ᠪᠤᠳᠠᠰ ᠎ᠤᠨ ᠪᠤᠰᠤ ᠰᠤᠶᠤᠯ ᠎ᠤᠨ ᠦᠪ ᠎ᠤᠨ ᠰᠢᠨᠡᠴᠢᠯᠡᠯ ᠨᠢ ᠤᠯᠠᠮᠵᠢᠯᠠᠯ ᠪᠠ ᠤᠳᠤᠭᠢᠴᠢᠯᠠᠯ᠎ᠤᠨ ᠠᠭᠤᠰᠤᠯᠴᠠᠯ ᠮᠦᠨ
2025-11-19 11:16:43
ᠵᠣᠬᠢᠶᠠᠭ᠍ᠴᠢ᠄
ᠭᠤᠤ ᠷᠦᠢ ᠹᠸᠩ
ᠣᠩᠱᠢᠭ᠍ᠰᠠᠨ ᠣᠳᠠᠭ᠎ᠠ᠄
★★★☆☆

ᠪᠤᠳᠠᠰ᠎ᠤᠨ ᠪᠤᠰᠤ ᠰᠤᠶᠤᠯ᠎ᠤᠨ ᠦᠪ ᠪᠤᠯ ᠦᠨᠳᠦᠰᠦᠳᠡᠨ ᠎ᠤ  ᠤᠶᠤᠨ ᠤᠬᠠᠭᠠᠨ ᠪ ᠲᠠᠯᠠᠰᠳᠤ ᠪᠠ ᠬᠠᠢᠷ᠎ᠠ ᠰᠡᠳᠭᠢᠯᠭᠡ ᠵᠢᠨ ᠲᠦᠰᠢᠯᠭᠡ ᠪᠠᠢᠵᠤ᠂ ᠭᠦᠨ ᠵᠤᠵᠠᠭᠠᠨ ᠲᠡᠦᠭᠡ ᠵᠢᠨ ᠲᠤᠷᠠᠳᠬᠠᠯ ᠪᠠ ᠤᠨᠴᠠᠭᠠᠢ ᠰᠤᠶᠤᠯ᠎ᠤᠨ ᠭᠸᠨ᠎ᠢ ᠠᠴᠢᠶᠠᠯᠠᠵᠤ ᠪᠠᠢᠳᠠᠭ᠃ ᠰᠢᠨ᠎ᠠ ᠴᠠᠭ ᠦᠶ᠎ᠠ᠎ᠳᠤ᠂ ᠪᠤᠳᠠᠰ᠎ᠤᠨ ᠪᠤᠰᠤ ᠰᠤᠶᠤᠯ᠎ᠤᠨ ᠦᠪ ᠨᠢ ᠭᠡᠷᠭᠢᠨ ᠠᠮᠢᠵᠢᠷᠠᠯ ᠵᠢᠡᠨ ᠤᠯᠬᠤ ᠪᠤᠢ ᠭᠡᠳᠡᠭ ᠲᠤ᠌  ᠤᠯᠠᠨ ᠡᠰᠢᠳᠤ ᠰᠢᠨᠡᠴᠢᠯᠡᠯᠳᠡ ᠵᠢᠨ ᠵᠠᠮ ᠎ᠢ ᠬᠠᠢᠨ ᠰᠦᠪᠡᠭᠴᠢᠯᠡᠭᠦ ᠶᠠᠪᠤᠳᠠᠯ ᠱᠠᠭᠠᠷᠳᠠᠭᠳᠠᠨ᠎ᠠ᠃

ᠡᠩ ᠲᠡᠷᠢᠭᠦᠨ᠎ᠳᠤ᠂ ᠰᠢᠨᠵᠢᠯᠡᠭᠦ ᠤᠬᠠᠭᠠᠨ ᠮᠡᠷᠭᠡᠵᠢᠯ ᠵᠢᠡᠷ ᠵᠢᠭᠦᠷᠯᠡᠵᠤ᠂ ᠭᠦᠷᠢᠶ᠎ᠠ ᠴᠠᠷᠠᠭ᠎ᠠ ᠪᠠᠨ ᠲᠠᠯᠠᠨ᠎ᠡ᠃ ᠲᠤᠭᠠᠴᠢᠯᠠᠭᠰᠠᠨ ᠮᠡᠷᠭᠡᠵᠢᠯ᠎ᠢ ᠠᠰᠢᠭᠯᠠᠵᠤ᠂ 3D ᠪᠡᠷ ᠵᠠᠭᠪᠤᠷ ᠵᠤᠭᠢᠶᠠᠬᠤ ᠭᠡᠭᠦ ᠮᠡᠳᠦ ᠵᠢᠨ ᠤᠳᠤᠭᠢᠴᠢᠯᠠᠭᠰᠠᠨ ᠰᠢᠨᠵᠢᠯᠡᠭᠡ ᠮᠡᠷᠭᠡᠵᠢᠯ᠎ᠢ ᠠᠰᠢᠭᠯᠠᠪᠠᠯ ᠰᠠᠶᠢ ᠦᠨᠢ ᠡᠷᠳᠡᠨ ᠎ᠤ ᠮᠡᠷᠭᠡᠵᠢᠯ᠎ᠢ ᠨᠠᠷᠢᠯᠢᠭ ᠤᠨᠤᠪᠴᠢᠳᠠᠢ  ᠲᠡᠮᠳᠡᠭᠯᠡᠵᠤ᠂ ᠦᠨᠢᠳᠡ ᠬᠠᠳᠠᠭᠠᠯᠠᠨ ᠦᠯᠡᠳᠡᠭᠡᠵᠤ ᠴᠢᠳᠠᠨ᠎ᠠ᠃ ᠡᠭᠦᠨᠴᠢᠯᠠᠨ ᠭᠦᠮᠦᠰ ᠲᠤ᠌  ᠪᠤᠳᠠᠰ᠎ᠤᠨ ᠪᠤᠰᠤ ᠰᠤᠶᠤᠯ᠎ᠤᠨ ᠦᠪ᠎ᠢ ᠪᠠᠶᠠᠴᠢᠯᠠᠨ ᠤᠢᠯᠠᠭᠠᠭᠤᠯᠵᠤ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠭᠦᠨᠴᠡ ᠴᠢᠨᠠᠷ ᠪᠠ ᠦᠷᠭᠡᠨ ᠴᠢᠨᠠᠷ᠎ᠢ ᠨᠡᠩ ᠶᠡᠭᠡ ᠪᠠᠷ ᠲᠡᠯᠡᠵᠤ ᠴᠢᠳᠠᠨ᠎ᠠ᠃

ᠲᠠᠷᠠᠭᠠᠯᠠᠪᠠᠯ᠂ ᠵᠢᠷᠤᠵᠤ ᠲᠦᠰᠦᠪᠯᠡᠨ ᠠᠮᠢᠳᠤᠷᠠᠯ᠎ᠳᠤ ᠤᠢᠷᠠᠳᠤᠭᠤᠯᠤᠨ᠎ᠠ᠃ ᠤᠯᠠᠮᠵᠢᠯᠠᠯᠳᠤ ᠭᠡ ᠤᠭᠠᠯᠵᠠ᠂ ᠰᠤᠨᠭᠭᠤᠳᠠᠭ ᠤᠷ᠎ᠠ ᠮᠡᠷᠭᠡᠵᠢᠯ᠎ᠤᠨ ᠡᠯᠸᠮᠸᠨ᠋ᠲ᠎ᠢ ᠤᠳᠤᠬᠠᠨ᠎ᠤ ᠬᠤᠪᠴᠠᠰᠤ ᠵᠠᠰᠠᠯ᠂ ᠭᠡᠷ᠎ᠤᠨ ᠡᠳ᠋ᠯᠡᠯ ᠭᠡᠷᠡᠭᠰᠡᠯ ᠵᠡᠷᠭᠡ ᠎ᠳᠤ ᠤᠷᠠᠯᠠᠨ ᠲᠦᠰᠦᠪᠯᠡᠵᠤ ᠤᠷᠤᠭᠤᠯᠤᠨ᠂ ᠲᠡᠭᠦᠨ᠎ᠢ ᠰᠤᠶᠤᠯ᠎ᠤᠨ ᠠᠭᠤᠯᠬᠤᠨ ᠲᠠᠢ ᠮᠦᠷᠳᠡᠭᠡᠨ ᠤᠳᠤᠭᠢᠴᠢᠯᠠᠭᠰᠠᠨ  ᠮᠠᠶᠢᠭ ᠲᠠᠢ ᠪᠤᠯᠭᠠᠵᠤ᠂ ᠤᠳᠤ ᠦᠶ᠎ᠠ ᠵᠢᠨ ᠭᠦᠮᠦᠰ᠎ᠤᠨ ᠭᠤᠤ᠎ᠠ ᠰᠠᠢᠬᠠᠨ ᠎ᠤ  ᠦᠵᠡᠯᠳᠡ ᠪᠤᠯᠤᠨ ᠠᠮᠢᠳᠤᠷᠠᠯ᠎ᠤᠨ ᠭᠡᠷᠡᠭᠴᠡᠭᠡ ᠱᠠᠭᠠᠷᠳᠠᠯᠭ᠎ᠠ ᠲᠠᠢ ᠵᠤᠭᠢᠴᠠᠭᠤᠯᠤᠨ᠎ᠠ᠃

