《ᠭᠤᠷᠪᠠᠨ ᠵᠦᠢᠯ᠎ᠦᠨ ᠲᠦᠯᠦᠪᠯᠡᠭᠡ》 ᠵᠢᠨ ᠤᠯᠤᠰ᠎ᠤᠨ ᠲᠤᠷᠰᠢᠯᠳᠠ ᠵᠢᠨ ᠴᠡᠭ᠎ᠤᠨ ᠲᠦᠷᠦᠯ ᠵᠦᠢᠯ᠎ᠦᠨ ᠦᠢᠯᠡᠳᠤᠯᠭᠡ ᠵᠢᠨ ᠲᠤᠬᠠᠢ ᠠᠵᠢᠬᠯᠠᠯᠳᠠ ⑤ ᠬᠤᠪᠢᠰᠭᠠᠯ᠎ᠤᠨ ᠬᠦᠮᠤᠵᠢᠯ · ᠬᠠᠮᠵᠢᠯᠴᠠᠭᠠᠨ ᠤ᠋ ᠲᠠᠪᠴᠠᠡᠭ · ᠰᠣᠶᠣᠯ ᠤ᠋ᠨ ᠤᠯᠠᠮᠵᠢᠯᠠᠯ
2025-11-19 14:46:19
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

— ᠬᠦᠯᠤᠨ ᠪᠤᠢᠷ ᠬᠤᠲᠠ ᠵᠢᠨ ᠪᠠᠭᠠᠴᠤᠤᠨ ᠤ᠋ᠨ ᠤᠷᠲᠤᠨ᠎ᠢ ᠲᠠᠮᠳᠡᠭᠯᠡᠪᠠ

   

ᠬᠦᠯᠤᠨ ᠪᠤᠢᠷ ᠬᠣᠲᠠ᠎ᠶ᠋ᠢᠨ ᠪᠠᠭᠠᠴᠤᠳ᠎ᠤᠨ ᠣᠷᠳᠣᠨ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶ᠋ᠢᠨ ᠭᠠᠳᠠᠨᠠᠬᠢ ᠰᠤᠷᠭᠠᠨ ᠬᠥᠮᠦᠵᠢᠯ᠎ᠦᠨ《ᠵᠢᠭ᠍ᠰᠠᠭᠠᠯ᠎ᠤᠨ ᠭᠠᠵᠠᠷ》 ᠪᠣᠯᠤᠭ᠍ᠰᠠᠨ᠎ᠤ ᠬᠤᠪᠢ᠎ᠳᠤ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠪᠠᠷ ᠭᠤᠤᠯ ᠱᠢᠵᠢᠮ ᠪᠣᠯᠭᠠᠵᠤ᠂ ᠬᠤᠪᠢᠰᠭᠠᠯ᠎ᠤᠨ ᠤᠯᠠᠮᠵᠢᠯᠠᠯ᠂ ᠬᠠᠮᠵᠢᠯᠴᠠᠭ᠎ᠠ ᠪᠠ ᠰᠣᠶᠣᠯ᠎ᠢ ᠬᠥᠮᠦᠨ ᠬᠥᠮᠦᠵᠢᠭᠦᠯᠬᠦ᠌ ᠪᠥᠬᠥ᠌ ᠬᠡᠯᠬᠢᠶ᠎ᠡ᠎ᠳᠦ ᠠᠭᠤᠰᠭᠠᠨ᠂ ᠦᠶ᠋ᠯᠡᠳᠦᠯᠭᠡ᠎ᠶ᠋ᠢᠨ ᠠᠷᠭ᠎ᠠ ᠵᠠᠮ᠎ᠤᠨ ᠱᠢᠨ᠎ᠡ᠎ᠶ᠋ᠢ ᠡᠭᠦᠳᠬᠦ᠌᠂ ᠰᠣᠯᠢᠯᠴᠠᠭᠠᠨ᠎ᠤ ᠲᠠᠪᠴᠠᠩ ᠪᠠᠢᠭᠤᠯᠬᠤ᠂ ᠬᠥᠮᠦᠨ ᠬᠥᠮᠦᠵᠢᠭᠦᠯᠬᠦ᠌ ᠦᠨᠳᠦᠰᠦ ᠰᠠᠭᠤᠷᠢ᠎ᠶ᠋ᠢ ᠪᠡᠬᠢᠵᠢᠭᠦᠯᠬᠦ ᠪᠡᠷ ᠲᠠᠮᠵᠢᠨ᠂ ᠦᠶ᠋ᠯᠡᠳᠦᠯᠭᠡ᠎ᠶ᠋ᠢᠨ ᠳᠤᠮᠳᠠ ᠦᠨᠳᠦᠰᠦᠲᠡᠨ᠎ᠨᠦᠭᠦᠳ᠎ᠦᠨ ᠪᠠᠭ᠍ᠰᠢ ᠰᠤᠷᠤᠭ᠍ᠴᠢᠳ᠎ᠤᠨ ᠨᠥᠬᠥᠷᠯᠡᠯ᠎ᠢ ᠵᠤᠵᠠᠭᠠᠳᠬᠠᠵᠤ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ 《ᠭᠤᠷᠪᠠᠨ ᠵᠦᠶ᠋ᠯ᠎ᠦᠨ ᠲᠥᠯᠥᠪᠯᠡᠭᠡ》ᠶ᠋ᠢᠨ ᠲᠤᠷᠱᠢᠯᠲᠠ᠎ᠶ᠋ᠢᠨ ᠴᠡᠭ᠎ᠢᠶᠡᠷ ᠰᠣᠩᠭᠣᠭ᠍ᠳᠠᠠ᠂ ᠰᠤᠷᠭᠠᠭᠤᠯᠢ᠎ᠶ᠋ᠢᠨ ᠭᠠᠳᠠᠨᠠᠬᠢ ᠰᠤᠷᠭᠠᠨ ᠬᠥᠮᠦᠵᠢᠯ ᠬᠢᠭᠡᠳ ᠦᠨᠳᠦᠰᠦᠲᠡᠨ᠎ᠦ ᠪᠦᠯᠬᠦᠮᠳᠡᠯ ᠤ᠋ᠨ ᠨᠠᠢᠷᠠᠯ ᠬᠥᠭ᠌ᠵᠢᠮ᠎ᠢ ᠴᠢᠪᠬᠠᠲᠠᠨ᠎ᠠ᠃

