《ᠠᠮᠤ᠎ᠵᠢᠨ ᠰᠠᠡᠭ 》 ᠤ᠋ᠨ ᠲᠠᠷᠬᠠᠨ ᠡᠬᠦᠷᠭᠡᠯᠡᠯ
2025-11-18 09:56:50
ᠵᠣᠬᠢᠶᠠᠭ᠍ᠴᠢ᠄
ᠾᠦᠸᠸ ᠱᠢᠶᠤᠤ ᠴᠢᠩ ᠪᠦᠦ ᠣᠶᠤᠨ
ᠣᠩᠱᠢᠭ᠍ᠰᠠᠨ ᠣᠳᠠᠭ᠎ᠠ᠄
★★★☆☆

— ᠲᠦᠩᠯᠢᠶᠣᠤ ᠬᠣᠲᠠ ᠶ᠋ᠢᠨ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠲᠤᠯᠠᠵᠦ ᠪᠠᠢᠭ᠎ᠠ ᠠᠮᠢᠳᠤᠯᠢᠬ ᠦᠶ᠋ᠯᠡᠳᠦᠯᠭᠡ


《200 ᠲᠦᠮᠡᠨ ᠮᠦ᠍ ᠲᠠᠷᠢᠶᠠᠨ ᠭᠠᠵᠠᠷ᠎ᠤᠨ ᠮᠦ᠍ ᠨᠢᠭᠡᠴᠢ᠎ᠵᠢᠨ ᠲᠤᠮᠳᠠᠴᠢ ᠤᠨᠠᠯᠳᠠ ᠨᠢ ᠨᠢᠭᠡ ᠲᠤᠨ ᠎ᠢ ᠳᠠᠪᠠᠭᠰᠠᠨ ᠭᠠᠢᠬᠠᠮᠰᠢᠭ  ᠢ᠋ ᠡᠭᠦᠳᠴᠠᠢ᠂ ᠡᠨᠡ ᠨᠢ ᠪᠦᠬᠦ ᠤᠯᠤᠰ ᠲᠦ᠍ ᠠᠡᠭᠬᠠᠳᠠᠭᠴᠢ  ᠪᠤᠯᠬᠤ ᠪᠦᠭᠡᠳ ᠳᠡᠯᠡᠬᠡᠢ ᠶ᠋ᠢᠨ ᠬᠡᠪᠴᠢᠶᠡᠨ ᠳ᠋ᠦ ᠴᠦ᠍ ᠬᠠᠮᠤᠭ ᠤ᠋ᠨ ᠥᠨᠳᠥᠷ ᠲᠦᠪᠱᠢᠨ᠎ᠳᠦ ᠲᠤᠭᠠᠴᠠᠭᠳᠠᠨ᠎ᠠ!》 ᠣᠢᠷ᠎ᠠ ᠳ᠋ᠦ ᠪᠥᠬᠥ᠌ ᠤᠯᠤᠰ ᠤ᠋ᠨ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠢᠨᠵᠧᠨᠧᠷᠢᠩ ᠤ᠋ᠨ ᠲᠠᠷᠢᠭᠦᠨ ᠲᠤᠰᠭᠠᠶ ᠮᠡᠷᠭᠡᠵᠢᠯᠲᠡᠨ ᠯᠢ ᠱᠤᠤ ᠺᠦᠨ ᠲᠦᠩᠯᠢᠶᠣᠤ᠎ᠬᠤᠲᠠ ᠶ᠋ᠢᠨ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ ᠭᠤᠤᠯᠳᠠᠯᠭ᠎ᠠ ᠲᠠᠢ ᠵᠢᠱ᠌ᠢᠶ᠎ᠡ ᠦᠵᠡᠭᠦᠯᠬᠦ ᠤᠷᠤᠨ ᠤ᠋ ᠤᠨᠠᠯᠲᠠ ᠵᠢ ᠬᠡᠮᠵᠢᠭᠰᠡᠨ ᠦᠷ᠎ᠡ ᠳ᠋ᠦ᠋ᠡᠭ ᠢ᠋ ᠨᠡᠢᠲᠡᠯᠡᠬᠦ ᠳ᠋ᠡᠭᠡᠨ ᠡᠢᠨ ᠬᠦ᠌ ᠦᠨᠡᠯᠡᠪᠡ᠃

ᠠᠮᠤ ᠪᠤᠳᠠᠭ᠎ᠠ ᠪᠣᠯ ᠤᠯᠤᠰ ᠣᠷᠣᠨ ᠤ᠋ ᠦᠨᠳᠦᠰᠦ ᠮᠥᠨ᠃ ᠪᠥᠬᠥ᠌ ᠤᠯᠤᠰ ᠤ᠋ᠨ ᠠᠮᠤ ᠪᠤᠳᠠᠭᠠᠨ ᠤ᠋ ᠭᠤᠤᠯ ᠭᠠᠷᠤᠯᠲᠠ ᠶ᠋ᠢᠨ ᠣᠷᠣᠨ ᠪᠤᠯᠤᠭᠰᠠᠨ ᠤ᠋ ᠬᠤᠪᠢ ᠳ᠋ᠦ ᠠᠩᠬ᠎ᠠ ᠤᠳᠠᠭ᠎ᠠ 200 ᠲᠦᠮᠡᠨ ᠮᠥ᠍ ᠶ᠋ᠢᠨ ᠬᠡᠪᠴᠢᠶᠡᠵᠢᠭᠰᠡᠨ 《ᠳᠤᠨ ᠤ᠋ ᠤᠨᠠᠯᠳᠠ ᠲᠠᠢ ᠲᠠᠷᠢᠶ᠎ᠠ》 ᠵᠢ ᠪᠡᠶᠡᠯᠡᠭᠦᠯᠦᠭ᠌ᠰᠡᠨ ᠶᠠᠪᠤᠳᠠᠯ ᠪᠣᠯ ᠲᠦᠩᠯᠢᠶᠣᠤ ᠬᠤᠲᠠ ᠶ᠋ᠢᠨ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠦᠭ᠌ᠰᠡᠨ ᠲᠡᠦᠬᠡᠲᠦ ᠴᠢᠨᠠᠷᠲᠠᠶ ᠳᠠᠪᠠᠯᠲᠠ ᠪᠣᠯᠬᠤ ᠪᠥᠭᠡᠳ ᠮᠦᠨᠴᠦ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠲᠤᠯᠠᠬᠤ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠪᠣᠯᠤᠨ᠎ᠠ᠃

ᠳᠡᠯᠡᠬᠡᠶ ᠶ᠋ᠢᠨ ᠭᠤᠷᠪᠠᠨ ᠶᠡᠬᠡ ᠱᠢᠵᠢᠷ ᠠᠯᠲᠠᠨ ᠡᠷᠳᠡᠨᠢ ᠱᠢᠰᠢ ᠶ᠋ᠢᠨ ᠪᠦᠰᠡ ᠶ᠋ᠢᠨ ᠭᠤᠤᠯ ᠣᠷᠣᠨ ᠤ᠋ ᠨᠢᠭᠡ᠂ ᠪᠥᠬᠥ᠌ ᠤᠯᠤᠰ ᠤ᠋ᠨ ᠴᠢᠬᠤᠯᠠ ᠲᠠᠸᠠᠷ ᠤ᠋ᠨ ᠠᠮᠤ ᠶ᠋ᠢᠨ ᠰᠠᠭᠤᠷᠢᠨ ᠪᠣᠯᠤᠭ᠍ᠰᠠᠨ ᠤ᠋ ᠬᠤᠪᠢ ᠳ᠋ᠦ ᠲᠦᠩᠯᠢᠶᠣᠤ ᠬᠣᠲᠠ ᠶ᠋ᠢᠨ ᠠᠮᠤ ᠪᠤᠳᠠᠭᠠᠨ ᠤ᠋ ᠤᠨᠠᠯᠲᠠ᠎ᠨᠢ 22 ᠵᠢᠯ ᠳᠠᠷᠠᠭᠠᠯᠠᠨ ᠲᠣᠭ᠍ᠲᠠᠭᠤᠨ ᠶ᠋ᠢᠡᠷ ᠨᠡᠮᠡᠭ᠌ᠳᠡᠵᠦ᠍᠂ 2024 ᠣᠨ ᠳ᠋ᠦ 194 ᠳ᠋ᠦᠩᠱᠢᠭᠤᠷ ᠵᠢᠩ᠎ᠳᠦ ᠬᠦᠷᠴᠦ᠍᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠷᠢᠭᠦᠨ᠎ᠳᠦ ᠵᠢᠭᠰᠠᠪᠠ᠂ ᠡᠭᠦᠨ᠎ᠳᠦ ᠡᠷᠳᠡᠨᠢ ᠱᠢᠰᠢ ᠶ᠋ᠢᠨ ᠤᠨᠠᠯᠲᠠ 187 ᠳ᠋ᠦᠩᠱᠢᠭᠤᠷ ᠵᠢᠩ ᠪᠠᠢᠵᠤ᠂ ᠨᠡᠷ᠎ᠡ ᠨᠢᠳᠡᠷ᠎ᠲᠡᠬᠡᠨ ᠨᠡᠢᠴᠡᠭ᠌ᠰᠡᠨ ᠭᠤᠤᠯ ᠭᠠᠷᠤᠯᠲᠠ ᠶ᠋ᠢᠨ ᠲᠠᠷᠢᠮᠠᠯ ᠪᠣᠯᠵᠠᠶ᠃

ᠡᠨᠡ ᠬᠦ᠌ ᠬᠢᠷᠢ ᠪᠦᠲᠦᠮᠵᠢ ᠪᠣᠯ ᠲᠩᠷᠢ᠎ᠡᠴᠡ ᠰᠤᠶᠤᠷᠬᠠᠭᠰᠠᠨ ᠠᠵᠠ ᠵᠠᠪᠱᠢᠶᠠᠨ ᠪᠢᠰᠢ᠂ ᠬᠠᠷᠢᠨ ᠬᠦᠴᠢᠷ ᠪᠡᠷᠬᠡᠱᠢᠶᠡᠯ ᠤ᠋ᠨ ᠳᠤᠮᠳᠠ ᠡᠷᠡᠮᠡᠬᠡᠢᠯᠡᠨ ᠤᠷᠤᠭᠰᠢᠯᠠᠵᠤ᠂ ᠥᠷᠢᠰᠥᠯᠳᠦᠭᠡᠨ᠎ᠦ ᠳᠤᠮᠳᠠ ᠬᠠᠲᠠᠭᠤᠵᠢᠯᠲᠠᠢ ᠲᠡᠮᠡᠴᠡᠵᠦ᠍ ᠣᠯᠤᠭ᠍ᠰᠠᠨ ᠢᠷᠠᠭᠤ ᠠᠯᠳᠠᠷ ᠪᠣᠯᠤᠨ᠎ᠠ᠃

ᠲᠦᠩᠯᠢᠶᠣᠤ ᠬᠤᠲᠠ ᠪᠣᠯ ᠨᠡᠢᠲᠡᠯᠢᠭ ᠴᠢᠨᠠᠷᠲᠠᠶ ᠡᠬᠢ ᠪᠠᠶᠠᠯᠢᠭ ᠤ᠋ᠨ ᠬᠡᠯᠪᠡᠷᠢ ᠶ᠋ᠢᠨ ᠤᠰᠤ ᠳᠤᠲᠠᠭ᠍ᠳᠠᠵᠤ ᠪᠠᠢᠭ᠎ᠠ ᠭᠠᠵᠠᠷ ᠣᠷᠣᠨ ᠳ᠋ᠦ ᠬᠠᠷᠢᠶᠠᠯᠠᠭ᠍ᠳᠠᠵᠤ᠂ ᠬᠥᠮᠦᠨ ᠳᠤᠮᠳᠠᠴᠢ ᠶ᠋ᠢᠨ ᠤᠰᠤᠨ ᠤ᠋ ᠡᠬᠢ ᠪᠠᠶᠠᠯᠢᠭ ᠤ᠋ᠨ ᠬᠡᠮᠵᠢᠶ᠎ᠡ ᠨᠢ ᠵᠥᠪᠬᠡᠨ ᠪᠥᠬᠥ᠌ ᠤᠯᠤᠰ ᠤ᠋ᠨ ᠳᠤᠮᠳᠠᠴᠢ ᠲᠦᠪᠱᠢᠨ᠎ᠦ 56% ᠳ᠋ᠦ ᠬᠦᠷᠴᠦ᠂ ᠲᠠᠷᠢᠶᠠᠯᠠᠩ ᠳ᠋ᠦ ᠶᠡᠬᠡ ᠬᠡᠪᠴᠢᠶᠡᠨ ᠤ᠋ ᠤᠰᠤ ᠬᠡᠷᠡᠭᠰᠡᠵᠦ᠂ ᠤᠰᠤ ᠪᠠ ᠠᠮᠤ ᠪᠤᠳᠠᠭᠠᠨ ᠤ᠋ ᠵᠥᠷᠢᠴᠡᠯ ᠲᠣᠪᠣᠢᠮ᠎ᠠ ᠪᠠᠢᠳᠠᠭ᠃ ᠡᠭᠦᠨ᠎ᠦ ᠬᠠᠮᠲᠤ ᠪᠥᠬᠥ᠌ ᠤᠯᠤᠰ ᠤ᠋ᠨ ᠬᠠᠮᠤᠭ ᠤ᠋ᠨ ᠶᠡᠬᠡ ᠡᠯᠡᠰᠦᠷᠬᠡᠭ ᠭᠠᠵᠠᠷ — ᠬᠣᠷᠴᠢᠨ ᠤ᠋ ᠡᠯᠡᠰᠦᠷᠬᠡᠭ ᠭᠠᠵᠠᠷ ᠤ᠋ᠨ ᠬᠠᠭᠠᠰ ᠡᠴᠡ ᠳᠡᠭᠡᠭ᠌ᠰᠢᠬᠢ ᠲᠠᠯᠠᠪᠠᠶ᠎ᠨᠢ ᠲᠦᠩᠯᠢᠶᠣᠤ ᠬᠣᠲᠠ ᠳ᠋ᠦ ᠪᠠᠢᠵᠤ᠂ ᠪᠥᠬᠥ᠌ ᠬᠣᠲᠠ ᠶ᠋ᠢᠨ 3000 ᠲᠦᠮᠡ ᠭᠠᠷᠤᠶ ᠮᠥ᠍ ᠲᠠᠷᠢᠶᠠᠨ ᠭᠠᠵᠠᠷ᠎ᠤ᠋ᠨ ᠭᠤᠷᠪᠠᠨ ᠤ᠋ ᠨᠢᠭᠡ᠎ᠨᠢ ᠡᠯᠡᠰᠦᠷᠬᠡᠭ ᠭᠠᠵᠠᠷ ᠲᠦ᠍ ᠲᠠᠷᠬᠠᠵᠤ᠂ ᠠᠮᠤ ᠪᠤᠳᠠᠭᠠᠨ ᠤ᠋ ᠤᠨᠠᠯᠲᠠ ᠵᠢ ᠳᠡᠭᠡᠭ᠌ᠰᠢᠯᠡᠭᠦᠯᠬᠦ᠌ ᠬᠦᠴᠢᠷᠳᠡᠯ ᠮᠠᠰᠢ ᠶᠡᠬᠡ ᠶᠤᠮ᠃

ᠡᠯᠡᠰᠦᠷᠬᠡᠭ᠌ᠵᠢᠭ᠌ᠰᠡᠨ ᠭᠠᠵᠠᠷ ᠱᠢᠷᠣᠶ ᠪᠣᠯᠤᠨ ᠤᠰᠤᠨ ᠤ᠋ ᠡᠬᠢ ᠪᠠᠶᠠᠯᠢᠭ ᠤ᠋ᠨ ᠬᠦᠴᠢᠷᠳᠡᠯ ᠤ᠋ᠨ ᠡᠮᠦᠨ᠎ᠡ ᠲᠦᠩᠯᠢᠶᠣᠤ ᠬᠣᠲᠠ ᠶ᠋ᠢᠨ᠎ᠬᠢᠨ ᠳᠠᠪᠬᠤᠷ ᠳᠠᠪᠬᠤᠷ ᠪᠦᠰᠡᠯᠡᠯᠲᠡ ᠵᠢ ᠱᠢᠪᠲᠤᠯᠤᠨ᠂ ᠠᠮᠢ ᠠᠬᠤᠶ ᠬᠡᠪᠡᠷᠡᠭ ᠣᠷᠣᠨ ᠤ᠋ ᠲᠠᠷᠢᠶᠠᠯᠠᠩ ᠤ᠋ᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌《 ᠲᠦᠩᠯᠢᠶᠣᠤ ᠶ᠋ᠢᠨ ᠵᠠᠭ᠍ᠪᠤᠷ 》 ᠢ᠋ ᠡᠭᠦᠳᠴᠦ᠍᠂ ᠳᠤᠮᠳᠠᠳᠤ ᠤᠯᠤᠰ ᠤ᠋ᠨ ᠬᠦᠮᠦᠨ ᠪᠤᠳᠠᠭᠠᠨ ᠠᠶᠠᠭ᠎ᠠ᠎ᠪᠠᠨ ᠯᠠᠪᠳᠠᠭᠤᠨ ᠪᠠᠲᠤᠲᠠᠶ ᠠᠳᠬᠤᠬᠤ 《 ᠲᠦᠩᠯᠢᠶᠣᠤ ᠶ᠋ᠢᠨ ᠦᠯᠢᠭᠡᠷ》  ᠢ᠋ ᠪᠢᠴᠢᠭᠯᠡᠵᠤ᠂ ᠤᠯᠤᠰ ᠤ᠋ᠨ ᠮᠢᠩᠭᠠᠨ ᠳ᠋ᠦᠩᠱᠢᠭᠤᠷ ᠵᠢᠩ ᠎ᠤᠨ ᠠᠮᠤ ᠪᠤᠳᠠᠭᠠᠨ ᠤ᠋ ᠦᠶ᠋ᠯᠡᠳᠪᠦᠷᠢᠯᠡᠯ ᠤ᠋ᠨ ᠴᠢᠳᠠᠪᠤᠷᠢ ᠵᠢ ᠳᠡᠭᠡᠭ᠌ᠰᠢᠯᠡᠭᠦᠯᠬᠦ᠌ ᠠᠵᠢᠯᠯᠠᠭ᠎ᠠ ᠳ᠋ᠦ ᠬᠠᠭᠤᠯᠪᠤᠷᠢᠯᠠᠵᠤ ᠪᠤᠯᠬᠤ᠂ ᠳᠡᠯᠭᠡᠷᠡᠭᠦᠯᠵᠦ᠍ ᠪᠤᠯᠬᠤ ᠮᠡᠷᠭᠡᠵᠢᠯ ᠤ᠋ᠨ ᠵᠠᠭ᠍ᠪᠤᠷ ᠢ᠋ ᠬᠠᠩᠭᠠᠭᠰᠠᠨ ᠪᠠᠢᠨ᠎ᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠦᠴᠦᠨ —

ᠨᠢᠭᠲᠠ ᠲᠠᠷᠢᠵᠤ ᠨᠠᠷᠢᠯᠢᠭ ᠤᠨᠤᠴᠠᠲᠠᠢ ᠲᠤᠬᠢᠷᠠᠭᠤᠯᠤᠨ ᠡᠵᠡᠮᠳᠡᠬᠦ ᠦᠨᠳᠦᠷ ᠤᠨᠠᠯᠲᠠ ᠶ᠋ᠢᠨ ᠮᠡᠷᠭᠡᠵᠢᠯ᠎ᠦᠨ ᠱᠢᠰᠲ᠋ᠧᠮ ᠨᠢ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠪᠣᠭᠣᠮᠢ᠎ᠶ᠋ᠢ ᠱᠢᠪᠲᠤᠯᠪᠠ

ᠠᠯᠢ ᠡᠷᠲᠡ ᠬᠣᠷᠢᠳᠤᠭᠠᠷ ᠵᠠᠭᠤᠨ ᠤ᠋ ᠲᠠᠪᠢ ᠵᠢᠷᠠᠭᠠᠳ ᠣᠨ ᠤ᠋ ᠤᠯᠤᠰ᠎ᠬᠦᠷᠦᠨ ᠬᠦᠴᠢᠷᠳᠡᠯ᠎ᠲᠡᠶ ᠦᠶ᠎ᠡ᠎ᠳᠦ᠂ ᠲᠦᠩᠯᠢᠶᠣᠤ ᠬᠤᠲᠠ ᠥᠭᠡᠷᠡᠴᠢᠯᠡᠯᠲᠡ ᠬᠢᠵᠤ᠂ ᠥᠷᠭᠡᠨ ᠶ᠋ᠢᠡᠷ ᠲᠠᠷᠢᠵᠤ ᠪᠠᠭ᠎ᠠ ᠬᠤᠷᠢᠶᠠᠵᠤ ᠪᠠᠢᠭ᠍ᠰᠠᠨ ᠡᠴᠡ᠎ᠪᠠᠨ ᠨᠠᠷᠢᠯᠢᠭ ᠲᠠᠷᠢᠵᠤ ᠨᠢᠮᠪᠠᠢ ᠠᠷᠠᠴᠢᠯᠠᠬᠤ ᠲᠡᠢᠰᠢ ᠬᠡᠯᠪᠡᠷᠢ ᠪᠠᠨ ᠬᠤᠪᠢᠷᠠᠭᠤᠯᠤᠨ᠂ ᠨᠢᠭᠡ ᠯᠡ ᠳᠡᠭᠡᠷ᠎ᠡ ᠪᠦᠬᠦ᠌ ᠤᠯᠤᠰ ᠲᠦ᠍ ᠠᠯᠳᠠᠷᠱᠢᠭ᠍ᠰᠠᠨ ᠲᠠᠸᠠᠷ ᠤ᠋ᠨ ᠠᠮᠤ ᠶ᠋ᠢᠨ ᠰᠠᠭᠤᠷᠢᠨ ᠪᠣᠯᠤᠭ᠍ᠰᠠᠨ ᠪᠠᠢᠨ᠎ᠠ᠃ ᠱᠢᠨ᠎ᠡ ᠴᠠᠭ ᠦᠶ᠎ᠡ᠎ᠳᠦ ᠣᠷᠣᠵᠤ᠂ ᠲᠠᠷᠢᠶᠠᠨ ᠭᠠᠵᠠᠷ ᠪᠠ ᠤᠰᠤᠨ ᠤ᠋ ᠡᠬᠢ ᠪᠠᠶᠠᠯᠢᠭ ᠤ᠋ᠨ ᠬᠢᠵᠠᠭᠠᠷᠯᠠᠯ ᠱᠢᠷᠦᠭᠦᠰᠭᠦ ᠵᠢ ᠳᠠᠭᠠᠯᠳᠤᠨ ᠲᠦᠩᠯᠢᠶᠣᠤ ᠬᠣᠲᠠ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠢ᠋ ᠬᠠᠮᠠᠭᠠᠯᠠᠬᠤ ᠤᠯᠤᠰ ᠲᠥᠷᠥ ᠶ᠋ᠢᠨ ᠬᠠᠷᠢᠭᠤᠴᠠᠯᠭ᠎ᠠ᠎ᠪᠠᠨ ᠢᠮᠠᠭ᠍ᠲᠠ ᠭᠤᠢᠪᠢᠰᠢ ᠥᠬᠡᠶ ᠡᠭᠦᠷᠭᠡᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠶ᠋ᠢᠡᠷ ᠭᠠᠷᠳᠠᠴᠠ ᠪᠣᠯᠭᠠᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠳᠦ ᠲᠦᠱᠢᠭ᠌ᠯᠡᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠵᠦ᠍᠂ ᠶᠡᠷᠦᠩᠬᠡᠶ ᠤᠨᠠᠯᠲᠠ ᠵᠢ ᠨᠡᠮᠡᠭ᠌ᠳᠡᠭᠦᠯᠬᠦ᠌ 》 ᠭᠤᠤᠯ ᠠᠷᠭ᠎ᠠ ᠵᠠᠮ ᠶ᠋ᠢᠡᠨ ᠲᠣᠳᠣᠷᠬᠠᠢᠯᠠᠪᠠ᠃

ᠰᠠᠢᠨ ᠡᠭᠦᠯᠳᠡᠷ ᠪᠣᠢᠵᠢᠭᠤᠯᠬᠤ᠂ ᠮᠠᠱᠢᠨᠴᠢᠯᠠᠯᠲᠠ ᠵᠢ ᠳᠡᠯᠭᠡᠷᠡᠭᠦᠯᠬᠦ᠌ ᠳᠡᠭᠡᠷ᠎ᠡ ᠦᠷᠭᠦᠯᠵᠢᠯᠡᠨ ᠬᠦᠴᠦᠯᠡᠬᠦ ᠡᠴᠡ ᠭᠠᠳᠠᠨ᠎ᠠ 2012 ᠣᠨ ᠡᠴᠡ ᠡᠬᠢᠯᠡᠨ ᠤᠯᠤᠰ ᠡᠴᠡ ᠵᠡᠭᠦᠨ ᠬᠣᠢᠲᠤ ᠶ᠋ᠢᠨ ᠳᠥᠷᠪᠡᠨ ᠮᠤᠵᠢ ᠣᠷᠣᠨ ᠤ᠋ ᠤᠰᠤ ᠠᠷᠪᠢᠯᠠᠵᠤ ᠠᠮᠤ ᠪᠤᠳᠠᠭᠠᠨ ᠤ᠋ ᠤᠨᠠᠯᠲᠠ ᠵᠢ ᠨᠡᠮᠡᠭ᠌ᠳᠡᠭᠦᠯᠬᠦ᠌ ᠠᠵᠢᠯᠯᠠᠭ᠎ᠠ ᠵᠢ ᠬᠡᠷᠡᠭ᠌ᠵᠢᠭᠦᠯᠦᠭ᠌ᠰᠡᠨ ᠠᠵᠠ ᠲᠣᠬᠢᠶᠠᠯ ᠢ᠋ ᠠᠳᠬᠤᠵᠤ᠂ ᠲᠦᠩᠯᠢᠶᠣᠤ ᠬᠤᠲᠠ 4 ᠵᠢᠯ ᠳᠠᠷᠠᠭᠠᠯᠠᠨ ᠤᠯᠤᠰ ᠤ᠋ᠨ ᠲᠥᠷᠥᠯ ᠵᠦᠶ᠋ᠯ ᠤ᠋ᠨ ᠪᠠᠯᠠ ᠮᠥᠩᠭᠥ ᠵᠢ ᠠᠱᠢᠭ᠍ᠯᠠᠨ ᠳᠤᠰᠤᠯᠠᠭᠠᠨ  ᠤᠰᠤᠯᠠᠬᠤ ᠮᠡᠷᠭᠡᠵᠢᠯ ᠢ᠋ ᠶᠡᠬᠡ ᠬᠡᠪᠴᠢᠶ᠎ᠡ ᠪᠡᠷ ᠳᠡᠯᠭᠡᠷᠡᠭᠦᠯᠵᠦ᠂ ᠪᠥᠬᠥ᠌ ᠬᠣᠲᠠ ᠶ᠋ᠢᠨ ᠬᠡᠪᠴᠢᠶᠡᠨ ᠳ᠋ᠦ ᠤᠰᠤ ᠪᠣᠷᠲᠣᠭᠣᠷ ᠢ᠋ ᠨᠠᠷᠢᠯᠢᠭ ᠤᠨᠤᠴᠠᠲᠠᠢ ᠲᠣᠬᠢᠷᠠᠭᠤᠯᠤᠨ ᠡᠵᠡᠮᠳᠡᠬᠦ᠌ ᠲᠠᠷᠢᠶᠠᠯᠠᠩ ᠤ᠋ᠨ ᠬᠤᠪᠢᠰᠭᠠᠯ ᠢ᠋ ᠥᠷᠨᠢᠭᠦᠯᠪᠡ᠃ ᠳᠠᠷᠠᠭ᠎ᠠ᠎ᠨᠢ ᠪᠠᠰᠠ ᠪᠦᠷᠬᠦᠭᠦᠯ ᠥᠬᠡᠶ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠵᠠᠭ᠍ᠪᠤᠷ ᠢ᠋ ᠪᠥᠬᠥ᠌ ᠲᠠᠯ᠎ᠠ ᠪᠡᠷ ᠳᠡᠯᠭᠡᠷᠡᠭᠦᠯᠵᠦ᠍᠂ ᠠᠮᠤ ᠪᠤᠳᠠᠭᠠᠨ ᠤ᠋ ᠤᠨᠠᠯᠲᠠ ᠵᠢ ᠶᠡᠬᠡ ᠬᠡᠪᠴᠢᠶ᠎ᠡ ᠪᠡᠷ ᠨᠡᠮᠡᠭ᠌ᠳᠡᠭᠦᠯᠬᠦ᠌᠎ᠳᠦ ᠬᠦᠴᠦᠨ ᠨᠠᠮᠠᠷᠢᠯᠡᠭᠰᠡᠨ ᠪᠠᠢᠨ᠎ᠠ᠃

ᠵᠦᠶ ᠵᠣᠬᠢᠰᠲᠠᠶ ᠪᠡᠷ ᠨᠢᠭ᠍ᠲᠠ ᠲᠠᠷᠢᠬᠤ ᠪᠣᠯ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠴᠢᠬᠤᠯᠠ ᠠᠷᠭ᠎ᠠ ᠵᠠᠮ ᠮᠥᠨ᠂ ᠭᠡᠪᠡᠴᠦ᠍ ᠦᠷᠭᠦᠯᠵᠢ ᠨᠠᠯᠠᠨ ᠤᠨᠠᠬᠤ᠂ ᠬᠣᠭᠣᠰᠣᠨ ᠡᠰᠢ᠂ ᠵᠢᠵᠢᠭ ᠲᠦᠷᠦᠭᠦᠦ ᠵᠡᠷᠭᠡ ᠠᠰᠠᠭᠤᠳᠠᠯ ᠢᠯᠡᠷᠡᠵᠦ᠂ ᠰᠢᠢᠳᠪᠦᠷᠢᠯᠡᠬᠦ ᠴᠢᠬᠤᠯᠠᠲᠠᠢ 《ᠪᠤᠭᠤᠮᠢ》 ᠶ᠋ᠢᠨ ᠬᠦᠴᠢᠷᠳᠡᠯ ᠪᠤᠯᠵᠤ ᠪᠠᠢᠵᠠᠢ᠃ 2019 ᠣᠨ ᠳ᠋ᠦ ᠲᠦᠩᠯᠢᠶᠣᠤ ᠬᠣᠲᠠ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠲᠠᠷᠢᠮᠠᠯ ᠤ᠋ᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠭᠠᠵᠠᠷ ᠤ᠋ᠨ ᠰᠤᠳᠤᠯᠤᠭ᠍ᠴᠢ ᠯᠢ ᠱᠤᠤ ᠺᠦᠨ ᠤ᠋ ᠪᠦᠯᠬᠦᠮ ᠢ᠋ ᠣᠷᠣᠭᠤᠯᠤᠨ ᠠᠪᠴᠢᠷᠠᠵᠤ᠂ ᠡᠷᠳᠡᠨᠢ ᠱᠢᠰᠢ ᠵᠢ ᠨᠢᠭ᠍ᠲᠠ ᠳᠠᠷᠢᠬᠤ ᠨᠠᠷᠢᠯᠢᠭ ᠣᠨᠣᠴᠠᠲᠠᠶ ᠲᠣᠬᠢᠷᠠᠭᠤᠯᠤᠨ ᠡᠵᠡᠮᠳᠡᠬᠦ᠌ ᠥᠨᠳᠥᠷ ᠤᠨᠠᠯᠲᠠ ᠶ᠋ᠢᠨ ᠮᠡᠷᠭᠡᠵᠢᠯ ᠢ᠋ ᠰᠦᠪᠡᠭ᠌ᠴᠢᠯᠡᠨ ᠳᠡᠯᠭᠡᠷᠡᠭᠦᠯᠪᠡ᠃