ᠬᠠᠮᠤᠭ᠎ᠤᠨ ᠰᠡᠭᠦᠯ᠎ᠳᠤ᠂ ᠵᠠᠭᠠᠭ ᠭᠢᠵᠠᠭᠠᠷ᠎ᠢ ᠲᠠᠪᠠᠨ ᠠᠭᠤᠰᠤᠯᠴᠠᠭᠤᠯᠵᠤ᠂ ᠤᠷᠤᠨ ᠵᠠᠢ ᠵᠢ ᠦᠷᠭᠡᠳᠭᠡᠨ᠎ᠠ᠃ ᠪᠤᠳᠠᠰ᠎ᠤᠨ ᠪᠤᠰᠤ ᠰᠤᠶᠤᠯ᠎ᠤᠨ ᠦᠪ᠎ᠤᠨ ᠭᠤᠤᠯ ᠰᠡᠳᠦᠪᠳᠦ ᠵᠢᠭᠤᠯᠴᠢᠯᠠᠯ᠂ ᠰᠤᠷᠭᠠᠨ ᠭᠦᠮᠦᠵᠢᠯ᠂ ᠲᠤᠭᠯᠠᠯᠳᠠ᠂ ᠺᠠᠷᠲ᠋ᠤᠨ ᠲᠤᠭᠯᠠᠭᠠᠮ  ᠵᠡᠷᠭᠡ ᠬᠠᠮᠢᠶ᠎ᠠ ᠪᠦᠭᠦᠢ ᠠᠵᠤ ᠦᠢᠯᠡᠰ ᠲᠠᠢ ᠭᠦᠨᠵᠡᠭᠡᠢ ᠠᠭᠤᠰᠤᠯᠴᠠᠭᠤᠯᠤᠨ᠎ᠠ᠃ ᠪᠤᠳᠠᠰ᠎ᠤᠨ ᠪᠤᠰᠤ ᠰᠤᠶᠤᠯ᠎ᠤᠨ ᠦᠪ᠎ᠤᠨ ᠭᠤᠤᠯ ᠰᠡᠳᠦᠪᠳᠦ ᠵᠢᠭᠤᠯᠴᠢᠯᠠᠯ᠎ᠢ ᠨᠡᠭᠡᠭᠡᠭᠦ ᠪᠡᠷ ᠲᠠᠮᠵᠢᠭᠤᠯᠤᠨ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠷᠤᠰᠢᠬᠤ ᠤᠷᠤᠨ ᠵᠠᠢ ᠪᠠ ᠠᠵᠤ ᠠᠬᠤᠢ ᠵᠢᠨ ᠦᠷᠳᠡᠭ᠎ᠢ ᠨᠡᠩ ᠨᠡᠮᠡᠭᠳᠡᠭᠦᠯᠵᠤ᠂ ᠰᠢᠨ᠎ᠠ ᠭᠦᠷᠢᠶ᠎ᠠ ᠴᠠᠷᠠᠭᠠᠨ᠎ᠳᠤ ᠦᠪᠡᠷ᠎ᠤᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠵᠢ ᠠᠭᠢᠭᠤᠯᠤᠨ᠎ᠠ᠃

ᠭᠦᠭᠵᠢᠯᠳᠡ ᠵᠢᠨ ᠲᠤᠮᠳᠠ ᠲᠠᠰᠤᠷᠠᠯᠳᠠ ᠦᠭᠡᠢ ᠰᠢᠨᠡᠴᠢᠯᠡᠵᠤ᠂ ᠴᠠᠭ ᠦᠶ᠎ᠠ ᠲᠠᠢ ᠵᠡᠷᠭᠡ ᠪᠠᠷ ᠤᠷᠤᠭᠰᠢᠯᠠᠪᠠᠯ ᠪᠤᠳᠠᠰ᠎ᠤᠨ ᠪᠤᠰᠤ ᠰᠤᠶᠤᠯ᠎ᠤᠨ ᠦᠪ ᠨᠢ ᠰᠠᠶᠢ ᠰᠢᠨ᠎ᠠ ᠴᠠᠭ ᠦᠶ᠎ᠠ᠎ᠳᠤ ᠵᠢᠨᠭᠭᠢᠨᠢ ᠪᠡᠷ ᠤᠷᠤᠰᠢᠨ 《ᠠᠮᠢᠳᠤᠷᠠᠵᠤ》 ᠴᠢᠳᠠᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号