢ ᠥᠪᠥᠷ ᠮᠣᠩᠭᠣᠯ ᠤᠨ ᠬᠥᠭ᠌ᠵᠢᠯᠲᠡ᠎ᠶ᠋ᠢᠨ ᠦᠨᠳᠦᠰᠦᠨ ᠪᠠᠢᠷᠢ ᠲᠣᠭ᠍ᠲᠠᠭᠠᠯᠲᠠ᠎ᠶ᠋ᠢ ᠣᠨᠣᠴᠠᠲᠠᠶ ᠡᠵᠡᠮᠳᠡᠵᠦ᠍᠂ ᠥᠪᠥᠷ ᠮᠣᠩᠭᠣᠯ ᠤᠨ ᠪᠥᠬᠥ᠌ ᠲᠠᠯ᠎ᠠ ᠪᠠ ᠠᠯᠤᠰ ᠬᠡᠲᠦ᠍᠎ᠳᠦ ᠬᠣᠯᠪᠣᠭ᠍ᠳᠠᠬᠤ ᠭᠤᠤᠯᠳᠠᠯᠭ᠎ᠠ᠎ᠲᠠᠶ ᠠᠰᠠᠭᠤᠳᠠᠯ ᠢ ᠣᠨᠢᠯᠠᠵᠤ᠂ ᠬᠠᠷᠠᠯᠲᠠ ᠪᠡᠷ ᠤᠳᠤᠷᠢᠳᠤᠮᠵᠢ ᠪᠤᠯᠭᠠᠬᠤ ᠪᠠ ᠠᠰᠠᠭᠤᠳᠠᠯ᠎ᠢᠶᠡᠷ ᠤᠳᠤᠷᠢᠳᠤᠮᠵᠢ ᠪᠤᠯᠭᠠᠬᠤ᠎ᠶ᠋ᠢ ᠪᠠᠷᠢᠮᠲᠠᠯᠠᠵᠤ᠂ ᠦᠨᠡᠨ᠎ᠡᠴᠡ ᠵᠥᠪ ᠢ ᠡᠷᠢᠬᠦ᠌ ᠵᠢ ᠪᠠᠷᠢᠮᠳᠠᠯᠠᠵᠤ᠂ ᠭᠤᠤᠯ ᠬᠠᠷᠠᠯᠲᠠ ᠲᠣᠳᠣᠷᠬᠠᠶ᠂ ᠡᠭᠦᠷᠭᠡ ᠠᠷᠭ᠎ᠠ ᠬᠡᠮᠵᠢᠶ᠎ᠡ ᠪᠣᠳᠠᠲᠠᠶ ᠪᠠᠢᠪᠠ᠃ ᠡᠨᠡ ᠪᠣᠯ ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌ ᠱᠢᠨ᠎ᠡ ᠠᠶᠠᠨ ᠳ᠋ᠠᠬᠢ ᠲᠦᠯᠦᠪᠵᠢᠬᠦᠯᠭᠡ ᠪᠠᠢᠷᠢᠱᠢᠭᠤᠯᠤᠯᠲᠠ ᠮᠥᠨ᠂ ᠡᠨᠡ ᠪᠣᠯ ᠡᠷᠡᠮᠡᠬᠡᠢᠯᠡᠨ ᠤᠷᠤᠭ᠍ᠰᠢᠯᠠᠬᠤ ᠲᠠᠢ᠌ᠴᠢᠯᠠᠯᠳᠠ᠎ᠶ᠋ᠢᠨ ᠵᠠᠷᠯᠢᠭ ᠮᠥᠨ᠂ ᠪᠢᠳᠡ ᠲᠡᠮᠡᠴᠡᠯ ᠦᠨ ᠵᠣᠷᠢᠭ᠎ᠢᠶᠠᠨ ᠬᠦᠪᠴᠢᠯᠡᠵᠦ᠂ ᠵᠠᠪᠠᠯ ᠢᠯᠠᠬᠤ ᠢᠲᠡᠭᠡᠯ ᠵᠣᠷᠢᠭ᠎ᠢᠶᠠᠨ ᠪᠠᠲᠤᠳᠭᠠᠵᠤ᠂ ᠥᠷᠯᠥᠭᠡ ᠦᠳᠡᠰᠢ᠎ᠶ᠋ᠢ ᠲᠡᠮᠡᠴᠡᠬᠦ᠌᠂ ᠵᠣᠷᠢᠭ᠍ᠲᠠᠢ ᠬᠢᠵᠦ᠍ ᠵᠣᠷᠢᠭ᠍ᠲᠠᠢ ᠲᠤᠷᠱᠢᠬᠤ᠂ ᠴᠢᠳᠠᠮᠠᠭᠠᠢ ᠬᠢᠵᠦ᠍ ᠠᠮᠵᠢᠯᠲᠠ ᠤᠯᠬᠤ ᠡᠷᠴᠢ ᠵᠣᠷᠢᠭ᠎ᠢᠶᠠᠷ ᠳᠠᠪᠠᠭᠤᠯᠢᠭ᠎ᠢᠶᠠᠨ ᠪᠡᠬᠢᠵᠢᠭᠦᠯᠦᠨ ᠥᠷᠭᠡᠳᠭᠡᠵᠦ᠍᠂ ᠪᠣᠭᠣᠮᠢ ᠬᠢᠵᠠᠭᠠᠷᠯᠠᠯ᠎ᠢ ᠡᠪᠳᠡᠵᠦ᠍᠂ ᠳᠤᠲᠠᠭᠤᠳᠠᠯ ᠪᠠᠭᠤᠷᠠᠢ ᠲᠠᠯ᠎ᠠ᠎ᠪᠠᠨ ᠨᠥᠬᠥᠪᠥᠷᠢᠯᠡᠨ ᠬᠦᠴᠦᠷᠬᠡᠭ᠌ᠵᠢᠭᠦᠯᠵᠦ᠍ ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠠᠳᠤ ᠡᠵᠡᠮᠳᠡᠨ ᠴᠥᠬᠥᠷᠡᠰᠢ ᠦᠭᠡᠢ ᠴᠢᠷᠮᠠᠢᠵᠤ᠂ ᠦᠷᠭᠦᠯᠵᠢᠯᠡᠨ ᠲᠡᠮᠡᠴᠡᠬᠦ᠌ ᠬᠡᠷᠡᠭ᠌ᠲᠡᠢ᠃
ᠱᠢᠨ᠎ᠡ ᠠᠶᠠᠨ᠎ᠳᠤ ᠤᠷᠤᠭ᠍ᠰᠢᠯᠠᠨ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠵᠢᠨ ᠵᠠᠩᠭᠢᠯᠠᠭ᠎ᠠ ᠨᠢ ᠬᠥᠮᠦᠨ᠎ᠳᠦ ᠪᠤᠢ᠂ ᠵᠠᠩᠭᠢᠯᠠᠭ᠎ᠠ ᠨᠢ ᠠᠵᠢᠯᠯᠠᠬᠤ᠎ᠳᠤ ᠪᠤᠢ᠃ ᠪᠦᠬᠦ᠌ ᠣᠷᠣᠨ ᠳᠠᠶᠠᠭᠠᠷ ᠪᠤᠱᠢᠭᠤ ᠲᠦᠷᠭᠡᠨ ᠬᠥᠳᠡᠯᠦᠯᠴᠡᠵᠦ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ ᠡᠴᠡ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠂ ᠡᠭᠦᠷᠭᠡ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠪᠡᠷ ᠦᠷᠭᠦᠯᠵᠢᠯᠡᠨ ᠬᠦᠴᠦᠯᠡᠵᠦ᠍᠂ ᠤᠳᠠᠭᠠᠨ ᠳᠠᠭᠠᠭᠠᠮᠠᠭᠠᠢ ᠵᠢᠳᠬᠦᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠦᠲᠦᠭᠡᠨ ᠪᠠᠢᠭᠤᠯᠤᠯᠲᠠ ᠵᠢ ᠴᠢᠩᠭ᠎ᠠ ᠪᠣᠳᠠᠲᠠᠢ ᠠᠳᠭᠤᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠳᠠᠯ᠎ᠠ ᠪᠡᠷ ᠭᠦᠨᠵᠡᠭᠡᠢᠷᠡᠭᠦᠯᠦᠨ᠂ ᠠᠷᠠᠳ ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠪᠡᠷ ᠬᠦᠴᠦᠯᠡᠵᠦ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠯᠡᠵᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠪᠦᠬᠦ᠌ ᠬᠦᠴᠦᠨ᠎ᠢᠶᠡᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠲᠠᠰᠤᠷᠠᠯᠲᠠ ᠥᠬᠡᠶ ᠨᠠᠩ ᠶᠡᠬᠡ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭᠳᠡᠢ᠃
ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠨᠠᠮ᠎ᠤᠨ ᠤᠳᠤᠷᠢᠳᠤᠯᠭ᠎ᠠ᠎ᠶ᠋ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠪᠦᠬᠦ᠌ ᠨᠡᠢᠭᠡᠮ᠎ᠦᠨ ᠬᠢᠨ᠎ᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠳᠠᠢ᠌ᠴᠢᠯᠠᠪᠠᠯ ᠰᠠᠶᠢ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠵᠠᠮ ᠨᠡᠭᠡᠭᠡᠨ ᠤᠷᠤᠭ᠍ᠰᠢᠯᠠᠬᠤ ᠠᠮᠢᠳᠤᠯᠢᠭ ᠪᠠᠢᠳᠠᠯ᠎ᠢ ᠪᠦᠷᠢᠯᠳᠦᠭᠦᠯᠵᠦ᠍ ᠴᠢᠳᠠᠨ᠎ᠠ᠃ ᠪᠦᠬᠦ᠌ ᠣᠷᠣᠨ᠎ᠤ ᠡᠯ᠎ᠡ ᠱᠠᠲᠤ ᠡᠯ᠎ᠡ ᠭᠠᠵᠠᠷ᠎ᠤᠨ ᠬᠢᠨ ᠨᠠᠮ᠎ᠤᠨ ᠥᠪᠡᠷ᠎ᠪᠡᠶ᠎ᠡ᠎ᠶᠢᠨ ᠬᠤᠪᠢᠰᠭᠠᠯ ᠬᠢᠬᠦ᠌ ᠱᠠᠭᠠᠷᠳᠠᠯᠭ᠎ᠠ᠎ᠶ᠋ᠢ ᠡᠷᠡᠰ ᠨᠠᠢᠳᠠᠪᠤᠷᠢᠵᠢᠭᠤᠯᠵᠤ᠂ ᠺᠠᠳ᠋ᠷᠴᠤᠳ᠎ᠤᠨ ᠰᠤᠷᠤᠯᠴᠠᠯᠭ᠎ᠠ ᠵᠢ ᠶᠡᠭᠡᠳᠠ ᠡᠷᠬᠢᠮᠯᠡᠬᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠌᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶ᠋ᠢ ᠠᠬᠢᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠥᠷᠡᠯ ᠦᠭᠡᠢ ᠲᠤᠭᠤᠱᠢᠯᠠᠭᠤᠯᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠶᠢᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌ ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ᠃
ᠡᠭᠦᠷᠭᠡ ᠬᠠᠷᠢᠭᠤᠴᠠᠯᠭ᠎ᠠ ᠴᠢᠭ᠌ᠯᠡᠯ᠎ᠢ ᠳᠠᠭᠠᠭᠤᠯᠵᠤ᠂ ᠬᠠᠷᠠᠯᠲᠠ ᠵᠤᠷᠢᠯᠲᠠ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃ ᠱᠢᠨ᠎ᠡ ᠲᠠᠪᠤᠨ ᠵᠢᠯ᠎ᠦᠨ ᠠᠶᠠᠨ ᠤᠳᠠᠯ ᠦᠭᠡᠢ ᠡᠬᠢᠯᠡᠬᠦ᠌ ᠭᠡᠵᠦ᠍ ᠪᠠᠢᠨ᠎ᠠ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠠᠢ᠌ᠨ ᠰᠠᠢᠬᠠᠨ ᠵᠢᠷᠤᠭ ᠲᠥᠰᠦᠪ ᠲᠠ ᠪᠢᠳᠡᠨ᠎ᠦ ᠡᠮᠦᠨ᠎ᠡ ᠳᠡᠯᠭᠡᠭ᠌ᠳᠡᠬᠦ ᠪᠤᠯᠤᠯ᠎ᠠ᠃ ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠢᠲᠡᠭᠡᠯ ᠲᠡᠭᠦᠯᠳᠡᠷ᠎ᠢᠶᠡᠷ ᠥᠪᠡᠷ᠎ᠢ᠎ᠪᠡᠨ ᠬᠦᠴᠦᠷᠬᠡᠭ᠌ᠵᠢᠭᠦᠯᠵᠦ᠍᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠵᠣᠷᠢᠭ᠍ᠲᠠᠶ ᠤᠷᠤᠭ᠍ᠰᠢᠯᠠᠵᠤ᠂ ᠪᠥᠬᠥ᠌ ᠤᠯᠤᠰ᠎ᠲᠠᠶ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠲᠥᠯᠥᠭᠡ ᠬᠠᠮᠲᠤ᠎ᠪᠠᠷ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠭ ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠲᠠᠰᠤᠷᠠᠯᠲᠠ ᠥᠬᠡᠶ ᠪᠢᠴᠢᠭ᠌ᠯᠡᠶ᠎ᠡ᠃