ᠡᠪᠦᠯ ᠤ᠋ᠨ ᠡᠬᠢ ᠪᠡᠷ ᠬᠦᠢᠲᠡᠨ ᠤ᠋ ᠡᠷᠴᠢ ᠴᠢᠡᠭᠭᠠᠷᠠᠬᠰᠠᠨ ᠪᠤᠯᠪᠠᠴᠦ ᠤᠷᠳᠤᠰ ᠤ᠋ᠨ ᠥᠨᠳᠥᠷᠯᠢᠭ ᠲᠦ᠍ ᠲᠦᠷᠦᠯ ᠵᠦᠢᠯ ᠤ᠋ᠨ ᠪᠦᠳᠦᠭᠡᠨ ᠪᠠᠢᠭᠤᠯᠤᠯᠲᠠ ᠮᠦᠨ ᠬᠦ᠌ ᠢᠳᠡ ᠬᠦᠭ ᠲᠠᠢ ᠶᠠᠪᠤᠭᠳᠠᠨ᠎ᠠ᠃ ᠮᠠᠱᠢᠨ ᠬᠦᠷᠴᠢᠭᠢᠨᠡᠭ᠌ᠰᠡᠨ ᠠᠵᠤ ᠦᠢᠯᠡᠰ ᠤ᠋ᠨ ᠬᠦᠷᠢᠶᠡᠯᠡᠩ ᠲᠣᠭᠣᠷᠢᠭ ᠡᠴᠡ ᠠᠪᠤᠭᠠᠳ ᠰᠤᠪᠤᠷᠭᠠᠨ ᠲᠡᠭᠦᠵᠢ ᠰᠡᠬᠦᠢᠨ ᠰᠦᠨᠳᠡᠷᠯᠡᠭ᠌ᠰᠡᠨ ᠰᠠᠭᠤᠷᠢ ᠪᠦᠳᠦᠭᠡᠨ ᠪᠠᠢᠭᠤᠯᠤᠯᠲᠠ ᠵᠢᠨ ᠪᠠᠷᠢᠯᠭ᠎ᠠ ᠵᠢᠨ ᠭᠠᠵᠠᠷ ᠬᠦᠷᠲᠡᠯ᠎ᠡ᠂ ᠥᠨᠳᠥᠷ ᠪᠦᠳᠤᠮᠵᠢᠳᠠᠢ ᠠᠵᠢᠯᠯᠠᠬᠤ ᠣᠳᠣᠬᠢᠴᠢᠯᠠᠭ᠍ᠰᠠᠨ ᠦᠢᠯᠡᠳᠪᠦᠷᠢ ᠵᠢᠨ ᠲᠠᠰᠤᠭ ᠡᠴᠡ ᠠᠪᠤᠭᠠᠳ ᠤᠷᠢᠳᠠᠴᠢ ᠴᠢᠨᠠᠷᠲᠠᠢ ᠪᠠᠢᠷᠢᠱᠢᠭᠤᠯᠤᠭᠰᠠᠨ ᠱᠢᠨ᠎ᠡ ᠡᠨᠧᠷᠭᠢ ᠵᠢᠨ ᠰᠠᠭᠤᠷᠢᠨ ᠬᠦᠷᠲᠡᠯ᠎ᠡ᠂ ᠢᠷᠡᠭᠡᠳᠦᠢ ᠵᠢᠨ ᠬᠦᠭᠵᠢᠯᠳᠡ ᠳ᠋ᠤ ᠬᠣᠯᠪᠣᠭ᠍ᠳᠠᠭᠰᠠᠨ᠂ ᠴᠢᠨᠠᠷ ᠰᠠᠢᠲᠠᠢ ᠬᠥᠭ᠌ᠵᠢᠯᠲᠡ ᠵᠢ ᠲᠤᠯᠭᠠᠭᠤᠷᠢᠯᠠᠬᠤ ᠴᠢᠬᠤᠯᠠ ᠶᠡᠬᠡ ᠲᠦᠷᠦᠯ ᠵᠦᠢᠯ ᠤ᠋ᠨ ᠪᠦᠳᠦᠬᠡᠨ ᠪᠠᠢᠭᠤᠯᠤᠯᠳᠠ ᠪᠦᠬᠦ᠌ ᠬᠤᠷᠳᠤᠴᠠ ᠪᠠᠷ ᠠᠬᠢᠵᠤ ᠪᠠᠢᠨ᠎ᠠ᠃
