11 ᠰᠠᠷ᠎ᠠ᠎ᠶᠢᠨ18᠎ᠤ᠋ ᠡᠳᠦᠷ᠂ ᠦᠪᠦᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠬ᠎ᠤᠨ ᠤᠷᠳᠤᠨ᠎ᠤ ᠰᠤᠨᠢᠨ ᠮᠡᠳᠡᠬᠡᠨ᠎ᠤ ᠠᠯᠪᠡᠨ ᠭᠡᠷ 《〈ᠠᠷᠪᠡᠨ ᠲᠦᠷᠪᠡᠳᠦᠭᠡᠷ ᠲᠠᠪᠤᠨ ᠵᠢᠯ〉 ᠤ᠋ᠨ ᠲᠦᠯᠦᠪᠵᠢᠬᠦᠯᠬᠡ ᠵᠢ ᠪᠡᠶᠡᠯᠡᠬᠦᠯᠵᠦ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ》 ᠰᠢᠷᠢᠰ ᠭᠤᠤᠯ ᠰᠠᠳᠤᠪᠳᠤ ᠰᠤᠨᠢᠨ ᠮᠡᠳᠡᠭᠡ ᠨᠡᠢᠳᠡᠯᠡᠬᠦ ᠬᠤᠷᠠᠯ᠎ᠤᠨ 《ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠪᠣᠬᠢᠷᠲᠤᠯ ᠥᠬᠡᠶ ᠣᠨᠴᠠᠯᠢᠭ᠍ᠲᠤ ᠳᠠᠪᠠᠭᠤᠯᠢᠭ ᠣᠲᠣ ᠦᠶ᠎ᠡ᠎ᠶ᠋ᠢᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ》 ᠲᠤᠰᠭᠠᠶ ᠲᠠᠯᠠᠪᠠᠢ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠂ ᠦᠪᠡᠷᠳᠡᠬᠡᠨ ᠵᠠᠰᠠᠬᠤ ᠤᠷᠤᠨ᠎ᠤ ᠠᠵᠦ ᠦᠢᠯᠡᠳᠪᠦᠷᠢ ᠪᠡ ᠮᠡᠳᠡᠬᠡ ᠵᠠᠨᠭᠬᠢᠴᠢᠯᠠᠯᠳᠡᠶᠢᠨ ᠲᠢᠨᠭᠬᠢᠮ᠂ ᠦᠪᠡᠷᠳᠡᠬᠡᠨ ᠵᠠᠰᠠᠬᠤ ᠤᠷᠤᠨ᠎ᠤ ᠲᠠᠷᠢᠶᠠᠯᠠᠡᠭ ᠮᠠᠯ ᠠᠵᠤ ᠠᠬᠤᠢ᠎ᠶᠢᠨ ᠲᠢᠨᠭᠬᠢᠮ᠂ ᠦᠪᠡᠷᠳᠡᠭᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠨᠭᠬᠢᠮ᠂ ᠦᠪᠡᠷᠳᠡᠬᠡᠨ ᠵᠠᠰᠠᠬᠤ ᠤᠷᠤᠨ᠎ᠤ ᠡᠨᠧᠷᠬᠢ᠎ᠶᠢᠨ ᠲᠤᠪᠴᠢᠶ᠎ᠠ᠎ᠶᠢᠨ ᠬᠠᠷᠢᠭᠤᠴᠠᠯᠭᠠᠳᠠᠨ ᠡᠴᠡ 《ᠠᠷᠪᠡᠨ ᠲᠦᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠡᠬᠢ ᠦᠪᠦᠷ ᠮᠤᠡᠭᠭᠤᠯ᠎ᠤᠨ ᠠᠵᠤ ᠦᠶ᠋ᠯᠡᠳᠪᠦᠷᠢ᠎ᠶ᠋ᠢᠨ ᠠᠵᠤ ᠠᠬᠤᠢ᠎ᠶᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠬᠰᠠᠨ᠂ ᠴᠢᠨᠠᠷ ᠰᠠᠢᠲᠠᠶ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠨᠡᠮᠡᠭ᠌ᠳᠡᠭᠦᠯᠦᠭᠰᠡᠨ᠂ ᠤᠳᠤ ᠦᠶ᠎ᠡ᠎ᠶ᠋ᠢᠨ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡᠨ᠎ᠦ ᠱᠢᠰᠲ᠋ᠧᠮ᠎ᠢ ᠱᠢᠯᠢᠳᠡᠭ᠌ᠵᠢᠭᠦᠯᠦᠨ ᠲᠡᠭᠦᠯᠳᠡᠷᠵᠢᠭᠦᠯᠦᠭᠰᠡᠨ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ ᠵᠢ ᠪᠥᠬᠥ᠌ ᠬᠦᠴᠦᠨ᠎ᠢᠶᠡᠷ᠎ᠢᠶᠡᠨ ᠬᠦᠭᠵᠢᠬᠦᠯᠦᠭᠰᠡᠨ ᠠᠷᠭ᠎ᠠ ᠬᠡᠮᠵᠢᠶ᠎ᠠ ᠪᠡ ᠦᠷ᠎ᠠ ᠪᠦᠳᠤᠮᠵᠢ ᠵᠢ ᠨᠡᠢᠳᠡᠯᠡᠵᠦ᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠪᠣᠬᠢᠷᠲᠤᠯ ᠥᠬᠡᠶ ᠣᠨᠴᠠᠯᠢᠭ᠍ᠲᠤ ᠳᠠᠪᠠᠭᠤᠯᠢᠭ ᠣᠲᠣ ᠦᠶ᠎ᠡ᠎ᠶ᠋ᠢᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ᠎ᠳᠤ ᠬᠦᠴᠦᠨ ᠨᠡᠮᠡᠷᠢᠯᠡᠪᠠ᠃
ᠠᠵᠤ ᠦᠶ᠋ᠯᠡᠳᠪᠦᠷᠢ᠎ᠶ᠋ᠢᠨ ᠠᠵᠤ ᠠᠬᠤᠢ᠎ᠶᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ
《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠬᠤᠭᠤᠴᠠᠭᠠᠨ᠎ᠳᠦ᠂ ᠥᠪᠥᠷ ᠮᠣᠩᠭᠣᠯ ᠡᠬᠢ ᠪᠠᠶᠠᠯᠢᠭ᠎ᠤᠨ ᠳᠠᠪᠠᠭᠤᠯᠢᠭ ᠪᠠ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠠᠭᠠᠨ ᠰᠠᠭᠤᠷᠢᠯᠠᠨ᠂ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡ᠎ᠶ᠋ᠢᠨ ᠬᠠᠷᠠᠯᠲᠠ᠎ᠶ᠋ᠢ ᠲᠣᠭ᠍ᠲᠠᠭᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠬᠦᠴᠦᠯᠡᠨ ᠱᠢᠯᠢᠳᠡᠭ᠌ᠵᠢᠭᠦᠯᠵᠦ᠍᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ 〈ᠱᠢᠨ᠎ᠡ ᠵᠠᠮ᠎ᠢᠶᠠᠷ ᠵᠠᠮᠨᠠᠵᠤ ᠳᠤᠮᠳᠠ ᠲᠦᠪᠰᠢᠨ᠎ᠳᠤ ᠣᠷᠣᠬᠤ〉 ᠶ᠋ᠢ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠵᠠᠢ》 ᠬᠡᠵᠦ ᠦᠪᠡᠷᠳᠡᠬᠡᠨ ᠵᠠᠰᠠᠬᠤ ᠤᠷᠤᠨ᠎ᠤ ᠠᠵᠦ ᠦᠢᠯᠡᠳᠪᠦᠷᠢ ᠪᠡ ᠮᠡᠳᠡᠬᠡ ᠵᠠᠨᠭᠬᠢᠴᠢᠯᠠᠯᠳᠡᠶᠢᠨ ᠲᠢᠨᠭᠬᠢᠮ᠎ᠤᠨ ᠳᠠᠳ᠋ ᠳᠠᠷᠤᠭ᠎ᠠ ᠵᠠᠡᠭ ᠵᠢᠦᠢ ᠹᠥ ᠭᠡᠯᠡᠪᠡ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠦᠪᠦᠷ ᠮᠤᠡᠭᠭᠤᠯ᠎ᠤᠨ ᠠᠵᠤ ᠦᠶ᠋ᠯᠡᠳᠪᠦᠷᠢ᠎ᠶ᠋ᠢᠨ ᠶᠡᠷᠦᠩᠬᠡᠶ ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ ᠢᠳᠡᠪᠬᠢᠲᠡᠶ ᠠᠬᠢᠴᠠ᠎ᠲᠠᠶ ᠪᠣᠯᠵᠠᠢ᠃ 2024 ᠣᠨ᠎ᠳᠤ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠪᠥᠬᠥ᠌ ᠨᠡᠮᠡᠭ᠌ᠳᠡᠯ ᠥᠷᠲᠡᠭ ᠲᠦᠮᠡᠨ ᠳ᠋ᠦᠩᠱᠢᠭᠤᠷ ᠲᠥᠭᠥᠷᠢᠭ᠎ᠦᠨ ᠶᠡᠬᠡ ᠪᠣᠭᠣᠮᠲᠠ᠎ᠶ᠋ᠢ ᠳᠠᠪᠠᠵᠤ᠂ ᠵᠢᠯ ᠳᠤᠮᠳᠠᠴᠢ᠎ᠪᠠᠷ 9.3% ᠪᠠᠷ ᠨᠡᠮᠡᠭ᠌ᠳᠡᠵᠦ᠍᠂ GDP᠎ᠶ᠋ᠢᠨ 38%᠎ᠶ᠋ᠢ ᠡᠵᠡᠯᠡᠵᠦ᠍᠂ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠰᠡᠭᠦᠯᠴᠢᠶ᠋ᠢᠨᠬᠤᠭᠤᠴᠠᠭᠠᠨᠤ ᠬᠢ᠎ᠡᠴᠡ ᠵᠠᠭᠤᠨ᠎ᠤ ᠬᠠᠷᠢᠴᠡᠯ᠎ᠢᠶᠡᠷ 5.6 ᠬᠤᠪᠢ ᠳᠡᠭᠡᠭ᠌ᠰᠢᠯᠡᠵᠦ᠍᠂ ᠶᠡᠷᠦᠩᠬᠡᠶ ᠬᠡᠮᠵᠢᠶ᠎ᠡ᠎ᠨᠢ ᠪᠥᠬᠥ᠌ ᠤᠯᠤᠰ᠎ᠤᠨ 14 ᠳ᠋ᠤᠭᠡᠷ᠎ᠲᠦ ᠣᠷᠣᠵᠠᠢ᠃ ᠦᠪᠦᠷ ᠮᠤᠡᠭᠭᠤᠯ᠎ᠤᠨ ᠠᠵᠤ ᠦᠶ᠋ᠯᠡᠳᠪᠦᠷᠢ ᠭᠤᠤᠯᠳᠠᠭᠤ ᠡᠨᠧᠷᠭᠢ ᠪᠠ ᠦᠶ᠋ᠯᠡᠳᠬᠦ᠌ ᠦᠶ᠋ᠯᠡᠰ᠎ᠤᠨ ᠬᠣᠶᠠᠷ ᠶᠡᠬᠡ ᠬᠡᠰᠡᠭ᠎ᠢᠶᠡᠷ ᠪᠦᠷᠢᠯᠳᠦᠵᠦ᠍᠂ 90 ᠵᠦᠢᠯ ᠡᠴᠡ ᠲᠠᠭᠡᠭᠰᠢᠬᠢ ᠠᠵᠤ ᠦᠶ᠋ᠯᠡᠳᠪᠦᠷᠢ᠎ᠶ᠋ᠢᠨ ᠦᠢᠯᠡᠳᠬᠦᠨ᠎ᠤ ᠦᠶ᠋ᠯᠡᠳᠪᠦᠷᠢᠯᠡᠯ᠎ᠤᠨ ᠴᠢᠳᠠᠪᠬᠢ ᠪᠥᠬᠥ᠌ ᠤᠯᠤᠰ᠎ᠲᠤ ᠨᠢᠭᠡᠳᠦᠭᠡᠷ᠎ᠲᠦ ᠤᠷᠤᠵᠠᠢ᠃ ᠡᠭᠦᠨ᠎ᠳᠦ᠂ ᠨᠡᠭᠦᠷᠡᠰᠦᠨ᠎ᠦ ᠭᠠᠷᠤᠯᠲᠠ᠂ ᠴᠠᠬᠢᠯᠭᠠᠨ ᠬᠦᠴᠦᠨ᠎ᠦ ᠶᠡᠷᠦᠩᠬᠡᠶ ᠮᠠᠱᠢᠨ ᠴᠣᠭ᠍ᠴᠠᠯᠠᠪᠤᠷᠢ᠂ ᠴᠠᠬᠢᠯᠭᠠᠨ ᠭᠠᠷᠭᠠᠬᠤ ᠬᠡᠮᠵᠢᠶ᠎ᠡ᠂ ᠱᠢᠨ᠎ᠡ ᠡᠨᠧᠷᠭᠢ᠎ᠶ᠋ᠢᠨ ᠮᠠᠱᠢᠨ ᠴᠤᠭᠴᠠᠯᠠᠪᠤᠷᠢ᠂ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠬᠡᠮᠵᠢᠶ᠎ᠡ ᠵᠡᠷᠭᠡ 15 ᠵᠦᠶ᠋ᠯ᠎ᠦᠨ ᠡᠨᠧᠷᠭᠢ᠎ᠶ᠋ᠢᠨ ᠦᠢᠯᠡᠳᠬᠦᠨ᠎ᠦ ᠵᠢᠭᠠᠯᠳᠡ ᠲᠣᠭ᠎ᠠ ᠪᠥᠬᠥ᠌ ᠤᠯᠤᠰ᠎ᠲᠤ ᠲᠡᠷᠢᠭᠦᠯᠡᠵᠦ᠍᠂ ᠪᠥᠬᠥ᠌ ᠤᠯᠤᠰ᠎ᠤᠨ ᠠᠩᠬᠠᠳᠠᠭ᠍ᠴᠢ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 1 ᠳ᠋ᠦᠩᠱᠢᠭᠤᠷ ᠺᠢᠯᠦᠸᠠᠲ᠎ᠢ ᠳᠠᠪᠠᠭ᠍ᠰᠠᠨ ᠮᠤᠵᠢ ᠣᠷᠣᠨ ᠪᠣᠯᠵᠠᠶ; ᠲᠡᠮᠦᠷᠯᠢᠭ ᠬᠠᠢᠯᠤᠭᠤᠯᠬᠤ᠂ ᠬᠢᠮᠢ᠎ᠶ᠋ᠢᠨ ᠠᠵᠤ ᠦᠶ᠋ᠯᠡᠳᠪᠦᠷᠢ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌᠂ ᠣᠲᠣ ᠦᠶ᠎ᠡ᠎ᠶ᠋ᠢᠨ ᠲᠣᠨᠣᠭᠯᠠᠯ ᠦᠶ᠋ᠯᠡᠳᠬᠦ᠌ ᠵᠡᠷᠭᠡ ᠭᠤᠤᠯᠳᠠᠯᠭ᠎ᠠ᠎ᠲᠠᠶ ᠲᠤᠯᠭᠠᠭᠤᠷᠢ ᠠᠵᠤ ᠦᠶ᠋ᠯᠡᠰ᠎ᠢ ᠪᠣᠶ ᠪᠣᠯᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ ᠵᠢᠯ ᠳᠤᠮᠳᠠᠴᠢ᠎ᠪᠠᠷ 10.1%᠎ᠪᠠᠷ ᠨᠡᠮᠡᠭ᠌ᠳᠡᠵᠦ᠍᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭᠲᠦ ᠦᠵᠡᠭᠦᠯᠬᠦ᠌ ᠬᠤᠪᠢ ᠨᠡᠮᠡᠷᠢ᠎ᠶ᠋ᠢᠨ ᠨᠣᠷᠮ᠎ᠠ 50% ᠡᠴᠡ ᠳᠡᠭᠡᠭ᠌ᠰᠢ᠎ᠳᠦ ᠬᠥᠷᠴᠠᠢ᠃ ᠦᠶ᠋ᠯᠡᠳᠬᠦ᠌ ᠦᠶ᠋ᠯᠡᠰ᠎ᠦᠨ ᠬᠦᠷᠢᠶᠡᠨ᠎ᠳᠡᠬᠢ 76 ᠵᠦᠶ᠋ᠯ᠎ᠦᠨ ᠦᠶ᠋ᠯᠡᠳᠬᠦᠨ᠎ᠦ ᠦᠢᠯᠡᠳᠪᠦᠷᠢᠯᠡᠯ᠎ᠤᠨ ᠴᠢᠳᠠᠪᠬᠢ ᠪᠥᠬᠥ᠌ ᠤᠯᠤᠰ᠎ᠲᠤ ᠲᠡᠷᠢᠭᠦᠯᠡᠵᠡᠢ᠂ ᠡᠭᠦᠨ᠎ᠳᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠦᠷᠢᠶᠡᠨ᠎ᠳᠦ 21 ᠵᠦᠶ᠋ᠯ᠂ ᠱᠢᠨ᠎ᠡ ᠮᠠᠲ᠋ᠧᠷᠢᠶᠠᠯ᠎ᠤᠨ 14 ᠵᠦᠶ᠋ᠯ᠂ ᠣᠲᠣ ᠦᠶ᠎ᠡ᠎ᠶ᠋ᠢᠨ ᠲᠣᠨᠣᠭᠯᠠᠯ᠎ᠤᠨ 4 ᠵᠦᠶ᠋ᠯ᠂ ᠠᠮᠢᠳᠤ ᠪᠣᠳᠠᠰ᠎ᠤᠨ ᠡᠮ ᠡᠮᠨᠡᠯᠭᠡ ᠵᠢᠨ 18 ᠵᠦᠶ᠋ᠯ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠪᠣᠯᠪᠠᠰᠤᠷᠠᠭᠤᠯᠬᠤ 9 ᠵᠦᠶ᠋ᠯ ᠪᠣᠶ᠃
ᠴᠢᠨᠠᠷ ᠰᠠᠢᠲᠠᠶ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠨᠡᠮᠡᠭ᠌ᠳᠡᠭᠦᠯᠪᠠ
《ᠥᠪᠥᠷ ᠮᠣᠩᠭᠣᠯ᠎ᠤᠨ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠡᠮᠵᠢᠶ᠎ᠡ ᠶᠡᠬᠡ ᠪᠦᠭᠡᠳ ᠴᠢᠨᠠᠷ ᠰᠠᠢᠲᠠᠶ᠃ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠬᠤᠭᠤᠴᠠᠭᠠᠨ᠎ᠳᠤ᠂ ᠮᠠᠨ᠎ᠤ ᠤᠷᠤᠨ᠎ᠤ ᠴᠢᠨᠠᠷ ᠰᠠᠢᠲᠠᠶ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ ᠲᠠᠰᠤᠷᠠᠯᠲᠠ ᠥᠬᠡᠶ ᠨᠡᠮᠡᠭ᠌ᠳᠡᠵᠠᠢ》 ᠬᠡᠵᠦ ᠦᠪᠡᠷᠳᠡᠬᠡᠨ ᠵᠠᠰᠠᠬᠤ ᠤᠷᠤᠨ᠎ᠤ ᠲᠠᠷᠢᠶᠠᠯᠠᠡᠭ ᠮᠠᠯ ᠠᠵᠤ ᠠᠬᠤᠢ᠎ᠶᠢᠨ ᠲᠢᠨᠭᠬᠢᠮ᠎ᠤᠨ ᠳᠠᠳ᠋ ᠳᠠᠷᠤᠭ᠎ᠠ ᠫᠠᠡᠭ ᠪᠦᠧᠧ ᠬᠡᠯᠡᠪᠡ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠦᠪᠦᠷ ᠮᠤᠡᠭᠭᠤᠯ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢ ᠱᠠᠲᠤ ᠱᠠᠲᠤ᠎ᠪᠠᠷ ᠪᠣᠳᠠᠲᠠᠢᠵᠢᠭᠤᠯᠵᠤ᠂ ᠲᠠᠷᠢᠶᠠᠴᠢᠳ᠎ᠲᠤ ᠠᠱᠢᠭ ᠬᠦᠷᠲᠡᠭᠡᠬᠦ᠌ ᠡᠯ᠎ᠡ ᠵᠦᠶ᠋ᠯ᠎ᠦᠨ ᠨᠥᠬᠥᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠴᠠᠭ ᠲᠤᠬᠠᠶ᠎ᠳᠤᠨᠢ ᠨᠠᠢᠳᠠᠪᠤᠷᠢᠵᠢᠭᠤᠯᠵᠤ᠂ ᠠᠮᠤ ᠲᠣᠰᠣ ᠵᠡᠷᠭᠡ ᠲᠠᠷᠢᠮᠠᠯ᠎ᠤᠨ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠡᠷᠳᠡᠨᠢ ᠱᠢᠰᠢ᠎ᠶ᠋ᠢᠨ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ ᠵᠡᠷᠭᠡ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠰᠠᠢᠲᠤᠷ ᠨᠠᠢᠳᠠᠪᠤᠷᠢᠵᠢᠭᠤᠯᠵᠤ᠂ 《ᠬᠣᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ》 ᠶ᠋ᠢ ᠪᠡᠶᠡᠯᠡᠭᠦᠯᠵᠠᠢ᠃ ᠠᠮᠤ ᠪᠤᠳᠠᠭᠠᠨ᠎ᠤ ᠶᠡᠷᠦᠩᠬᠡᠶ ᠤᠨᠠᠯᠲᠠ 2020 ᠣᠨ᠎ᠳᠤ 732 ᠳ᠋ᠦᠩᠱᠢᠭᠤᠷ ᠵᠢᠩ ᠪᠠᠢᠭ᠍ᠰᠠᠨ᠎ᠠᠴᠠ᠎ᠪᠠᠨ ᠳᠡᠭᠡᠭ᠌ᠰᠢᠯᠡᠭᠡᠳ 2024 ᠣᠨ᠎ᠳᠤ 820 ᠳ᠋ᠦᠩᠱᠢᠭᠤᠷ ᠵᠢᠩ ᠪᠣᠯᠵᠣ᠂ ᠠᠩᠬ᠎ᠠ ᠤᠳᠠᠭ᠎ᠠ 800 ᠳ᠋ᠦᠩᠱᠢᠭᠤᠷ ᠵᠢᠩ᠎ᠦᠨ ᠱᠢᠨ᠎ᠡ ᠳᠡᠭ᠌ᠲᠡᠷ᠎ᠲᠦ ᠭᠠᠷᠴᠤ᠌᠂ ᠲᠠᠯᠠᠪᠠᠶ ᠨᠢᠭᠡᠴᠢ᠎ᠶ᠋ᠢᠨ ᠤᠨᠠᠯᠲᠠ ᠮᠥ᠍ ᠪᠦᠷᠢᠳᠦ 779.7 ᠵᠢᠩ ᠬᠦᠷᠴᠦ᠍᠂ ᠨᠡᠷ᠎ᠡ ᠨᠢᠳᠡᠷ᠎ᠲᠡᠬᠡᠨ ᠨᠡᠢᠴᠡᠭ᠌ᠰᠡᠨ 《ᠠᠮᠤ ᠵᠢᠨ ᠰᠠᠩ》 ᠪᠣᠯᠵᠠᠶ᠃ ᠮᠢᠬᠠᠨ᠎ᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠦᠷᠢᠮ᠂ ᠲᠥᠬᠦᠭᠡᠷᠦᠮᠵᠢᠲᠦ ᠮᠠᠯ ᠠᠵᠤ ᠠᠬᠤᠢ᠎ᠶ᠋ᠢᠨ 6 ᠵᠤᠷᠪᠤᠰ ᠲᠥᠷᠦ᠍᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠬᠤᠸᠠᠰᠢ ᠦᠬᠡᠷ᠂ ᠳ᠋ᠦ᠋ ᠮᠧᠩ ᠬᠣᠨᠢ᠂ ᠬᠤᠸᠠ ᠮᠧᠩ ᠮᠢᠬᠠᠨ᠎ᠤ ᠬᠣᠨᠢ᠎ᠶᠢᠨ 3 ᠱᠢᠨ᠎ᠡ ᠡᠭᠦᠯᠳᠡᠷ᠎ᠢ ᠪᠣᠢᠵᠢᠭᠤᠯᠵᠤ᠂ ᠮᠢᠬᠠᠨ᠎ᠤ ᠬᠣᠨᠢ᠂ ᠮᠢᠬᠠᠨ᠎ᠤ ᠦᠬᠡᠷ᠎ᠦᠨ ᠭᠣᠣᠯ ᠡᠭᠦᠯᠳᠡᠷ᠎ᠦᠨ ᠥᠪᠡᠷ᠎ᠢ᠎ᠪᠡᠨ ᠬᠠᠩᠭᠠᠬᠤ ᠨᠣᠷᠮ᠎ᠠ ᠲᠣᠰ ᠲᠣᠰ 99% ᠪᠠ 86%᠎ᠠᠴᠠ ᠳᠡᠭᠡᠭ᠌ᠰᠢ᠎ᠳᠦ ᠬᠦᠷᠴᠠᠢ᠃ ᠪᠥᠬᠥ᠌ ᠣᠷᠣᠨ᠎ᠤ ᠭᠤᠤᠯ ᠪᠣᠯᠬᠤ ᠮᠢᠬᠠᠨ᠎ᠤ ᠲᠥᠷᠥᠯ᠎ᠦᠨ ᠭᠠᠷᠤᠯᠲᠠ 2020 ᠣᠨ᠎ᠳᠤ 268 ᠲᠦᠮᠡᠨ ᠲᠣᠨ ᠪᠠᠢᠭ᠍ᠰᠠᠨ᠎ᠠᠴᠠ᠎ᠪᠠᠨ ᠨᠡᠮᠡᠭ᠌ᠳᠡᠭᠡᠳ 2024 ᠣᠨ᠎ᠳᠤ 300 ᠲᠦᠮᠡᠨ ᠲᠣᠨ ᠪᠣᠯᠵᠣ᠂ ᠦᠬᠡᠷ ᠬᠣᠨᠢᠨ ᠮᠢᠬᠠᠨ᠎ᠤ ᠭᠠᠷᠤᠯᠲᠠ ᠪᠥᠬᠥ᠌ ᠤᠯᠤᠰ᠎ᠤᠨ ᠲᠡᠷᠢᠭᠦᠨ᠎ᠳᠦ ᠣᠷᠣᠵᠠᠢ᠃ ᠦᠪᠦᠷ ᠮᠤᠡᠭᠭᠤᠯ ᠠᠯᠢ ᠣᠯᠠᠨ ᠳᠡᠮᠵᠢᠯᠭᠡ᠎ᠶᠢᠨ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ 31 ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠵᠤ᠂ ᠰᠦ᠎ᠶᠢᠨ ᠢᠷᠡᠯᠲᠡ᠎ᠶ᠋ᠢᠨ ᠰᠠᠭᠤᠷᠢᠨ ᠬᠢᠭᠡᠳ ᠡᠳ᠋ᠱᠢᠭᠦᠯᠬᠦ᠌ ᠴᠢᠳᠠᠪᠤᠷᠢ᠎ᠶ᠋ᠢ ᠲᠥᠬᠥᠷᠵᠢᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠵᠠᠢ᠃ 3000 ᠲᠣᠯᠣᠭᠠᠢ᠎ᠠᠴᠠ ᠳᠡᠭᠡᠭ᠌ᠰᠢ ᠬᠡᠪᠴᠢᠶᠡᠵᠢᠭᠦᠯᠦᠭ᠌ᠰᠡᠨ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠲᠠᠯᠠᠪᠠᠢ᠎ᠶ᠋ᠢ 