ᠦᠪᠤᠷ ᠮᠤᠩᠭᠤᠯ ᠤ᠋ᠨ ᠠᠷᠠᠳ᠎ᠤᠨ ᠪᠠᠢᠴᠠᠭᠠᠬᠤ ᠬᠣᠷᠢᠶ᠎ᠠ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠳᠤ ᠦᠢᠯᠡᠴᠢᠯᠡᠭᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠵᠠᠢ
2025-11-18 10:12:26
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶ᠎ᠠ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠳᠤ ᠦᠢᠯᠡᠴᠢᠯᠡᠭᠰᠡᠨ ᠬᠣᠶᠠᠳᠤᠭᠠᠷ ᠪᠦᠯᠦᠭ᠎ᠦᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠪᠡ᠃ ᠲᠣᠰ ᠪᠦᠯᠦᠭ ᠬᠡᠷᠡᠭ᠎ᠦᠨ ᠵᠢᠱ᠌ᠢᠶ᠎ᠡ ᠨᠢ ᠲᠡᠦᠬᠡ᠎ᠶᠢᠨ ᠳᠤᠷᠠᠰᠬᠠᠯᠲᠤ ᠵᠦᠢᠯᠡᠰ ᠪᠠ ᠰᠣᠶᠣᠯ᠎ᠤᠨ ᠥᠪ᠎ᠦᠨ ᠬᠠᠮᠠᠭᠠᠯᠠᠯᠲᠠ᠂ ᠣᠷᠳᠣ᠌ ᠴᠠᠭᠠᠨ ᠬᠡᠷᠡᠮ᠎ᠦᠨ ᠬᠠᠮᠠᠭᠠᠯᠠᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ ᠵᠡᠷᠭᠡ ᠰᠣᠶᠣᠯ᠎ᠤᠨ ᠲᠦᠷᠦᠯ ᠲᠡᠮᠳᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ᠎ᠶᠢᠨ《ᠬᠡᠷᠡᠭ ᠨᠢᠭᠡᠪᠦᠷᠢ᠎ᠶᠢ ᠴᠢᠨᠠᠷ ᠰᠠᠢᠲᠠᠢ ᠦᠨᠳᠦᠷ  ᠪᠦᠲᠦᠮᠵᠢᠳᠡᠢ ᠰᠠᠢᠲᠤᠷ ᠰᠢᠢᠳᠪᠦᠷᠢᠯᠡᠬᠦ》 ᠪᠡᠷ ᠤᠮᠠᠷᠠᠲᠤ ᠬᠢᠯᠢ᠎ᠶᠢᠨ ᠰᠣᠶᠣᠯ᠎ᠢ ᠤᠯᠠᠮᠵᠢᠯᠠᠨ ᠪᠠᠳᠠᠷᠠᠭᠤᠯᠤᠭᠰᠠᠨ ᠲᠤᠬᠠᠢ ᠪᠠᠢᠴᠠᠭᠠᠬᠤ ᠠᠵᠢᠯ᠎ᠤᠨ ᠦᠢᠯᠡᠳᠦᠯᠭᠡ᠎ᠶᠢ ᠠᠮᠢᠳᠤᠯᠢᠭ᠋᠎ᠢᠶᠠᠷ ᠢᠯᠡᠷᠡᠭᠦᠯᠵᠡᠢ᠃

ᠡᠳᠡᠬᠡᠷ ᠨᠡᠢᠳᠡᠯᠢᠭ ᠬᠡᠷᠡᠭ᠎ᠤᠨ ᠵᠢᠱ᠌ᠢᠶ᠎ᠡ᠎ᠳᠦ᠂ ᠲᠦᠮᠡᠳ ᠵᠡᠭᠦᠨ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠵᠤᠤ ᠤᠯᠤᠰ ᠤ᠋ᠨ ᠬᠤᠢᠳᠤ ᠤᠷᠳᠤ ᠴᠠᠭᠠᠨ ᠬᠡᠷᠡᠮ ᠤ᠋ᠨ ᠪᠠᠭᠤᠷᠢ᠎ᠶᠢ ᠬᠠᠮᠠᠭᠠᠯᠠᠬᠤ᠎ᠶᠢ ᠱᠠᠯᠠᠪᠳᠠᠭᠤᠯᠤᠬᠰᠠᠨ  ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ ᠵᠢᠨ  ᠳᠠ ᠶᠣᠣ᠎ᠶᠢᠨ ᠪᠠᠭᠤᠷᠢ᠎ᠶᠢ ᠬᠠᠮᠠᠭᠠᠯᠠᠬᠤ᠎ᠶᠢ ᠱᠠᠯᠠᠪᠳᠠᠭᠤᠯᠤᠬᠰᠠᠨ  ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂  ᠬᠦᠬᠡᠬᠤᠳᠠ ᠵᠢᠨ ᠰᠠᠢᠬᠠᠨ ᠲᠤᠭᠤᠷᠢᠬ ᠤ᠋ᠨ ᠠᠷᠠᠳ ᠤ᠋ᠨ ᠪᠠᠢᠴᠠᠭᠠᠬᠤ ᠬᠤᠷᠢᠶ᠎ᠠ ᠵᠢᠨ ᠨᠢᠬᠡᠨ ᠰᠤᠪᠠᠬ ᠤ᠋ᠨ ᠪᠠᠭᠤᠷᠢ ᠵᠢ ᠬᠠᠮᠠᠭᠠᠯᠠᠬᠤ ᠵᠢ ᠱᠠᠯᠠᠪᠳᠠᠭᠤᠯᠤᠬᠰᠠᠨ ᠵᠠᠰᠠᠬ ᠵᠠᠬᠢᠷᠭᠠᠨ ᠤ᠋ ᠨᠡᠢᠳᠡ ᠵᠢᠨ ᠠᠰᠠᠷᠠᠮᠵᠢ ᠵᠢᠨ ᠵᠠᠷᠭᠤ ᠵᠢᠨ ᠬᠡᠷᠡᠭ᠂ ᠮᠠᠨᠵᠤᠤᠷ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠠᠩᠰᠠ ᠡᠪᠬᠡᠮᠡᠯ᠎ᠢ ᠪᠦᠬᠦᠨ᠎ᠢ ᠢᠯᠡ ᠪᠤᠯᠭᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠰᠢᠯᠤᠭᠤᠨ ᠬᠥᠪᠡᠭᠡᠲᠦ ᠴᠠᠭᠠᠨ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠠᠯᠳᠠᠨ ᠤᠯᠤᠰ ᠤ᠋ᠨ ᠰᠡᠷᠬᠡᠢᠯᠡᠯᠳᠡ ᠵᠢᠨ ᠰᠤᠪᠠᠬ ᠤ᠋ᠨ ᠪᠠᠭᠤᠷᠢ ᠵᠢ ᠬᠠᠮᠠᠭᠠᠯᠠᠬᠤ ᠵᠢ ᠱᠠᠯᠠᠪᠳᠠᠭᠤᠯᠤᠬᠰᠠᠨ  ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ ᠵᠢᠨ ᠬᠡᠷᠡᠭ᠂ ᠹᠧᠩᠵᠧᠨ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠮᠢᠩ ᠤᠯᠤᠰ᠎ᠤᠨ ᠤᠷᠳᠤ  ᠴᠠᠭᠠᠨ ᠬᠡᠷᠡᠮ᠎ᠦᠨ ᠪᠠᠭᠤᠷᠢ᠎ᠶᠢ ᠬᠠᠮᠠᠭᠠᠯᠠᠬᠤ᠎ᠶᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠶᠤᠸᠠᠨ ᠤᠯᠤᠰ᠎ᠤᠨ ᠵᠢᠨᠢᠩ ᠵᠠᠮ᠎ᠤᠨ ᠡᠷᠲᠡᠨ᠎ᠦ ᠬᠣᠲᠠ᠎ᠶᠢᠨ ᠪᠠᠭᠤᠷᠢ᠂ ᠴᠠᠬᠠᠷ ᠦᠨᠳᠦᠰᠦᠲᠡᠨ᠎ᠦ ᠰᠣᠶᠣᠯ᠎ᠤᠨ ᠠᠴᠢᠶᠠᠯᠠᠪᠤᠷᠢ ᠵᠢ ᠬᠠᠮᠠᠭᠠᠯᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂  ᠳᠥᠷᠪᠡᠳ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ  ᠵᠢᠨ ᠹᠦ ᠮᠢᠩ ᠪᠠᠯᠭᠠᠰᠤᠨ᠎ᠤ ᠡᠷᠳᠡᠨ ᠤ᠋  ᠬᠤᠳᠠ ᠵᠢᠨ  ᠪᠠᠭᠤᠷᠢ᠎ᠶᠢ ᠬᠠᠮᠠᠭᠠᠯᠠᠬᠤ᠎ᠶᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂  ᠣᠷᠳᠣᠰ ᠬᠣᠲᠠ᠎ᠶᠢᠨ ᠳ᠋ᠦᠩᠱᠧᠩ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠦᠷᠡᠭᠳᠡᠭᠰᠡᠨ ᠪᠠᠭᠠᠲᠤᠷᠴᠤᠳ᠎ᠤᠨ ᠣᠩᠭᠣᠨ᠎ᠤ ᠬᠦᠷᠢᠶᠡᠯᠡᠩ ᠎ᠢ ᠬᠠᠮᠠᠭᠠᠯᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ ᠵᠢᠨ ᠬᠡᠷᠡᠭ᠂ ᠵᠢᠨᠢᠩ᠎ᠦᠨ ᠲᠡᠮᠦᠷ ᠵᠠᠮ᠎ᠤᠨ ᠲᠡᠭᠡᠭᠡᠪᠦᠷᠢ᠎ᠶᠢᠨ ᠪᠠᠢᠴᠠᠭᠠᠬᠤ ᠬᠣᠷᠢᠶ᠎ᠠ ᠵᠢᠨ ᠵᠤᠰᠤᠳᠤ ᠵᠢᠨ ᠠᠭᠤᠯᠠ ᠪᠠᠯᠭᠠᠰᠤᠨ᠎ᠤ ᠲᠡᠷᠭᠡᠨ ᠥᠷᠲᠡᠭᠡᠨ᠎ᠦ ᠬᠠᠭᠤᠴᠢᠨ ᠪᠠᠭᠤᠷᠢ᠎ᠶᠢ ᠬᠠᠮᠠᠭᠠᠯᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号