ᠲᠤᠰᠬᠠᠢ ᠮᠡᠷᠭᠡᠵᠢᠯᠲᠡᠨ ᠤ᠋ ᠪᠦᠯᠬᠦᠮ ᠤ᠋ᠨ ᠬᠢᠨ ᠳᠠᠬᠢᠨ ᠳᠠᠪᠲᠠᠨ ᠲᠤᠷᠰᠢᠯᠲᠠ ᠬᠢᠬᠦ ᠪᠡᠷ ᠳᠡᠮᠵᠢᠨ ᠲᠦᠩᠯᠢᠶᠣᠤ ᠬᠤᠲᠠ ᠶ᠋ᠢᠨ ᠲᠤᠬᠠᠢ᠎ᠵᠢᠨ ᠭᠠᠵᠠᠷ ᠲᠦ᠍ ᠨᠢᠭ᠍ᠲᠠ᠎ᠲᠠᠷᠢᠬᠤ ᠳ᠋ᠦ ᠲᠡᠰᠪᠦᠷᠢᠲᠡᠶ᠂ ᠨᠠᠯᠠᠵᠤ ᠤᠨᠠᠬᠤ ᠵᠢ ᠡᠰᠡᠷᠭᠦᠴᠡᠬᠦ᠌ ᠴᠢᠨᠠᠷᠲᠠᠢ ᠣᠯᠠᠨ ᠵᠦᠶ᠋ᠯ ᠤ᠋ᠨ ᠦᠷ᠎ᠡ ᠵᠢ ᠰᠣᠩᠭᠣᠨ ᠪᠣᠢᠵᠢᠭᠤᠯᠵᠤ᠂ ᠠᠳᠠᠯᠢ ᠪᠤᠰᠤ ᠬᠥᠷᠥᠰᠥ᠍ ᠱᠢᠷᠣᠶ᠂ ᠬᠡᠷᠡᠯ ᠢᠯᠴᠢ ᠶ᠋ᠢᠨ ᠨᠥᠬᠥᠴᠡᠯ ᠢ᠋ ᠦᠨᠳᠦᠰᠦᠯᠡᠨ ᠵᠦᠶ ᠵᠣᠬᠢᠰᠲᠠᠶ ᠪᠡᠷ ᠨᠢᠭ᠍ᠲᠠ ᠳᠠᠷᠢᠵᠤ᠂ ᠳᠡᠭᠡᠷ᠎ᠡ ᠨᠢ ᠭᠦᠢᠬᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢ᠋ ᠲᠥᠬᠥᠷᠵᠢᠭᠦᠯᠵᠦ᠍᠂ ᠪᠥᠬᠥ ᠤᠷᠭᠤᠯᠲᠠ ᠤ᠋ᠨ ᠬᠤᠭᠤᠴᠠᠭᠠᠨ᠎ᠳᠠᠬᠢ ᠨᠠᠷᠢᠯᠢᠭ ᠣᠨᠣᠪᠴᠢᠲᠠᠶ ᠤᠰᠤ ᠪᠣᠷᠲᠣᠭᠣᠷ ᠤ᠋ᠨ ᠲᠣᠬᠢᠷᠠᠭᠤᠯᠭ᠎ᠠ ᠡᠵᠡᠮᠱᠢᠯ ᠢ᠋ ᠬᠡᠷᠡᠭ᠌ᠵᠢᠭᠦᠯᠪᠠ᠃ ᠨᠠᠷᠢᠯᠢᠭ ᠤᠨᠤᠴᠠᠲᠠᠢ ᠲᠣᠬᠢᠷᠠᠭᠤᠯᠤᠨ ᠡᠵᠡᠮᠳᠡᠬᠦ 11 ᠵᠦᠶ᠋ᠯ ᠤ᠋ᠨ ᠵᠠᠩᠭᠢᠯᠠᠭ᠎ᠠ ᠶ᠋ᠢᠨ ᠮᠡᠷᠭᠡᠵᠢᠯ ᠢ᠋ ᠬᠤᠷᠠᠮᠳᠤᠭᠤᠯᠵᠤ᠂ ᠨᠠᠯᠠᠵᠤ ᠤᠨᠠᠬᠤ᠂ ᠬᠣᠭᠣᠰᠣᠨ ᠡᠰᠢ᠂ ᠵᠢᠵᠢᠭ ᠲᠦᠷᠦᠭᠦᠦ ᠵᠡᠷᠭᠡ ᠠᠰᠠᠭᠤᠳᠠᠯ ᠢ᠋ ᠲᠤᠢᠯᠪᠤᠷᠢᠲᠠᠶ ᠰᠢᠢᠳᠪᠦᠷᠢᠯᠡᠵᠡᠢ᠃ ᠡᠭᠦᠨ᠎ᠦ ᠬᠠᠮᠲᠤ 《ᠳᠣᠬᠢᠭᠤᠷ ᠲᠤᠯᠤᠭᠠᠨ ᠣᠲᠣ 》ᠨᠡᠷᠡᠮᠵᠢᠲᠦ ᠵᠠᠮᠴᠢᠯᠠᠭ᠎ᠠ ᠶ᠋ᠢᠨ ᠬᠠᠪᠰᠤᠷᠤᠨ ᠵᠢᠯᠤᠭᠤᠳᠬᠤ  ᠰᠢᠰᠲᠸᠮ ᠢ᠋ ᠠᠰᠢᠭᠯᠠᠨ ᠲᠠᠷᠢᠶ᠎ᠠ ᠲᠠᠷᠢᠬᠤ᠂ ᠵᠢᠯᠣᠭᠣᠴᠢ ᠥᠬᠡᠶ ᠨᠢᠰᠭᠡᠯ ᠶ᠋ᠢᠡᠷ ᠤᠷᠭᠤᠮᠠᠯ ᠢ᠋ ᠬᠠᠮᠠᠭᠠᠯᠠᠬᠤ᠂ ᠡᠷᠳᠡᠨᠢ ᠰᠢᠰᠢ ᠵᠢ ᠮᠦᠬᠦᠯᠢᠭᠵᠢᠭᠦᠯᠦᠨ ᠱᠢᠭᠤᠳ ᠬᠤᠷᠢᠶᠠᠬᠤ ᠵᠡᠷᠭᠡ ᠣᠳᠣᠬᠢᠴᠢᠯᠠᠭ᠍ᠰᠠᠨ ᠲᠣᠨᠣᠭ ᠲᠥᠬᠥᠭᠡᠷᠦᠮᠵᠢ ᠵᠢ ᠬᠡᠷᠡᠭ᠌ᠯᠡᠵᠦ᠍᠂ ᠳᠠᠷᠢᠬᠤ ᠡᠴᠡ ᠬᠤᠷᠢᠶᠠᠬᠤ ᠬᠦᠷᠲᠡᠯᠡᠬᠢ ᠪᠥᠬᠥ᠌ ᠶᠠᠪᠤᠴᠠ ᠶ᠋ᠢᠨ ᠮᠠᠰᠢᠨᠴᠢᠯᠠᠯᠲᠠ ᠵᠢ ᠪᠡᠶᠡᠯᠡᠭᠦᠯᠪᠡ᠃

ᠲᠣᠰ ᠮᠡᠷᠭᠡᠵᠢᠯ ᠤ᠋ᠨ ᠱᠢᠰᠲ᠋ᠧᠮ᠎ᠨᠢ ᠨᠢᠭ᠍ᠲᠠ ᠳᠠᠷᠢᠬᠤ ᠪᠡᠷ ᠭᠤᠤᠯ ᠪᠣᠯᠭᠠᠵᠤ᠂ ᠤᠰᠤ ᠪᠣᠷᠲᠣᠭᠣᠷ ᠢ᠋ ᠨᠠᠷᠢᠯᠢᠭ ᠣᠨᠣᠴᠠᠲᠠᠶ ᠳᠣᠭᠢᠷᠠᠭᠤᠯᠤᠨ ᠡᠵᠡᠮᠳᠡᠬᠦ᠌ ᠪᠡᠷ ᠤᠨᠠᠯᠲᠠ ᠵᠢ ᠨᠡᠮᠡᠭ᠌ᠳᠡᠭᠦᠯᠬᠦ᠌ ᠪᠠᠲᠤᠯᠠᠭ᠎ᠠ ᠪᠣᠯᠭᠠᠵᠤ᠂ ᠰᠠᠢᠨ ᠲᠠᠷᠢᠶ᠎ᠠ᠂ ᠰᠠᠢᠨ ᠡᠭᠦᠯᠳᠡᠷ᠂ ᠰᠠᠢᠨ ᠮᠠᠰᠢᠨ᠂ ᠰᠠᠢᠨ ᠠᠷᠭ᠎ᠠ ᠵᠢ ᠶᠡᠷᠦᠩᠬᠡᠢᠯᠡᠨ ᠬᠡᠷᠡᠭ᠌ᠯᠡᠵᠦ᠍᠂ ᠡᠯᠡᠰᠦᠷᠬᠡᠭ ᠭᠠᠵᠠᠷ ᠤ᠋ᠨ ᠤᠨᠠᠯᠲᠠ ᠵᠢ ᠨᠡᠮᠡᠭ᠌ᠳᠡᠭᠦᠯᠬᠦ᠌᠎ᠳᠦ ᠬᠦᠴᠢᠷᠲᠡᠶ᠂ ᠭᠠᠵᠠᠷ ᠱᠢᠷᠣᠶ ᠶ᠋ᠢᠨ ᠠᠱᠢᠭ᠍ᠯᠠᠯᠲᠠ ᠶ᠋ᠢᠨ ᠨᠣᠷᠮ᠎ᠠ ᠳᠤᠤᠷ᠎ᠠ᠂ ᠤᠰᠤ ᠠᠮᠤ ᠶ᠋ᠢᠨ ᠵᠥᠷᠢᠴᠡᠯ ᠶᠡᠬᠡ ᠵᠡᠷᠭᠡ ᠠᠰᠠᠭᠤᠳᠠᠯ ᠢ᠋ ᠱᠢᠶ᠋ᠳᠪᠦᠷᠢᠯᠡᠵᠦ᠍᠂ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠪᠣᠭᠣᠮᠢ ᠵᠢ ᠰᠢᠪᠲᠤᠯᠵᠤ᠂ ᠤᠰᠤ ᠠᠷᠪᠢᠯᠠᠬᠤ᠂ ᠥᠨᠳᠥᠷ ᠤᠨᠠᠯᠲᠠ᠎ᠲᠠᠶ᠂ ᠥᠨᠳᠥᠷ ᠦᠷ᠎ᠡ ᠪᠦᠲᠦᠮᠵᠢᠲᠡᠶ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠵᠠᠭ᠍ᠪᠤᠷ ᠢ᠋ ᠪᠦᠷᠢᠯᠳᠦᠭᠦᠯᠵᠡᠶ᠃ ᠭᠦᠢᠬᠡᠨ ᠪᠤᠯᠠᠵᠤ ᠳᠤᠰᠤᠯᠭᠠᠨ ᠤᠰᠤᠯᠠᠬᠤ᠎ᠮᠡᠷᠭᠡᠵᠢᠯ ᠢ᠋ ᠲᠦᠭᠡᠮᠡᠯᠵᠢᠭᠦᠯᠦᠭ᠌ᠰᠡᠨ ᠨᠢ ᠲᠤᠰ ᠮᠡᠷᠭᠡᠵᠢᠯ ᠤ᠋ᠨ ᠱᠢᠰᠲᠧᠮ ᠢ᠋ ᠣᠬᠣᠷᠬᠠᠨ ᠬᠤᠭᠤᠴᠠᠭᠠᠨ ᠳᠣᠲᠣᠷ᠎ᠠ ᠶᠡᠬᠡ ᠬᠡᠪᠴᠢᠶ᠎ᠡ ᠪᠡᠷ ᠳᠡᠯᠭᠡᠷᠡᠭᠦᠯᠬᠦ᠌ ᠳ᠋ᠦ ᠨᠦᠬᠦᠴᠡᠯ ᠬᠠᠡᠭᠭᠠᠪᠠ᠃ 2025 ᠣᠨ ᠳ᠋ᠦ ᠮᠢᠡᠭᠭ᠎ᠠ ᠲᠦᠮᠡᠨ ᠮᠦ᠍ ᠤᠰᠤ ᠠᠷᠪᠢᠯᠠᠬᠤ ᠥᠨᠳᠥᠷ ᠤᠨᠠᠯᠲᠠᠲᠤ ᠥᠨᠳᠥᠷ ᠦᠷ᠎ᠡ ᠠᠰᠢᠭᠲᠦ ᠤᠳᠤ ᠦᠶ᠎ᠡ ᠶ᠋ᠢᠨ ᠲᠠᠷᠢᠶᠠᠯᠠᠩ ᠤ᠋ᠨ ᠵᠢᠱ᠌ᠢᠶ᠎ᠡ ᠦᠵᠡᠭᠦᠯᠬᠦ᠌ ᠣᠷᠣᠨ ᠨᠢᠭᠡᠨᠲᠡ 8 ᠬᠣᠱᠢᠭᠤ ᠱᠢᠶᠠᠨ ᠲᠣᠭᠣᠷᠢᠭ᠂ 113 ᠰᠤᠮᠤ ᠱᠢᠶᠠᠩ ᠪᠠᠯᠭᠠᠰᠤ᠂ 1809 ᠭᠠᠴᠠᠭ᠎ᠠ ᠲᠣᠰᠭᠣᠨ ᠢ᠋ ᠬᠠᠮᠤᠷᠴᠤ᠌᠂ ᠨᠡᠢ᠌ᠳᠡ 1032 ᠲᠦᠮᠡᠨ ᠮᠦ᠍ ᠨᠠᠢᠳᠠᠪᠤᠷᠢᠵᠢᠭᠤᠯᠪᠠ᠃

ᠡᠨᠡ ᠬᠦ᠌ ᠮᠡᠷᠭᠡᠵᠢᠯ ᠤ᠋ᠨ ᠱᠢᠰᠲ᠋ᠧᠮ ᠤ᠋ᠨ ᠳᠡᠮᠵᠢᠯᠭᠡ ᠪᠡᠷ ᠬᠡᠳᠦᠨ ᠵᠢᠯ ᠤ᠋ᠨ ᠲᠤᠷᠰᠢ ᠲᠦᠩᠯᠢᠶᠣᠤ ᠬᠤᠲᠠ ᠶ᠋ᠢᠨ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠤᠨᠠᠯᠲᠠ ᠪᠥᠬᠥ᠌ ᠤᠯᠤᠰ᠂ ᠵᠡᠭᠦᠨ ᠬᠣᠢᠲᠤ ᠣᠷᠣᠨ ᠪᠣᠯᠤᠨ ᠥᠪᠡᠷᠲᠡᠭᠡᠨ ᠵᠠᠰᠠᠬᠤ ᠣᠷᠣᠨ ᠤ᠋ 10 ᠵᠦᠶ᠋ᠯ ᠤ᠋ᠨ ᠲᠡᠮᠳᠡᠭ᠌ᠯᠡᠯ ᠢ᠋ ᠡᠭᠦᠳᠴᠦ᠍᠂ ᠠᠮᠤ ᠪᠤᠳᠠᠭᠠᠨ ᠤ᠋ ᠤᠨᠠᠯᠲᠠ ᠶ᠋ᠢᠨ ᠨᠡᠮᠡᠭᠳᠡᠯ ᠢ᠋ 21.8 ᠳ᠋ᠦᠩᠱᠢᠭᠤᠷ ᠵᠢᠩ ᠳᠠᠢᠴᠢᠯᠠᠪᠠ᠃

《ᠡᠷᠳᠡᠨᠢ ᠱᠢᠰᠢ ᠵᠢ ᠨᠢᠭ᠍ᠲᠠ ᠳᠠᠷᠢᠬᠤ ᠨᠠᠷᠢᠯᠢᠭ ᠣᠨᠣᠴᠠᠲᠠᠶ ᠲᠣᠬᠢᠷᠠᠭᠤᠯᠤᠨ ᠡᠵᠡᠮᠳᠡᠬᠦ᠌ ᠥᠨᠳᠥᠷ ᠤᠨᠠᠯᠲᠠ ᠶ᠋ᠢᠨ ᠮᠡᠷᠭᠡᠵᠢᠯ ᠤ᠋ᠨ ᠱᠢᠰᠲ᠋ᠧᠮ᠎ᠨᠢ ᠣᠯᠠᠨ ᠵᠦᠶ᠋ᠯ ᠤ᠋ᠨ ᠬᠦᠷᠦᠰᠦ ᠱᠢᠷᠣᠶ ᠶ᠋ᠢᠨ ᠲᠥᠷᠥᠯ ᠬᠡᠯᠪᠡᠷᠢ᠂ ᠣᠯᠠᠨ ᠵᠦᠶ᠋ᠯ ᠤ᠋ᠨ ᠲᠠᠷᠢᠮᠠᠯ ᠳ᠋ᠦ ᠲᠤᠬᠢᠷᠠᠮᠵᠢᠲᠠᠢ᠂ ᠲᠠᠷᠠᠭᠠᠴᠢ ᠪᠡᠷ ᠪᠢᠳᠡ ᠱᠢᠷ᠎ᠠ ᠪᠤᠷᠴᠠᠭ᠂ ᠤᠰᠤᠨ ᠲᠤᠲᠤᠷᠭ᠎ᠠ᠂ ᠪᠣᠭᠣᠳᠠᠶ ᠵᠡᠷᠭᠡ ᠲᠠᠷᠢᠮᠠᠯ ᠳ᠋ᠦ ᠥᠷᠭᠡᠨ ᠶ᠋ᠢᠡᠷ ᠬᠡᠷᠡᠭ᠌ᠯᠡᠵᠦ᠍᠂ ᠪᠥᠬᠥ᠌ ᠣᠷᠣᠨ ᠪᠦᠰᠡ᠎ᠳᠦ ᠪᠦᠷᠬᠦᠬᠦ᠌ ᠵᠢ ᠠᠬᠢᠭᠤᠯᠤᠨ᠎ᠠ 》 ᠭᠡᠵᠦ᠍ ᠲᠦᠩᠯᠢᠶᠣᠤ ᠬᠣᠲᠠ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠬᠥᠭ᠌ᠵᠢᠬᠦᠯᠤᠯᠳᠠ ᠶ᠋ᠢᠨ ᠲᠥᠪ ᠤ᠋ᠨ ᠡᠷᠬᠢᠯᠡᠭ᠌ᠴᠢ ᠮᠠ ᠵᠢᠶᠦ᠋ᠨ ᠯᠢᠩ ᠶᠠᠷᠢᠵᠤ ᠪᠠᠢᠯ᠎ᠠ᠃

ᠵᠠᠭ᠍ᠪᠤᠷ ᠤ᠋ᠨ ᠱᠢᠨ᠎ᠡ ᠡᠭᠦᠳᠦᠯᠲᠡ —

ᠲᠠᠷᠢᠶᠠᠯᠠᠩ ᠤ᠋ᠨ ᠦᠢᠯᠡᠳᠪᠦᠷᠢᠯᠡᠯ ᠤ᠋ᠨ ᠠᠷᠭ᠎ᠠ ᠬᠡᠯᠪᠡᠷᠢ ᠶ᠋ᠢᠨ ᠬᠤᠪᠢᠰᠤᠯᠲᠠ ᠨᠢ ᠬᠡᠪᠴᠢᠶᠡᠵᠢᠭ᠌ᠰᠡᠨ ᠲᠠᠷᠢᠮᠠᠯ ᠤ᠋ᠨ ᠪᠣᠭᠣᠮᠢ ᠵᠢ ᠱᠢᠪᠲᠤᠯᠪᠠ

ᠤᠯᠤᠰ ᠤ᠋ᠨ ᠴᠢᠬᠤᠯᠠ ᠲᠠᠸᠠᠷ ᠤ᠋ᠨ ᠠᠮᠤ ᠶ᠋ᠢᠨ ᠰᠠᠭᠤᠷᠢᠨ ᠪᠣᠯᠤᠭ᠍ᠰᠠᠨ ᠤ᠋ ᠬᠤᠪᠢ ᠳ᠋ᠦ ᠤᠯᠠᠮᠵᠢᠯᠠᠯᠲᠤ ᠵᠢᠵᠢᠭ ᠲᠠᠷᠢᠶᠠᠯᠠᠬᠤ ᠡᠷᠦᠬᠡ ᠭᠠᠵᠠᠷ ᠱᠢᠷᠣᠶ ᠵᠢ ᠲᠠᠷᠠᠬᠠᠢ ᠪᠤᠲᠠᠷᠬᠠᠢ ᠡᠵᠡᠩᠨᠡᠵᠦ᠍᠂ ᠦᠷ᠎ᠡ ᠠᠱᠢᠭ ᠳᠤᠤᠷ᠎ᠠ᠂ ᠮᠡᠷᠭᠡᠵᠢᠯ ᠬᠣᠴᠣᠷᠤᠩᠭᠤᠶ ᠵᠠᠷᠭᠡ ᠠᠰᠠᠭᠤᠳᠠᠯ ᠨᠢ ᠨᠢᠭᠡᠨ ᠦᠶ᠎ᠡ ᠲᠦᠩᠯᠢᠶᠣᠤ ᠬᠤᠲᠠ ᠶ᠋ᠢᠨ ᠠᠮᠤ ᠪᠤᠳᠠᠭᠠᠨ ᠤ᠋ ᠦᠶ᠋ᠯᠡᠳᠪᠦᠷᠢᠯᠡᠯ ᠤ᠋ᠨ ᠳᠠᠯᠳᠠ ᠬᠦᠴᠦᠨ ᠢ᠋ ᠪᠠᠳᠠᠷᠠᠭᠤᠯᠬᠤ ᠪᠣᠭᠣᠮᠢ ᠶ᠋ᠢᠨ ᠠᠰᠠᠭᠤᠳᠠᠯ ᠪᠤᠯᠵᠤ ᠪᠠᠢᠵᠠᠢ᠃ ᠭᠠᠭ᠍ᠴᠠ ᠡᠷᠦᠬᠡ ᠶ᠋ᠢᠨ《 ᠵᠢᠵᠢᠭ ᠦᠶ᠋ᠯᠡᠳᠪᠦᠷᠢᠯᠡᠯ 》 ᠪᠣᠯᠤᠨ ᠣᠲᠣ ᠦᠶ᠎ᠡ ᠶ᠋ᠢᠨ ᠲᠠᠷᠢᠶᠠᠯᠠᠩ ᠤ᠋ᠨ《ᠲᠣᠮᠣ ᠵᠠᠬ᠎ᠠ ᠳᠡᠯᠭᠡᠭᠦᠷ》 ᠤ᠋ᠨ ᠵᠠᠪᠰᠠᠷᠳᠠᠯ ᠤ᠋ᠨ ᠡᠮᠦᠨ᠎ᠡ ᠲᠦᠩᠯᠢᠶᠣᠤ ᠬᠣᠲᠠ ᠲᠠᠷᠢᠶᠠᠯᠠᠩ ᠤ᠋ᠨ ᠨᠡᠢᠭᠡᠮᠴᠢᠯᠡᠭ᠌ᠰᠡᠨ ᠦᠶ᠋ᠯᠡᠴᠢᠯᠡᠭᠡ ᠵᠢ ᠬᠠᠢᠨ ᠰᠦᠪᠡᠭ᠌ᠴᠢᠯᠡᠵᠦ᠍᠂ ᠦᠶ᠋ᠯᠡᠴᠢᠯᠡᠭᠡᠨ᠎ᠦ ᠵᠠᠭ᠍ᠪᠤᠷ ᠤ᠋ᠨ ᠱᠢᠨ᠎ᠡ ᠵᠢ ᠡᠭᠦᠳᠬᠦ᠌᠂ ᠣᠯᠠᠨ ᠡᠱᠢᠲᠦ ᠦᠶ᠋ᠯᠡᠴᠢᠯᠡᠭᠡᠨ᠎ᠦ ᠭᠤᠤᠯ ᠴᠣᠭ᠍ᠴᠠ ᠵᠢ ᠪᠣᠢᠵᠢᠭᠤᠯᠬᠤ᠂ ᠠᠱᠢᠭ ᠲᠤᠰᠠ ᠶ᠋ᠢᠨ ᠬᠤᠯᠪᠤᠭ᠎ᠠ ᠶ᠋ᠢᠨ ᠲᠣᠭ᠍ᠲᠠᠴᠠ ᠵᠢ ᠲᠡᠭᠦᠯᠳᠡᠷᠵᠢᠭᠦᠯᠬᠦ᠌ ᠵᠡᠷᠭᠡ ᠠᠷᠭ᠎ᠠ ᠬᠡᠮᠵᠢᠶ᠎ᠡ ᠪᠡᠷ ᠳᠠᠮᠵᠢᠭᠤᠯᠤᠨ ᠠᠰᠠᠭᠤᠳᠠᠯ ᠢ᠋ ᠱᠢᠶ᠋ᠳᠪᠦᠷᠢᠯᠡᠪᠡ᠃

