ᠲᠠᠯ᠎ᠠ ᠨᠤᠲᠤᠭ᠎ᠤᠨ 《ᠠᠮᠢ ᠠᠬᠤᠶ᠎ᠶ᠋ᠢᠨ ᠲᠣᠭᠠᠴᠢᠯᠠᠭ᠍ᠰᠠᠨ ᠭᠠᠵᠠᠷ᠎ᠤᠨ ᠵᠢᠷᠤᠭ》 ᠨᠢ 《 ᠶᠡᠬᠡ ᠠᠮᠢ ᠠᠬᠤᠶ 》 ᠶ᠋ᠢᠨ ᠬᠢᠨᠠᠯᠲᠠ ᠬᠠᠮᠢᠶᠠᠷᠤᠯᠲᠠ ᠎ᠳ᠋ᠤ ᠬᠦᠴᠦᠨ ᠤᠯᠭᠤᠨ᠎ᠠ
2025-11-17 10:02:04
ᠵᠣᠬᠢᠶᠠᠭ᠍ᠴᠢ᠄
ᠯᠢ ᠰᠢᠨ ᠵᠢᠶᠦ᠍ᠢ᠍ᠨ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 8 ᠎ᠤ᠋ ᠡᠳᠦᠷ᠂ ᠬᠥᠯᠥᠨ ᠪᠣᠢᠷ ᠬᠣᠲᠠ᠎ᠶ᠋ᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠶ᠋ᠢᠨ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠲᠥᠪ᠎ᠦᠨ ᠬᠠᠷᠢᠭᠤᠴᠠᠯᠭᠠᠲᠠᠨ ᠲᠢᠶᠠᠨ ᠮᠢᠩ ᠬᠠᠮᠲᠤ ᠠᠵᠢᠯᠯᠠᠭ᠍ᠰᠠᠳ᠎ᠲᠠᠶ᠎ᠪᠠᠨ ᠺᠣᠮᠫᠢᠦ᠋ᠲ᠋ᠧᠷ ᠎ᠦᠨ ᠳᠡᠯᠭᠡᠴᠡ ᠳᠡᠭᠡᠷᠡᠬᠢ ᠲᠣᠭ᠎ᠠ ᠪᠠᠷᠢᠮᠲᠠ᠎ᠶ᠋ᠢ ᠠᠵᠢᠭᠯᠠᠵᠤ ᠪᠠᠢᠯ᠎ᠠ᠃ 《ᠡᠨᠳᠡᠬᠢ ᠲᠣᠭ᠎ᠠ ᠪᠠᠷᠢᠮᠲᠠ᠎ᠶ᠋ᠢ ᠳᠠᠬᠢᠨ ᠨᠥᠬᠥᠪᠥᠷᠢᠯᠡᠵᠦ᠍ ᠲᠡᠭᠦᠯᠳᠡᠷᠵᠢᠭᠦᠯᠬᠦ᠌ ᠴᠢᠬᠤᠯᠠᠲᠠᠶ ᠪᠠᠢᠨ᠎ᠠ᠂ ᠲᠤᠬᠠᠶ᠎ᠶ᠋ᠢᠨ ᠭᠠᠵᠠᠷ᠎ᠤᠨ ᠠᠮᠢ ᠠᠬᠤᠶ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ᠎ᠲᠠᠶ ᠬᠠᠷᠢᠯᠴᠠᠵᠤ᠂ ᠴᠤᠬᠤᠮ ᠶᠠᠮᠠᠷ ᠪᠠᠢᠳᠠᠯ᠎ᠲᠠᠶ ᠪᠠᠢᠬᠤ ᠎ᠶ᠋ᠢ᠎ᠨᠢ ᠤᠢᠯᠠᠭᠠᠶ᠎ᠠ》᠃ 《ᠤᠢ᠍ᠢᠷ᠎ᠠ᠎ᠳᠤ ᠭᠣᠣᠯᠳᠠᠭᠤ ᠲᠣᠭ᠎ᠠ ᠪᠠᠷᠢᠮᠲᠠ᠎ᠶ᠋ᠢ ᠨᠥᠬᠥᠪᠥᠷᠢᠯᠡᠵᠦ᠍᠂ ᠮᠠᠨ᠎ᠤ ᠡᠨᠡ ᠬᠦ᠌ 〈ᠲᠠᠪᠴᠠᠩ〉 ᠵᠢᠡᠨ ᠨᠡᠩ ᠲᠡᠭᠦᠯᠳᠡᠷᠵᠢᠭᠦᠯᠵᠦ ᠪᠤᠢ》᠃

