ᠥᠪᠥᠷ ᠮᠣᠩᠭᠣᠯ᠎ᠤᠨ ᠠᠩᠭᠢ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ ᠤᠯᠤᠰ ᠤ᠋ᠨ ᠲᠠᠮᠢᠷ᠎ᠤᠨ ᠴᠤᠭ᠍ᠯᠠᠭᠠᠨ᠎ᠤ ᠮᠣᠷᠢᠨ ᠮᠡᠷᠭᠡᠵᠢᠯ᠎ᠦᠨ ᠪᠦᠯᠬᠦᠮ ᠤ᠋ᠨ ᠤᠷᠤᠯᠳᠤᠭᠠᠨ ᠤ᠋ ᠬᠦᠷᠡᠯ ᠮᠧᠳᠠᠯ ᠬᠦᠷᠳᠡᠪᠡ
2025-11-18 09:42:27
ᠵᠣᠬᠢᠶᠠᠭ᠍ᠴᠢ᠄
ᠴᠠᠶ ᠰᠧ ᠶᠤᠸᠠᠨ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 17 ᠤ᠋ ᠡᠳᠦᠷ᠂ ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠮᠣᠷᠢᠨ ᠮᠡᠷᠭᠡᠵᠢᠯ᠎ᠦᠨ ᠲᠠᠯᠠᠪᠤᠷ᠎ᠤᠨ ᠰᠠᠭᠠᠳ ᠳᠠᠪᠠᠬᠤ ᠪᠦᠯᠬᠦᠮ ᠤ᠋ᠨ ᠤᠷᠤᠯᠳᠤᠭᠠᠨ ᠱᠧᠨᠵᠧᠨ ᠬᠣᠲᠠ᠎ᠶ᠋ᠢᠨ ᠭᠤᠸᠠᠩ ᠮᠢᠩ ᠣᠯᠠᠨ ᠤᠯᠤᠰ᠎ᠤᠨ ᠮᠣᠷᠢᠨ ᠮᠡᠷᠭᠡᠵᠢᠯ᠎ᠦᠨ ᠲᠥᠪ᠎ᠲᠦ ᠶᠠᠪᠤᠭ᠍ᠳᠠᠵᠤ᠂ ᠯᠢᠦ ᠲᠦᠩ ᠶᠠᠨ᠂ ᠲᠠᠷᠢᠮ᠎ᠠ᠂ ᠵᠠᠩ ᠷᠦᠢ᠂ ᠬᠠᠨ ᠹᠧᠩ᠎ᠢᠶᠡᠷ ᠪᠦᠷᠢᠯᠳᠦᠭ᠌ᠰᠡᠨ ᠥᠪᠥᠷ ᠮᠣᠩᠭᠣᠯ᠎ᠤᠨ ᠠᠩᠭᠢ ᠬᠣᠶᠠᠷ ᠡᠭᠡᠯᠵᠢ ᠵᠢᠨ ᠮᠦᠷᠦᠢᠴᠡᠭᠡᠨ ᠵᠢᠡᠷ ᠳᠠᠮᠵᠢᠨ᠂ ᠶᠡᠷᠦᠩᠬᠡᠶ ᠲᠣᠷᠭᠠᠭᠤᠯᠢ᠎ᠶ᠋ᠢᠨ ᠬᠤᠪᠢ 31 ᠵᠢᠨ ᠬᠢᠷᠢ ᠪᠦᠲᠦᠮᠵᠢ᠎ᠪᠡᠷ ᠬᠦᠷᠡᠯ ᠮᠧᠳᠠᠯ ᠣᠯᠵᠠᠶ᠃

ᠮᠣᠷᠢᠨ ᠮᠡᠷᠭᠡᠵᠢᠯ᠎ᠦᠨ ᠲᠠᠯᠠᠪᠤᠷ᠎ᠤᠨ ᠰᠠᠭᠠᠳ ᠳᠠᠪᠠᠬᠤ ᠪᠦᠯᠬᠦᠮ᠎ᠦᠨ ᠤᠷᠤᠯᠳᠤᠭᠠᠨ᠎ᠳᠤ 《ᠬᠤᠪᠢ ᠲᠣᠷᠭᠠᠬᠤ ᠲᠦᠷᠢᠮ》 ᠢ᠋ ᠬᠡᠷᠡᠭ᠌ᠵᠢᠭᠦᠯᠵᠦ᠍᠂ ᠬᠣᠶᠠᠷ ᠡᠭᠡᠯᠵᠢ ᠬᠤᠪᠢᠶᠠᠨ ᠶᠠᠪᠤᠭ᠍ᠳᠠᠭᠤᠯᠵᠤ᠂ ᠲᠤᠷᠭᠠᠭᠤᠯᠢ ᠵᠢᠨ ᠬᠤᠪᠢ ᠵᠢᠨ ᠪᠠᠭ᠎ᠠ ᠡᠰᠡᠬᠦ ᠪᠡᠷ ᠨᠢ ᠰᠢᠯᠭᠠᠷᠠᠭᠤᠯᠤᠨ᠎ᠠ᠃ ᠤᠷᠤᠯᠳᠤᠭᠠᠨ᠎ᠤ ᠲᠠᠯᠠᠪᠤᠷ᠎ᠲᠤ᠂ ᠥᠪᠥᠷ ᠮᠣᠩᠭᠣᠯ᠎ᠤᠨ ᠲᠠᠮᠢᠷᠴᠢᠨ ᠺᠠᠺᠢ ᠥᠩᠭᠡᠲᠦ ᠮᠣᠷᠢᠲᠤ ᠪᠠᠭᠠᠲᠤᠷ᠎ᠤᠨ ᠬᠤᠪᠴᠠᠰᠤ ᠡᠮᠦᠰᠴᠦ᠍᠂ ᠬᠥᠮᠦᠨ ᠮᠣᠷᠢ ᠬᠠᠮᠵᠢᠯᠴᠠᠨ᠂ ᠬᠠᠷᠰᠢ ᠰᠠᠭᠠᠳ᠎ᠢ ᠨᠢᠭᠡᠳ ᠨᠢᠭᠡ ᠪᠡᠷ ᠳᠠᠪᠠᠨ᠎ᠠ᠃ 《ᠮᠣᠷᠢᠨ ᠮᠡᠷᠭᠡᠵᠢᠯ ᠪᠣᠯ ᠨᠢᠬᠡᠨ ᠲᠦᠷᠦᠯ᠎ᠤᠨ ᠰᠤᠷᠤᠭᠠᠳ ᠪᠠᠷᠠᠰᠢ ᠦᠭᠡᠢ ᠤᠷᠤᠯᠳᠤᠭᠠᠨ᠎ᠤ ᠲᠦᠷᠦᠯ ᠵᠦᠶ᠋ᠯ ᠂ ᠤᠳᠠᠭ᠎ᠠ ᠪᠣᠯᠭᠠᠨ ᠪᠢ ᠪᠦᠷ ᠰᠢᠨ᠎ᠠ ᠮᠡᠷᠭᠡᠵᠢᠯ ᠤᠯᠵᠤ ᠰᠤᠷᠳᠠᠭ》 ᠭᠡᠵᠦ᠍ ᠲᠠᠷᠢᠮ᠎ᠠ ᠬᠡᠯᠡᠪᠡ᠃

ᠡᠨᠡ ᠵᠢᠯ 58 ᠨᠠᠰᠤᠲᠠᠢ ᠯᠢᠦ ᠲᠦᠩ ᠶᠠᠨ ᠪᠣᠯ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠨᠠᠰᠤ᠎ᠪᠠᠷ ᠬᠠᠮᠤᠭ ᠠᠬᠠᠮᠠᠳ ᠲᠠᠮᠢᠷᠴᠢᠨ ᠪᠣᠯᠤᠨ᠎ᠠ᠂ ᠲᠡᠷᠡᠪᠡᠷ ᠶᠢᠰᠦᠳᠦᠭᠡᠷ ᠤᠳᠠᠭ᠎ᠠ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠳᠤ ᠣᠷᠣᠯᠴᠠᠵᠤ ᠪᠠᠢᠭ᠎ᠠ ᠨᠢ ᠡᠨᠡ ᠠᠵᠢ᠃ 1984 ᠣᠨ᠎ᠳᠤ᠂ ᠯᠢᠦ ᠲᠦᠩ ᠶᠠᠨ ᠥᠪᠥᠷ ᠮᠣᠩᠭᠣᠯ᠎ᠤᠨ ᠮᠣᠷᠢᠨ ᠮᠡᠷᠭᠡᠵᠢᠯ᠎ᠦᠨ ᠠᠩᠭᠢ᠎ᠳᠤ ᠵᠢᠩᠬᠢᠨᠢ᠎ᠪᠡᠷ ᠣᠷᠣᠵᠤ᠂ ᠮᠣᠷᠢ ᠤᠷᠤᠯᠳᠤᠬᠤ᠂ ᠰᠠᠭᠠᠳ ᠳᠠᠪᠠᠬᠤ᠂ ᠮᠣᠷᠢᠨ ᠪᠥᠮᠪᠥᠭᠡ᠂ ᠪᠥᠵᠢᠭ᠎ᠦᠨ ᠠᠯᠬᠤᠭ᠎ᠠ᠂ ᠭᠤᠷᠪᠠᠨ ᠲᠦᠷᠦᠯ ᠤ᠋ᠨ ᠤᠷᠤᠯᠳᠤᠭᠠᠨ ᠵᠡᠷᠭᠡ ᠳ᠋ᠤ ᠤᠷᠤᠯᠴᠠᠵᠤ ᠪᠠᠢᠪᠠ᠃ ᠯᠢᠦ ᠲᠦᠩ ᠶᠠᠨ ᠮᠣᠷᠢ᠎ᠲᠠᠶ ᠬᠠᠮᠢᠶ᠎ᠠ ᠲᠠᠢ ᠬᠥᠳᠡᠯᠭᠡᠭᠡᠨ ᠪᠦᠬᠦᠨ ᠳ᠋ᠤ ᠪᠠᠷᠤᠭ ᠴᠦᠮ ᠣᠷᠣᠯᠴᠠᠵᠤ ᠥᠩᠭᠡᠷᠡᠭ᠌ᠰᠡᠨ ᠪᠥᠭᠡᠳ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ ᠵᠡᠷᠭᠡ ᠤᠯᠤᠰ᠎ᠤᠨ ᠳᠣᠲᠣᠭᠠᠳᠤ᠎ᠶ᠋ᠢᠨ ᠲᠣᠮᠣ ᠬᠡᠯᠪᠡᠷᠢ᠎ᠶ᠋ᠢᠨ ᠤᠷᠤᠯᠳᠤᠭᠠᠨ ᠳ᠋ᠤ ᠤᠯᠠᠨ ᠤᠳᠠᠭ᠎ᠠ ᠱᠠᠩᠨᠠᠯ ᠬᠦᠷᠳᠡᠵᠤ ᠦᠩᠭᠡᠷᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号