               

ᠬᠤᠪᠢᠰᠭᠠᠯ᠎ᠤᠨ ᠬᠥᠮᠦᠵᠢᠯ᠎ᠦᠨ ᠰᠤᠳᠤᠯᠤᠨ ᠰᠤᠷᠤᠯᠴᠠᠬᠤ ᠲᠤᠮᠲᠠ ᠤᠭ ᠰᠠᠨᠠᠭ᠎ᠠ ᠪᠠᠨ ᠦᠢᠯᠡᠲᠤᠯᠬᠡᠵᠢᠬᠦᠯᠪᠠ

《ᠪᠢ ᠨᠣᠮᠣᠨ ᠬᠠᠨ᠎ᠤ ᠳᠠᠢᠯᠠᠯᠳᠤᠭᠠᠨ᠎ᠤ ᠪᠠᠭᠤᠷᠢ᠎ᠳᠤ ᠦᠷᠡᠭ᠌ᠳᠡᠭ᠌ᠰᠡᠨ ᠪᠠᠭᠠᠲᠤᠷᠴᠤᠳ᠎ᠤᠨ ᠦᠯᠢᠭᠡᠷ᠎ᠢ ᠰᠣᠨᠣᠰᠴᠤ᠌᠂ ᠮᠠᠨᠵᠤᠤᠷ᠎ᠤᠨ ᠤᠯᠤᠰ᠎ᠤᠨ ᠡᠭᠦᠳᠡᠨ᠎ᠳᠦ ᠤᠯᠤᠰ᠎ᠤᠨ ᠲᠤᠭ ᠨᠠᠮᠢᠷᠠᠵᠤ ᠪᠠᠢᠬᠤ᠎ᠶ᠋ᠢ ᠬᠠᠷᠠᠭᠠᠳ᠂ ᠮᠠᠨ ᠤ᠋ ᠦᠨᠤᠲᠤᠷ ᠤ᠋ᠨ ᠠᠮᠤᠷ ᠲᠠᠢᠪᠤᠡᠭ ᠠᠮᠢᠲᠤᠷᠠᠯ ᠪᠤᠯ ᠦᠷᠡᠭᠳᠡᠭᠰᠠᠨ ᠪᠠᠭᠠᠲᠤᠷᠴᠤᠤᠨ ᠤ᠋ᠨ ᠬᠠᠯᠠᠭᠤᠨ ᠴᠢᠰᠤ ᠪᠡᠷ ᠵᠢᠡᠨ ᠰᠤᠯᠢᠵᠤ ᠠᠪᠴᠢᠷᠠᠭᠰᠠᠨ ᠭᠡᠳᠡᠭ᠎ᠢ ᠮᠡᠳᠡᠵᠡᠢ!》 ᠬᠡᠵᠤ ᠴᠡᠷᠢᠭ᠎ᠦᠨ ᠶᠠᠪᠤᠳᠠᠯ᠎ᠤᠨ ᠵᠤᠰᠠᠯᠠᠩ᠎ᠳᠤ ᠣᠷᠣᠯᠴᠠᠭ᠍ᠰᠠᠨ ᠮᠣᠩᠭᠣᠯ ᠦᠨᠳᠦᠰᠦᠲᠡᠨ᠎ᠦ ᠰᠤᠷᠤᠭ᠍ᠴᠢ ᠠᠭᠤᠯᠠ ᠬᠢᠯᠢ᠎ᠶ᠋ᠢᠨ ᠬᠠᠮᠠᠭᠠᠯᠠᠯᠲᠠ᠎ᠶ᠋ᠢᠨ ᠳᠠᠷᠤᠭ᠎ᠠ ᠪᠠᠢᠯᠳᠤᠭ᠍ᠴᠢᠳ᠎ᠲᠠᠶ ᠬᠠᠮᠲᠤ ᠬᠡᠷᠡᠯ ᠵᠢᠷᠤᠭ ᠲᠠᠲᠠᠭᠤᠯᠤᠭᠰᠠᠨ ᠤ᠋ ᠲᠠᠷᠠᠭ᠎ᠠ ᠰᠡᠳᠭᠢᠯ ᠳᠣᠭ᠍ᠳᠣᠯᠤᠨ ᠬᠡᠯᠡᠪᠠ᠃ ᠬᠦᠯᠤᠨ ᠪᠤᠢᠷ ᠬᠣᠲᠠ᠎ᠶ᠋ᠢᠨ ᠪᠠᠭᠠᠴᠤᠳ᠎ᠤᠨ ᠣᠷᠳᠣᠨ ᠬᠤᠪᠢᠰᠭᠠᠯ᠎ᠤᠨ ᠬᠥᠮᠦᠵᠢᠯ᠎ᠢᠶᠡᠷ ᠭᠠᠷᠳᠠᠴᠠ ᠪᠤᠯᠭᠠᠨ ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ 《ᠭᠠᠷ ᠭᠠᠷ᠎ᠢᠶᠠᠨ ᠬᠣᠯᠪᠣᠬᠤ》 ᠬᠢᠯᠢ᠎ᠶ᠋ᠢᠨ ᠠᠶᠠᠯᠠᠯ ᠤ᠋ᠨ ᠠᠵᠢᠯᠯᠠᠭ᠎ᠠ ᠵᠢ ᠦᠷᠨᠢᠬᠦᠯᠵᠦ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ 《ᠭᠤᠷᠪᠠᠨ ᠵᠦᠶ᠋ᠯ᠎ᠦᠨ ᠲᠥᠯᠥᠪᠯᠡᠭᠡ》 ᠶ᠋ᠢᠨ ᠲᠤᠷᠱᠢᠯᠲᠠ᠎ᠶ᠋ᠢᠨ ᠲᠥᠷᠥᠯ ᠵᠦᠶ᠋ᠯ᠎ᠳᠦ ᠰᠣᠩᠭᠣᠭ᠍ᠳᠠᠭᠰᠠᠨ ᠠᠵᠢ᠃ ᠲᠤᠰ ᠲᠦᠷᠦᠯ ᠵᠦᠢᠯ ᠨᠢ ᠴᠡᠷᠢᠭ᠎ᠦᠨ ᠶᠠᠪᠤᠳᠠᠯ᠎ᠤᠨ ᠵᠤᠰᠠᠯᠠᠩ ᠵᠡᠷᠭᠡ ᠠᠵᠢᠯᠯᠠᠭ᠎ᠠ᠎ᠶ᠋ᠢ ᠪᠠᠢᠩᠭᠤᠵᠢᠭᠤᠯᠤᠨ᠂ 《ᠬᠣᠶᠠᠷ᠎ᠢ ᠬᠦᠷᠢᠶᠡᠯᠡᠬᠦ᠌》 ᠠᠵᠢᠯᠯᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠶᠠᠷᠢᠶ᠎ᠠ ᠢᠯᠡᠳᠭᠡᠯ᠎ᠦᠨ ᠰᠣᠯᠢᠯᠴᠠᠭᠠᠨ᠎ᠤ ᠤᠷᠤᠯᠳᠤᠭᠠᠨ ᠵᠡᠷᠭᠡ ᠵᠢ ᠡᠷᠬᠢᠯᠡᠵᠦ᠍᠂ ᠦᠨᠲᠤᠰᠤᠲᠠᠨ ᠤ᠋ ᠪᠦᠯᠬᠦᠮᠳᠡᠯ᠎ᠦᠨ ᠦᠯᠢᠭᠡᠷ᠎ᠢ ᠰᠠᠢᠳᠤᠷ ᠤᠯᠠᠮᠵᠢᠯᠠᠨ ᠶᠠᠷᠢᠨ᠎ᠠ᠃ 《ᠡᠬᠡ ᠭᠤᠤᠯ᠎ᠤᠨ ᠡᠷᠢᠯ》 ᠶᠠᠯᠦ᠍ ᠭᠤᠤᠯ᠎ᠤᠨ ᠰᠤᠳᠤᠯᠭᠠᠨ᠎ᠤ ᠠᠵᠢᠯᠯᠠᠭ᠎ᠠ ᠳᠤᠮᠳᠠ ᠲᠤᠰᠭᠠᠶ ᠮᠡᠷᠭᠡᠵᠢᠯᠲᠡᠨ᠎ᠡᠴᠡ ᠭᠤᠤᠯ ᠮᠥᠷᠡᠨ ᠡᠯ᠎ᠡ ᠦᠨᠳᠦᠰᠦᠲᠡᠨ᠎ᠢ ᠤᠮᠳᠠᠯᠠᠨ ᠲᠡᠵᠢᠭᠡᠭᠰᠡᠨ ᠲᠡᠦᠭᠡ ᠎ᠶ᠋ᠢ ᠬᠦᠤᠷᠨᠢᠨ᠂ ᠰᠤᠷᠤᠭ᠍ᠴᠢᠳ ᠮᠦᠽᠧᠶ ᠵᠢᠨ ᠸᠠᠭᠠᠷ᠎ᠤᠨ ᠤᠷᠠᠯᠢᠭ᠂ ᠡᠯᠡᠰᠦᠨ ᠵᠢᠷᠤᠭ᠂ ᠲᠦᠷᠭᠡᠨ ᠠᠪᠤᠷᠠᠯᠳᠠ᠎ᠶ᠋ᠢᠨ ᠤᠷ᠎ᠠ ᠴᠢᠳᠠᠪᠤᠷᠢ᠎ᠶ᠋ᠢ ᠪᠡᠶᠡᠴᠢᠯᠡᠨ ᠣᠢᠯᠠᠭᠠᠵᠤ᠂ ᠦᠨᠳᠦᠰᠦᠨ ᠱᠠᠲᠤᠨ᠎ᠤ ᠶᠠᠳᠠᠭᠤ ᠬᠦᠴᠢᠷᠳᠡᠯᠲᠡᠶ ᠬᠡᠦᠬᠡᠳ ᠪᠠᠭᠠᠴᠤᠳ ᠬᠠᠮᠵᠢᠯᠴᠠᠭ᠎ᠠ᠎ᠶ᠋ᠢᠨ ᠳᠤᠮᠳᠠ ᠢᠲᠡᠭᠡᠯ ᠵᠤᠷᠢᠭ᠎ᠢ ᠪᠤᠢ ᠪᠤᠯᠭᠠᠵᠠᠢ᠃


fcd31785-7048-4e5b-910d-16e8fa50c2a6.png


b7e0b59c-0062-4b7f-a32d-5309e844f87e.png


ᠤᠯᠤᠰ᠎ᠤᠨ ᠪᠠᠲᠤᠯᠠᠨ ᠬᠠᠮᠠᠭᠠᠯᠠᠯᠲᠠ ᠵᠢᠨ ᠬᠦᠮᠦᠵᠢᠯ


ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠲᠤᠮᠳᠠ ᠬᠦᠨ ᠵᠤᠵᠠᠭᠠᠨ ᠨᠥᠬᠥᠷᠯᠡᠯ᠎ᠢ ᠤᠯᠠᠮᠵᠢᠯᠠᠪᠠ

《ᠪᠡᠭᠡᠵᠢᠩ᠎ᠦᠨ ᠪᠢᠴᠢᠬᠠᠨ ᠨᠠᠢᠵᠠ ᠨᠠᠳᠠ᠎ᠳᠤ ᠵᠢᠷᠤᠭ ᠵᠢᠷᠤᠬᠤ᠎ᠶ᠋ᠢ ᠵᠢᠭᠠᠵᠤ ᠥᠭ᠌ᠴᠡᠢ᠂ ᠪᠢ ᠲᠡᠭᠦᠨ᠎ᠢ ᠳᠠᠭᠠᠭᠤᠯᠵᠤ ᠮᠣᠷᠢ ᠤᠨᠤᠭᠤᠯᠤᠨ ᠲᠠᠯ᠎ᠠ ᠨᠤᠲᠤᠭ᠎ᠵᠢᠡᠷ ᠳᠠᠪᠬᠢᠭᠤᠯᠵᠤ᠂ ᠪᠢᠳᠡ ᠪᠠᠰᠠ ᠳᠠᠷᠠᠭ᠎ᠠ ᠵᠢᠯ ᠬᠠᠮᠲᠤ᠎ᠪᠠᠷ ᠡᠪᠦᠯᠵᠢᠶᠡᠨ᠎ᠳᠦ ᠣᠷᠣᠯᠴᠠᠬᠤ᠎ᠪᠠᠷ ᠲᠣᠭ᠍ᠲᠠᠵᠠᠢ!》 ᠬᠡᠵᠤ ᠬᠠᠢᠯᠠᠷ ᠲᠤᠭᠤᠷᠢᠭ ᠤ᠋ᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ ᠵᠠᠩ ᠶᠤᠸᠠᠢ ᠷᠠᠨ ᠪᠠᠶᠠᠷᠳᠠᠢ ᠬᠡᠯᠡᠪᠡ᠃ ᠡᠨᠡ ᠬᠦ᠌ ᠮᠢᠩᠭᠠᠨ ᠭᠠᠵᠠᠷ᠎ᠢ ᠠᠯᠤᠰᠯᠠᠭ᠍ᠰᠠᠨ ᠬᠦᠨ ᠵᠤᠵᠠᠭᠠᠨ ᠨᠥᠬᠥᠷᠯᠡᠯ ᠪᠤᠯ ᠬᠦᠯᠤᠨ ᠪᠤᠢᠷ ᠬᠣᠲᠠ᠎ᠶ᠋ᠢᠨ ᠪᠠᠭᠠᠴᠤᠳ᠎ᠤᠨ ᠣᠷᠳᠣᠨ᠎ᠤ ᠪᠡᠭᠡᠵᠢᠩ ᠥᠪᠥᠷ ᠮᠣᠩᠭᠣᠯ᠎ᠤ᠋ᠨ ᠰᠤᠷᠭᠠᠨ ᠬᠥᠮᠦᠵᠢᠯ᠎ᠦᠨ ᠬᠠᠮᠵᠢᠯᠴᠠᠭ᠎ᠠ᠎ᠶ᠋ᠢ ᠬᠦᠨᠵᠡᠭᠡᠢ ᠦᠢᠯᠡᠳᠦᠯᠭᠡᠵᠢᠬᠦᠯᠦᠭᠰᠡᠨ᠎ᠤ ᠠᠮᠢᠳᠤᠯᠢᠭ ᠢᠯᠡᠷᠡᠯ ᠪᠤᠯᠤᠨ᠎ᠠ᠃ ᠬᠦᠯᠤᠨ ᠪᠤᠢᠷ ᠬᠣᠲᠠ᠎ᠶ᠋ᠢᠨ ᠪᠠᠭᠠᠴᠤᠳ᠎ᠤᠨ ᠣᠷᠳᠣᠨ ᠪᠣᠯᠤᠨ ᠪᠡᠭᠡᠵᠢᠩ ᠬᠣᠲᠠ᠎ᠶ᠋ᠢᠨ ᠪᠠᠭᠠᠴᠤᠳ᠎ᠤᠨ ᠣᠷᠳᠣᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠵᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠂ ᠬᠢᠴᠢᠶᠡᠯ᠎ᠢ ᠬᠠᠮᠲᠤ᠎ᠪᠠᠷ ᠨᠡᠭᠡᠭᠡᠬᠦ᠂ ᠬᠠᠷᠢᠯᠴᠠᠨ ᠠᠢᠯᠴᠢᠯᠠᠵᠤ ᠰᠣᠯᠢᠯᠴᠠᠬᠤ᠎ᠪᠠᠷ ᠰᠤᠷᠭᠠᠭᠤᠯᠢ ᠡᠷᠭᠢᠯᠡᠬᠦ᠌ ᠶᠠᠰᠤ ᠴᠢᠨᠠᠷ᠎ᠢᠶᠠᠨ ᠳᠡᠭᠡᠭ᠌ᠰᠢᠯᠡᠭᠦᠯᠵᠦ᠍᠂ 《ᠪᠢᠳᠡ ᠬᠠᠮᠲᠤ᠎ᠪᠠᠷ ᠬᠦᠰᠡᠯ ᠵᠡᠭᠦᠳᠦ᠍᠎ᠪᠡᠨ ᠲᠠᠷᠬᠡᠯᠰᠢᠬᠦᠯᠤᠶ᠎ᠠ》 ᠭᠡᠬᠦ᠌ ᠮᠠᠲ᠋ᠧᠷᠢᠶᠠᠯ ᠴᠤᠭ᠍ᠯᠠᠭᠤᠯᠬᠤ ᠠᠵᠢᠯᠯᠠᠭ᠎ᠠ᠂ 《ᠭᠠᠢᠬᠠᠮᠱᠢᠭ᠍ᠲᠤ ᠡᠬᠡ ᠪᠠᠢᠭᠠᠯᠢ·ᠪᠡᠭᠡᠵᠢᠩ ᠥᠪᠥᠷ ᠮᠣᠩᠭᠣᠯ᠎ᠤᠨ ᠪᠠᠭᠠᠴᠤᠳ᠎ᠤᠨ ᠲᠠᠯ᠎ᠠ ᠨᠤᠲᠤᠭ᠎ᠤᠨ ᠠᠶᠠᠯᠠᠯ》 ᠵᠡᠷᠭᠡ ᠠᠵᠢᠯᠯᠠᠭ᠎ᠠ᠎ᠶ᠋ᠢ ᠠᠮᠵᠢᠯᠲᠠ᠎ᠲᠠᠶ ᠳᠠᠭᠠᠭᠠᠨ ᠡᠷᠭᠢᠯᠡᠵᠦ᠍᠂ ᠬᠣᠶᠠᠷ ᠭᠠᠵᠠᠷ᠎ᠤᠨ ᠪᠠᠭᠠᠴᠤᠳ ᠬᠠᠮᠲᠤ ᠪᠠᠷ ᠠᠮᠢ ᠠᠬᠤᠶ ᠪᠣᠯᠤᠨ ᠦᠨᠳᠦᠰᠦᠲᠡᠨ᠎ᠦ ᠰᠣᠶᠣᠯ᠎ᠢ ᠪᠡᠶᠡᠴᠢᠯᠡᠨ ᠤᠢᠯᠠᠭᠠᠵᠤ ᠰᠤᠳᠤᠯᠤᠨ ᠰᠤᠷᠤᠯᠴᠠᠬᠤ ᠲᠤᠮᠳᠠ ᠨᠦᠬᠦᠷᠯᠡᠯ ᠵᠢᠡᠨ ᠵᠤᠵᠠᠭᠠᠳᠬᠠᠪᠠ᠃ ᠡᠭᠦᠨ᠎ᠦ ᠬᠠᠮᠲᠤ᠂ ᠲᠣᠰ ᠭᠠᠵᠠᠷ᠎ᠤᠨ ᠶᠡᠬᠡ ᠳᠡᠭᠡᠳᠦ ᠰᠤᠷᠭᠠᠭᠤᠯᠢ᠎ᠶ᠋ᠢᠨ ᠡᠬᠢ ᠪᠠᠶᠠᠯᠢᠭ᠎ᠢ ᠠᠱᠢᠭ᠍ᠯᠠᠨ᠂ ᠬᠥᠯᠥᠨ ᠪᠣᠢᠷ ᠳᠡᠭᠡᠳᠦ ᠰᠤᠷᠭᠠᠭᠤᠯᠢ᠎ᠲᠠᠶ ᠬᠠᠮᠲᠤᠷᠠᠨ Tello ᠵᠢᠯᠣᠭᠣᠴᠢ ᠥᠬᠡᠶ ᠨᠢᠰᠭᠡᠯ᠎ᠦᠨ ᠫᠷᠤᠭ᠌ᠷᠠᠮ ᠨᠠᠢᠷᠠᠭᠤᠯᠬᠤ ᠵᠢᠴᠢ ᠥᠲᠥᠨ ᠪᠥᠮᠪᠥᠭᠡ᠎ᠶ᠋ᠢᠨ ᠬᠢᠴᠢᠶᠡᠯ ᠨᠡᠭᠡᠭᠡᠵᠦ᠍᠂ ᠸᠠᠩ ᠹᠸᠩ ᠱᠢᠶᠠᠨ᠂ ᠹᠠᠨ ᠴᠧᠩ ᠸᠧᠶ ᠬᠣᠶᠠᠷ ᠪᠠᠭ᠍ᠰᠢ ᠵᠢ ᠤᠷᠢᠵᠤ ᠬᠢᠴᠢᠶᠡᠯ ᠣᠷᠣᠭᠤᠯᠵᠤ᠂ ᠪᠠᠭᠠᠴᠤᠳ᠎ᠤᠨ ᠤᠷᠳᠤᠨ᠎ᠤ ᠪᠠᠭ᠍ᠰᠢ᠎ᠶ᠋ᠢᠨ ᠳᠤᠲᠠᠭᠤᠳᠠᠯ᠎ᠢ ᠱᠢᠶ᠋ᠳᠪᠦᠷᠢᠯᠡᠭ᠌ᠰᠡᠨ᠎ᠢᠶᠡᠷ ᠪᠠᠷᠠᠬᠤ ᠥᠬᠡᠶ᠂ ᠶᠡᠬᠡ ᠳᠡᠭᠡᠳᠦ ᠰᠤᠷᠭᠠᠭᠤᠯᠢ᠎ᠶ᠋ᠢᠨ ᠰᠤᠳᠤᠯᠭᠠᠨ᠎ᠤ ᠰᠡᠳᠦᠪ᠎ᠲᠦ ᠦᠶ᠋ᠯᠡᠳᠦᠯᠭᠡ᠎ᠶ᠋ᠢᠨ ᠲᠠᠪᠴᠠᠩ ᠬᠠᠩᠭᠠᠵᠤ᠂ ᠰᠤᠷᠭᠠᠭᠤᠯᠢ ᠪᠠ ᠪᠠᠭᠠᠴᠤᠤᠨ ᠤ᠋ᠨ ᠣᠷᠳᠣᠨ ᠬᠣᠯᠪᠣᠭᠠᠯᠠᠨ ᠬᠥᠳᠡᠯᠦᠯᠴᠡᠬᠦ᠂ ᠪᠡᠭᠡᠵᠢᠩ ᠥᠪᠥᠷ ᠮᠣᠩᠭᠣᠯ ᠭᠠᠷ ᠬᠣᠯᠪᠣᠯᠴᠠᠬᠤ ᠪᠡᠷ ᠲᠠᠮᠵᠢᠭᠤᠯᠤᠨ᠂ ᠴᠢᠨᠠᠷ ᠰᠠᠢᠲᠠᠶ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠦᠰᠦᠨ ᠪᠤᠢᠵᠢᠯᠳᠠ᠎ᠶ᠋ᠢᠨ 《ᠲᠦᠷᠭᠡᠳᠭᠡᠭᠦᠷ》 ᠪᠣᠯᠭᠠᠵᠠᠢ᠃