ᠲᠣᠰᠭᠣᠨ ᠤ᠋ ᠬᠠᠮᠲᠤ ᠶ᠋ᠢᠨ ᠴᠤᠭᠴᠠ ᠡᠴᠡ ᠭᠠᠵᠠᠷ ᠰᠢᠷᠤᠢ ᠵᠢ ᠨᠡᠢᠳᠭᠡᠵᠦ᠂ ᠲᠤᠰᠭᠠᠢ ᠬᠤᠷᠱᠢᠶ᠎ᠠ᠎ᠡᠴᠡ ᠬᠡᠪᠴᠢᠶᠡᠵᠢᠭᠦᠯᠦᠨ ᠡᠵᠡᠡᠭᠨᠡᠭᠰᠡᠨ᠂ ᠲᠠᠷᠢᠶᠠᠯᠠᠩ ᠤ᠋ᠨ ᠠᠵᠤ ᠠᠬᠤᠢᠯᠠᠯ ᠨᠢᠭ᠍ᠲᠠ ᠬᠤᠯᠪᠤᠭᠠᠯᠠᠵᠤ᠂ ᠦᠢᠯᠡᠴᠢᠯᠡᠭᠡᠨ ᠎ᠦ ᠵᠣᠬᠢᠶᠠᠨ ᠪᠠᠢᠭᠤᠯᠤᠯᠲᠠ ᠪᠦᠬᠦ᠌ ᠶᠠᠪᠤᠴᠠ ᠪᠡᠷ ᠦᠢᠯᠡᠴᠢᠯᠡᠭᠰᠡᠨ ᠲᠠᠷᠢᠶᠠᠯᠠᠩ  ᠤ᠋ᠨ ᠦᠢᠯᠡᠳᠪᠦᠷᠢᠯᠡᠯ ᠤ᠋ᠨ ᠠᠷᠭ᠎ᠠ ᠬᠡᠯᠪᠡᠷᠢ ᠶ᠋ᠢᠨ ᠬᠤᠪᠢᠰᠤᠯᠲᠠ ᠪᠦᠬᠦ᠌ ᠲᠠᠯ᠎ᠠ ᠪᠡᠷ ᠡᠬᠢᠯᠡᠵᠡᠢ —

112 ᠰᠤᠮᠤ ᠪᠠᠯᠭᠠᠰᠤ ᠲᠠᠯᠠᠪᠠᠢ ᠶ᠋ᠢᠨ 1908 ᠭᠠᠴᠠᠭ᠎ᠠ ᠲᠣᠰᠭᠣᠨ ᠤ᠋ ᠬᠠᠮᠲᠤ ᠶ᠋ᠢᠨ ᠴᠤᠭᠴᠠ ᠰᠠᠨᠠᠭᠠᠴᠢᠯᠠᠭ᠎ᠠ ᠡᠴᠡ᠎ᠪᠠᠨ ᠭᠠᠵᠠᠷ ᠱᠢᠷᠣᠶ ᠪᠠᠨ ᠨᠡᠢᠯᠡᠭᠦᠯᠵᠦ᠍ 《ᠭᠠᠵᠠᠷ ᠰᠢᠷᠤᠢ ᠲᠠᠷᠠᠬᠠᠶ ᠪᠤᠲᠠᠷᠬᠠᠶ 》 ᠪᠠᠢᠬᠤ ᠬᠦᠴᠢᠷ ᠠᠰᠠᠭᠤᠳᠠᠯ ᠢ᠋ ᠱᠢᠶ᠋ᠳᠪᠦᠷᠢᠯᠡᠪᠡ ; 《ᠠᠵᠤ ᠠᠬᠤᠢᠯᠠᠯ + ᠲᠣᠰᠭᠣᠨ ᠤ᠋ ᠬᠠᠮᠲᠤ ᠶ᠋ᠢᠨ ᠴᠤᠭᠴᠠ + ᠲᠠᠷᠢᠶᠠᠯᠠᠬᠤ ᠡᠷᠦᠬᠡ 》᠂ 《 ᠲᠣᠰᠭᠣᠨ ᠤ᠋ ᠬᠠᠮᠲᠤ ᠶ᠋ᠢᠨ ᠴᠤᠭᠴᠠ + ᠬᠤᠷᠱᠢᠶ᠎ᠠ + ᠲᠠᠷᠢᠶᠠᠯᠠᠬᠤ ᠡᠷᠦᠬᠡ 》 ᠵᠡᠷᠭᠡ ᠤᠯᠠᠨ ᠡᠯᠧᠮᠧᠨ᠋ᠲ ᠬᠤᠯᠪᠤᠭᠠᠯᠠᠨ ᠬᠦᠳᠡᠯᠦᠯᠴᠡᠬᠦ ᠱᠢᠰᠲ᠋ᠧᠮ ᠢ᠋ ᠪᠠᠢᠭᠤᠯᠵᠤ᠂ ᠲᠠᠷᠢᠶᠠᠯᠠᠩ ᠤ᠋ᠨ ᠦᠢᠯᠡᠳᠪᠦᠷᠢᠯᠡᠯ ᠤ᠋ᠨ ᠡᠯ᠎ᠡ ᠭᠣᠭ᠍ᠴᠣᠭ᠎ᠠ ᠶ᠋ᠢᠨ ᠨᠢᠭ᠍ᠲᠠ ᠬᠠᠮᠵᠢᠯᠴᠠᠭ᠎ᠠ ᠵᠢ ᠠᠬᠢᠭᠤᠯᠪᠠ᠃ 416 ᠦᠶ᠋ᠯᠡᠴᠢᠯᠡᠭᠡᠨ᠎ᠦ ᠵᠣᠬᠢᠶᠠᠨ ᠪᠠᠢᠭᠤᠯᠤᠯᠲᠠ 8 ᠲᠠᠷᠢᠶᠠᠯᠠᠩ ᠤ᠋ᠨ ᠶᠠᠪᠤᠳᠠᠯ ᠤ᠋ᠨ ᠦᠶ᠋ᠯᠡᠴᠢᠯᠡᠭᠡᠨ᠎ᠦ ᠲᠥᠪ᠎ᠲᠠᠢ ᠬᠣᠯᠪᠣᠭᠠᠯᠠᠨ ᠬᠥᠳᠡᠯᠦᠯᠴᠡᠵᠦ᠍᠂ ᠲᠠᠷᠢᠶᠠᠯᠠᠩ ᠤ᠋ᠨ ᠦᠶ᠋ᠯᠡᠳᠪᠦᠷᠢᠯᠡᠯ ᠤ᠋ᠨ ᠬᠡᠷᠡᠭ᠌ᠰᠡᠯ ᠬᠤᠳᠠᠯᠳᠤᠨ ᠠᠪᠬᠤ᠂ ᠲᠠᠷᠢᠶ᠎ᠠ ᠲᠠᠷᠢᠬᠤ᠂ ᠤᠰᠤ ᠪᠣᠷᠲᠣᠭᠣᠷ ᠤ᠋ᠨ ᠬᠠᠮᠢᠶᠠᠷᠤᠯᠲᠠ᠂ ᠡᠪᠡᠳᠴᠢᠨ ᠬᠣᠷᠣᠬᠠᠶ ᠶ᠋ᠢᠨ ᠬᠥᠨᠥᠭᠡᠯ ᠢ᠋ ᠰᠡᠷᠭᠡᠢᠯᠡᠨ ᠵᠠᠰᠠᠬᠤ᠂ ᠮᠠᠱᠢᠨ ᠶ᠋ᠢᠡᠷ ᠬᠤᠷᠢᠶᠠᠬᠤ᠂ ᠠᠮᠤ ᠪᠤᠳᠠᠭ᠎ᠠ ᠪᠣᠷᠣᠯᠠᠭᠤᠯᠬᠤ 《ᠵᠢᠷᠭᠤᠭ᠎ᠠ ᠵᠢ ᠨᠢᠭᠡᠳᠭᠡᠬᠦ᠌ 》 ᠦᠶ᠋ᠯᠡᠴᠢᠯᠡᠭᠡ ᠵᠢ ᠨᠢᠭᠡᠳᠦᠯᠲᠡᠶ ᠠᠬᠢᠭᠤᠯᠵᠤ᠂ ᠵᠢᠵᠢᠭ ᠲᠠᠷᠢᠶᠠᠯᠠᠬᠤ ᠡᠷᠦᠬᠡ ᠶ᠋ᠢᠨ 《 ᠭᠠᠭ᠍ᠴᠠᠭᠠᠷ ᠡᠵᠡᠡᠭᠨᠡᠵᠦ ᠭᠠᠭ᠍ᠴᠠᠭᠠᠷ ᠲᠡᠮᠡᠴᠡᠬᠦ᠌ 》 ᠬᠢᠵᠠᠭᠠᠷᠯᠠᠯ ᠢ᠋ ᠲᠤᠢᠯᠪᠤᠷᠢᠲᠠᠶ ᠡᠪᠳᠡᠵᠦ᠍᠂ ᠤᠯᠠᠮᠵᠢᠯᠠᠯᠲᠤ ᠲᠠᠷᠢᠶᠠᠯᠠᠡᠭ ᠤ᠋ᠨ ᠪᠠᠷᠢᠮᠵᠢᠶᠠᠵᠢᠭᠰᠠᠨ᠂ ᠡᠷᠴᠢᠮᠵᠢᠭᠰᠡᠨ᠂ ᠠᠵᠤ ᠦᠢᠯᠡᠰᠵᠢᠭᠰᠡᠨ ᠲᠡᠢᠰᠢ ᠬᠡᠯᠪᠡᠷᠢ᠎ᠪᠡᠨ ᠬᠤᠪᠢᠷᠠᠭᠤᠯᠬᠤ ᠵᠢ ᠠᠬᠢᠭᠤᠯᠪᠠ᠃

2024 ᠣᠨ ᠤ᠋ ᠡᠴᠦᠰ ᠪᠣᠯᠲᠠᠯ᠎ᠠ᠂ ᠲᠦᠩᠯᠢᠶᠣᠤ ᠬᠣᠲᠠ ᠶ᠋ᠢᠨ ᠨᠡᠢᠭᠡᠮᠴᠢᠯᠡᠭ᠌ᠰᠡᠨ ᠦᠶ᠋ᠯᠡᠴᠢᠯᠡᠭᠡᠨ᠎ᠦ ᠲᠠᠯᠠᠪᠠᠶ 858 ᠲᠦᠮᠡᠨ ᠮᠥ᠍᠎ᠳᠦ ᠬᠦᠷᠴᠦ᠍᠂ ᠪᠥᠬᠥ᠌ ᠣᠷᠣᠨ ᠤ᠋ ᠲᠦᠷᠦᠬᠦᠨ᠎ᠳᠤ ᠲᠤᠳᠤᠷᠠᠪᠠ᠃ 2025 ᠣᠨ ᠳ᠋ᠦ ᠨᠡᠢᠭᠡᠮᠴᠢᠯᠡᠭ᠌ᠰᠡᠨ ᠦᠶ᠋ᠯᠡᠴᠢᠯᠡᠭᠡᠨ᠎ᠦ ᠲᠠᠯᠠᠪᠠᠶ 1225.7 ᠲᠦᠮᠡᠨ ᠮᠥ᠍᠎ᠳᠦ ᠬᠦᠷᠴᠦ᠍᠂ 25.9 ᠲᠦᠮᠡᠨ ᠲᠠᠷᠢᠶᠠᠴᠢᠨ ᠡᠷᠦᠬᠡ᠎ᠳᠦ ᠠᠱᠢᠭ ᠬᠦᠷᠲᠡᠭᠡᠪᠡ᠃

《ᠲᠠᠷᠠᠬᠠᠢ ᠪᠤᠲᠠᠷᠬᠠᠢ ᠲᠠᠷᠢᠶᠠᠨ ᠭᠠᠵᠠᠷ 》 ᠡᠴᠡ 《ᠬᠡᠪᠴᠢᠶᠡᠵᠢᠭᠰᠡᠨ ᠰᠠᠢᠨ ᠲᠠᠷᠢᠶ᠎ᠠ》 ᠬᠦᠷᠲᠡᠯ᠎ᠡ᠂ ᠲᠠᠷᠠᠬᠠᠶ ᠪᠤᠲᠠᠷᠬᠠᠶ ᠲᠠᠷᠢᠵᠤ ᠠᠷᠠᠴᠢᠯᠠᠬᠤ 》 ᠡᠴᠡ 《ᠬᠡᠪᠴᠢᠶᠡᠵᠢᠭᠦᠯᠦᠨ ᠶᠠᠰᠤ ᠴᠢᠨᠠᠷ ᠢ᠋ ᠳᠡᠭᠡᠭᠰᠢᠯᠡᠭᠦᠯᠬᠦ 》 ᠬᠦᠷᠲᠡᠯ᠎ᠡ᠂ ᠨᠡᠢᠭᠡᠮᠴᠢᠯᠡᠭ᠌ᠰᠡᠨ ᠦᠶ᠋ᠯᠡᠴᠢᠯᠡᠭᠡ᠎ᠨᠢ ᠲᠠᠷᠢᠶᠠᠯᠠᠩ ᠤ᠋ᠨ ᠦᠶ᠋ᠯᠡᠳᠪᠦᠷᠢᠯᠡᠯ ᠤ᠋ᠨ ᠠᠷᠭ᠎ᠠ ᠬᠡᠯᠪᠡᠷᠢ ᠶ᠋ᠢᠨ ᠬᠤᠪᠢᠰᠤᠯᠲᠠ ᠵᠢ ᠠᠬᠢᠭᠤᠯᠵᠤ᠂ ᠠᠮᠤ ᠪᠤᠳᠠᠭᠠᠨ ᠤ᠋ ᠤᠨᠠᠯᠲᠠ ᠵᠢ ᠲᠣᠭ᠍ᠲᠠᠭᠤᠨ ᠶ᠋ᠢᠡᠷ ᠳᠡᠭᠡᠭ᠌ᠰᠢᠯᠡᠭᠦᠯᠦᠭ᠌ᠰᠡᠨ ᠶ᠋ᠢᠡᠷ ᠪᠠᠷᠠᠬᠤ ᠥᠬᠡᠶ ᠨᠠᠩ ᠴᠤ᠌ ᠲᠠᠷᠢᠶᠠᠯᠠᠬᠤ ᠡᠷᠦᠬᠡ ᠶ᠋ᠢᠨ ᠣᠷᠣᠯᠭ᠎ᠠ ᠵᠢ ᠨᠡᠮᠡᠭ᠌ᠳᠡᠭᠦᠯᠵᠦ᠍᠂ ᠠᠮᠤ ᠪᠤᠳᠠᠭᠠᠨ ᠤ᠋ ᠠᠮᠤᠷ ᠲᠦᠪᠱᠢᠨ ᠪᠠ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠦ ᠪᠠᠲᠤ ᠪᠠᠬᠢ ᠬᠠᠯᠬᠠᠪᠴᠢ ᠬᠠᠩᠭᠠᠪᠠ᠃

ᠲᠦᠷᠦ᠍ ᠶ᠋ᠢᠨ ᠪᠤᠳᠤᠯᠭ᠎ᠠ ᠶ᠋ᠢᠨ ᠰᠠᠭᠤᠷᠢ —

ᠣᠯᠠᠨ ᠲᠠᠯ᠎ᠠ ᠶ᠋ᠢᠨ ᠬᠢᠨ ᠬᠠᠮᠲᠤ ᠪᠡᠷ ᠬᠦᠴᠦᠯᠡᠵᠦ ᠡᠯᠪᠡᠭ ᠪᠠᠶᠠᠯᠢᠭ 《ᠠᠮᠤ ᠶ᠋ᠢᠨ ᠰᠠᠡᠭ》 ᠢ᠋ ᠰᠠᠬᠢᠨ ᠬᠠᠮᠠᠭᠠᠯᠠᠵᠤ ᠪᠤᠢ

ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠬᠠᠮᠲᠤᠷᠠᠯ ᠤ᠋ᠨ ᠬᠦᠴᠦᠨ ᠢ᠋ ᠨᠢᠬᠳᠠᠷᠠᠭᠤᠯᠬᠤ ᠎ᠵᠢᠨ ᠲᠥᠯᠥᠭᠡ ᠲᠦᠩᠯᠢᠶᠣᠤ ᠬᠣᠲᠠ᠎ᠵᠢᠨ ᠬᠢᠨ ᠡᠯ᠎ᠡ ᠵᠦᠢᠯ᠎ᠤᠨ ᠤᠯᠤᠰ ᠤ᠋ᠨ ᠲᠥᠷᠥᠯ ᠵᠦᠶ᠋ᠯ ᠢ᠋ ᠲᠡᠳᠬᠦᠬᠦ᠌ ᠪᠠᠯᠠ ᠮᠥᠩᠭᠥ ᠵᠢ 7.4 ᠳ᠋ᠦᠩᠱᠢᠭᠤᠷ ᠲᠥᠭᠥᠷᠢᠭ ᠨᠡᠢᠳᠭᠡᠵᠤ᠂ ᠬᠡᠪᠴᠢᠶᠡᠵᠢᠭ᠌ᠰᠡᠨ ᠲᠠᠷᠢᠮᠠᠯ ᠤ᠋ᠨ ᠭᠤᠤᠯ ᠴᠣᠭ᠍ᠴᠠ ᠵᠢ ᠳᠠᠢᠴᠢᠯᠠᠨ 14 ᠳ᠋ᠦᠩᠱᠢᠭᠤᠷ ᠲᠥᠭᠥᠷᠢᠭ ᠣᠷᠣᠭᠤᠯᠵᠤ᠂  ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠲᠡᠢᠰᠢ ᠲᠥᠪᠯᠡᠷᠡᠭᠦᠯᠦᠨ ᠬᠡᠯᠪᠡᠢᠯᠭᠡᠵᠦ᠍᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠨᠡᠢᠲᠡ 1470 ᠲᠦᠮᠡᠨ ᠮᠥ᠍ ᠪᠥᠲᠥᠭᠡᠨ ᠪᠠᠢᠭᠤᠯᠵᠤ᠂ ᠮᠢᠡᠭᠭ᠎ᠠ ᠲᠦᠮᠡᠨ ᠮᠥ᠍ ᠶ᠋ᠢᠨ ᠤᠰᠤ ᠠᠷᠪᠢᠯᠠᠬᠤ ᠥᠨᠳᠥᠷ ᠤᠨᠠᠯᠲᠠᠲᠤ ᠥᠨᠳᠥᠷ ᠦᠷ᠎ᠡ ᠠᠰᠢᠭᠲᠦ ᠣᠲᠣ ᠦᠶ᠎ᠡ ᠶ᠋ᠢᠨ ᠲᠠᠷᠢᠶᠠᠯᠠᠩ ᠤ᠋ᠨ ᠵᠢᠱ᠌ᠢᠶ᠎ᠡ ᠦᠵᠡᠭᠦᠯᠬᠦ᠌ ᠣᠷᠣᠨ ᠢ᠋ 1032 ᠲᠦᠮᠡᠨ ᠮᠥ᠍ ᠨᠠᠢᠳᠠᠪᠤᠷᠢᠵᠢᠭᠤᠯᠵᠤ᠂ ᠲᠥᠷᠥᠯ ᠵᠦᠶ᠋ᠯ ᠤ᠋ᠨ ᠣᠷᠣᠨ ᠳ᠋ᠦ ᠴᠥᠮ ᠭᠦᠢᠬᠡᠨ ᠪᠤᠯᠠᠵᠤ ᠲᠤᠰᠤᠯᠭᠠᠨ ᠤᠰᠤᠯᠠᠬᠤ ᠤᠰᠤ ᠪᠣᠷᠲᠣᠭᠣᠷ ᠢ᠋ ᠨᠢᠭᠡ ᠴᠣᠭ᠍ᠴᠠᠵᠢᠭᠤᠯᠤᠭ᠍ᠰᠠᠨ ᠲᠥᠬᠥᠭᠡᠷᠦᠮᠵᠢ ᠵᠢ ᠢᠵᠢ ᠪᠥᠷᠢᠳᠦᠭᠦᠯᠪᠡ᠃

ᠣᠳᠣᠬᠠᠨ ᠳ᠋ᠦ ᠲᠦᠩᠯᠢᠶᠣᠤ ᠬᠣᠲᠠ ᠵᠢᠴᠢ 5 ᠬᠣᠱᠢᠭᠤ ᠱᠢᠶᠠᠨ ᠨᠢᠭᠡᠨᠲᠡ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠲᠠᠷᠢᠮᠠᠯ ᠤ᠋ᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠭᠠᠵᠠᠷ᠎ᠲᠠᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠶ᠋ᠢᠡᠷ ᠬᠤᠲᠠ ᠵᠢ ᠳᠠᠭᠠᠭᠠᠴᠢᠯᠠᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠶ᠋ᠢᠡᠷ ᠱᠢᠶᠠᠨ ᠢ᠋ ᠳᠠᠭᠠᠭᠠᠴᠢᠯᠠᠬᠤ ᠵᠥᠪᠯᠡᠯᠴᠡᠭᠡᠷ ᠲᠣᠭ᠍ᠲᠠᠵᠤ᠂ ᠶᠢᠨ ᠹᠸᠢ ᠬᠤ᠌ ᠠᠺᠠᠳᠧᠮᠢᠴᠢ ᠶ᠋ᠢᠨ ᠪᠦᠯᠬᠦᠮ᠂ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠵᠡᠷᠭᠡ ᠤᠯᠤᠰ ᠤ᠋ᠨ ᠳᠣᠲᠣᠭᠠᠳᠤ ᠶ᠋ᠢᠨ ᠲᠠᠷᠢᠭᠦᠨ ᠤ᠋ ᠮᠡᠷᠭᠡᠵᠢᠯ ᠤ᠋ᠨ ᠪᠦᠯᠬᠦᠮ᠎ᠲᠡᠶ ᠬᠠᠮᠲᠤᠷᠠᠯᠴᠠᠵᠤ᠂ ᠡᠷᠳᠡᠨᠢ ᠱᠢᠰᠢ ᠶ᠋ᠢᠨ ᠥᠨᠳᠥᠷ ᠤᠨᠠᠯᠲᠠ ᠶ᠋ᠢᠨ ᠰᠤᠳᠤᠯᠭᠠᠨ ᠤ᠋ ᠲᠥᠪ ᠢ᠋ ᠪᠠᠢᠭᠤᠯᠵᠤ᠂ ᠰᠤᠳᠤᠯᠤᠨ ᠨᠡᠬᠡᠭᠡᠯᠲᠡ ᠬᠢᠬᠦ᠂ ᠵᠢᠱ᠌ᠢᠶ᠎ᠡ ᠦᠵᠡᠭᠦᠯᠬᠦ᠌᠂ ᠥᠭᠡᠷᠡᠴᠢᠯᠡᠨ ᠰᠠᠢᠵᠢᠷᠠᠭᠤᠯᠬᠤ᠂ ᠦᠷᠭᠡᠳᠭᠡᠨ ᠳᠡᠯᠭᠡᠷᠡᠭᠦᠯᠬᠦ᠌ ᠵᠢ ᠵᠡᠷᠭᠡ ᠪᠡᠷ ᠠᠬᠢᠭᠤᠯᠤᠭᠰᠠᠨ ᠰᠠᠢᠨ ᠰᠠᠢᠬᠠᠨ ᠬᠠᠷᠢᠯᠴᠠᠨ ᠬᠥᠳᠡᠯᠦᠯᠴᠡᠬᠦ᠌ ᠲᠣᠭ᠍ᠲᠠᠴᠠ ᠵᠢ ᠪᠦᠷᠢᠯᠳᠦᠭᠦᠯᠵᠦ᠍᠂ ᠳᠤᠮᠳᠠᠳᠤ ᠤᠯᠤᠰ ᠤ᠋ᠨ ᠡᠷᠳᠡᠨᠢ ᠱᠢᠰᠢ ᠶ᠋ᠢᠨ ᠦᠶ᠋ᠯᠡᠳᠪᠦᠷᠢᠯᠡᠯ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠥᠨᠳᠥᠷᠯᠢᠭ ᠭᠠᠵᠠᠷ ᠢ᠋ ᠬᠦᠴᠤᠯᠠᠨ ᠪᠠᠢᠭᠤᠯᠵᠤ ᠪᠠᠢᠨ᠎ᠠ᠃

