— ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠪᠡᠶ᠎ᠡ ᠵᠢᠨ ᠲᠠᠮᠢᠷ᠎ᠤᠨ ᠴᠤᠭ᠍ᠯᠠᠭᠠᠨᠶᠠᠪᠤᠭᠳᠠᠵᠤ ᠪᠠᠢᠭ᠎ᠠ ᠲᠠᠰᠢᠷᠠᠮ ᠳ᠋ᠤ
11 ᠰᠠᠷ᠎ᠠ ᠵᠢᠨ 9 ᠤ᠋ ᠣᠷᠣᠢ᠂ ᠭᠤᠸᠠᠩᠳᠦ᠋ᠩ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠥᠪᠲᠸ᠋ ᠦᠩᠭᠡᠲᠤ ᠳ᠋ᠸᠩ ᠲᠤᠸᠠᠯᠠᠵᠤ᠂ ᠠᠮᠢ ᠠᠮᠢᠵᠢᠷᠠᠯ᠂ ᠡᠪ ᠨᠠᠢᠷᠠᠮᠳᠠᠯ᠂ ᠬᠦᠷ ᠬᠦᠭᠵᠢᠶᠡᠨ ᠵᠢᠡᠷ ᠪᠢᠯᠬᠠᠨ᠂ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠪᠡᠶ᠎ᠡ ᠵᠢᠨ ᠲᠠᠮᠢᠷ᠎ᠤᠨ ᠴᠤᠭ᠍ᠯᠠᠭᠠᠨ ᠡᠬᠢᠯᠡᠬᠦ ᠦᠪᠡᠳᠡᠭ᠌ᠰᠢ ᠶᠤᠰᠤᠯᠠᠯ ᠡᠯ᠎ᠡ ᠵᠠᠭᠤᠴᠢᠯᠠᠭᠤᠷ ᠵᠢᠡᠷ ᠲᠡᠯᠡᠭᠡᠢ ᠵᠢᠨ ᠡᠯ᠎ᠡ ᠭᠠᠵᠠᠷ ᠲᠸ᠋ ᠰᠠᠴᠤᠭᠳᠠᠯᠠ᠃ ᠡᠨᠡ ᠪᠣᠯ ᠭᠤᠸᠠᠩᠳᠦ᠋ᠩ ᠱᠢᠶᠠᠩᠭᠠᠩ ᠣᠣᠮᠧᠨ ᠭᠤᠷᠪᠠᠨ ᠭᠠᠵᠠᠷ᠎ᠤᠨ ᠬᠠᠮᠲᠤᠷᠠᠨ ᠡᠷᠬᠢᠯᠡᠭ᠌ᠰᠡᠨ ᠠᠩᠬᠠᠳᠠᠬᠴᠢ ᠪᠦᠬᠦ᠌ ᠤᠯᠤᠰ᠎ᠤᠨ ᠪᠡᠶ᠎ᠡ ᠵᠢᠨ ᠲᠠᠮᠢᠷ᠎ᠤᠨ ᠴᠤᠭ᠍ᠯᠠᠭᠠᠨ ᠪᠣᠯᠤᠨ᠎ᠠ᠂ ᠭᠤᠸᠠᠩᠳᠦ᠋ᠩ ᠱᠢᠶᠠᠩᠭᠠᠩ ᠣᠣᠮᠧᠨ᠎ᠦ ᠨᠢᠭᠡ ᠴᠤᠬ᠍ᠴᠠᠵᠢᠯᠳᠠ ᠪᠣᠯᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ᠎ᠶ᠋ᠢ ᠠᠬᠢᠭᠤᠯᠬᠤ ᠴᠢᠬᠤᠯᠠ ᠡᠭᠦᠷᠭᠡ᠎ᠶ᠋ᠢ ᠡᠭᠦᠷᠭᠡᠯᠡᠵᠦ᠍ ᠪᠠᠢᠭ᠎ᠠ ᠶᠤᠮ᠃

ᠪᠦᠬᠦ᠌ ᠤᠯᠤᠰ᠎ᠤᠨ 37 ᠲᠥᠯᠥᠭᠡᠯᠡᠭ᠌ᠴᠢᠳ᠎ᠦᠨ ᠪᠦᠯᠬᠦᠮ᠎ᠦᠨ ᠲᠠᠮᠢᠷᠴᠢᠳ ᠨᠢᠭᠡ ᠲᠤᠤᠷ᠎ᠠ ᠴᠤᠭ᠍ᠯᠠᠷᠠᠵᠦ ᠤᠶᠤᠨ ᠤᠬᠠᠭᠠᠨ ᠬᠦᠴᠦ ᠲᠠᠮᠢᠷ ᠵᠢᠡᠨ ᠰᠤᠷᠢᠬᠤ ᠪᠡᠷ ᠪᠡᠯᠡᠭᠡᠨ ᠪᠤᠯᠤᠯ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭ᠌ᠴᠢᠳ᠎ᠦᠨ ᠪᠦᠯᠬᠦᠮ ᠡᠬᠢᠯᠡᠯᠲᠡ᠎ᠶ᠋ᠢᠨ ᠶᠣᠰᠣᠯᠠᠯ ᠳᠡᠭᠡᠷ᠎ᠡ ᠲᠠᠯ᠎ᠠ ᠨᠤᠲᠤᠭ ᠲᠸ᠋ ᠲᠦᠪᠡᠷᠭᠡᠯᠡᠨ ᠲᠠᠪᠬᠢᠭ᠎ᠠ ᠠᠵᠢᠨᠠᠶ ᠬᠦᠯᠦᠭ ᠱᠢᠭ ᠵᠢᠪᠬᠤᠭ᠎ᠠ ᠲᠡᠬᠦᠯᠳᠡᠷ ᠪᠠᠢᠵᠤ᠂ ᠬᠠᠩᠵᠧᠦ᠍᠎ᠶ᠋ᠢᠨ ᠠᠽᠢᠶ᠎ᠠ ᠲᠢᠪ᠎ᠦᠨ ᠲᠠᠮᠢᠷ᠎ᠤᠨ ᠴᠤᠭ᠍ᠯᠠᠭᠠᠨ᠎ᠤ ᠮᠠᠩᠯᠠᠢ᠂ ᠫᠠᠷᠢᠰ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳ᠋ᠦ ᠮᠦᠩᠭᠦᠨ ᠮᠸᠳᠠᠯ ᠭᠠᠷᠳᠠᠬᠰᠠᠨ ᠶᠠᠩ ᠯᠢᠦ ᠲᠤᠭ᠍ᠴᠢ ᠪᠣᠯᠵᠤ᠂ ᠲᠥᠯᠥᠭᠡᠯᠡᠭ᠌ᠴᠢᠳ᠎ᠦᠨ ᠪᠦᠯᠬᠦᠮ ᠵᠢᠡᠨ ᠳᠠᠭᠠᠭᠤᠯᠤᠨ ᠣᠮᠣᠭ ᠲᠡᠭᠦᠯᠳᠡᠷ᠎ᠢᠶᠡᠷ ᠬᠤᠷᠠᠯ᠎ᠤᠨ ᠲᠠᠯᠠᠪᠠᠢ᠎ᠳᠤ ᠠᠯᠬᠤᠨ ᠣᠷᠣᠪᠠ᠃ ᠲᠡᠳᠡᠨ᠎ᠦ ᠪᠡᠶ᠎ᠡ ᠳᠡᠭᠡᠷ᠎ᠡ ᠲᠠᠯ᠎ᠠ ᠨᠤᠲᠤᠭ᠎ᠤᠨ ᠬᠥᠪᠡᠭᠦᠳ ᠥᠬᠢᠳ᠎ᠦᠨ ᠣᠮᠣᠭ ᠵᠣᠷᠢᠭ ᠪᠠ ᠬᠠᠳᠠᠨ ᠵᠣᠷᠢᠭ ᠪᠠᠳᠠᠷᠠᠵᠤ᠂ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠴᠤᠭ ᠵᠢᠪᠬᠤᠭ᠎ᠠ᠎ᠶ᠋ᠢ ᠭᠦᠢᠴᠡᠳ ᠢᠯᠡᠷᠡᠭᠦᠯᠦᠨ᠎ᠡ᠃
ᠰᠤᠷᠪᠤᠯᠵᠢᠯᠠᠬᠴᠢ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ 317 ᠬᠦᠮᠦᠨ᠎ᠢᠶᠡᠷ ᠪᠦᠷᠢᠯᠳᠦᠵᠡᠶ᠃ ᠡᠭᠦᠨ᠎ᠳᠦ᠂ ᠥᠪᠥᠷ ᠮᠣᠩᠭᠣᠯ᠎ᠢ ᠲᠥᠯᠥᠭᠡᠯᠡᠨ ᠤᠷᠤᠯᠳᠤᠭᠠᠨ᠎ᠳᠤ ᠣᠷᠣᠯᠴᠠᠬᠤ ᠲᠠᠮᠢᠷᠴᠢᠨ 200 ᠪᠤᠢ᠂ ᠲᠡᠳᠡ ᠪᠣᠯ ᠲᠥᠯᠥᠭᠡᠯᠡᠭ᠌ᠴᠢᠳ᠎ᠦᠨ ᠪᠦᠯᠬᠦᠮ᠎ᠦᠨ ᠭᠣᠣᠯᠯᠠᠭ᠍ᠴᠢ ᠬᠦᠴᠦᠨ ᠮᠥᠨ᠃ 24 ᠠᠵᠢᠯᠲᠠᠨ ᠲᠥᠯᠥᠭᠡᠯᠡᠭ᠌ᠴᠢᠳ᠎ᠦᠨ ᠪᠦᠯᠬᠦᠮ᠎ᠦᠨ ᠡᠯ᠎ᠡ ᠵᠦᠶ᠋ᠯ᠎ᠦᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠶ᠋ᠢ ᠬᠠᠷᠢᠭᠤᠴᠠᠵᠤ᠂ ᠡᠯ᠎ᠡ ᠵᠦᠶ᠋ᠯ᠎ᠦᠨ ᠬᠡᠷᠡᠭ ᠶᠠᠪᠤᠳᠠᠯ᠎ᠤᠨ ᠡᠮᠬᠢ ᠵᠢᠷᠤᠮ᠎ᠲᠠᠶ ᠶᠠᠪᠤᠭ᠍ᠳᠠᠬᠤ᠎ᠶ᠋ᠢ ᠪᠠᠲᠤᠯᠠᠨ᠎ᠠ᠃ ᠡᠯ᠎ᠡ ᠲᠥᠷᠥᠯ᠎ᠦᠨ ᠦᠢᠯᠡᠴᠢᠯᠡᠭᠡᠨ᠎ᠦ ᠪᠠᠲᠤᠯᠠᠭ᠎ᠠ᠎ᠶ᠋ᠢᠨ 93 ᠬᠥᠮᠦᠨ ᠲᠠᠮᠢᠷᠴᠢᠳ᠎ᠲᠤ ᠪᠦᠬᠦ᠌ ᠲᠠᠯ᠎ᠠ᠎ᠶ᠋ᠢᠨ ᠠᠷᠤ ᠲᠠᠯ᠎ᠠ᠎ᠶ᠋ᠢᠨ ᠦᠢᠯᠡᠴᠢᠯᠡᠭᠡᠨ᠎ᠦ ᠪᠠᠲᠤᠯᠠᠭ᠎ᠠ ᠬᠠᠩᠭᠠᠨ᠎ᠠ᠃ ᠲᠥᠯᠥᠭᠡᠯᠡᠭ᠌ᠴᠢᠳ᠎ᠦᠨ ᠪᠦᠯᠬᠦᠮ ᠨᠡᠢ᠌ᠲᠡ 18 ᠶᠡᠬᠡ ᠲᠦᠷᠦᠯ ᠦᠨ 86 ᠵᠦᠢᠯ᠎ᠦᠨ ᠱᠢᠢᠳᠪᠦᠷᠢᠲᠦ ᠤᠷᠤᠯᠳᠤᠭᠠᠨ᠎ᠳᠤ ᠣᠷᠣᠯᠴᠠᠨ᠎ᠠ᠃

11 ᠰᠠᠷ᠎ᠠ᠎ᠶ᠋ᠢᠨ 10 ᠤ᠋ ᠡᠳᠦᠷ᠂ ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠡᠯ᠎ᠡ ᠤᠷᠤᠯᠳᠤᠭᠠᠨ᠎ᠤ ᠲᠣᠭᠣᠷᠢᠭ᠎ᠲᠤ ᠪᠥᠬᠥ᠌ ᠲᠠᠯ᠎ᠠ᠎ᠪᠠᠷ ᠶᠠᠪᠤᠭ᠍ᠳᠠᠵᠤ᠂ ᠥᠪᠥᠷ ᠮᠣᠩᠭᠣᠯ᠎ᠤᠨ ᠲᠠᠮᠢᠷᠴᠢᠳ ᠢᠯᠠᠯᠲᠠ᠎ᠶ᠋ᠢᠨ ᠮᠡᠳᠡᠭᠡ ᠵᠢ ᠵᠠᠯᠭᠠᠭ᠎ᠠ᠎ᠪᠠᠷ ᠳᠠᠮᠵᠢᠭᠤᠯᠪᠠ᠃ ᠨᠢᠳᠤᠷᠭᠠᠨ ᠲᠡᠮᠡᠴᠡᠭᠡᠨ᠎ᠦ ᠲᠥᠷᠥᠯ ᠵᠦᠢᠯ ᠱᠧᠨᠵᠧᠨ᠎ᠦ ᠤᠷᠤᠯᠳᠤᠭᠠᠨ᠎ᠤ ᠲᠣᠭᠣᠷᠢᠭ᠎ᠲᠤ ᠡᠬᠢᠯᠡᠪᠡ᠃ ᠡᠷᠡᠭ᠌ᠲᠡᠶ᠎ᠶ᠋ᠢᠨ 80 ᠺᠢᠯᠣᠭ᠌ᠷᠠᠮ᠎ᠤᠨ ᠲᠡᠰ᠎ᠤᠨ ᠬᠠᠭᠠᠰ ᠱᠢᠶ᠋ᠳᠪᠦᠷᠢᠲᠦ ᠤᠷᠤᠯᠳᠤᠭᠠᠨ᠎ᠳᠦ᠂ ᠥᠪᠥᠷ ᠮᠣᠩᠭᠣᠯ᠎ᠤᠨ ᠲᠠᠮᠢᠷᠴᠢᠨ ᠶᠧᠯᠢᠪᠤᠯ ᠸᠧᠢ ᠱᠠᠨ 1 ᠬᠦᠷᠡᠯ ᠮᠧᠳᠠᠯ ᠣᠯᠵᠠᠶ᠃ ᠡᠨᠡ ᠪᠣᠯ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ᠎ᠤᠨ ᠳᠠᠷᠠᠭᠠᠬᠢ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠠᠩᠬᠠᠳᠠᠭ᠍ᠴᠢ ᠱᠠᠩᠨᠠᠯ᠎ᠤᠨ ᠮᠧᠳᠠᠯ ᠪᠣᠯᠤᠨ᠎ᠠ᠃ ᠰᠡᠭᠦᠯᠴᠢ᠎ᠶ᠋ᠢᠨ ᠤᠷᠤᠯᠳᠤᠭᠠᠨ᠎ᠳᠤ᠂ ᠥᠪᠥᠷ ᠮᠣᠩᠭᠣᠯ᠎ᠤᠨ ᠲᠠᠮᠢᠷᠴᠢᠨ ᠮᠠ ᠱᠢᠨ ᠮᠢᠩ ᠡᠷᠡᠭ᠌ᠲᠡᠶ᠎ᠶ᠋ᠢᠨ 51 ᠺᠢᠯᠣᠭ᠌ᠷᠠᠮ᠎ᠤᠨ ᠲᠠᠰ᠎ᠤᠨ (ᠨᠢᠳᠤᠷᠭᠠᠨ ᠲᠡᠮᠡᠴᠡᠭᠡᠨ᠎ᠤ) ᠮᠥᠩᠭᠥᠨ ᠮᠧᠳᠠᠯ ᠣᠯᠵᠠᠶ᠃ ᠪᠥᠬᠡ᠎ᠶ᠋ᠢᠨ ᠤᠷᠤᠯᠳᠤᠭᠠᠨ ᠴᠢᠩ ᠶᠤᠸᠠᠨ ᠤᠷᠤᠯᠳᠤᠭᠠᠨ᠎ᠤ ᠲᠣᠭᠣᠷᠢᠭ᠎ᠲᠤ ᠶᠠᠪᠤᠭ᠍ᠳᠠᠪᠠ᠃ ᠥᠪᠥᠷ ᠮᠣᠩᠭᠣᠯ᠎ᠤᠨ ᠡᠮᠡᠭ᠌ᠲᠡᠶ᠎ᠶ᠋ᠢᠨ ᠴᠢᠯᠥᠭᠡᠲᠦ ᠮᠠᠶᠢᠭ᠎ᠤᠨ ᠪᠥᠬᠡ᠎ᠶ᠋ᠢᠨ ᠠᠩᠭᠢ 1 ᠮᠥᠩᠭᠥᠨ ᠮᠧᠳᠠᠯ᠂ 1 ᠬᠦᠷᠡᠯ ᠮᠧᠳᠠᠯ ᠰᠢᠭᠦᠷᠴᠦ᠂ ᠤᠷᠤᠯᠳᠤᠭᠠᠨ᠎ᠤ ᠢᠯᠡᠷᠡᠯ ᠨᠢ ᠳᠡᠭᠡᠷ᠎ᠡ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠠᠴᠠ ᠳᠠᠪᠠᠭ᠍ᠰᠠᠨ ᠪᠠᠢᠨ᠎ᠠ᠃ ᠡᠬᠦᠨ ᠳ᠋ᠤ᠂ 62 ᠺᠢᠯᠣᠭ᠌ᠷᠠᠮ᠎ᠤᠨ ᠲᠠᠰ᠎ᠤᠨ ᠤᠷᠤᠯᠳᠤᠭᠠᠨ᠎ᠳᠤ ᠥᠪᠥᠷ ᠮᠣᠩᠭᠣᠯ᠎ᠤᠨ ᠲᠠᠮᠢᠷᠴᠢᠨ ᠪᠦᠦ ᠯᠢᠩ ᠯᠢᠩ ᠮᠥᠩᠭᠥᠨ ᠮᠧᠳᠠᠯ ᠤᠯᠵᠤ᠂ ᠯᠢ ᠯᠢ ᠬᠦᠷᠡᠯ ᠮᠧᠳᠠᠯ ᠲᠤᠰᠪᠠ᠃ ᠲᠤᠰ ᠡᠳᠦᠷ᠎ᠦᠨ ᠤᠷᠤᠯᠳᠤᠭᠠᠨ᠎ᠳᠤ ᠥᠪᠥᠷ ᠮᠣᠩᠭᠣᠯ᠎ᠤᠨ ᠵᠢᠦᠳᠣᠣ ᠪᠦᠭᠡ᠎ᠶ᠋ᠢᠨ ᠠᠩᠭᠢ 1 ᠮᠥᠩᠭᠥᠨ ᠮᠧᠳᠠᠯ᠂ 2 ᠬᠦᠷᠡᠯ ᠮᠧᠳᠠᠯ ᠭᠠᠷᠳᠠᠪᠠ᠃ ᠰᠢᠳᠤᠷᠭᠤ ᠡᠷᠡᠭ᠌ᠲᠡᠶ᠎ᠶ᠋ᠢᠨ ᠵᠢᠦᠳᠣᠣ ᠪᠦᠭᠡ ᠵᠢᠨ 66 ᠺᠢᠯᠣᠭ᠌ᠷᠠᠮ᠎ᠤᠨ ᠲᠡᠰ᠎ᠤᠨ ᠮᠥᠩᠭᠥᠨ ᠮᠧᠳᠠᠯ ᠣᠯᠵᠤ᠂ ᠦᠷᠨᠢᠯ ᠡᠷᠡᠭ᠌ᠲᠡᠶ᠎ᠶ᠋ᠢᠨ ᠵᠢᠦᠳᠣᠣ ᠪᠦᠭᠡ ᠵᠢᠨ 60 ᠺᠢᠯᠣᠭ᠌ᠷᠠᠮ᠎ᠤᠨ ᠲᠡᠰ᠎ᠤᠨ ᠬᠦᠷᠡᠯ ᠮᠧᠳᠠᠯ ᠣᠯᠵᠤ᠂ ᠵᠧᠸ᠋ ᠵᠢᠶᠠ ᠡᠮᠡᠭ᠌ᠲᠡᠶ᠎ᠶ᠋ᠢᠨ ᠵᠢᠦᠳᠣᠣ ᠪᠦᠭᠡ ᠵᠢᠨ 57 ᠺᠢᠯᠣᠭ᠌ᠷᠠᠮ᠎ᠤᠨ ᠲᠡᠰ᠎ᠤᠨ ᠬᠦᠷᠡᠯ ᠮᠧᠳᠠᠯ ᠣᠯᠵᠠᠶ᠃

ᠲᠠᠮᠢᠷ᠎ᠤᠨ ᠴᠤᠭᠯᠠᠭᠠᠨ᠎ᠤ ᠬᠤᠭᠤᠴᠠᠭᠠᠨ ᠳ᠋ᠤ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠪᠠᠰᠠ ᠪᠥᠬᠡ ᠪᠠᠷᠢᠯᠳᠤᠬᠤ᠂ ᠤᠰᠤᠨ ᠳ᠋ᠦ ᠤᠮᠪᠠᠬᠤ᠂ ᠪᠤᠢᠺᠤ ᠪᠥᠮᠪᠥᠭᠡ ᠵᠡᠷᠭᠡ ᠤᠷᠤᠯᠳᠤᠭᠠᠨ᠎ᠳᠤ ᠣᠷᠣᠯᠴᠠᠨ᠎ᠠ᠃ ᠡᠮᠡᠭ᠌ᠲᠡᠶ᠎ᠶ᠋ᠢᠨ ᠨᠢᠳᠤᠷᠭᠠᠨ ᠲᠡᠮᠡᠴᠡᠭᠡᠨ᠎ᠦ 66 ᠺᠢᠯᠣᠭ᠌ᠷᠠᠮ᠎ᠤᠨ ᠳᠡᠰ ᠪᠠ 75 ᠺᠢᠯᠣᠭ᠌ᠷᠠᠮ᠎ᠤᠨ ᠳᠡᠰ᠎ᠤᠨ ᠤᠷᠤᠯᠳᠤᠭᠠᠨ᠂ ᠡᠷᠡᠭ᠌ᠲᠡᠶ᠎ᠶ᠋ᠢᠨ ᠵᠢᠦᠳᠣᠣ ᠪᠦᠭᠡ᠎ᠶ᠋ᠢᠨ 90 ᠺᠢᠯᠣᠭ᠌ᠷᠠᠮ᠎ᠤᠨ ᠳᠡᠰ ᠪᠠ 100 ᠺᠢᠯᠣᠭ᠌ᠷᠠᠮ᠎ᠤᠨ ᠳᠡᠰ᠎ᠤᠨ ᠤᠷᠤᠯᠳᠤᠭᠠᠨ᠂ ᠡᠮᠡᠭ᠌ᠲᠡᠶ᠎ᠶ᠋ᠢᠨ ᠴᠢᠯᠥᠭᠡᠲᠦ ᠪᠥᠬᠡ᠎ᠶ᠋ᠢᠨ 76 ᠺᠢᠯᠣᠭ᠌ᠷᠠᠮ᠎ᠤᠨ ᠳᠡᠰ᠎ᠤᠨ ᠤᠷᠤᠯᠳᠤᠭᠠᠨ᠂ ᠡᠷᠡᠭ᠌ᠲᠡᠶ᠎ᠶ᠋ᠢᠨ ᠪᠤᠢᠺᠤ ᠪᠥᠮᠪᠥᠭᠡ ᠵᠢᠴᠢ ᠡᠷᠡᠭ᠌ᠲᠡᠶ᠎ᠶ᠋ᠢᠨ 200 ᠮᠧᠲ᠋ᠷ᠎ᠦᠨ ᠤᠮᠪᠠᠯᠲᠠ ᠵᠡᠷᠭᠡ ᠲᠥᠷᠥᠯ ᠵᠦᠢᠯ ᠪᠣᠯ ᠴᠥᠮ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠱᠠᠩᠨᠠᠯ᠎ᠤᠨ ᠮᠧᠳᠠᠯᠰᠢᠭᠦᠷᠬᠦ ᠭᠣᠣᠯᠳᠠᠯᠭ᠎ᠠ᠎ᠲᠠᠶ ᠲᠦᠷᠦᠯ ᠵᠦᠢᠯ ᠪᠣᠯᠤᠨ᠎ᠠ᠃
ᠲᠣᠰ ᠤᠳᠠᠭᠠᠨ᠎ᠤ ᠪᠥᠬᠥ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠨᠢ 11 ᠰᠠᠷ᠎ᠠ ᠵᠢᠨ 21᠎ᠤ᠋ ᠡᠳᠦᠷ ᠪᠤᠯᠳᠠᠯ᠎ᠠ ᠶᠠᠪᠤᠬᠳᠠᠵᠤ᠂ ᠡᠯ᠎ᠡ ᠭᠠᠵᠠᠷ᠎ᠤᠨ ᠲᠠᠮᠢᠷᠴᠢᠳ᠎ᠤᠨ ᠪᠣᠳᠠᠲᠤ ᠬᠦᠴᠦᠨ᠎ᠢᠶᠡᠨ ᠢᠯᠡᠷᠡᠭᠦᠯᠬᠦ᠌ ᠤᠷᠤᠯᠳᠤᠭᠠᠨ᠎ᠤ ᠲᠠᠯᠠᠪᠤᠷ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠪᠡᠶ᠎ᠡ᠎ᠶ᠋ᠢᠨ ᠲᠠᠮᠢᠷ᠎ᠤᠨ ᠤᠯᠠᠮᠵᠢᠯᠠᠯ ᠪᠠ ᠰᠣᠶᠣᠯ᠎ᠢᠶᠠᠨ ᠢᠯᠡᠷᠡᠭᠦᠯᠬᠦ᠌ ᠬᠠᠮᠤᠭ᠎ᠤᠨ ᠰᠠᠢᠨ ᠲᠣᠬᠢᠶᠠᠯ ᠪᠣᠯᠬᠤ ᠶᠤᠮ᠃ ᠥᠪᠥᠷ ᠮᠣᠩᠭᠣᠯ ᠥᠨᠢ ᠤᠳᠠᠭᠠᠨ ᠪᠡᠶ᠎ᠡ᠎ᠶ᠋ᠢᠨ ᠲᠠᠮᠢᠷ᠎ᠤᠨ ᠲᠡᠦᠬᠡ ᠪᠠ ᠡᠯᠪᠡᠭ ᠪᠠᠶᠠᠯᠢᠭ ᠪᠡᠶ᠎ᠡ᠎ᠶ᠋ᠢᠨ ᠲᠠᠮᠢᠷ᠎ᠤᠨ ᠰᠣᠶᠣᠯ᠎ᠲᠠᠶ ᠂ ᠪᠥᠬᠡ ᠪᠠᠷᠢᠯᠳᠤᠬᠤ᠂ ᠮᠣᠷᠢ ᠤᠷᠤᠯᠳᠤᠬᠤ᠂ ᠰᠤᠷ ᠬᠠᠷᠪᠤᠬᠤ ᠵᠡᠷᠭᠡ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠨᠢ ᠥᠨᠢ ᠤᠳᠠᠭᠠᠨ ᠲᠡᠦᠬᠡ᠎ᠲᠡᠶ ᠪᠠᠢᠵᠤ᠂ ᠲᠠᠯ᠎ᠠ ᠨᠤᠲᠤᠭ᠎ᠤᠨ ᠠᠷᠠᠳ ᠲᠦᠮᠡᠨ᠎ᠦ ᠭᠦᠨ ᠬᠦᠷᠢᠶᠡᠯᠡᠯ᠎ᠢ ᠣᠯᠵᠠᠶ᠃ ᠡᠲᠡᠭᠡᠷ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠵᠦᠶ᠋ᠯᠡᠰ ᠨᠢ ᠬᠥᠮᠦᠰ᠎ᠦᠨ ᠪᠡᠶ᠎ᠡ ᠮᠠᠬᠠᠪᠣᠳ᠎ᠢ ᠳᠠᠪᠲᠠᠨ ᠪᠣᠯᠪᠠᠰᠤᠷᠠᠭᠤᠯᠤᠭ᠍ᠰᠠᠨ᠎ᠢᠶᠠᠷ ᠪᠠᠷᠠᠬᠤ ᠥᠬᠡᠶ᠂ ᠨᠠᠩ ᠴᠤ᠌ ᠲᠠᠯ᠎ᠠ ᠨᠤᠲᠤᠭ᠎ᠤᠨ ᠬᠥᠪᠡᠭᠦᠳ ᠥᠬᠢᠳ᠎ᠦᠨ ᠡᠷᠡᠯᠬᠡᠭ ᠪᠠᠭᠠᠲᠤᠷᠯᠢᠭ᠂ ᠡᠷᠡᠰ ᠬᠠᠲᠠᠭᠤ᠂ ᠪᠦᠯᠬᠦᠮᠳᠡᠯ᠎ᠲᠡᠶ ᠵᠣᠷᠢᠭ ᠰᠠᠨᠠᠭᠠᠨ᠎ᠤ ᠬᠡᠪ ᠴᠢᠨᠠᠷ᠎ᠢ ᠬᠥᠮᠦᠵᠢᠭᠦᠯᠪᠡ᠃ ᠪᠥᠬᠥ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠲᠠᠪᠴᠠᠩ ᠳᠡᠭᠡᠷ᠎ᠡ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠲᠠᠮᠢᠷᠴᠢᠳ ᠥᠪᠡᠷ᠎ᠦᠨ ᠰᠢᠯᠢᠳᠡᠭ ᠢᠯᠡᠷᠡᠯ᠎ᠢᠶᠡᠷ᠎ᠢᠶᠡᠨ ᠪᠥᠬᠥ᠌ ᠤᠯᠤᠰ ᠴᠢᠨᠠᠭ᠍ᠰᠢᠯᠠᠪᠠᠯ ᠪᠥᠬᠥ᠌ ᠳᠡᠯᠡᠬᠡᠶ᠎ᠳᠦ ᠥᠪᠥᠷ ᠮᠣᠩᠭᠣᠯ᠎ᠤᠨ ᠥᠪᠡᠷᠮᠢᠴᠡ ᠪᠡᠶ᠎ᠡ᠎ᠶ᠋ᠢᠨ ᠲᠠᠮᠢᠷ᠎ᠤᠨ ᠰᠣᠶᠣᠯ ᠪᠠ ᠷᠢᠳᠢ ᠱᠢᠳᠢ᠎ᠶ᠋ᠢ ᠳᠡᠯᠭᠡᠨ ᠦᠵᠡᠭᠦᠯᠵᠦ᠍᠂ ᠨᠠᠩ ᠣᠯᠠᠨ ᠬᠥᠮᠦᠰ᠎ᠲᠦ ᠥᠪᠥᠷ ᠮᠣᠩᠭᠣᠯ᠎ᠢ ᠣᠢᠯᠠᠭᠠᠭᠤᠯᠵᠤ᠂ ᠥᠪᠥᠷ ᠮᠣᠩᠭᠣᠯ᠎ᠢ ᠲᠠᠨᠢᠭᠤᠯᠬᠤ ᠪᠣᠯᠤᠨ᠎ᠠ᠃

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠪᠡᠶ᠎ᠡ ᠵᠢᠨ ᠲᠠᠮᠢᠷ᠎ᠤᠨ ᠴᠤᠭ᠍ᠯᠠᠭᠠᠨ᠎ᠢ ᠡᠷᠭᠢᠴᠡᠭᠦᠯᠬᠦ᠌᠎ᠳᠦ᠂ ᠮᠠᠨ᠎ᠤ ᠣᠷᠣᠨ᠎ᠤ ᠲᠥᠯᠥᠭᠡᠯᠡᠭ᠌ᠴᠢᠳ᠎ᠦᠨ ᠪᠦᠯᠬᠦᠮ ᠮᠠᠰᠢ ᠰᠢᠯᠢᠳᠡᠭ ᠬᠢᠷᠢ ᠪᠦᠲᠦᠮᠵᠢ ᠤᠯᠪᠠ᠃ ᠦᠷᠢᠰᠦᠯᠳᠦᠭᠡᠨ᠎ᠲᠤ ᠤᠷᠤᠯᠳᠤᠭᠠᠨ᠎ᠤ ᠲᠥᠷᠥᠯ ᠵᠦᠢᠯ ᠳ᠋ᠦ 11 ᠠᠯᠲᠠᠨ ᠮᠧᠳᠠᠯ᠂ 9 ᠮᠥᠩᠭᠥᠨ ᠮᠧᠳᠠᠯ᠂ 11 ᠬᠦᠷᠡᠯ ᠮᠧᠳᠠᠯ ᠰᠢᠭᠦᠷᠴᠤ᠂ ᠣᠯᠠᠨ ᠲᠦᠮᠡᠨᠴᠢ ᠤᠷᠤᠯᠳᠤᠭᠠᠨ᠎ᠤ ᠠᠵᠢᠯᠯᠠᠭ᠎ᠠ ᠳ᠋ᠦ 9 ᠠᠯᠲᠠᠨ ᠮᠧᠳᠠᠯ᠂ 4 ᠮᠥᠩᠭᠥᠨ ᠮᠧᠳᠠᠯ ᠣᠯᠵᠤ᠂ ᠡᠯ᠎ᠡ ᠵᠦᠢᠯ᠎ᠦᠨ ᠤᠷᠤᠯᠳᠤᠭᠠᠨ᠎ᠳᠤ ᠣᠷᠣᠯᠴᠠᠬᠤ ᠡᠭᠦᠷᠭᠡ᠎ᠪᠡᠨ ᠠᠮᠵᠢᠯᠲᠠ᠎ᠲᠠᠶ ᠪᠡᠶᠡᠯᠡᠭᠦᠯᠪᠡ᠃
ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠪᠡᠶ᠎ᠡ ᠵᠢᠨ ᠲᠠᠮᠢᠷ᠎ᠤᠨ ᠴᠤᠭ᠍ᠯᠠᠭᠠᠨ ᠨᠢ ᠤᠷᠤᠯᠳᠤᠭᠠᠨ᠎ᠤ ᠲᠠᠯᠠᠪᠤᠷ ᠪᠣᠯᠤᠭ᠍ᠰᠠᠨ᠎ᠤ ᠬᠤᠪᠢ᠎ᠳᠤ ᠲᠠᠮᠢᠷᠴᠢᠳ᠎ᠤᠨ ᠪᠣᠳᠠᠲᠤ ᠬᠦᠴᠦᠨ᠎ᠢᠶᠡᠨ ᠢᠯᠡᠷᠡᠭᠦᠯᠬᠦ᠌᠂ ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌ ᠲᠠᠪᠴᠠᠩ ᠪᠣᠯᠤᠨ᠎ᠠ᠃ ᠳᠡᠯᠭᠡᠨ ᠦᠵᠡᠭᠦᠯᠬᠦ᠌ ᠴᠣᠩᠬᠣᠪᠴᠢ ᠪᠣᠯᠤᠭ᠍ᠰᠠᠨ᠎ᠤ ᠬᠤᠪᠢ᠎ᠳᠤ᠂ ᠲᠡᠷᠡ ᠨᠢ ᠳᠡᠯᠡᠬᠡᠢ ᠳ᠋ᠠᠬᠢᠨ᠎ᠳᠤ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠦᠢᠯᠡᠰ᠎ᠦᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠪᠣᠯᠤᠨ《ᠨᠢᠭᠡ ᠤᠯᠤᠰᠬᠣᠶᠠᠷ ᠪᠠᠢᠭᠤᠯᠤᠯ》 ᠢ᠋ ᠬᠡᠷᠡᠭᠵᠢᠭᠦᠯᠬᠦ ᠠᠮᠢᠳᠤᠯᠢᠭ ᠦᠢᠯᠡᠳᠦᠯᠭᠡ᠎ᠶ᠋ᠢ ᠳᠡᠯᠭᠡᠨ ᠦᠵᠡᠭᠦᠯᠬᠦ ᠪᠤᠯᠤᠨ᠎ᠠ᠃ ᠲᠤᠰ ᠬᠤᠭᠤᠴᠠᠭᠠᠨ᠎ᠤ ᠪᠦᠬᠦ᠌ ᠤᠯᠤᠰ᠎ᠤᠨ ᠪᠡᠶ᠎ᠡ ᠵᠢᠨ ᠲᠠᠮᠢᠷ᠎ᠤᠨ ᠴᠤᠭ᠍ᠯᠠᠭᠠᠨ᠎ᠳᠤ ᠬᠣᠶᠠᠷ ᠵᠦᠢᠯ᠎ᠦᠨ ᠲᠦᠷᠢᠮ᠂ ᠭᠤᠷᠪᠠᠨ ᠪᠣᠭᠣᠮᠲᠠ᠎ᠶ᠋ᠢᠨ ᠭᠠᠢᠯᠢ᠎ᠶ᠋ᠢᠨ ᠲᠣᠭᠣᠷᠢᠭ᠂ ᠠᠷᠪᠠ ᠶᠢᠰᠦᠨ ᠤᠷᠤᠯᠳᠤᠭᠠᠨ᠎ᠤ ᠲᠣᠭᠣᠷᠢᠭ ᠬᠠᠷᠢᠯᠴᠠᠨ ᠬᠠᠮᠵᠢᠯᠴᠠᠵᠤ᠂ ᠬᠥᠮᠦᠨ ᠬᠠᠷ᠎ᠠ᠂ ᠡᠳ᠋ ᠪᠣᠳᠠᠰ ᠵᠡᠷᠭᠡ ᠴᠢᠬᠤᠯᠠ ᠡᠯᠧᠮᠧᠨ᠋ᠲ ᠲᠦᠷᠭᠡᠨ ᠪᠥᠭᠡᠳ ᠳᠥᠭᠥᠮ ᠳᠥᠲᠡ ᠱᠢᠯᠵᠢᠬᠦ ᠵᠢ ᠪᠡᠶᠡᠯᠡᠭᠦᠯᠵᠦ᠂ ᠭᠤᠸᠠᠩᠳᠦ᠋ᠩ ᠱᠢᠶᠠᠩᠭᠠᠩ ᠣᠣᠮᠧᠨ ᠭᠤᠷᠪᠠᠨ ᠭᠠᠵᠠᠷ᠎ᠤᠨ ᠨᠢᠭ᠍ᠲᠠ ᠬᠠᠮᠲᠤᠷᠠᠯᠴᠠᠭ᠎ᠠ ᠪᠣᠯᠤᠨ ᠬᠦᠴᠦᠷᠬᠡᠭ ᠶᠡᠬᠡ ᠨᠢᠭ᠍ᠲᠠᠷᠠᠯ᠎ᠤᠨ ᠬᠦᠴᠦᠨ᠎ᠢ ᠭᠦᠢᠴᠡᠳ ᠢᠯᠡᠷᠡᠭᠦᠯᠪᠡ᠃

ᠡᠨᠡ ᠤᠳᠠᠭ᠎ᠠ᠎ᠶ᠋ᠢᠨ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠠᠪᠴᠤ᠌ ᠬᠡᠯᠡᠪᠡᠯ᠂ ᠪᠡᠶ᠎ᠡ᠎ᠶ᠋ᠢᠨ ᠲᠠᠮᠢᠷ᠎ᠤᠨ ᠴᠤᠭ ᠵᠢᠪᠬᠤᠭ᠎ᠠ᠎ᠶ᠋ᠢ ᠢᠯᠡᠷᠡᠭᠦᠯᠬᠦ᠌ ᠠᠵᠠ ᠲᠣᠬᠢᠶᠠᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠪᠦᠬᠦ᠌ ᠲᠠᠯ᠎ᠠ᠎ᠶ᠋ᠢᠨ ᠱᠢᠯᠭᠠᠯᠲᠠ ᠪᠣᠯᠤᠨ᠎ᠠ᠃ ᠲᠡᠷᠡ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠪᠡᠶ᠎ᠡ᠎ᠶ᠋ᠢᠨ ᠲᠠᠮᠢᠷ᠎ᠤᠨ ᠠᠩᠭᠢ᠎ᠶ᠋ᠢᠨ 4 ᠵᠢᠯ᠎ᠦᠨ ᠪᠣᠯᠪᠠᠰᠤᠷᠠᠯ᠎ᠤᠨ ᠦᠷ᠎ᠡ ᠪᠦᠲᠦᠭᠡᠯ᠎ᠢ ᠪᠥᠬᠥ᠌ ᠲᠠᠯ᠎ᠠ᠎ᠪᠠᠷ ᠱᠢᠯᠭᠠᠨ ᠪᠠᠢᠴᠠᠭᠠᠵᠤ᠂ ᠥᠪᠥᠷ ᠮᠣᠩᠭᠣᠯ᠎ᠤᠨ ᠤᠷᠤᠯᠳᠤᠭᠠᠨ᠎ᠤ ᠪᠣᠳᠠᠲᠤ ᠬᠦᠴᠦᠨ ᠪᠠ ᠤᠷᠤᠯᠳᠤᠭᠠᠨ᠎ᠤ᠋ ᠵᠣᠬᠢᠶᠠᠨ ᠪᠠᠢᠭᠤᠯᠤᠯᠳᠠ ᠵᠢᠨ ᠴᠢᠳᠠᠪᠤᠷᠢ᠎ᠶ᠋ᠢ ᠱᠢᠯᠭᠠᠨ ᠪᠠᠢᠴᠠᠭᠠᠬᠤ ᠪᠣᠯᠤᠨ᠎ᠠ᠃ ᠪᠥᠬᠥ᠌ ᠤᠯᠤᠰ᠎ᠤᠨ ᠡᠯ᠎ᠡ ᠭᠠᠵᠠᠷ᠎ᠤᠨ ᠱᠢᠯᠢᠳᠡᠭ ᠲᠠᠮᠢᠷᠴᠢᠳ᠎ᠲᠠᠶ ᠨᠢᠭᠡ ᠲᠠᠯᠠᠪᠤᠷ᠎ᠲᠤ ᠤᠷᠤᠯᠳᠤᠬᠤ᠎ᠪᠠᠷ ᠳᠡᠮᠵᠢᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠥᠪᠡᠷ᠎ᠦᠨ ᠬᠦᠷᠦᠯᠴᠡᠬᠦ᠌ ᠥᠬᠡᠶ ᠲᠠᠯ᠎ᠠ ᠪᠠ ᠵᠥᠷᠢᠶ᠎ᠡ᠎ᠪᠡᠨ ᠣᠯᠵᠤ ᠮᠡᠳᠡᠬᠦ᠌᠎ᠶ᠋ᠢᠨ ᠤᠯᠠᠮ᠎ᠠᠴᠠ ᠬᠠᠨᠳᠤᠯᠭᠠᠲᠤ ᠴᠢᠨᠠᠷᠲᠠᠶ᠎ᠪᠠᠷ ᠰᠠᠢᠵᠢᠷᠠᠭᠤᠯᠤᠨ ᠳᠡᠭᠡᠭ᠌ᠰᠢᠯᠡᠭᠦᠯᠵᠦ᠍ ᠪᠣᠯᠤᠨ᠎ᠠ᠃ ᠡᠭᠦᠨ᠎ᠦ ᠬᠠᠮᠲᠤ᠂ ᠡᠨᠡ ᠨᠢ ᠪᠠᠰᠠ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠠᠵᠢᠯᠲᠠᠳ᠎ᠤᠨ ᠲᠠᠰᠤᠷᠠᠯᠲᠠ ᠥᠬᠡᠶ ᠮᠡᠷᠡᠢᠨ ᠴᠢᠷᠮᠠᠢᠬᠤ᠎ᠶ᠋ᠢ ᠵᠣᠷᠢᠭ᠍ᠵᠢᠭᠤᠯᠵᠤ᠂ ᠪᠡᠶ᠎ᠡ᠎ᠶ᠋ᠢᠨ ᠲᠠᠮᠢᠷ᠎ᠤᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠩᠭᠠᠳᠭᠠᠨ᠂ ᠤᠷᠤᠯᠳᠤᠭᠠᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠦᠷᠭᠦᠯᠵᠢᠯᠡᠨ ᠬᠥᠭ᠌ᠵᠢᠬᠦ᠌᠎ᠳᠦ ᠪᠠᠲᠤ ᠪᠠᠬᠢ ᠰᠠᠭᠤᠷᠢ ᠲᠠᠯᠪᠢᠵᠤ ᠥᠭ᠌ᠬᠦ ᠪᠣᠯᠤᠨ᠎ᠠ᠃
1959 ᠣᠨ᠎ᠤ ᠠᠩᠬᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠪᠡᠶ᠎ᠡ ᠵᠢᠨ ᠲᠠᠮᠢᠷ᠎ᠤᠨ ᠴᠤᠭ᠍ᠯᠠᠭᠠᠨ᠎ᠠᠴᠠ ᠨᠠᠭᠠᠰᠢ ᠲᠣᠭ᠎ᠠ ᠲᠣᠮᠰᠢ ᠦᠭᠡᠢ ᠲᠠᠮᠢᠷᠴᠢᠳ ᠪᠦᠬᠦ᠌ ᠤᠯᠤᠰ᠎ᠤᠨ ᠪᠡᠶ᠎ᠡ ᠵᠢᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠠᠯᠠᠪᠤᠷ᠎ᠲᠤ ᠡᠷᠡᠯᠬᠡᠭ᠌ᠯᠡᠨ ᠲᠡᠮᠡᠴᠡᠬᠦ᠌ ᠴᠤᠭ ᠵᠢᠪᠬᠤᠭ᠎ᠠ᠎ᠪᠠᠨ ᠢᠯᠡᠷᠡᠬᠦᠯᠵᠦ᠍᠂ ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠦ ᠤᠯᠠᠮᠵᠢᠯᠠᠪᠠ᠃ ᠡᠳᠦᠭᠡ᠂ ᠪᠦᠬᠦ᠌ ᠠᠷᠠᠳ᠎ᠢᠶᠠᠷ᠎ᠢᠶᠠᠨ ᠣᠷᠣᠯᠴᠠᠬᠤ ᠨᠢ ᠪᠦᠬᠦ᠌ ᠤᠯᠤᠰ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠦ ᠰᠢᠨ᠎ᠡ ᠦᠷᠨᠢᠯᠲᠡ ᠪᠤᠯᠵᠤ ᠪᠤᠢ᠃ ᠲᠤᠰ ᠬᠤᠭᠤᠴᠠᠭᠠᠨ᠎ᠤ ᠤᠷᠤᠯᠳᠤᠭᠠᠨ ᠳ᠋ᠦ 81 ᠨᠠᠰᠤᠲᠠᠢ ᠱᠢᠶᠠᠩᠭᠠᠩ᠎ᠤᠨ ᠫᠢᠩᠫᠠᠩ ᠪᠥᠮᠪᠥᠭᠡᠴᠢᠨ᠂ 12 ᠨᠠᠰᠤᠲᠠᠢ ᠭᠦᠢᠵᠧᠦ᠍᠎ᠶ᠋ᠢᠨ ᠤᠰᠤᠨ᠎ᠳᠤ ᠬᠠᠷᠠᠢᠬᠤ ᠲᠠᠮᠢᠷᠴᠢᠨ ᠤᠷᠤᠯᠴᠠᠵᠤ᠂ 《ᠨᠠᠰᠤᠨ᠎ᠤ ᠬᠢᠵᠠᠭᠠᠷᠯᠠᠯ ᠦᠭᠡᠢ》 ᠤᠷᠤᠯᠳᠤᠭᠠᠨ᠎ᠳᠤ ᠣᠷᠣᠯᠴᠠᠬᠤ ᠨᠢ ᠨᠢᠭᠡᠨ ᠬᠢᠯᠠᠰ ᠴᠡᠭ ᠪᠣᠯᠪᠠ᠃ 166 ᠵᠦᠶ᠋ᠯ᠎ᠦᠨ ᠣᠯᠠᠨ ᠲᠦᠮᠡᠨᠴᠢ ᠠᠵᠢᠯᠯᠠᠭ᠎ᠠ ᠶᠡᠷᠦ᠍ ᠪᠤᠰᠤ᠎ᠶ᠋ᠢᠨ ᠬᠥᠷ ᠬᠥᠭ᠌ᠵᠢᠶᠡᠨᠲᠡᠶ ᠶᠠᠪᠤᠭ᠍ᠳᠠᠵᠤ᠂ ᠦᠶ ᠣᠯᠠᠨ ᠬᠣᠲᠠ᠎ᠶ᠋ᠢᠨ ᠠᠷᠠᠳ᠎ᠤᠨ ᠠᠩᠬᠠᠷᠤᠯ᠎ᠢ ᠲᠠᠲᠠᠵᠤ᠂ ᠨᠠᠩ ᠣᠯᠠᠨ ᠬᠥᠮᠦᠰ᠎ᠲᠦ ᠪᠡᠶ᠎ᠡ᠎ᠶ᠋ᠢᠨ ᠲᠠᠮᠢᠷ᠎ᠤᠨ ᠷᠢᠳᠢ ᠱᠢᠳᠢ ᠪᠠ ᠬᠠᠪᠤ ᠴᠡᠩᠭᠡᠯ᠎ᠢ ᠮᠡᠳᠡᠷᠡᠭᠦᠯᠪᠡ᠃ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠣᠯ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠬᠥᠭ᠌ᠵᠢᠯᠲᠡ᠎ᠶ᠋ᠢᠨ ᠰᠠᠭᠤᠷᠢ ᠮᠥᠨ᠂ ᠭᠠᠭ᠍ᠴᠠ ᠬᠦ᠌ ᠨᠠᠩ ᠣᠯᠠᠨ ᠬᠥᠮᠦᠨ᠎ᠢ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ᠎ᠳᠤ ᠣᠷᠣᠯᠴᠠᠭᠤᠯᠪᠠᠯ ᠰᠠᠶᠢ ᠠᠷᠠᠳ ᠢᠷᠭᠡᠳ᠎ᠦᠨ ᠪᠡᠶ᠎ᠡ ᠮᠠᠬᠠᠪᠣᠳ᠎ᠤᠨ ᠬᠡᠪ ᠴᠢᠨᠠᠷ ᠪᠠ ᠡᠷᠡᠭᠦᠯ ᠮᠡᠨᠳᠦ᠍᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍ ᠴᠢᠳᠠᠨ᠎ᠠ᠃ ᠡᠨᠡ ᠬᠦ᠌ ᠦᠪᠡᠳᠡᠭ᠌ᠰᠢ ᠶᠡᠬᠡ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠲᠠᠮᠢᠷᠴᠢᠳ ᠨᠠᠩ ᠣᠷᠭᠢᠯᠤᠮ᠎ᠠ ᠬᠠᠯᠠᠭᠤᠨ ᠰᠡᠳᠭᠢᠯᠭᠡ ᠪᠠ ᠨᠠᠩ ᠴᠣᠭ ᠪᠠᠳᠠᠷᠠᠩᠭᠤᠶ ᠲᠡᠮᠡᠴᠡᠯ᠎ᠦᠨ ᠵᠣᠷᠢᠭ᠎ᠢᠶᠠᠷ ᠲᠠᠷᠠᠭᠠᠴᠢ᠎ᠶ᠋ᠢᠨ ᠤᠷᠤᠯᠳᠤᠭᠠᠨ᠎ᠳᠤ ᠣᠷᠣᠯᠴᠠᠬᠤ ᠪᠣᠯᠤᠨ᠎ᠠ᠃