f58fc1d3-9f16-4780-bc9c-4d34cc825934.png


ᠤᠯᠤᠰ᠎ᠤᠨ ᠪᠠᠲᠤᠯᠠᠨ ᠬᠠᠮᠠᠭᠠᠯᠠᠯᠲᠠ ᠵᠢᠨ ᠬᠦᠮᠦᠵᠢᠯ


6529048a-b2c4-44b9-9bc3-daca68f267bd.png


ᠰᠤᠳᠤᠯᠤᠨ ᠰᠤᠷᠤᠯᠴᠠᠬᠤ ᠬᠦᠮᠦᠵᠢᠯ


ᠦᠨᠳᠦᠰᠦᠲᠡᠨ᠎ᠦ ᠰᠣᠶᠣᠯ᠎ᠢ ᠤᠯᠠᠮᠵᠢᠯᠠᠬᠤ ᠲᠤᠮᠳᠠ ᠵᠠᠯᠠᠭᠤᠴᠤᠤᠨ ᠪᠠᠭᠠᠴᠤᠤᠨ ᠤ᠋ᠨ ᠴᠤᠭ ᠵᠢᠪᠬᠤᠭ᠎ᠠ ᠶ᠋ᠢ ᠢᠯᠡᠷᠡᠭᠦᠯᠪᠡ