ᠡᠨᠡ ᠬᠦ᠌《ᠲᠠᠪᠴᠠᠩ》ᠪᠣᠯ ᠬᠥᠯᠥᠨ ᠪᠤᠢ᠌ᠷ ᠬᠤᠳᠠ᠎ᠶ᠋ᠢᠨ ᠪᠦᠬᠦ᠌ ᠣᠷᠣᠨ᠎ᠳᠤ ᠡᠩ ᠲᠡᠷᠢᠭᠦᠨ᠎ᠳᠦ ᠪᠠᠢᠭᠤᠯᠤᠭ᠍ᠰᠠᠨ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ 《ᠨᠢᠭᠡ ᠵᠢᠷᠤᠭ 》᠂ 《ᠨᠢᠭᠡ ᠰᠦᠯᠵᠢᠶ᠎ᠡ》 ᠪᠣᠯᠤᠨ᠎ᠠ᠃

ᠲᠢᠶᠠᠨ ᠮᠢᠩ ᠰᠤᠷᠪᠤᠯᠵᠢᠯᠠᠭ᠍ᠴᠢ᠎ᠳᠤ᠂ 《ᠨᠢᠭᠡ ᠵᠢᠷᠤᠭ》 ᠭᠡᠳᠡᠭ ᠨᠢ ᠳᠠᠷᠤᠢ ᠪᠦᠬᠦ᠌ ᠣᠷᠣᠨ ᠪᠦᠰᠡ᠎ᠶ᠋ᠢᠨ ᠠᠮᠢ ᠠᠬᠤᠢ᠎ᠶ᠋ᠢᠨ 《ᠲᠣᠭᠠᠴᠢᠯᠠᠭ᠍ᠰᠠᠨ ᠭᠠᠵᠠᠷ᠎ᠤᠨ ᠵᠢᠷᠤᠭ》 ᠪᠠᠢᠵᠤ᠂ ᠬᠥᠯᠥᠨ ᠪᠤᠢ᠌ᠷ᠎ᠤᠨ ᠠᠮᠢ ᠠᠬᠤᠢ ᠎ᠶ᠋ᠢᠨ ᠪᠠᠢᠳᠠᠯ ᠎ᠢ  《ᠲᠣᠪ ᠲᠣᠳᠣᠷᠬᠠᠢ ᠪᠣᠯᠭᠠᠪᠠ》᠃ ᠡᠨᠡ ᠨᠢ ᠳᠠᠭᠠᠭᠤᠯᠢ ᠣᠳᠣᠨ᠎ᠤ ᠠᠯᠤᠰ ᠰᠡᠷᠡᠯ᠎ᠦᠨ ᠵᠢᠷᠤᠭ ᠳᠦᠷᠰᠦ᠎ᠪᠡᠷ ᠰᠠᠭᠤᠷᠢ ᠵᠢᠷᠤᠭ ᠪᠣᠯᠭᠠᠵᠤ᠂ ᠭᠠᠵᠠᠷ ᠵᠦᠶ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ᠂ ᠲᠣᠮᠣ ᠳ᠋ᠠᠢᠲ᠋ᠠ ᠵᠡᠷᠭᠡ ᠬᠣᠱᠢᠭᠤᠷᠠᠯ ᠮᠡᠷᠭᠡᠵᠢᠯ ᠎ᠢ ᠬᠡᠷᠡᠭ᠌ᠯᠡᠨ᠂ ᠪᠥᠬᠥ᠌ ᠬᠣᠲᠠ᠎ᠶ᠋ᠢᠨ ᠪᠠᠢᠭᠠᠯᠢ᠎ᠶ᠋ᠢᠨ ᠠᠮᠢ ᠠᠬᠤᠶ᠂ ᠣᠷᠴᠢᠨ ᠲᠣᠭᠣᠷᠢᠨ᠎ᠤ ᠶᠠᠰᠤ ᠴᠢᠨᠠᠷ᠂ ᠭᠤᠤᠯᠳᠠᠯᠭ᠎ᠠ᠎ᠲᠠᠶ ᠡᠭᠦᠷᠭᠡ ᠵᠢᠴᠢ ᠣᠨᠣᠪᠴᠢᠲᠠᠶ᠎ᠪᠠᠷ ᠵᠢᠷᠤᠭ ᠵᠢᠷᠤᠬᠤ ᠵᠡᠷᠭᠡ ᠰᠠᠭᠤᠷᠢ ᠲᠣᠭ᠎ᠠ ᠪᠠᠷᠢᠮᠲᠠ᠎ᠶ᠋ᠢ ᠭᠦᠨᠵᠡᠭᠡᠶ ᠡᠮᠬᠢᠯᠡᠨ ᠨᠡᠢᠯᠡᠭᠦᠯᠵᠦ᠍᠂ ᠪᠥᠬᠥ᠌ ᠬᠣᠲᠠ᠎ᠶ᠋ᠢᠨ ᠣᠷᠴᠢᠨ ᠲᠣᠭᠣᠷᠢᠨ ᠎ᠤ ᠲᠦᠭ᠌ᠰᠢᠭᠦᠷᠢ᠎ᠶ᠋ᠢᠨ ᠴᠡᠭ᠂ ᠣᠷᠴᠢᠨ ᠲᠣᠭᠣᠷᠢᠨ᠎ᠤ ᠰᠡᠷᠭᠡᠭ ᠴᠡᠭ᠂ ᠠᠰᠠᠭᠤᠳᠠᠯ᠎ᠤᠨ ᠨᠠᠷᠢᠨ ᠲᠠᠩᠰᠠ᠂ ᠪᠣᠬᠢᠷᠲᠤᠯ ᠭᠠᠳᠠᠭ᠍ᠰᠢᠯᠠᠭᠤᠯᠬᠤ ᠨᠢᠭᠡᠴᠢ᠎ᠶ᠋ᠢᠨ ᠮᠡᠳᠡᠭᠡ ᠵᠠᠩᠭᠢ᠎ᠶ᠋ᠢ ᠲᠥᠷᠥᠯ ᠬᠤᠪᠢᠶᠠᠨ ᠲᠣᠳᠣᠷᠬᠠᠢᠯᠠᠬᠤ ᠪᠠ ᠣᠨᠣᠪᠴᠢᠲᠠᠶ᠎ᠪᠠᠷ ᠵᠢᠷᠤᠭ ᠪᠠᠭᠤᠯᠭᠠᠬᠤ᠎ᠶ᠋ᠢ ᠪᠡᠶᠡᠯᠡᠭᠦᠯᠪᠡ᠃ ᠪᠥᠬᠥ᠌ ᠣᠷᠣᠨ ᠪᠦᠰᠡ᠎ᠶ᠋ᠢᠨ 《ᠨᠢᠭᠡ ᠵᠢᠷᠤᠭ》 ᠤ᠋ᠨ ᠪᠠᠲᠤ ᠪᠠᠬᠢ ᠲᠤᠯᠭᠠᠭᠤᠷᠢᠯᠠᠯ ᠳᠤᠤᠷ᠎ᠠ 《ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ》 ᠶ᠋ᠢᠨ ᠪᠥᠬᠥ᠌ ᠪᠠᠢᠭᠠᠯᠢ᠎ᠶ᠋ᠢᠨ ᠬᠦᠴᠦᠨ ᠵᠦᠶ᠋ᠯ ᠎ᠢ  ᠨᠢᠭᠡ ᠴᠣᠭ᠍ᠴᠠᠵᠢᠭᠤᠯᠵᠤ᠂ ᠠᠮᠢ ᠠᠬᠤᠶ᠎ᠶ᠋ᠢᠨ ᠬᠦᠷᠢᠶ᠎ᠡ ᠴᠠᠷᠠᠭ᠎ᠠ᠎ᠶ᠋ᠢᠨ ᠭᠤᠤᠯᠳᠠᠯᠭ᠎ᠠ᠎ᠲᠠᠶ ᠡᠭᠦᠷᠭᠡ᠎ᠶ᠋ᠢ ᠬᠠᠮᠤᠷᠬᠤ᠎ᠶ᠋ᠢᠨ ᠬᠠᠮᠲᠤ᠂ ᠣᠶ ᠱᠢᠭᠤᠶ ᠡᠪᠡᠰᠦ ᠪᠡᠯᠴᠢᠭᠡᠷ ᠨᠤᠭᠤ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠬᠢᠭᠡᠳ ᠰᠡᠷᠭᠦᠭᠡᠯᠲᠡ᠂ ᠤᠰᠤ ᠬᠡᠶ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠵᠡᠷᠭᠡ ᠠᠮᠢ ᠠᠬᠤᠶ ᠣᠷᠴᠢᠨ ᠲᠣᠭᠣᠷᠢᠨ᠎ᠢ ᠬᠢᠨᠠᠨ ᠱᠢᠨᠵᠢᠬᠦ᠌᠂ ᠬᠠᠤᠯᠢ ᠬᠡᠷᠡᠭ᠌ᠵᠢᠭᠦᠯᠬᠦ᠌᠂ ᠬᠢᠨᠠᠯᠲᠠ ᠲᠠᠯᠪᠢᠬᠤ᠂ ᠴᠡᠭ᠌ᠴᠡᠯᠡᠨ ᠰᠠᠢᠵᠢᠷᠠᠭᠤᠯᠬᠤ ᠭᠤᠤᠯᠳᠠᠯᠭ᠎ᠠ᠎ᠲᠠᠶ ᠠᠵᠢᠯ᠎ᠤᠨ《ᠨᠢᠭᠡ ᠰᠦᠯᠵᠢᠶ᠎ᠡ》 ᠵᠢ ᠬᠠᠮᠤᠷᠴᠤ᠌᠂ ᠪᠥᠬᠥ᠌ ᠬᠦᠴᠦᠨ ᠵᠦᠶ᠋ᠯ᠂ ᠪᠥᠬᠥ᠌ ᠲᠠᠯ᠎ᠠ᠂ ᠪᠥᠬᠥ᠌ ᠬᠦᠷᠢᠶ᠎ᠡ ᠴᠠᠷᠠᠭ᠎ᠠ᠎ᠶ᠋ᠢᠨ 《ᠶᠡᠬᠡ ᠠᠮᠢ ᠠᠬᠤᠶ》 ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ ᠢ᠋ ᠲᠤᠢᠯ ᠎ᠤᠨ ᠣᠨᠣᠪᠴᠢᠲᠠᠶ᠎ᠪᠠᠷ ᠪᠠᠢᠭᠤᠯᠵᠠᠢ ᠭᠡᠵᠦ᠍ ᠬᠡᠯᠡᠪᠡ᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠡᠴᠡ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠥᠲᠥᠭᠡᠨ ᠪᠠᠢᠭᠤᠯᠤᠨ᠎ᠠ᠃ ᠨᠤᠮᠢᠨ ᠤᠰᠤ ᠬᠥᠬᠡᠮᠳᠦᠭ ᠠᠭᠤᠯᠠ ᠪᠣᠯ ᠠᠯᠳᠠ ᠠᠭᠤᠯᠠ ᠮᠥᠩᠭᠥᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ ᠎ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠨᠡᠭᠦᠷᠡᠰᠦᠲᠥ᠋ᠷᠥᠭ᠌ᠴᠢ ᠎ᠶ᠋ᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠦ ᠬᠦᠷᠬᠦ᠌᠂ ᠨᠡᠭᠦᠷᠡᠰᠦᠲᠥ᠋ᠷᠥᠭ᠌ᠴᠢ᠎ᠵᠢ ᠰᠠᠭᠠᠷᠮᠠᠭ᠍ᠵᠢᠭᠤᠯᠬᠤ᠎ᠪᠠᠷ ᠬᠦᠳᠦᠯᠦᠮᠵᠢ ᠪᠣᠯᠭᠠᠵᠤ᠂ ᠨᠡᠭᠦᠷᠡᠰᠦᠲᠥ᠋ᠷᠥᠭ᠌ᠴᠢ᠎ᠵᠢᠨ ᠭᠠᠳᠠᠭᠰᠢᠯᠠᠭᠤᠯᠤᠯᠲᠠ᠎ᠶ᠋ᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠦᠰᠦᠯᠲᠡ᠎ᠵᠢ ᠨᠡᠮᠡᠭᠳᠡᠭᠦᠯᠬᠦ᠎ᠵᠢ ᠬᠠᠮᠵᠢᠯᠴᠠᠨ ᠠᠬᠢᠭᠤᠯᠵᠤ᠂ ᠠᠮᠢ ᠠᠬᠤᠢ᠎ᠶ᠋ᠢᠨ ᠠᠮᠤᠷ ᠲᠦᠪᠱᠢᠨ ᠎ᠦ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ ᠎ᠶ᠋ᠢ ᠨᠡᠮᠡᠭ᠌ᠳᠡᠭᠦᠯᠦᠨ᠎ᠡ ᠭᠡᠵᠦ᠍ ᠳᠤᠷᠠᠳᠪᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ 《ᠨᠢᠭᠡ ᠵᠢᠷᠤᠭ》᠂ 《ᠨᠢᠭᠡ ᠰᠦᠯᠵᠢᠶ᠎ᠡ》ᠶ᠋ᠢᠨ ᠱᠢᠰᠲᠸᠮ᠎ᠨᠢ ᠬᠠᠤᠯᠢ ᠬᠡᠷᠡᠭ᠌ᠵᠢᠭᠦᠯᠬᠦ᠌᠎ᠵᠢ ᠵᠢᠷᠤᠮᠵᠢᠭᠤᠯᠬᠤ᠂ ᠬᠢᠨᠠᠯᠲᠠ ᠲᠠᠯᠪᠢᠬᠤ᠎ᠶ᠋ᠢ ᠴᠢᠩᠭᠠᠷᠠᠭᠤᠯᠬᠤ᠎ᠪᠠᠷ ᠳᠠᠮᠵᠢᠨ ᠦᠷ᠎ᠡ ᠠᠰᠢᠭ᠎ᠵᠢᠡᠨ ᠪᠠᠳᠠᠷᠠᠭᠤᠯᠬᠤ ᠪᠤᠯᠤᠨ᠎ᠠ᠃ ᠬᠥᠯᠥᠨ ᠪᠣᠢᠷ ᠬᠣᠲᠠ ᠠᠮᠢ ᠠᠬᠤᠶ᠎ᠶ᠋ᠢᠨ ᠬᠣᠬᠢᠷᠠᠯ᠎ᠤᠨ ᠲᠥᠯᠥᠪᠦᠷᠢ᠂ ᠨᠤᠲᠤᠭ ᠪᠡᠯᠴᠢᠭᠡᠷ᠎ᠤᠨ ᠳᠠᠭᠠᠭᠠᠴᠠ ᠡᠴᠡ ᠬᠡᠲᠦᠷᠡᠲᠡᠯ᠎ᠡ ᠮᠠᠯᠵᠢᠬᠤ ᠵᠡᠷᠭᠡ 7 ᠬᠠᠤᠯᠢ ᠬᠡᠷᠡᠭ᠌ᠵᠢᠭᠦᠯᠦᠯᠲᠡ᠎ᠶ᠋ᠢᠨ ᠬᠠᠮᠵᠢᠯᠴᠠᠬᠤ ᠲᠣᠭ᠍ᠲᠠᠴᠠ᠎ᠶ᠋ᠢ ᠪᠠᠢᠭᠤᠯᠬᠤ᠎ᠶ᠋ᠢᠨ ᠬᠠᠮᠲᠤ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠂ ᠤᠯᠤᠰ ᠲᠥᠷᠥ᠎ᠶ᠋ᠢᠨ ᠵᠥᠪᠯᠡᠯᠭᠡᠨ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠵᠡᠷᠭᠡ ᠰᠠᠯᠠᠭ᠎ᠠ ᠮᠥᠴᠢᠷ᠎ᠲᠡᠶ ᠬᠢᠨᠠᠯᠲᠠ ᠲᠠᠯᠪᠢᠬᠤ᠎ᠶ᠋ᠢ ᠨᠡᠪᠲᠡᠷᠡᠭᠦᠯᠬᠦ᠌ ᠲᠣᠭ᠍ᠲᠠᠴᠠ᠎ᠶ᠋ᠢ ᠪᠠᠢᠭᠤᠯᠵᠤ᠂ ᠬᠥᠯᠥᠨ ᠪᠣᠢᠷ ᠬᠣᠲᠠ᠎ᠶ᠋ᠢᠨ《12345 》 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ᠌ ᠬᠠᠯᠠᠮᠱᠢᠯ ᠤᠲᠠᠰᠤᠨ᠎ᠤ ᠲᠠᠪᠴᠠᠩ ᠎ᠢ ᠬᠣᠯᠪᠣᠨ ᠨᠡᠪᠲᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠬᠢᠨᠠᠯᠲᠠ ᠲᠠᠯᠪᠢᠨ ᠨᠡᠪᠲᠡᠷᠡᠭᠦᠯᠵᠦ ᠵᠣᠬᠢᠴᠠᠭᠤᠯᠬᠤ ᠲᠠᠪᠴᠠᠩ᠎ᠤᠨ ᠲᠣᠭ᠎ᠠ ᠪᠠᠷᠢᠮᠲᠠ᠎ᠵᠢ ᠤᠷᠤᠭᠤᠯᠵᠤ᠂ ᠬᠠᠤᠯᠢ ᠬᠡᠷᠡᠭ᠌ᠵᠢᠭᠦᠯᠬᠦ᠌ ᠵᠦᠶ᠋ᠯᠡᠰ᠂ ᠴᠤᠪᠤᠷᠠᠯ᠂ ᠪᠠᠷᠢᠮᠵᠢᠶ᠎ᠠ᠎ᠶ᠋ᠢ ᠲᠠᠪᠴᠠᠩ ᠳᠡᠭᠡᠷ᠎ᠡ ᠲᠣᠳᠣᠷᠬᠠᠶ ᠪᠤᠯᠭᠠᠵᠤ᠂ ᠬᠠᠤᠯᠢ ᠬᠡᠷᠡᠭ᠌ᠵᠢᠭᠦᠯᠬᠦ᠌ ᠦᠶ᠋ᠯᠡ ᠠᠵᠢᠯᠯᠠᠭ᠎ᠠ ᠎ᠶ᠋ᠢ 《ᠢᠯᠡ》 ᠪᠤᠯᠭᠠᠨ ᠪᠥᠬᠥ᠌ ᠶᠠᠪᠤᠴᠠ᠎ᠳᠤ ᠤᠷᠤᠮ ᠦᠯᠡᠳᠡᠭᠡᠵᠦ᠍᠂ ᠬᠥᠯᠥᠨ ᠪᠣᠢᠷ ᠎ᠤᠨ ᠠᠮᠢ ᠠᠬᠤᠶ ᠎ᠶ᠋ᠢᠨ ᠬᠢᠨᠠᠨ ᠬᠡᠮᠵᠢᠯᠲᠡ ᠎ᠳᠦ ᠴᠣ ᠱᠢᠨ᠎ᠡ ᠲᠠᠪᠴᠠᠩ ᠪᠠᠢᠭᠤᠯᠵᠤ ᠥᠭ᠌ᠬᠦ᠎ᠪᠡᠷ ᠪᠠᠢᠨ᠎ᠠ᠃

《ᠨᠢᠭᠡ ᠵᠢᠷᠤᠭ 》 ᠂ 《 ᠨᠢᠭᠡ ᠰᠦᠯᠵᠢᠶ᠎ᠡ 》 ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠳᠠᠪᠠᠭᠤᠯᠢᠭ ᠨᠢ ᠢᠷᠡᠭᠡᠳᠦᠶ᠎ᠳᠦ ᠨᠢᠭᠡ ᠭᠠᠵᠠᠷ᠎ᠠᠴᠠ ᠨᠢᠭᠡ ᠣᠷᠣᠨ ᠪᠦᠰᠡ ᠬᠦᠷᠲᠡᠯ᠎ᠡ ᠥᠷᠭᠡᠳᠴᠦ᠍᠂ ᠬᠥᠯᠥᠨ ᠪᠣᠢᠷ ᠬᠣᠲᠠ ᠬᠢᠭᠡᠳ ᠬᠥᠷᠰᠢ ᠵᠡᠷᠭᠡᠯᠡᠳᠡᠭᠡ ᠭᠠᠵᠠᠷ ᠣᠷᠣᠨ᠎ᠤ ᠬᠠᠮᠲᠤᠷᠠᠨ ᠬᠢᠨᠠᠨ ᠬᠡᠮᠵᠢᠬᠦ᠌᠂ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠂ ᠬᠠᠮᠵᠢᠯᠴᠠᠨ ᠬᠠᠮᠠᠭᠠᠯᠠᠬᠤ᠎ᠳᠤ ᠬᠦᠴᠦᠷᠬᠡᠭ ᠶᠡᠬᠡ ᠪᠠᠭᠠᠵᠢ ᠬᠠᠩᠭᠠᠬᠤ ᠪᠣᠯᠤᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠎ᠶ᠋ᠢᠨ ᠬᠤᠭᠤᠴᠠᠭᠠᠨ᠎ᠳᠤ ᠬᠥᠯᠥᠨ ᠪᠣᠢᠷ ᠬᠣᠲᠠ ᠬᠠᠷᠠᠮᠥ᠋ᠷᠡᠨ ᠮᠤᠵᠢ᠎ᠶ᠋ᠢᠨ ᠬᠥᠷᠰᠢ ᠵᠡᠷᠭᠡᠯᠡᠳᠡᠭᠡ ᠭᠠᠵᠠᠷ ᠣᠷᠣᠨ᠂ ᠬᠢᠩᠭᠠᠨ ᠠᠢᠮᠠᠭ ᠵᠢᠴᠢ ᠲᠣᠮᠣ ᠠᠵᠤ ᠠᠬᠤᠢᠯᠠᠯ᠎ᠯᠤᠭ᠎ᠠ᠎ᠶ᠋ᠢᠨ ᠪᠥᠬᠥ᠌ ᠲᠠᠯ᠎ᠠ᠎ᠶ᠋ᠢᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠠᠭᠠᠷ ᠮᠠᠨᠳᠠᠯ᠎ᠤᠨ ᠪᠣᠬᠢᠷᠲᠤᠯ ᠎ᠢ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌᠂ ᠤᠰᠤᠨ᠎ᠤ ᠣᠷᠴᠢᠨ ᠲᠣᠭᠣᠷᠢᠨ᠎ᠢ ᠬᠣᠯᠪᠣᠭᠠᠯᠠᠨ ᠬᠠᠮᠠᠭᠠᠯᠠᠵᠤ ᠬᠠᠮᠲᠤ᠎ᠪᠠᠷ ᠵᠠᠰᠠᠬᠤ᠂ ᠬᠠᠤᠯᠢ ᠬᠡᠷᠡᠭ᠌ᠵᠢᠭᠦᠯᠵᠦ᠍ ᠬᠢᠨᠠᠯᠲᠠ ᠲᠠᠯᠪᠢᠬᠤ᠎ᠵᠢ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌ ᠎ᠶ᠋ᠢ ᠠᠩᠬ᠎ᠠ ᠠᠯᠬᠤᠮ ᠪᠡᠶᠡᠯᠡᠭᠦᠯᠵᠦ᠍᠂ ᠣᠷᠣᠨ ᠪᠦᠰᠡ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠲᠤ᠎ᠪᠠᠷ ᠬᠠᠮᠠᠭᠠᠯᠠᠨ᠎ᠠ᠃