11 ᠰᠠᠷ᠎ᠠ ᠵᠢᠨ 10 ᠤ᠋ ᠡᠳᠦᠷ᠂ ᠦᠦᠱᠢᠨ ᠬᠣᠱᠢᠭᠤᠨ ᠤ᠋ ᠰᠤᠪᠤᠷᠭ᠎ᠠ ᠠᠵᠤ ᠠᠬᠤᠶ ᠵᠢᠨ ᠨᠡᠭᠡᠭᠡᠯᠲᠡ ᠵᠢᠨ ᠲᠣᠭᠣᠷᠢᠭ ᠲᠦ᠍ ᠪᠠᠢᠷᠢᠯᠠᠭ᠎ᠠ ᠱᠠᠩᠬᠠᠶ ᠵᠢᠨ ᠴᠢᠯᠠᠭᠤᠨ ᠲᠣᠰᠣ ᠬᠢᠮᠢ ᠵᠢᠨ ᠠᠵᠤ ᠦᠶ᠋ᠯᠡᠳᠪᠦᠷᠢ ᠵᠢᠨ ᠵᠢᠯ ᠳ᠋ᠤ 3 ᠲᠦᠮᠡᠨ ᠲᠣᠨ ᠨᠡᠭᠦᠷᠡᠰᠦᠲᠥ᠋ᠷᠥᠭ᠌ᠴᠢᠳᠤ ᠱᠢᠷᠬᠡᠭᠯᠢᠭ ᠦᠶ᠋ᠯᠡᠳᠪᠦᠷᠢᠯᠡᠬᠦ᠌ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠶᠠᠭᠠᠷᠠᠯᠲᠠᠶ ᠶᠠᠪᠤᠭ᠍ᠳᠠᠨᠠ᠃ ᠲᠤᠰ ᠲᠥᠷᠥᠯ ᠵᠦᠢᠯ ᠤ᠋ᠨ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 22 ᠳ᠋ᠦᠩᠱᠢᠭᠤᠷ ᠲᠥᠭᠥᠷᠢᠭ ᠪᠠᠢᠵᠤ᠂ ᠠᠱᠢᠭ᠍ᠯᠠᠯᠲᠠ ᠳ᠋ᠤ ᠣᠷᠣᠭ᠍ᠰᠠᠨ ᠤ᠋ ᠳᠠᠷᠠᠭ᠎ᠠ ᠰᠠᠯᠬᠢᠨ ᠬᠦᠴᠦᠨ ᠤ᠋ ᠴᠠᠬᠢᠯᠭᠠᠨ᠂ ᠨᠦᠭᠡᠴᠡ ᠡᠨᠧᠷᠭᠢ᠂ ᠦᠢᠷ᠎ᠠ ᠤᠬᠳᠠᠷᠭᠤᠢ ᠵᠢᠨ ᠠᠵᠤ ᠦᠢᠯᠡᠰ ᠵᠡᠷᠭᠡ ᠬᠦᠷᠢᠶᠡᠨ ᠳ᠋ᠤ ᠪᠦᠳᠦᠭᠦᠨ ᠱᠢᠷᠬᠡᠭ᠌ᠲᠦ ᠨᠡᠭᠦᠷᠡᠰᠦᠲᠥ᠋ᠷᠥᠭ᠌ᠴᠢᠳᠤ ᠱᠢᠷᠬᠡᠭᠯᠢᠭ ᠮᠠᠲᠧᠷᠢᠶᠠᠯ ᠢ᠋ ᠬᠠᠩᠭᠠᠵᠤ᠂ ᠮᠠᠨ ᠤ᠋ ᠤᠯᠤᠰ ᠤ᠋ᠨ ᠪᠠᠷᠠᠭᠤᠨ ᠬᠣᠢᠲᠤ ᠣᠷᠣᠨ ᠤ᠋ ᠥᠨᠳᠥᠷ ᠴᠢᠳᠠᠪᠬᠢᠲᠤ ᠨᠡᠭᠦᠷᠡᠰᠦᠲᠥ᠋ᠷᠥᠭ᠌ᠴᠢᠳᠤ ᠱᠢᠷᠬᠡᠭᠯᠢᠭ ᠤ᠋ᠨ ᠠᠵᠤ ᠦᠢᠯᠡᠰ ᠤ᠋ᠨ ᠬᠣᠭᠣᠰᠣᠨ ᠢ᠋ ᠨᠥᠬᠥᠪᠥᠷᠢᠯᠡᠬᠦ᠌ ᠪᠣᠯᠤᠨ᠎ᠠ᠃
ᠳᠠᠯᠠᠳ ᠬᠣᠱᠢᠭᠤᠨ ᠤ᠋ ᠬᠢᠯᠢ ᠳᠣᠲᠣᠷᠠᠬᠢ ᠬᠥᠪᠴᠢ ᠵᠢᠨ ᠡᠯᠡᠰᠦᠨ ᠳ᠋ᠤ ᠨᠡᠢᠲᠡ 112 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠤᠯᠳᠠ ᠲᠠᠢ ᠬᠥ᠋ ᠱᠠᠨ ᠯᠢᠶᠠᠩ ᠤ᠋ᠨ 3GW/12.8GWh ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡᠨ ᠤ᠋ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠬᠥᠭ᠌ᠵᠢᠶᠡᠨ ᠲᠡᠶ ᠶᠠᠪᠤᠭ᠍ᠳᠠᠵᠤ ᠪᠣᠶ᠃ ᠲᠣᠰ ᠲᠥᠷᠥᠯ ᠵᠦᠶ᠋ᠯ ᠢ᠋ ᠡᠨᠡ ᠵᠢᠯ ᠤ᠋ᠨ ᠡᠴᠦᠰ ᠲᠦ᠍ ᠪᠠᠢᠭᠤᠯᠵᠤ ᠳᠠᠭᠤᠰᠭᠠᠨ ᠠᠱᠢᠭ᠍ᠯᠠᠯᠲᠠ ᠳ᠋ᠤ ᠤᠷᠤᠭᠤᠯᠵᠤ᠂ ᠵᠢᠯ ᠪᠦᠷᠢ ᠴᠠᠬᠢᠯᠭᠠᠨ ᠲᠤᠤᠷ ᠲᠦ᠍ 36 ᠳ᠋ᠦᠩᠱᠢᠭᠤᠷ ᠺᠢᠯᠦᠸᠠᠲ ᠴᠠᠭ ᠤ᠋ᠨ ᠴᠡᠪᠡᠷ ᠡᠨᠧᠷᠭᠢ ᠵᠢᠨ ᠴᠠᠬᠢᠯᠭᠠᠨ ᠬᠦᠷᠭᠡᠨ᠂ ᠲᠤᠬᠠᠶ ᠵᠢᠨ ᠭᠠᠵᠠᠷ ᠤ᠋ᠨ ᠱᠢᠨ᠎ᠡ ᠡᠨᠧᠷᠭᠢ ᠪᠡᠷ ᠭᠤᠤᠯ ᠴᠣᠭ᠍ᠴᠠ ᠪᠣᠯᠭᠠᠭ᠍ᠰᠠᠨ ᠱᠢᠨ᠎ᠡ ᠬᠡᠯᠪᠡᠷᠢ ᠵᠢᠨ ᠴᠠᠬᠢᠯᠭᠠᠨ ᠬᠦᠴᠦᠨ ᠤ᠋ ᠱᠢᠰᠲ᠋ᠧᠮ ᠢ᠋ ᠪᠠᠢᠭᠤᠯᠬᠤ ᠳ᠋ᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠬᠦ᠌ ᠪᠣᠯᠤᠨ᠎ᠠ᠃
ᠲᠥᠷᠥᠯ ᠵᠦᠶ᠋ᠯ ᠢ᠋ ᠤᠷᠤᠭ᠍ᠰᠢᠲᠠᠶ ᠠᠬᠢᠭᠤᠯᠵᠤ ᠴᠢᠳᠠᠬᠤ ᠡᠰᠡᠬᠦ᠌᠂ ᠠᠵᠤ ᠠᠬᠤᠢᠯᠠᠯ ᠢ᠋ ᠰᠠᠨᠠᠭ᠎ᠠ ᠠᠮᠤᠷ ᠬᠥᠭ᠌ᠵᠢᠭᠦᠯᠵᠦ᠍ ᠴᠢᠳᠠᠬᠤ ᠡᠰᠡᠬᠦ ᠵᠢᠨ ᠵᠠᠡᠭᠭᠢᠯᠠᠭᠠ ᠨᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠳ᠋ᠤ ᠪᠤᠢ᠃ ᠣᠷᠳᠣᠰ ᠬᠣᠲᠠ ᠤᠷᠢᠳ ᠬᠣᠵᠢᠳ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ 1.0 ᠠ᠋ᠴᠠ 6.0 ᠬᠡᠪᠯᠡᠯ ᠤ᠋ᠨ ᠥᠭᠡᠷᠡᠴᠢᠯᠡᠯᠲᠡ ᠵᠢᠨ ᠲᠥᠰᠦᠯ ᠢ᠋ ᠨᠡᠢᠲᠡᠯᠡᠨ ᠬᠡᠷᠡᠭᠵᠢᠬᠦᠯᠵᠤ᠂ 1200 ᠭᠠᠷᠤᠶ ᠵᠦᠶ᠋ᠯ ᠤ᠋ᠨ ᠠᠷᠭ᠎ᠠ ᠬᠡᠮᠵᠢᠶ᠎ᠡ ᠵᠢ ᠨᠠᠢᠳᠠᠪᠤᠷᠢᠵᠢᠭᠤᠯᠤᠨ᠂ ᠠᠵᠤ ᠠᠬᠤᠢᠯᠠᠯ ᠡᠷᠭᠢᠯᠡᠬᠦ᠌᠂ ᠲᠥᠷᠥᠯ ᠵᠦᠶ᠋ᠯ ᠢ᠋ ᠬᠢᠨᠠᠨ ᠵᠥᠪᠱᠢᠶᠡᠷᠡᠬᠦ᠌ ᠵᠡᠷᠭᠡ ᠪᠥᠬᠥ᠌ ᠬᠡᠯᠬᠢᠶ᠎ᠡ ᠵᠢᠨ ᠦᠶ᠋ᠯᠡᠴᠢᠯᠡᠭᠡ ᠵᠢ ᠬᠠᠮᠤᠷᠴᠤ᠌᠂ ᠡᠯ᠎ᠡ ᠲᠥᠷᠥᠯ ᠤ᠋ᠨ ᠡᠵᠡᠩᠨᠡᠯᠲᠡ ᠵᠢᠨ ᠭᠤᠤᠯ ᠴᠣᠭ᠍ᠴᠠ ᠵᠢᠨ ᠣᠷᠳᠣᠰ ᠲᠦ᠍ ᠰᠠᠨᠠᠭ᠎ᠠ ᠠᠮᠤᠷ ᠪᠠᠯᠠ ᠣᠷᠣᠭᠤᠯᠤᠨ᠂ ᠰᠠᠨᠠᠭ᠎ᠠ ᠠᠮᠤᠷ ᠦᠶ᠋ᠯᠡᠰ ᠪᠤᠰᠬᠠᠵᠤ᠂ ᠤᠷᠤᠭ᠍ᠰᠢᠲᠠᠶ ᠬᠥᠭ᠌ᠵᠢᠭᠦᠯᠬᠦ᠌ ᠵᠢ ᠪᠠᠳᠤᠯᠠᠪᠠ᠃
ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠥᠷᠨᠢᠯᠲᠡ ᠳᠤᠮᠳᠠ ᠣᠷᠳᠣᠰ ᠬᠣᠲᠠ ᠯᠠᠪᠳᠠᠭᠤᠨ ᠪᠠᠲᠤᠲᠠᠶ ᠠᠯᠬᠤᠮ ᠢ᠋ ᠠᠯᠬᠤᠵᠤ᠂ ᠬᠢᠨᠠᠨ ᠵᠦᠪᠰᠢᠶᠡᠷᠡᠬᠦ ᠠᠵᠢᠯ ᠤ᠋ᠨ ᠰᠢᠨ᠎ᠠ ᠵᠢ ᠡᠬᠦᠳᠤᠨ᠂ ᠪᠥᠲᠥᠭᠡᠨ ᠪᠠᠢᠭᠤᠯᠤᠯᠲᠠ ᠵᠢᠨ ᠲᠥᠷᠥᠯ ᠵᠦᠶ᠋ᠯ ᠤ᠋ᠨ ᠪᠠᠷᠢᠯᠭ᠎ᠠ ᠡᠬᠢᠯᠡᠭᠦᠯᠬᠦ᠌ ᠵᠢ ᠨᠢᠭᠡ ᠯᠡ ᠤᠳᠠᠭ᠎ᠠ ᠳ᠋ᠤ ᠬᠢᠨᠠᠨ ᠵᠥᠪᠱᠢᠶᠡᠷᠡᠵᠤ᠂ 《ᠣᠯᠠᠨ ᠦᠨᠡᠮᠯᠡᠯ ᠢ᠋ ᠵᠡᠷᠭᠡ ᠪᠡᠷ ᠤᠯᠭᠤᠬᠤ》 ᠲᠦᠷᠭᠡᠨ ᠬᠢᠨᠠᠨ ᠵᠥᠪᠱᠢᠶᠡᠷᠡᠬᠦ᠌ ᠱᠢᠨ᠎ᠡ ᠵᠠᠭ᠍ᠪᠤᠷ ᠢ᠋ ᠬᠡᠷᠡᠭ᠌ᠵᠢᠭᠦᠯᠤᠨ᠂ ᠤᠯᠠᠮᠵᠢᠯᠠᠯᠲᠤ ᠬᠢᠨᠠᠨ ᠵᠥᠪᠱᠢᠶᠡᠷᠡᠬᠦ᠌ ᠶᠠᠪᠤᠴᠠ ᠳ᠋ᠡᠬᠢ ᠠᠵᠢᠯ ᠤ᠋ᠨ ᠭᠤᠭᠴᠤᠭ᠎ᠠ ᠶᠠᠷᠱᠢᠭ ᠲᠦᠪᠡᠭ ᠲᠠᠢ᠂ ᠦᠶᠡᠯᠡᠯ ᠤ᠋ᠨ ᠬᠤᠭᠤᠴᠠᠭ᠎ᠠ ᠣᠷᠳᠣ᠂ ᠥᠪᠡᠷ ᠤ᠋ᠨ ᠥᠷᠲᠡᠭ ᠥᠨᠳᠥᠷ ᠵᠡᠷᠭᠡ ᠠᠰᠠᠭᠤᠳᠠᠯ ᠢ᠋ ᠪᠦᠲᠦᠮᠵᠢᠲᠡᠶ ᠱᠢᠶ᠋ᠳᠪᠦᠷᠢᠯᠡᠵᠦ᠍᠂ 《ᠭᠠᠵᠠᠷ ᠱᠢᠷᠣᠶ ᠠᠪᠤᠮᠠᠭ᠍ᠴᠠ ᠪᠠᠷᠢᠯᠭ᠎ᠠ ᠡᠬᠢᠯᠡᠭᠦᠯᠬᠦ᠌》 ᠵᠢ ᠪᠡᠶᠡᠯᠡᠭᠦᠯᠵᠦ᠍᠂ ᠠᠵᠤ ᠠᠬᠤᠢᠯᠠᠯ ᠳ᠋ᠤ《ᠣᠷᠳᠣᠰ ᠤ᠋ᠨ ᠬᠤᠷᠳᠤᠴᠠ》 ᠵᠢ ᠭᠦᠨᠵᠡᠭᠡᠶ ᠮᠡᠳᠡᠷᠡᠭᠦᠯᠪᠡ᠃ ᠡᠬᠦᠨ ᠤ᠋ ᠬᠠᠮᠳᠤ ᠪᠠᠰᠠ《ᠲᠦᠷᠦᠭᠦᠯᠡᠨ ᠬᠢᠬᠦ᠌ ᠰᠠᠯᠠᠭ᠎ᠠ ᠮᠥᠴᠢᠷ ᠨᠢᠭᠡᠳᠦᠯᠲᠡᠶ ᠲᠥᠯᠥᠪᠯᠡᠬᠦ᠌᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠬᠠᠮᠵᠢᠯᠴᠠᠬᠤ》ᠠᠵᠢᠯᠯᠠᠭᠠᠨ ᠤ᠋ ᠲᠣᠭ᠍ᠲᠠᠴᠠ ᠵᠢ ᠪᠠᠢᠭᠤᠯᠵᠤ᠂ ᠠᠵᠤ ᠠᠬᠤᠢᠯᠠᠯ ᠨᠢᠭᠡ ᠯᠡ ᠴᠣᠩᠬᠣᠪᠴᠢᠨ ᠳ᠋ᠤ ᠱᠠᠭᠠᠷᠳᠠᠯᠭ᠎ᠠ ᠳ᠋ᠤ ᠨᠡᠢᠴᠡᠭ᠌ᠰᠡᠨ ᠨᠢᠭᠡ ᠢᠵᠢ ᠮᠠᠲ᠋ᠧᠷᠢᠶᠠᠯ ᠲᠤᠱᠢᠶᠠᠭᠰᠠᠭᠠᠷ ᠲᠠᠷᠠᠭᠠᠴᠢ ᠵᠢᠨ ᠠᠵᠢᠯ ᠢ᠋ ᠴᠥᠮ ᠡᠯ᠎ᠡ ᠰᠠᠯᠠᠭ᠎ᠠ ᠮᠥᠴᠢᠷ ᠤ᠋ᠨ ᠳᠣᠲᠣᠭᠠᠳᠤ ᠵᠢᠨ ᠬᠢᠨ ᠬᠠᠮᠵᠢᠯᠴᠠᠨ ᠪᠡᠶᠡᠯᠡᠭᠦᠯᠵᠦ᠍᠂ 《ᠨᠢᠭᠡ ᠯᠡ ᠤᠳᠠᠭ᠎ᠠ ᠭᠤᠶᠤᠴᠢᠯᠠᠬᠤ᠂ ᠨᠡᠢᠯᠡᠭᠦᠯᠦᠨ ᠬᠢᠨᠠᠨ ᠵᠥᠪᠱᠢᠶᠡᠷᠡᠬᠦ᠌᠂ ᠣᠯᠠᠨ ᠦᠨᠡᠮᠯᠡᠯ ᠢ᠋ ᠵᠡᠷᠭᠡ ᠪᠡᠷ ᠣᠯᠭᠣᠬᠤ》 ᠵᠢ ᠪᠡᠶᠡᠯᠡᠭᠦᠯᠪᠡ᠃
ᠣᠢᠷ᠎ᠠ ᠳ᠋ᠤ ᠨᠡᠢᠲᠡᠯᠡᠭ᠌ᠰᠡᠨ 《ᠳᠤᠮᠳᠠᠳᠤ ᠤᠯᠤᠰ ᠤ᠋ᠨ ᠣᠷᠣᠨ ᠨᠤᠲᠤᠭ ᠤ᠋ᠨ ᠵᠠᠰᠠᠭ ᠤ᠋ᠨ ᠣᠷᠳᠣᠨ ᠤ᠋ ᠵᠠᠰᠠᠭ ᠵᠠᠬᠢᠷᠭᠠᠨ ᠤ᠋ ᠬᠦᠴᠦᠨ ᠴᠢᠳᠠᠪᠤᠷᠢ ᠵᠢᠨ ᠰᠤᠳᠤᠯᠭᠠᠨ ᠤ᠋ ᠮᠡᠳᠡᠭᠦᠯᠦᠯᠲᠡ(2025)》 ᠳ᠋ᠤ ᠣᠷᠳᠣᠰ ᠬᠣᠲᠠ ᠳᠠᠬᠢᠨᠲᠠ ᠵᠠᠰᠠᠭ ᠵᠠᠬᠢᠷᠭᠠᠨ ᠤ᠋ ᠬᠦᠴᠦᠨ ᠴᠢᠳᠠᠪᠤᠷᠢ ᠵᠢᠨ《ᠵᠠᠭᠤᠨ ᠥᠨᠳᠥᠷ ᠬᠣᠲᠠ》 ᠳ᠋ᠤ ᠤᠷᠤᠵᠤ᠂ ᠤᠮᠠᠷᠠᠲᠤ ᠣᠷᠣᠨ ᠳ᠋ᠤ ᠨᠢᠭᠡᠳᠦᠭᠡᠷ ᠲᠦ᠍ ᠵᠢᠭ᠍ᠰᠠᠭᠠᠭ᠍ᠳᠠᠨ᠂ ᠪᠥᠬᠥ᠌ ᠤᠯᠤᠰ ᠲᠦ᠍ ᠭᠤᠴᠢᠨ ᠨᠢᠭᠡᠳᠦᠭᠡᠷ ᠲᠦ᠍ ᠵᠢᠭ᠍ᠰᠠᠭᠠᠭ᠍ᠳᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠤ᠋ᠨ ᠲᠠᠯ᠎ᠠ ᠪᠡᠷ ᠨᠠᠩ ᠴᠤ᠌ ᠪᠥᠬᠥ᠌ ᠤᠯᠤᠰ ᠤ᠋ᠨ ᠳᠣᠯᠣᠳᠤᠭᠠᠷ ᠲᠦ᠍ ᠵᠢᠭ᠍ᠰᠠᠭᠠᠭ᠍ᠳᠠᠨ᠂ ᠤᠮᠠᠷᠠᠲᠤ ᠣᠷᠣᠨ ᠳ᠋ᠤ ᠨᠢᠭᠡᠳᠦᠭᠡᠷ ᠲᠦ᠍ ᠵᠢᠭ᠍ᠰᠠᠭᠠᠭ᠍ᠳᠠᠵᠤ᠂ ᠦᠦᠱᠢᠨ ᠬᠣᠱᠢᠭᠤ ᠪᠣᠯᠤᠨ ᠡᠵᠡᠨ ᠬᠣᠷᠣᠭ᠎ᠠ ᠬᠣᠱᠢᠭᠤ ᠵᠡᠷᠭᠡ ᠪᠡᠷ ᠵᠠᠰᠠᠭ ᠵᠠᠬᠢᠷᠭᠠᠨ ᠤ᠋ ᠬᠦᠴᠦᠨ ᠴᠢᠳᠠᠪᠤᠷᠢ ᠵᠢᠨ《ᠵᠠᠭᠤᠨ ᠥᠨᠳᠥᠷ ᠱᠢᠶᠠᠨ》 ᠤ᠋ ᠨᠡᠷᠡᠰ ᠲᠸ᠋ ᠵᠢᠭ᠍ᠰᠠᠭᠠᠭ᠍ᠳᠠᠪᠠ᠃
11 ᠰᠠᠷ᠎ᠠ ᠵᠢᠨ 7 ᠤ᠋ ᠡᠳᠦᠷ᠂ ᠣᠷᠳᠣᠰ ᠬᠣᠲᠠ ᠵᠢᠨ 2026 ᠣᠨ ᠤ᠋ ᠴᠢᠬᠤᠯᠠ ᠶᠡᠬᠡ ᠲᠥᠷᠥᠯ ᠵᠦᠶ᠋ᠯ ᠤ᠋ᠨ ᠬᠠᠮᠲᠤᠷᠠᠨ ᠬᠢᠨᠠᠵᠤ ᠬᠠᠮᠲᠤᠷᠠᠨ ᠵᠥᠪᠱᠢᠶᠡᠷᠡᠬᠦ᠌ ᠠᠵᠢᠯ ᠤ᠋ᠨ ᠲᠣᠭ᠍ᠲᠠᠴᠠ ᠵᠢᠨ ᠠᠩᠬᠠᠳᠤᠭᠠᠷ ᠤᠳᠠᠭ᠎ᠠ ᠵᠢᠨ ᠬᠤᠷᠠᠯ ᠬᠤᠷᠠᠯᠳᠤᠪᠠ᠃ ᠬᠤᠷᠠᠯ ᠡᠴᠡ 《ᠪᠥᠬᠥ᠌ ᠬᠣᠲᠠ ᠵᠢᠨ ᠴᠢᠬᠤᠯᠠ ᠶᠡᠬᠡ ᠲᠥᠷᠥᠯ ᠵᠦᠶ᠋ᠯ ᠤ᠋ᠨ ᠬᠠᠮᠲᠤᠷᠠᠨ ᠬᠢᠨᠠᠵᠤ ᠬᠠᠮᠲᠤᠷᠠᠨ ᠵᠥᠪᠱᠢᠶᠡᠷᠡᠬᠦ᠌ ᠠᠵᠢᠯ ᠤ᠋ᠨ ᠲᠣᠭ᠍ᠲᠠᠴᠠ ᠵᠢᠨ ᠲᠥᠰᠦᠯ》 ᠳ᠋ᠤ ᠲᠠᠢᠯᠤᠮᠵᠢ ᠬᠢᠵᠦ᠍᠂ 2025 ᠣᠨ ᠤ᠋ ᠴᠢᠬᠤᠯᠠ ᠶᠡᠬᠡ ᠲᠥᠷᠥᠯ ᠵᠦᠶ᠋ᠯ ᠤ᠋ᠨ ᠠᠬᠢᠴᠠ ᠪᠠ 2026 ᠣᠨ ᠤ᠋ ᠲᠥᠷᠥᠯ ᠵᠦᠶ᠋ᠯ ᠤ᠋ᠨ ᠭᠠᠷᠳᠠᠮ ᠢ᠋ ᠭᠦᠶ᠋ᠴᠡᠳᠭᠡᠭ᠌ᠰᠡᠨ ᠪᠠᠢᠳᠠᠯ ᠢ᠋ ᠵᠠᠷᠯᠠᠨ ᠮᠡᠳᠡᠭ᠌ᠳᠡᠵᠦ᠍᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠣᠲᠠ ᠵᠢᠨ ᠱᠠᠲᠤᠨ ᠤ᠋ ᠲᠠᠯ᠎ᠠ ᠡᠴᠡ ᠵᠣᠬᠢᠴᠠᠭᠤᠯᠤᠨ ᠱᠢᠶ᠋ᠳᠪᠦᠷᠢᠯᠡᠬᠦ᠌ ᠴᠢᠬᠤᠯᠠᠲᠠᠶ 43 ᠲᠥᠷᠥᠯ ᠵᠦᠶ᠋ᠯ ᠤ᠋ᠨ ᠭᠠᠷᠳᠠᠮ ᠢ᠋ ᠵᠥᠪᠳᠡᠯᠴᠡᠨ ᠰᠤᠳᠤᠯᠵᠠᠢ᠃ ᠬᠤᠷᠠᠯ ᠨᠢ 《ᠲᠥᠷᠥᠯ ᠵᠦᠶ᠋ᠯ ᠵᠢᠡᠷ ᠭᠤᠤᠯ ᠪᠣᠯᠭᠠᠬᠤ》 ᠪᠠᠷ ᠢᠯᠡ ᠲᠣᠳᠣ ᠤᠳᠤᠷᠢᠳᠤᠮᠵᠢ ᠪᠣᠯᠭᠠᠨ᠂ ᠲᠥᠷᠥᠯ ᠵᠦᠶ᠋ᠯ ᠤ᠋ᠨ ᠴᠢᠬᠤᠯᠠ ᠡᠯᠧᠮᠧᠨ᠋ᠲ ᠤ᠋ᠨ ᠪᠠᠲᠤᠯᠠᠭ᠎ᠠ ᠵᠢᠨ ᠵᠦᠶ᠋ᠯᠡᠰ ᠲᠦ᠍ ᠠᠩᠬᠠᠷᠤᠯ ᠵᠢᠡᠨ ᠲᠥᠪᠯᠡᠷᠡᠭᠦᠯᠵᠦ᠍᠂ ᠴᠢᠬᠤᠯᠠ ᠶᠡᠬᠡ ᠲᠥᠷᠥᠯ ᠵᠦᠶ᠋ᠯ ᠢ᠋ ᠲᠦᠷᠭᠡᠳᠭᠡᠨ ᠨᠠᠢᠳᠠᠪᠤᠷᠢᠵᠢᠭᠤᠯᠵᠤ ᠪᠥᠲᠥᠭᠡᠨ ᠪᠠᠢᠭᠤᠯᠬᠤ ᠵᠢ ᠪᠠᠲᠤᠯᠠᠵᠤ᠂ ᠪᠦᠬᠦ ᠵᠢᠯ ᠤ᠋ᠨ ᠬᠠᠷᠠᠯᠳᠠ ᠡᠭᠦᠷᠭᠡ ᠪᠠᠨ ᠪᠡᠶᠡᠯᠡᠭᠦᠯᠬᠦ᠌ ᠵᠢ ᠪᠥᠬᠥ᠌ ᠬᠦᠴᠦᠨ ᠵᠢᠡᠷ ᠵᠢᠡᠨ ᠪᠠᠲᠤᠯᠠᠵᠤ ᠪᠠᠢᠨ᠎ᠠ᠃