《ᠡᠯ᠎ᠡ ᠦᠨᠳᠦᠰᠦᠳᠡᠨ᠎ᠤ ᠬᠠᠮᠳᠤ ᠰᠤᠷᠤᠯᠭᠠᠳᠠᠳ ᠬᠠᠮᠳᠤ ᠪᠡᠷ ᠲᠣᠪᠱᠢᠭᠤᠷ ᠬᠥᠭ᠌ᠵᠢᠮᠳᠡᠨ ᠠᠷᠠᠳ᠎ᠤᠨ ᠳᠠᠭᠤᠤ ᠳᠠᠭᠤᠯᠠᠵᠤ᠂ ᠦᠰᠦᠨ ᠪᠢᠷ᠎ᠦᠨ ᠤᠷᠠᠨ ᠪᠢᠴᠢᠯᠭᠡ ᠪᠤᠯᠪᠠᠰᠤᠷᠠᠵᠤ᠂ ᠪᠡᠭᠡᠵᠢᠩ ᠵᠦᠴᠦᠭᠡ᠎ᠶ᠋ᠢᠨ ᠨᠢᠭᠤᠷ᠎ᠤᠨ ᠵᠢᠷᠤᠭ᠎ᠢ  ᠬᠠᠮᠵᠢᠯᠴᠠᠨ ᠵᠢᠷᠤᠨ᠎ᠠ᠃ ᠡᠨᠡ ᠪᠣᠯ ᠳᠠᠷᠤᠶ ᠦᠨᠳᠦᠰᠦᠲᠡᠨ᠎ᠨᠦᠭᠦᠳ᠎ᠦᠨ ᠪᠠᠭᠠᠴᠤᠤᠨ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠤ ᠪᠠᠢᠭ᠎ᠠ ᠵᠢᠨ ᠪᠤᠳᠠᠳᠤ ᠦᠵᠡᠭᠳᠡᠯ ᠪᠤᠯᠤᠨ᠎ᠠ!》 ᠭᠡᠵᠦ᠍ ᠬᠦᠯᠤᠨ ᠪᠤᠢᠷ ᠬᠤᠳᠠ᠎ᠶ᠋ᠢᠨ ᠪᠠᠭᠠᠴᠤᠳ᠎ᠤᠨ ᠣᠷᠳᠣᠨ᠎ᠤ ᠲᠣᠪᠱᠢᠭᠤᠷ ᠨᠡᠢᠭᠡᠮ᠎ᠦᠨ ᠪᠦᠯᠬᠦᠮ᠎ᠦᠨ ᠪᠦᠷᠢᠯᠳᠦᠬᠦᠨ ᠦ᠋ ᠢᠦᠢ ᠲᠦᠩ ᠶᠠᠷᠢᠨ᠎ᠠ᠃ ᠬᠦᠯᠤᠨ ᠪᠤᠢᠷ ᠬᠣᠲᠠ᠎ᠶ᠋ᠢᠨ ᠪᠠᠭᠠᠴᠤᠳ᠎ᠤᠨ ᠣᠷᠳᠣᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠵᠢᠭᠠᠨ ᠰᠤᠷᠭᠠᠯᠲᠠ᠎ᠳᠤ ᠠᠭᠤᠰᠤᠯᠴᠠᠭᠤᠯᠤᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠲᠦᠬᠡᠮᠡᠯᠵᠢᠬᠦᠯᠦᠨ ᠳᠡᠯᠭᠡᠷᠡᠭᠦᠯᠵᠦ᠍᠂ ᠪᠦᠯᠬᠦᠮᠳᠡᠯ᠎ᠲᠠᠪᠰᠢᠯᠳᠠ ᠵᠢᠨ ᠥᠯᠢᠭᠡᠷ᠎ᠢ ᠰᠠᠢᠳᠤᠷ ᠶᠠᠷᠢᠨ᠎ᠠ᠃ ᠲᠠᠭᠤᠤ ᠵᠢᠨ ᠬᠢᠴᠢᠶᠡᠯ ᠲᠡᠭᠡᠷ᠎ᠡ ᠡᠷᠲᠠᠨ᠎ᠦ ᠱᠢᠯᠦᠭ ᠳᠠᠭᠤᠯᠠᠯ᠎ᠢ᠋ ᠤᠯᠠᠮᠵᠢᠯᠠᠨ ᠵᠢᠭᠠᠵᠤ᠂ ᠬᠥᠭ᠌ᠵᠢᠮ᠎ᠦᠨ ᠬᠢᠴᠢᠶᠡᠯ ᠲᠡᠭᠡᠷ᠎ᠡ 《ᠬᠥᠬᠡ ᠬᠤᠸᠠᠷᠲᠤ ᠱᠠᠭᠠᠵᠠᠩ》᠂ 《ᠠᠵᠢᠨᠠᠶ ᠬᠦᠯᠦᠭ》᠎ᠢ᠋ ᠬᠥᠭ᠌ᠵᠢᠮᠳᠡᠨ᠎ᠠ᠃ 2024 ᠣᠨ᠎ᠳᠤ ᠨᠠᠩ ᠴᠤ᠌ ᠬᠠᠢᠯᠠᠷ ᠲᠤᠭᠤᠷᠢᠭ ᠤ᠋ᠨ ᠪᠣᠢᠷ ᠪᠠᠭ᠎ᠠ ᠰᠤᠷᠭᠠᠭᠤᠯᠢ᠎ᠳᠤ ᠨᠠᠢᠷᠠᠯ ᠳᠠᠭᠤᠤ᠎ᠶ᠋ᠢᠨ ᠪᠦᠯᠬᠦᠮ ᠪᠣᠯᠤᠨ ᠲᠣᠪᠱᠢᠭᠤᠷ᠎ᠤᠨ ᠨᠡᠢᠭᠡᠮ᠎ᠦᠨ ᠪᠦᠯᠬᠦᠮ᠎ᠢ ᠵᠣᠬᠢᠶᠠᠨ ᠪᠠᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠬᠡᠦᠭᠡᠳ ᠪᠠᠭᠠᠴᠤᠳ᠎ᠤᠨ ᠲᠤᠮᠳᠠᠳᠤ ᠵᠢᠨ ᠰᠣᠶᠣᠯ᠎ᠤᠨ ᠢᠲᠡᠭᠡᠯ᠎ᠢ ᠨᠡᠮᠡᠭᠳᠡᠬᠦᠯᠪᠡ᠃ ᠡᠭᠦᠨ᠎ᠡᠴᠡ ᠭᠠᠳᠠᠨ᠎ᠠ᠂ 《ᠲᠦᠮᠡᠨ ᠭᠠᠵᠠᠷ᠎ᠤᠨ ᠴᠠᠶ᠎ᠶ᠋ᠢᠨ ᠵᠠᠮ ᠵᠢᠡᠷ ᠰᠤᠷᠪᠤᠯᠵᠢᠯᠠᠵᠤ ᠭᠣᠢᠳᠠ ᠰᠠᠢᠬᠠᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠬᠠᠮᠲᠤ᠎ᠪᠠᠷ ᠡᠳ᠋ᠯᠡᠬᠦ᠌》 ᠳᠤᠮᠳᠠᠳᠤ ᠣᠷᠣᠰ᠎ᠤᠨ ᠮᠥᠰᠥ᠍ ᠴᠠᠰᠤᠨ᠎ᠤ ᠰᠤᠳᠤᠯᠤᠯ᠂ 《ᠢᠲᠡᠭᠡᠯ ᠪᠢᠱᠢᠷᠡᠯ᠎ᠦᠨ ᠦᠨᠡᠨ ᠶᠣᠰᠣᠨ᠎ᠤ ᠡᠷᠢᠯᠬᠢᠯᠡᠯ》 ᠳᠠᠭᠤᠤ ᠬᠥᠭ᠌ᠵᠢᠮ᠎ᠦᠨ ᠰᠤᠳᠤᠯᠤᠯ ᠥᠷᠨᠢᠭᠦᠯᠵᠦ᠍᠂ ᠵᠠᠯᠠᠭᠤᠴᠤᠳ ᠪᠠᠭᠠᠴᠤᠳ᠎ᠤᠨ ᠣᠯᠠᠨ ᠤᠯᠤᠰ᠎ᠤᠨ ᠬᠠᠷᠠᠭ᠎ᠠ᠎ᠶ᠋ᠢ ᠥᠷᠭᠡᠳᠭᠡᠪᠡ; ᠨᠡᠢᠭᠡᠮ ᠲᠣᠭᠣᠷᠢᠭ᠎ᠲᠤ ᠭᠦᠨᠵᠡᠭᠡᠢᠷᠡᠨ ᠤᠳᠭ᠎ᠠ ᠤᠷᠠᠯᠢᠭ ᠵᠢᠡᠷ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ ᠭᠠᠷᠭᠠᠵᠤ᠂ 《ᠪᠢ ᠤᠯᠠᠨ ᠲᠦᠮᠡᠨ᠎ᠳᠦ ᠪᠣᠳᠠᠲᠠᠢ ᠶᠠᠪᠤᠳᠠᠯ ᠬᠢᠵᠦ᠍ ᠥᠭ᠌ᠬᠦ》ᠵᠢ ᠪᠣᠳᠠᠲᠠᠢ᠎ᠳᠤ ᠨᠠᠢᠳᠠᠪᠤᠷᠢᠵᠢᠭᠤᠯᠵᠤ᠂ ᠪᠠᠭᠠᠴᠤᠳ᠎ᠤᠨ ᠣᠷᠳᠣᠨ ᠨᠢ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌ ᠦᠰᠦᠨ ᠪᠣᠢᠵᠢᠬᠤ ᠴᠡᠩᠭᠡᠯ᠎ᠦᠨ ᠣᠷᠣᠨ ᠪᠣᠯᠵᠠᠢ᠃


