ᠣᠢᠷ᠎ᠠ ᠳ᠋ᠤ᠂ ᠣᠷᠳᠣᠰ ᠬᠣᠲᠠ ᠵᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠵᠢᠨ ᠬᠢᠨ ᠨᠡᠢᠭᠡᠮ ᠨᠡᠶ᠋ᠢᠲᠡ ᠡᠴᠡ ᠵᠠᠬ᠎ᠠ ᠳᠡᠯᠭᠡᠭᠦᠷ ᠲᠡᠬᠢ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ ᠵᠢᠴᠢ ᠲᠡᠭᠦᠨ ᠤ᠋ ᠪᠦᠲᠦᠭᠡᠭᠳᠡᠬᠦᠨ ᠢ᠋ ᠬᠠᠤᠯᠢ ᠪᠤᠰᠤ ᠪᠡᠷ ᠠᠷᠠᠯᠵᠢᠶᠠᠯᠠᠭᠰᠠᠨ ᠰᠦᠪᠡᠭᠴᠢ ᠵᠢ ᠢᠯᠡ ᠪᠡᠷ ᠴᠤᠭᠯᠠᠭᠤᠯᠵᠤ᠂ ᠲᠤᠬᠠᠢ ᠵᠢᠨ ᠭᠠᠵᠠᠷ ᠤ᠋ᠨ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠪᠠ ᠠᠮᠢ ᠠᠬᠤᠢ ᠵᠢᠨ ᠠᠮᠤᠷ ᠲᠦᠪᠰᠢᠨ ᠢ᠋ ᠪᠥᠬᠥ ᠲᠠᠯ᠎ᠠ ᠪᠡᠷ ᠬᠠᠮᠠᠭᠠᠯᠠᠵᠤ ᠪᠠᠢᠨ᠎ᠠ᠃
ᠣᠢᠯᠠᠭᠠᠭᠰᠠᠨ ᠶ᠋ᠢᠡᠷ᠂ ᠣᠷᠳᠣᠰ ᠬᠣᠲᠠᠵᠢᠨ ᠬᠢᠨ ᠬᠡᠭᠡᠷ᠎ᠡ ᠵᠢᠨ ᠠᠮᠢᠲᠠᠨ ᠵᠢᠴᠢ ᠳᠡᠬᠦᠨ ᠤ᠋ ᠪᠦᠲᠦᠭᠡᠭᠳᠡᠬᠦᠨ ᠢ᠋ ᠬᠠᠤᠯᠢ ᠪᠤᠰᠤ ᠪᠠᠷ ᠠᠷᠠᠯᠵᠢᠶᠠᠯᠠᠭᠰᠠᠨ ᠰᠦᠪᠡᠭᠴᠢ ᠵᠢ ᠴᠤᠭᠯᠠᠭᠤᠯᠬᠤ ᠳ᠋ᠤ ᠲᠠᠷᠢᠶᠠᠯᠠᠩ ᠤ᠋ᠨ ᠪᠦᠳᠦᠭᠡᠭᠳᠡᠭᠦᠨ ᠤ᠋ ᠠᠷᠠᠯᠵᠢᠶᠠᠨ ᠤ᠋ ᠵᠠᠬ᠎ᠠ ᠳᠡᠯᠭᠡᠭᠦᠷ ᠂ ᠡᠷᠲᠡᠨ ᠤ᠋ ᠡᠳ᠋ ᠪᠤᠳᠠᠰ ᠢ᠋ ᠠᠷᠠᠯᠵᠢᠶᠠᠯᠠᠬᠤ ᠵᠠᠬ᠎ᠠ ᠳᠡᠯᠭᠡᠭᠦᠷ᠂ ᠬᠥᠳᠡᠭᠡ ᠲᠣᠰᠬᠣᠨ ᠤ᠋ ᠴᠤᠭᠯᠠᠭ᠎ᠠ ᠮᠠᠢᠮᠠᠢ ᠶ᠋ᠢᠨ ᠵᠠᠬ᠎ᠠ᠂ ᠡᠯᠧᠺᠲᠷᠣᠨ ᠬᠤᠳᠠᠯᠳᠤᠭᠠᠨ ᠤ᠋ ᠲᠠᠪᠴᠠᠩ ᠂ ᠰᠦᠯᠵᠢᠶᠡᠨ ᠤ᠋ ᠰᠢᠭᠤᠳ ᠨᠡᠪᠲᠡᠷᠡᠭᠦᠯᠭᠡ ᠵᠢᠨ ᠲᠠᠪᠴᠠᠩ ᠵᠡᠷᠭᠡ ᠵᠢ ᠬᠠᠮᠤᠷᠴᠤ᠂ ᠬᠡᠭᠡᠷ᠎ᠡ ᠵᠢᠨ ᠠᠮᠢᠲᠠᠨ ᠵᠢᠴᠢ ᠲᠡᠭᠦᠨ ᠤ᠋ ᠪᠦᠲᠦᠭᠡᠭᠳᠡᠬᠦᠨ ᠪᠠ ᠠᠩᠨᠠᠬᠤ ᠪᠠᠭᠠᠵᠢ ᠬᠡᠷᠡᠭᠰᠡᠯ ᠢ᠋ ᠬᠠᠤᠯᠢ ᠪᠤᠰᠤ ᠪᠡᠷ ᠬᠤᠳᠠᠯᠳᠤᠨ ᠠᠪᠤᠭᠰᠠᠨ ᠪᠠ ᠬᠤᠳᠠᠯᠳᠤᠭᠰᠠᠨ ᠵᠡᠷᠭᠡ ᠬᠠᠤᠯᠢ ᠪᠤᠰᠤ ᠪᠡᠷ ᠠᠷᠠᠯᠵᠢᠶᠠᠯᠠᠭᠰᠠᠨ ᠰᠦᠪᠡᠭᠴᠢ ᠵᠢ ᠴᠤᠭᠯᠠᠭᠤᠯᠤᠨ᠎ᠠ; ᠢᠨᠲᠧᠷ ᠰᠦᠯᠵᠢᠶᠡᠨ ᠤ᠋ ᠲᠠᠪᠴᠠᠩ᠂ ᠵᠠᠷ ᠮᠡᠳᠡᠭᠡ᠂ ᠷᠠᠳᠢᠣ᠋ ᠲᠧᠯᠸᠢᠰ ᠵᠡᠷᠭᠡ ᠵᠠᠭᠤᠴᠢᠯᠠᠭᠤᠷ ᠳᠡᠭᠡᠷ᠎ᠡ ᠨᠠᠢᠳᠡᠯᠡᠭᠰᠡᠨ ᠬᠡᠭᠡᠷ᠎ᠡ ᠵᠢᠨ ᠠᠮᠢᠲᠠᠨ ᠢ᠋ ᠠᠩᠨᠠᠭᠰᠠᠨ ᠵᠢᠴᠢ ᠲᠡᠭᠦᠨ ᠤ᠋ ᠪᠦᠲᠦᠭᠡᠭᠳᠡᠬᠦᠨ ᠢ᠋ ᠠᠷᠠᠯᠵᠢᠶᠠᠯᠠᠬᠤ ᠬᠠᠤᠯᠢ ᠡᠴᠡ ᠵᠥᠷᠢᠴᠡᠭᠰᠡᠨ ᠵᠠᠷ ᠮᠡᠳᠡᠭᠡ ᠵᠢ ᠤᠬᠠᠭᠤᠯᠤᠭᠰᠠᠨ ᠰᠦᠪᠡᠭᠴᠢ ᠵᠢ ᠴᠤᠭᠯᠠᠭᠤᠯᠤᠨ᠎ᠠ ; ᠵᠣᠴᠢᠳ ᠤ᠋ᠨ ᠪᠠᠭᠤᠳᠠᠯ᠂ ᠬᠤᠭᠤᠯᠠᠨ ᠭᠡᠷ᠂ ᠵᠢᠭᠤᠯᠴᠢᠯᠠᠯ ᠤ᠋ᠨ ᠦᠵᠡᠮᠵᠢ ᠵᠢᠨ ᠣᠷᠣᠨ᠂ ᠲᠠᠷᠢᠶᠠᠴᠢᠨ ᠠᠢᠯ ᠤ᠋ᠨ ᠵᠢᠭᠤᠯᠴᠢᠯᠠᠯ ᠵᠡᠷᠭᠡ ᠲᠠᠯᠠᠪᠤᠷ ᠲᠤ᠌ ᠬᠡᠭᠡᠷ᠎ᠡ ᠵᠢᠨ ᠠᠮᠢᠲᠠᠨ ᠤ᠋ ᠵᠦᠢᠯᠡᠰ ᠵᠢᠴᠢ ᠲᠡᠭᠦᠨ ᠤ᠋ ᠪᠦᠲᠦᠭᠡᠭᠳᠡᠬᠦᠨ ᠵᠡᠷᠭᠡ ᠪᠡᠷ ᠵᠠᠭᠤᠰᠢ ᠬᠢᠭᠦ ᠪᠠ ᠬᠤᠳᠠᠯᠳᠤᠬᠤ ᠵᠡᠷᠭᠡ ᠬᠠᠤᠯᠢ ᠡᠴᠠ ᠵᠥᠷᠢᠴᠡᠨ ᠡᠵᠡᠩᠨᠡᠭᠰᠡᠨ ᠰᠦᠪᠡᠭᠴᠢ ᠵᠢ ᠴᠤᠭᠯᠠᠭᠤᠯᠤᠨ᠎ᠠ᠃ ᠬᠡᠷᠡᠭᠯᠡᠭᠴᠢᠳ 2025 ᠣᠨ ᠤ᠋ 11 ᠰᠠᠷ᠎ᠠ ᠵᠢᠨ 30 ᠤ᠋ ᠡᠳᠦᠷ ᠪᠣᠯᠲᠠᠯ᠎ᠠ 24 ᠴᠠᠭ ᠤ᠋ᠨ12345᠂ 12315 ᠤᠲᠠᠰᠤ ᠪᠡᠷ ᠳᠠᠮᠵᠢᠨ ᠢᠯᠡᠴᠢᠯᠡᠨ ᠮᠡᠳᠡᠭᠦᠯᠵᠦ ᠪᠣᠯᠣᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号