 《〈ᠨᠢᠭᠡ ᠵᠢᠷᠤᠭ〉᠂ 〈ᠨᠢᠭᠡ ᠰᠦᠯᠵᠢᠶ᠎ᠡ〉 ᠪᠣᠯ ᠪᠠᠴᠢᠮ ᠪᠠᠢᠳᠠᠯ ᠎ᠢ ᠠᠷᠭᠠᠴᠠᠭᠠᠬᠤ ᠵᠢᠯᠣᠭᠣᠳᠣᠯᠭ᠎ᠠ᠂ ᠰᠦᠯᠵᠢᠶᠡᠨ ᠳᠡᠭᠡᠷᠡᠬᠢ ᠬᠢᠨᠠᠨ ᠬᠡᠮᠵᠢᠯᠲᠡ᠂ ᠠᠮᠢ ᠠᠬᠤᠶ᠎ᠶ᠋ᠢᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭ᠌ᠵᠢᠭᠦᠯᠦᠯᠲᠡ᠎ᠶ᠋ᠢᠨ ᠬᠢᠨᠠᠯᠲᠠ ᠵᠡᠷᠭᠡ ᠭᠤᠤᠯᠯᠠᠬᠤ ᠴᠢᠳᠠᠮᠵᠢ᠎ᠶ᠋ᠢ ᠭᠦᠨᠵᠡᠭᠡᠶ ᠲᠥᠪᠯᠡᠷᠡᠭᠦᠯᠦᠭ᠌ᠰᠡᠨ ᠲᠣᠭ᠎ᠠ ᠪᠠᠷᠢᠮᠲᠠ᠎ᠶ᠋ᠢᠨ ᠲᠠᠪᠴᠠᠩ ᠮᠥᠨ᠂ ᠪᠥᠬᠥ᠌ ᠡᠯᠧᠮᠧᠨ᠋ᠲ᠎ᠦᠨ᠂ ᠪᠥᠬᠥ᠌ ᠲᠠᠯ᠎ᠠ᠎ᠶ᠋ᠢᠨ᠂ ᠪᠥᠬᠥ᠌ ᠬᠦᠷᠢᠶᠡᠨ ᠎ᠦ 〈ᠰᠠᠨᠰᠠᠷ ᠣᠭ᠍ᠲᠠᠷᠭᠤᠶ ᠭᠠᠵᠠᠷ〉 ᠎ᠢ᠋ ᠨᠢᠭᠡ ᠴᠤᠭ᠍ᠴᠠᠵᠢᠭᠤᠯᠤᠭ᠍ᠰᠠᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ ᠮᠥᠨ᠃ ᠠᠮᠢ ᠠᠬᠤᠢ᠎ᠶ᠋ᠢᠨ ᠵᠠᠰᠠᠯᠲᠠ ᠎ᠶ᠋ᠢ 〈ᠭᠠᠭ᠍ᠴᠠ ᠴᠡᠷᠢᠭ ᠎ᠦᠨ ᠪᠠᠢᠯᠳᠤᠭᠠᠨ〉 ᠡᠴᠡ 〈 ᠬᠠᠮᠵᠢᠯᠴᠠᠨ ᠬᠠᠮᠲᠤ ᠎ᠪᠠᠷ ᠵᠠᠰᠠᠬᠤ〉 ᠲᠡᠢᠰᠢ ᠬᠤᠪᠢᠷᠠᠭᠤᠯᠵᠤ᠂ 〈ᠨᠢᠭᠡ ᠵᠢᠷᠤᠭ᠎ᠵᠢᠡᠷ ᠪᠦᠬᠦ᠌ ᠣᠷᠣᠨ ᠪᠦᠰᠡ ᠎ᠵᠢ ᠦᠵᠡᠵᠦ᠂ ᠨᠢᠭᠡ ᠰᠦᠯᠵᠢᠢ᠎ᠡ ᠎ᠪᠡᠷ ᠪᠦᠬᠦ᠌ ᠬᠤᠳᠠ ᠎ᠶ᠋ᠢ ᠬᠠᠮᠢᠶᠠᠷᠬᠤ 〉 ᠥᠨᠳᠥᠷ ᠪᠦᠲᠦᠮᠵᠢᠲᠡᠢ ᠬᠠᠮᠵᠢᠯᠴᠠᠨ ᠬᠥᠳᠡᠯᠦᠯᠴᠡᠬᠦ᠌᠎ᠶ᠋ᠢ ᠪᠡᠶᠡᠯᠡᠭᠦᠯᠬᠦ ᠪᠤᠯᠤᠨ᠎ᠠ》 ᠭᠡᠵᠦ᠍ ᠲᠢᠶᠠᠨ ᠮᠢᠩ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号