ᠮᠡᠷᠭᠡᠵᠢᠯ᠎ᠲᠡᠶ ᠪᠤᠯᠪᠠᠴᠤ ᠮᠡᠷᠭᠡᠵᠢᠯ᠎ᠢ᠋ ᠪᠤᠳᠠᠲᠠᠢ ᠳ᠋ᠦ ᠨᠠᠢᠳᠠᠪᠤᠷᠢᠵᠢᠭᠤᠯᠬᠤ ᠨᠤᠷᠮ᠎ᠠ ᠨᠢ ᠮᠡᠷᠭᠡᠵᠢᠯ ᠤ᠋ᠨ ᠦᠷ᠎ᠡ ᠪᠦᠲᠦᠮᠵᠢ᠎ᠵᠢ ᠰᠢᠭᠤᠳ ᠨᠦᠯᠦᠭᠡᠯᠡᠨ᠎ᠡ᠃ ᠮᠡᠷᠭᠡᠵᠢᠯᠲᠡᠨ ᠢ᠋ ᠱᠢᠶᠠᠨ ᠳ᠋ᠦ ᠪᠠᠭᠤᠯᠭᠠᠬᠤ᠂ ᠮᠡᠷᠭᠡᠵᠢᠯ ᠢ᠋ ᠲᠠᠷᠢᠶᠠᠨ ᠭᠠᠵᠠᠷ ᠲᠦ᠍ ᠬᠦᠷᠭᠡᠬᠦ᠂ ᠦᠶ᠋ᠯᠡᠴᠢᠯᠡᠭᠡ ᠵᠢ ᠡᠷᠦᠬᠡ᠎ᠳᠦ ᠬᠦᠷᠭᠡᠬᠦ᠌ ᠵᠢ ᠦᠨᠡᠨ ᠬᠦ᠌  ᠪᠠᠲᠤᠯᠠᠬᠤ ᠶ᠋ᠢᠨ ᠲᠥᠯᠥᠭᠡ᠂ ᠲᠦᠩᠯᠢᠶᠣᠤ ᠬᠣᠲᠠ ᠎ᠵᠢᠨ ᠬᠢᠨ《 ᠤᠯᠤᠰ ᠤ᠋ᠨ ᠠᠩᠭᠢ + ᠣᠷᠣᠨ ᠨᠤᠲᠤᠭ ᠤ᠋ᠨ ᠠᠩᠭᠢ + ᠠᠷᠠᠳ ᠤ᠋ᠨ ᠠᠩᠭᠢ 》 ᠶ᠋ᠢᠨ ᠮᠡᠷᠭᠡᠵᠢᠯ ᠢ᠋ ᠳᠡᠯᠭᠡᠷᠡᠭᠦᠯᠬᠦ᠌ ᠱᠢᠰᠲ᠋ᠧᠮ ᠢ᠋ ᠪᠠᠢᠭᠤᠯᠪᠠ᠄ ᠲᠤᠰᠭᠠᠶ ᠮᠡᠷᠭᠡᠵᠢᠯᠲᠡᠨ᠎ᠦ ᠪᠦᠯᠬᠦᠮ ᠡᠴᠡ 1300 ᠭᠠᠷᠤᠶ ᠡᠯ᠎ᠡ ᠱᠠᠲᠤᠨ ᠤ᠋ ᠲᠠᠷᠢᠶᠠᠯᠠᠩ ᠤ᠋ᠨ ᠮᠡᠷᠭᠡᠵᠢᠯᠲᠡᠨ ᠳ᠋ᠦ ᠲᠥᠷᠥᠯ ᠬᠤᠪᠢᠶᠠᠨ ᠡᠭᠡᠯᠵᠢᠯᠡᠨ ᠪᠤᠯᠪᠠᠰᠤᠷᠠᠯ ᠬᠦᠷᠲᠡᠭᠡᠵᠦ᠂ ᠲᠠᠷᠢᠶᠠᠯᠠᠩ ᠤ᠋ᠨ ᠮᠡᠷᠭᠡᠵᠢᠯᠲᠡᠨ ᠢ᠋ ᠡᠯ᠎ᠡ ᠬᠣᠱᠢᠭᠤ ᠱᠢᠶᠠᠨ ᠳ᠋ᠦ ᠰᠠᠭᠤᠯᠭᠠᠵᠤ᠂ ᠨᠤᠲᠤᠭ ᠤ᠋ᠨ ᠮᠡᠷᠭᠡᠵᠢᠯᠲᠡᠨ ᠪᠠ ᠲᠠᠷᠢᠮᠠᠯ ᠤ᠋ᠨ ᠴᠢᠳᠠᠪᠤᠷᠢᠲᠠᠨ ᠢ᠋ ᠬᠥᠮᠦᠵᠢᠭᠦᠯᠵᠦ᠍᠂ ᠲᠡᠳᠡ ᠨᠠᠷ ᠡᠴᠡ ᠲᠠᠷᠢᠶᠠᠯᠠᠬᠤ ᠡᠷᠦᠬᠡ᠎ᠳᠦ ᠨᠠᠷᠢᠨ ᠨᠢᠮᠪᠠᠢ ᠵᠢᠭᠠᠨ ᠰᠤᠷᠭᠠᠯᠲᠠ ᠦᠷᠨᠢᠭᠦᠯᠦᠨ᠎ᠠ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠨᠢ ᠥᠨᠳᠥᠷ ᠤᠨᠠᠯᠲᠠ ᠶ᠋ᠢᠨ ᠨᠢᠭᠤᠴᠠ ᠨᠣᠮᠧᠷ ᠢ᠋ ᠵᠠᠳᠠᠯᠵᠤ᠂ ᠦᠶ᠋ᠯᠡᠳᠪᠦᠷᠢᠯᠡᠯ ᠤ᠋ᠨ ᠠᠷᠭ᠎ᠠ ᠬᠡᠯᠪᠡᠷᠢ ᠶ᠋ᠢᠨ ᠬᠤᠪᠢᠰᠤᠯᠲᠠ᠎ᠨᠢ ᠲᠠᠷᠢᠶᠠᠯᠠᠩ ᠤ᠋ᠨ ᠪᠠᠢᠷᠢᠱᠢᠯ ᠢ᠋ ᠳᠠᠬᠢᠨ ᠴᠣᠭ᠍ᠴᠠᠯᠠᠵᠤ᠂ ᠲᠥᠷᠥ ᠶ᠋ᠢᠨ ᠪᠣᠳᠣᠯᠭ᠎ᠠ ᠪᠡᠷ ᠬᠥᠳᠡᠯᠭᠡᠭᠦᠷ ᠪᠣᠯᠭᠠᠨ ᠬᠥᠭ᠌ᠵᠢᠯᠲᠡ ᠶ᠋ᠢᠨ ᠰᠠᠭᠤᠷᠢ ᠵᠢ ᠪᠡᠬᠢᠵᠢᠭᠦᠯᠵᠦ᠍᠂ ᠲᠦᠩᠯᠢᠶᠣᠤ ᠬᠣᠲᠠ ᠤᠮᠠᠷᠠᠲᠤ ᠬᠢᠯᠢ ᠶ᠋ᠢᠨ ᠡᠬᠡ ᠭᠠᠵᠠᠷ  ᠲᠦ᠍ 《 ᠠᠮᠤ ᠪᠤᠳᠠᠭ᠎ᠠ ᠪᠡᠷ ᠳᠡᠯᠡᠬᠡᠶ ᠳ᠋ᠠᠬᠢᠨ ᠢ᠋ ᠠᠮᠤᠷᠵᠢᠭᠤᠯᠬᠤ 》 ᠢᠷᠠᠭᠤ ᠬᠠᠭᠤᠳᠠᠰᠤ ᠵᠢ ᠪᠢᠴᠢᠭ᠌ᠯᠡᠪᠡ᠃

ᠠᠮᠤ ᠪᠤᠳᠠᠭᠠᠨ ᠤ᠋ ᠤᠨᠠᠯᠲᠠ ᠶ᠋ᠢᠨ ᠨᠡᠮᠡᠭ᠌ᠳᠡᠯ ᠤ᠋ᠨ ᠭᠠᠢᠬᠠᠮᠱᠢᠭ ᠪᠣᠯ ᠨᠢᠭᠡᠨ ᠵᠠᠩᠭᠢᠯᠠᠭ᠎ᠠ ᠶ᠋ᠢᠨ ᠴᠡᠭ ᠮᠥᠨ᠂ ᠪᠠᠰᠠ ᠴᠤ᠌ ᠱᠢᠨ᠎ᠡ ᠭᠠᠷᠤᠭ᠎ᠠ ᠮᠥᠨ᠂ 《2025 ᠣᠨ ᠳ᠋ᠦ 200 ᠳ᠋ᠦᠩᠱᠢᠭᠤᠷ ᠵᠢᠩ᠎ᠢ᠋ ᠳᠠᠪᠠᠬᠤ ᠪᠣᠯᠤᠮᠵᠢ᠎ᠲᠠᠶ᠂ ᠳᠠᠬᠢᠨ 5 ᠵᠢᠯ ᠤ᠋ᠨ ᠬᠤᠭᠤᠴᠠᠭ᠎ᠠ ᠬᠡᠷᠡᠭ᠌ᠰᠡᠵᠦ᠍᠂ ᠨᠠᠭᠠᠳᠤ ᠵᠠᠬ᠎ᠠ᠎ᠳᠠᠭᠠᠨ 1000 ᠲᠦᠮᠡᠨ ᠮᠥ᠍ ᠶ᠋ᠢᠨ 〈 ᠳᠤᠨ ᠤ᠋ ᠤᠨᠠᠯᠳᠠ ᠲᠠᠢ ᠲᠠᠷᠢᠶ᠎ᠠ 〉 ᠵᠢ ᠪᠡᠶᠡᠯᠡᠭᠦᠯᠵᠦ᠍᠂ ᠠᠮᠤ ᠪᠤᠳᠠᠭᠠᠨ ᠤ᠋ ᠤᠨᠠᠯᠲᠠ ᠵᠢ 300 ᠳ᠋ᠦᠩᠱᠢᠭᠤᠷ ᠵᠢᠩ᠎ᠳᠦ ᠬᠦᠷᠭᠡᠬᠦ᠌ ᠪᠡᠷ ᠬᠦᠴᠤᠯᠠᠨ᠎ᠠ ᠃》 ᠡᠨᠡ ᠪᠤᠯ ᠲᠦᠩᠯᠢᠶᠣᠤ ᠬᠤᠲᠠ ᠶ᠋ᠢᠨ ᠲᠤᠳᠤᠷᠬᠠᠢ ᠬᠠᠷᠠᠯᠲᠠ ᠪᠤᠯᠬᠤ ᠠᠵᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号