a030dd73-f3c9-453b-a2e1-e267e05a1f09.png


ad408ce6-2ab6-463c-b71a-86a9b478654a.png


ᠰᠤᠳᠤᠯᠤᠨ ᠰᠤᠷᠤᠯᠴᠠᠬᠤ ᠬᠦᠮᠦᠵᠢᠯ


ᠬᠤᠪᠢᠰᠭᠠᠯ᠎ᠤᠨ ᠬᠥᠮᠦᠵᠢᠯ᠎ᠦᠨ ᠰᠤᠳᠤᠯᠤᠨ ᠰᠤᠷᠤᠯᠴᠠᠬᠤ᠎ᠡᠴᠡ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠨᠥᠬᠥᠷᠯᠡᠯ᠎ᠢ ᠤᠯᠠᠮᠵᠢᠯᠠᠬᠤ ᠬᠦᠷᠲᠡᠯ᠎ᠡ᠂ ᠲᠠᠬᠢᠭᠠᠳ ᠦᠨᠳᠦᠰᠦᠲᠡᠨ᠎ᠦ ᠰᠣᠶᠣᠯ᠎ᠢ ᠦᠶ᠎ᠡ᠎ᠶ᠋ᠢᠨ ᠦᠶ᠎ᠡ᠎ᠳᠦ ᠤᠯᠠᠮᠵᠢᠯᠠᠬᠤ ᠬᠦᠷᠲᠡᠯ᠎ᠡ᠂ ᠬᠥᠯᠥᠨ ᠪᠤᠢ᠌ᠷ ᠬᠤᠳᠠ᠎ᠶ᠋ᠢᠨ ᠪᠠᠭᠠᠴᠤᠳ᠎ᠤᠨ ᠣᠷᠳᠣᠨ ᠱᠢᠨ᠎ᠡ᠎ᠶ᠋ᠢ ᠡᠭᠦᠳᠬᠦ᠌ ᠦᠢᠯᠡᠳᠦᠯᠭᠡ᠎ᠪᠡᠷ ᠪᠢᠷ ᠪᠣᠯᠭᠠᠨ᠂ ᠦᠨᠳᠦᠰᠦᠲᠡᠨ᠎ᠦ ᠪᠦᠯᠬᠦᠮᠳᠡᠯ᠎ᠢᠶᠡᠷ ᠪᠡᠬᠡ ᠪᠣᠯᠭᠠᠵᠤ᠂ ᠰᠤᠷᠭᠠᠭᠤᠯᠢ᠎ᠶ᠋ᠢᠨ ᠭᠠᠳᠠᠨᠠᠬᠢ ᠰᠤᠷᠭᠠᠨ ᠬᠥᠮᠦᠵᠢᠯ᠎ᠢ ᠠᠮᠢᠳᠤ ᠪᠤᠳᠠᠳᠠᠢ ᠵᠢᠷᠤᠭᠯᠠᠵᠦ᠍᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠢ᠋ ᠬᠦᠨᠵᠡᠭᠡᠢᠷᠡᠬᠦᠯᠵᠦ᠍᠂ ᠢᠲᠡᠭᠡᠯ ᠪᠢᠱᠢᠷᠡᠯ᠎ᠢ  ᠴᠢᠩᠭᠠᠳᠭᠠᠨ᠂ ᠨᠥᠬᠥᠷᠯᠡᠯ ᠎ᠢ ᠵᠤᠵᠠᠭᠠᠳᠬᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号