ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠪᠠᠢᠭᠤᠯᠭ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠭᠦ ᠬᠤᠷᠢᠶ᠎ᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ
2025-11-16 12:23:44
ᠵᠣᠬᠢᠶᠠᠭ᠍ᠴᠢ᠄
ᠸᠠᠩ ᠬᠤᠤ ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

11 ᠰᠠᠷ᠎ᠠ᠎ᠶᠢᠨ 12᠎ᠤ᠋ᠨ ᠡᠳᠦᠷ᠂ 13᠎ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠢ᠋ᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠪᠠᠢᠭᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠢ᠋ᠢᠨ ᠪᠠᠢᠭᠤᠯᠭ᠎ᠠ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠢ᠋ᠢᠨ ᠨᠢᠭᠡᠳᠦᠭᠡᠷ ᠳᠡᠳ᠋ ᠵᠠᠬᠢᠷᠦᠯ ᠭᠣᠣ ᠽᠸ᠋ ᠬᠦᠶ ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠢ᠋ᠢᠨ ᠳᠥᠷᠪᠡᠳᠦᠭᠡᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠣᠯᠣᠨ ᠪᠦᠭᠦᠳᠡ ᠬᠤᠷᠠᠯ᠎ᠤᠨ 《ᠰᠠᠨᠠᠭᠤᠯᠭ᠎ᠠ》 ᠢ᠋ᠢᠨ ᠲᠣᠭᠣᠷᠢᠨ᠎ᠳᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠢ᠋ᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠬᠤ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ ᠵᠡᠷᠭᠡ ᠲᠠᠯ᠎ᠠ᠎ᠪᠠᠷ ᠭᠦᠨᠵᠡᠭᠡᠢ ᠨᠠᠷᠢᠨ ᠲᠠᠢᠯᠤᠮᠵᠢ ᠬᠢᠵᠡᠢ᠃ ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ᠎ᠶᠢᠨ ᠭᠣᠣᠯ ᠰᠡᠳᠦᠪ ᠨᠢ ᠢᠯᠡ ᠲᠣᠳᠣ᠌᠂ ᠠᠭᠤᠯᠤᠭᠳᠠᠬᠤᠨ ᠨᠢ ᠡᠯᠪᠡᠭ ᠪᠠᠶᠠᠯᠢᠭ᠋ ᠪᠤᠯᠵᠠᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ ᠲᠸ᠋ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠡᠷᠳᠡᠮ ᠰᠢᠨᠵᠢᠯᠡᠭᠡᠨ᠎ᠤ ᠭᠠᠵᠠᠷ᠎ᠤᠨ ᠳᠡᠳ᠋ ᠳᠠᠷᠤᠭ᠎ᠠ ᠸᠠᠩ ᠰᠢᠶᠣᠣ ᠮᠢᠩ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠬᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠴᠢᠭᠯᠡᠯᠲᠡ ᠪᠣᠯᠣᠨ ᠭᠣᠣᠯ ᠬᠠᠷᠠᠯᠲᠠ᠎ᠶᠢ ᠭᠦᠨᠵᠡᠭᠡᠢ ᠣᠢᠯᠠᠭᠠᠬᠤ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ ᠵᠡᠷᠭᠡ ᠲᠠᠯ᠎ᠠ᠎ᠪᠠᠷ ᠪᠦᠬᠦ ᠲᠠᠯ᠎ᠠ᠎ᠪᠠᠷ ᠤᠬᠠᠭᠤᠯᠤᠨ ᠲᠠᠢᠯᠪᠤᠷᠢᠯᠠᠵᠤ᠂ ᠰᠢᠰᠲᠧᠮ᠎ᠲᠠᠢ ᠲᠠᠢᠯᠪᠤᠷᠢᠯᠠᠪᠠ᠃ ᠢᠯᠡᠳᠬᠡᠯ᠎ᠦᠨ ᠭᠣᠣᠯ ᠰᠡᠳᠦᠪ ᠨᠢ ᠢᠯᠡ ᠲᠣᠳᠣ᠌᠂ ᠠᠭᠤᠯᠭ᠎ᠠ ᠨᠢ ᠡᠯᠪᠡᠭ ᠪᠠᠶᠠᠯᠢᠭ᠋᠂ ᠤᠯᠤᠰ ᠲᠦᠷᠦ᠎ᠶᠢᠨ ᠥᠨᠳᠥᠷᠴᠡ ᠲᠠᠢ ᠮᠥᠷᠲᠡᠭᠡᠨ ᠤᠨᠤᠯ᠎ᠤᠨ ᠭᠦᠨᠴᠡ᠎ᠲᠠᠢ ᠪᠠᠢᠵᠤ᠂ ᠮᠠᠰᠢ ᠴᠢᠩᠭ᠎ᠠ ᠵᠢᠯᠤᠭᠣᠳᠬᠤ ᠠᠴᠢ ᠬᠤᠯᠪᠤᠭᠳᠠᠯ ᠲᠠᠢ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶ᠎ᠠ᠎ᠶᠢᠨ ᠱᠦᠵᠢ ᠮᠠ ᠵᠢᠶᠦ᠋ᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠢ᠋ᠢᠨ ᠳᠥᠷᠪᠡᠳᠦᠭᠡᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠬᠤ᠂ ᠪᠦᠬᠦᠳᠠ ᠬᠤᠷᠠᠯ᠎ᠤᠨ ᠭᠣᠣᠯ ᠠᠭᠤᠯᠭ᠎ᠠ᠎ᠶᠢ ᠰᠢᠰᠲ᠋ᠸᠮ ᠲᠠᠢ ᠡᠵᠡᠮᠰᠢᠬᠦ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠬᠤ ᠵᠡᠷᠭᠡ ᠲᠠᠯ᠎ᠠ᠎ᠪᠠᠷ ᠲᠠᠢᠯᠤᠮᠵᠢ ᠬᠢᠵᠡᠢ᠃ ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ ᠨᠢ ᠭᠣᠣᠯ ᠰᠡᠳᠦᠪ᠎ᠲᠠᠢ ᠨᠢᠭ᠍ᠲᠠ ᠤᠶᠠᠯᠳᠤᠵᠤ᠂ ᠰᠢᠰᠲ᠋ᠸᠮ ᠲᠠᠢ ᠪᠦᠬᠦ ᠲᠠᠯ᠎ᠠ᠎ᠶᠢᠨ ᠪᠠᠢᠵᠤ᠂ ᠭᠣᠣᠯᠳᠠᠯᠭ᠎ᠠ᠎ᠶᠢ ᠲᠤᠪᠤᠢ᠍ᠢᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号