96 ᠵᠢ ᠱᠢᠨ᠎ᠡ᠎ᠪᠡᠷ ᠪᠠᠢᠭᠤᠯᠵᠤ᠂ ᠳᠤᠮᠳᠠ ᠪᠠᠭ᠎ᠠ ᠲᠡᠵᠢᠭᠡᠨ ᠦᠷᠡᠵᠢᠭᠦᠯᠬᠦ᠌ ᠲᠠᠯᠠᠪᠠᠢ᠎ᠶ᠋ᠢ 913 ᠵᠢ ᠥᠭᠡᠷᠡᠴᠢᠯᠡᠨ ᠳᠡᠭᠡᠭ᠌ᠰᠢᠯᠡᠭᠦᠯᠵᠦ᠍᠂ ᠾᠸᠰᠲ᠋ᠠᠨ ᠰᠠᠭᠠᠯᠢ᠎ᠶ᠋ᠢᠨ ᠦᠨᠢᠶ᠎ᠠ ᠵᠢ ᠬᠡᠪᠴᠢᠶᠡᠵᠢᠭᠦᠯᠦᠨ ᠲᠡᠵᠢᠭᠡᠭᠰᠡᠨ ᠨᠣᠷᠮ᠎ᠠ 96%᠎ᠳᠤ ᠬᠦᠷᠴᠦ᠍᠂ ᠡᠳᠦᠷ ᠲᠤᠮᠳᠠᠴᠢ ᠰᠦ ᠵᠢᠨ ᠭᠠᠷᠤᠯᠳᠠ᠎ᠶ᠋ᠢᠨ ᠬᠡᠮᠵᠢᠶ᠎ᠡ 10.2 ᠲᠣᠨ᠎ᠳᠤ ᠬᠦᠷᠴᠠᠢ᠃ 2024 ᠣᠨ᠎ᠳᠤ ᠦᠨᠢᠶᠡᠨ ᠰᠦ᠎ᠶᠢᠨ ᠭᠠᠷᠤᠯᠲᠠ 776.7 ᠲᠦᠮᠡᠨ ᠲᠣᠨ᠎ᠳᠤ ᠬᠦᠷᠴᠦ᠍᠂ 2020 ᠣᠨ᠎ᠤ᠎ᠬᠢ᠎ᠡᠴᠡ 27% ᠪᠠᠷ ᠨᠡᠮᠡᠭ᠌ᠳᠡᠵᠦ᠍᠂ ᠪᠥᠬᠥ᠌ ᠤᠯᠤᠰ᠎ᠤᠨ 19%᠎ᠶ᠋ᠢ ᠡᠵᠡᠯᠡᠵᠦ᠍᠂ 7 ᠵᠢᠯ ᠳᠠᠷᠠᠭᠠᠯᠠᠨ ᠪᠥᠬᠥ᠌ ᠤᠯᠤᠰ᠎ᠤᠨ ᠲᠡᠷᠢᠭᠦᠨ᠎ᠳᠦ ᠣᠷᠣᠵᠠᠢ; ᠬᠡᠪᠴᠢᠶᠡᠵᠢᠯ᠎ᠡᠴᠡ ᠳᠡᠭᠡᠭ᠌ᠰᠢᠬᠢ ᠰᠦ ᠵᠢᠨ ᠦᠢᠯᠡᠳᠬᠦᠨ᠎ᠤ ᠭᠠᠷᠤᠯᠲᠠ ᠵᠢᠨ ᠭᠡᠮᠵᠢᠶ᠎ᠡ 461.9 ᠲᠦᠮᠡᠨ ᠲᠣᠨ᠎ᠳᠤ ᠬᠦᠷᠴᠦ᠍᠂ 3 ᠵᠢᠯ ᠳᠠᠷᠠᠭᠠᠯᠠᠨ ᠪᠥᠬᠥ᠌ ᠤᠯᠤᠰ᠎ᠲᠤ ᠲᠡᠷᠢᠭᠦᠯᠡᠵᠦ᠍᠂ ᠰᠦ᠎ᠶᠢᠨ ᠦᠶ᠋ᠯᠡᠰ᠎ᠦᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠦᠶ᠋ᠯᠡᠳᠬᠦᠨ᠎ᠦ ᠥᠷᠲᠡᠭ 2500 ᠳ᠋ᠦᠩᠱᠢᠭᠤᠷ ᠲᠥᠭᠥᠷᠢᠭ᠎ᠲᠦ ᠬᠦᠷᠴᠠᠢ᠃ ᠣᠲᠣ ᠦᠶ᠎ᠡ᠎ᠶ᠋ᠢᠨ ᠲᠦᠬᠦᠭᠡᠷᠦᠮᠵᠢ᠎ᠳᠤ ᠮᠠᠯ ᠠᠵᠤ ᠠᠬᠤᠶᠲᠠᠷᠢᠶᠠᠯᠠᠩᠢ ᠬᠦᠭᠵᠢᠬᠦᠯᠬᠦ᠌ ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ᠂ ᠲᠦᠬᠦᠭᠡᠷᠦᠮᠵᠢ᠎ᠳᠤ ᠲᠠᠷᠢᠶᠠᠯᠠᠩ᠎ᠤᠨ ᠬᠥᠭ᠌ᠵᠢᠯᠲᠡ᠎ᠶ᠋ᠢ ᠳᠡᠮᠵᠢᠬᠦ᠌ ᠠᠷᠭ᠎ᠠ ᠬᠡᠮᠵᠢᠶ᠎ᠡ᠎ᠨᠦᠭᠦᠳ ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠲᠦᠬᠦᠭᠡᠷᠦᠮᠵᠢ ᠵᠢᠨ ᠲᠠᠯᠠᠪᠠᠶ 288 ᠲᠦᠮᠡᠨ ᠮᠦ᠍᠎ᠶ᠋ᠢ ᠳᠠᠪᠠᠵᠤ᠂ 《ᠠᠷᠪᠡᠨ ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯᠴᠢ᠎ᠶ᠋ᠢᠨ ᠦᠶᠡᠶ᠋ᠢᠨᠬᠢᠡᠴᠡ 108 ᠲᠦᠮᠡᠨ ᠮᠥ᠍ ᠨᠡᠮᠡᠭ᠌ᠳᠡᠵᠠᠢ᠃ 5000 ᠲᠦᠮᠡᠨ ᠰᠠᠭᠤᠷᠢ᠎ᠠᠴᠠ ᠳᠡᠭᠡᠭ᠌ᠰᠢᠬᠢ ᠡᠷᠴᠢᠮᠵᠢᠭᠦᠯᠦᠭ᠌ᠰᠡᠨ ᠴᠢᠬᠢ ᠮᠣᠳᠣ ᠪᠣᠢᠵᠢᠭᠤᠯᠬᠤ ᠲᠥᠪ᠎ᠢ 15 ᠪᠠᠢᠭᠤᠯᠵᠤ᠂ ᠵᠢᠯ᠎ᠦᠨ ᠴᠢᠬᠢ ᠮᠣᠳᠣ ᠪᠣᠢᠵᠢᠭᠤᠯᠬᠤ ᠴᠢᠳᠠᠪᠤᠷᠢ᠎ᠶ᠋ᠢ 14 ᠳ᠋ᠦᠩᠱᠢᠭᠤᠷ ᠰᠠᠭᠤᠷᠢ ᠱᠢᠨ᠎ᠡ᠎ᠪᠡᠷ ᠨᠡᠮᠡᠭ᠌ᠳᠡᠭᠦᠯᠵᠠᠢ᠃ 2024 ᠣᠨ᠎ᠳᠤ ᠲᠥᠬᠦᠭᠡᠷᠦᠮᠵᠢᠲᠦ ᠢᠳᠡᠱᠢᠨ ᠨᠣᠭᠣᠭ᠎ᠠ᠎ᠶ᠋ᠢᠨ ᠭᠠᠷᠤᠯᠲᠠ 655 ᠲᠦᠮᠡᠨ ᠲᠣᠨ᠎ᠳᠤ ᠬᠦᠷᠴᠦ᠂ ᠦᠢᠯᠡᠳᠬᠦᠨ᠎ᠦ ᠥᠷᠲᠡᠭ ᠨᠢ 210 ᠳ᠋ᠦᠩᠱᠢᠭᠤᠷ ᠲᠥᠭᠥᠷᠢᠭ᠎ᠲᠦ ᠬᠦᠷᠴᠠᠢ᠃
ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ ᠵᠢ ᠪᠥᠬᠥ᠌ ᠬᠦᠴᠦᠨ᠎ᠢᠶᠡᠷ᠎ᠢᠶᠡᠨ ᠬᠦᠭᠵᠢᠬᠦᠯᠪᠠ
《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠬᠤᠭᠤᠴᠠᠭᠠᠨ᠎ᠳᠤ᠂ 〈ᠬᠣᠶᠠᠷ ᠬᠠᠯᠬᠠᠪᠴᠢ〉᠂ 〈ᠬᠣᠶᠠᠷ ᠰᠠᠭᠤᠷᠢᠨ〉᠂ 〈ᠨᠢᠭᠡ ᠴᠢᠬᠤᠯᠠ ᠪᠡᠬᠢᠯᠡᠯᠲᠡ〉 ᠶ᠋ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠤᠯᠤᠰ᠎ᠤᠨ ᠴᠢᠬᠤᠯᠠ ᠡᠨᠧᠷᠭᠢ᠎ᠶ᠋ᠢᠨ ᠰᠠᠭᠤᠷᠢᠨ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠡᠨᠧᠷᠭᠢ᠎ᠶ᠋ᠢᠨ ᠬᠥᠭ᠌ᠵᠢᠯᠲᠡ ᠠᠯᠢ ᠣᠯᠠᠨ ᠱᠢᠨ᠎ᠡ ᠱᠢᠪᠲᠤᠯᠤᠯᠲᠠ ᠱᠢᠨ᠎ᠡ ᠠᠬᠢᠴᠠ᠎ᠲᠠᠶ ᠪᠣᠯᠵᠠᠢ》 ᠬᠡᠵᠦ ᠦᠪᠡᠷᠳᠡᠬᠡᠨ ᠵᠠᠰᠠᠬᠤ ᠤᠷᠤᠨ᠎ᠤ ᠡᠨᠧᠷᠬᠢ᠎ᠶᠢᠨ ᠲᠤᠪᠴᠢᠶ᠎ᠠ᠎ᠶᠢᠨ ᠳᠠᠳ᠋ ᠳᠠᠷᠤᠭ᠎ᠠ ᠴᠧᠨ ᠵᠧᠡᠭ ᠬᠡᠯᠡᠪᠡ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠦᠪᠦᠷ ᠮᠤᠡᠭᠭᠤᠯ᠎ᠤᠨ ᠬᠢᠨᠠᠨ ᠲᠤᠭᠳᠠᠭᠠᠭᠰᠠᠨ ᠨᠡᠭᠦᠷᠡᠰᠦᠨ ᠠᠭᠤᠷᠬᠠᠶ᠎ᠶ᠋ᠢᠨ ᠦᠶ᠋ᠯᠡᠳᠪᠦᠷᠢᠯᠡᠯ᠎ᠦᠨ ᠴᠢᠳᠠᠪᠬᠢ ᠵᠢᠯ᠎ᠳᠤ 1.79 ᠳ᠋ᠦᠩᠱᠢᠭᠤᠷ ᠲᠣᠨ᠎ᠳᠤ ᠬᠦᠷᠴᠦ᠂ ᠱᠢᠨ᠎ᠡ᠎ᠪᠡᠷ ᠪᠠᠢᠭᠤᠯᠤᠬᠰᠠᠨ ᠦᠶ᠋ᠯᠡᠳᠪᠦᠷᠢᠯᠡᠯ᠎ᠦᠨ ᠴᠢᠳᠠᠪᠬᠢ ᠵᠢᠯ᠎ᠳᠤ 7700 ᠲᠦᠮᠡᠨ ᠲᠣᠨ ᠪᠠᠢᠵᠤ᠂ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠶ᠋ᠢ ᠡᠭᠦᠷᠭᠡᠯᠡᠭ᠌ᠰᠡᠨ ᠬᠡᠮᠵᠢᠶ᠎ᠡ᠎ᠨᠢ ᠪᠥᠬᠥ᠌ ᠤᠯᠤᠰ᠎ᠤᠨ 1 / 3 ᠡᠴᠡ ᠳᠡᠭᠡᠭ᠌ᠰᠢᠬᠢ᠎ᠶ᠋ᠢ ᠡᠵᠡᠯᠡᠵᠦ᠍᠂ ᠪᠥᠬᠥ᠌ ᠤᠯᠤᠰ᠎ᠤᠨ ᠲᠡᠷᠢᠭᠦᠨ᠎ᠳᠦ ᠣᠷᠣᠵᠠᠢ᠃ ᠴᠠᠬᠢᠯᠭᠠᠨ ᠬᠦᠴᠦᠨ᠎ᠦ ᠮᠠᠱᠢᠨ ᠴᠣᠭ᠍ᠴᠠᠯᠠᠪᠤᠷᠢ 1.36 ᠳ᠋ᠦᠩᠱᠢᠭᠤᠷ ᠺᠢᠯᠦᠸᠠᠲ ᠱᠢᠨ᠎ᠡ᠎ᠪᠡᠷ ᠨᠡᠮᠡᠭ᠌ᠳᠡᠵᠦ᠍᠂ ᠴᠠᠬᠢᠯᠭᠠᠨ ᠬᠦᠴᠦᠨ᠎ᠦ ᠭᠠᠳᠠᠭ᠍ᠰᠢ ᠬᠦᠷᠭᠡᠬᠦ᠌ ᠬᠡᠪᠴᠢᠶ᠎ᠡ 63% ᠪᠡᠷ ᠨᠡᠮᠡᠭᠳᠡᠵᠠᠢ᠃ ᠲᠦᠭᠦᠬᠡᠶ ᠲᠣᠰᠣᠨ᠎ᠤ ᠭᠠᠷᠤᠯᠲᠠ 320 ᠲᠦᠮᠡᠨ ᠲᠣᠨ᠎ᠳᠤ ᠬᠦᠷᠴᠦ᠂ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢᠨ ᠭᠠᠷᠤᠯᠲᠠ 319 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠎ᠲᠦ ᠬᠦᠷᠴᠦ᠂ ᠭᠠᠳᠠᠭ᠍ᠰᠢ ᠬᠦᠷᠭᠡᠬᠦ᠌ ᠬᠡᠮᠵᠢᠶ᠎ᠡ᠎ᠶ᠋ᠢᠨ ᠡᠵᠡᠯᠡᠬᠦᠨ᠎ᠢ 60%᠎ᠠᠴᠠ ᠳᠡᠭᠡᠭ᠌ᠰᠢ᠎ᠳᠦ ᠲᠣᠭ᠍ᠲᠠᠭᠤᠨ ᠪᠠᠢᠯᠭᠠᠵᠠᠢ᠃ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠶ᠋ᠢ ᠪᠦᠬᠦ᠌ ᠤᠯᠤᠰ᠎ᠲᠤ ᠤᠷᠢᠳ᠎ᠢᠶᠠᠷ 1 ᠳ᠋ᠦᠩᠱᠢᠭᠤᠷ ᠺᠢᠯᠦᠸᠠᠲ᠎ᠠᠴᠠ ᠳᠠᠪᠠᠭᠤᠯᠵᠤ᠂ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠢ᠎ᠡ᠎ᠶ᠋ᠢ ᠢᠯᠴᠢ ᠵᠢᠨ ᠴᠠᠬᠢᠯᠭᠠᠨ᠎ᠤ ᠬᠠᠷᠠᠯᠲᠠ᠎ᠠᠴᠠ ᠨᠢᠭᠡ ᠵᠢᠯ ᠤᠷᠢᠳᠴᠢᠯᠠᠨ ᠪᠠᠶᠠᠯᠡᠬᠦᠯᠵᠦ᠂ ᠡᠨᠡ ᠵᠢᠯ᠎ᠦᠨ10 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠢ᠎ᠡ ᠳᠠᠬᠢᠨᠲᠠ ᠱᠢᠨ᠎ᠡ ᠲᠡᠮᠳᠡᠭ᠌ᠯᠡᠯ᠎ᠢ ᠡᠭᠦᠳᠴᠦ᠍᠂ ᠪᠦᠬᠦ᠌ ᠤᠯᠤᠰ᠎ᠲᠤ ᠤᠷᠢᠳ᠎ᠢᠶᠠᠷ 1.5 ᠳ᠋ᠦᠩᠱᠢᠭᠤᠷ ᠺᠢᠯᠦᠸᠠᠲ᠎ᠢ ᠳᠠᠪᠠᠵᠠᠢ᠃ ᠱᠢᠨ᠎ᠡ ᠡᠨᠧᠷᠭᠢ᠎ᠶ᠋ᠢᠨ ᠵᠢᠯ᠎ᠦᠨ ᠴᠠᠬᠢᠯᠭᠠᠨ ᠭᠠᠷᠭᠠᠬᠤ ᠬᠡᠮᠵᠢᠶ᠎ᠡ 2000 ᠳ᠋ᠦᠩᠱᠢᠭᠤᠷ ᠺᠢᠯᠦᠸᠠᠲ ᠴᠠᠭ᠎ᠢ ᠳᠠᠪᠠᠵᠤ᠂ ᠪᠥᠬᠥ᠌ ᠤᠯᠤᠰ᠎ᠲᠤ ᠲᠡᠷᠢᠭᠦᠯᠡᠵᠠᠢ᠃ 9 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠥ᠌ ᠣᠷᠣᠨ᠎ᠤ ᠪᠣᠬᠢᠷᠲᠤᠯ ᠥᠬᠡᠶ ᠨᠡᠭᠦᠷᠡᠰᠦᠨ ᠠᠭᠤᠷᠬᠠᠶ᠂ ᠣᠶᠤᠨᠴᠢᠯᠠᠭ᠍ᠰᠠᠨ ᠨᠡᠭᠦᠷᠡᠰᠦᠨ ᠠᠭᠤᠷᠬᠠᠶ᠎ᠶ᠋ᠢᠨ ᠦᠶ᠋ᠯᠡᠳᠪᠦᠷᠢᠯᠡᠵᠦ᠍ ᠪᠠᠢᠭ᠎ᠠ ᠨᠡᠭᠦᠷᠡᠰᠦᠨ ᠠᠭᠤᠷᠬᠠᠶ᠎ᠳᠠᠬᠢ ᠡᠵᠡᠯᠡᠬᠦ᠌ ᠬᠤᠪᠢ᠎ᠶ᠋ᠢᠨ ᠵᠢᠩ 61% ᠪᠠ 74% ᠳ᠋ᠤ ᠬᠥᠷᠴᠠᠢ᠃ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭ᠎ᠠ᠎ᠪᠠᠷ ᠶᠡᠷᠦᠩᠬᠡᠢᠯᠡᠨ ᠵᠢᠯᠣᠭᠣᠳᠣᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠱᠢᠪᠲᠤᠯᠤᠯᠲᠠ ᠬᠢᠬᠦ᠌》 ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ 18 ᠵᠦᠶ᠋ᠯ᠎ᠦᠨ ᠮᠡᠷᠭᠡᠵᠢᠯ᠎ᠦᠨ ᠲᠣᠨᠣᠭ᠍ᠯᠠᠯ᠎ᠨᠢ ᠤᠯᠤᠰ᠎ᠤᠨ ᠠᠩᠬᠠᠳᠠᠭ᠍ᠴᠢ ᠰᠠᠭᠤᠷᠢ (ᠢᠵᠢ) ᠴᠢᠬᠤᠯᠠ ᠶᠡᠬᠡ ᠮᠡᠷᠭᠡᠵᠢᠯ᠎ᠦᠨ ᠲᠣᠨᠣᠭ᠍ᠯᠠᠯ᠎ᠤᠨ ᠨᠡᠷᠡᠰ᠎ᠲᠦ ᠰᠣᠩᠭᠣᠭ᠍ᠳᠠᠵᠠᠢ᠃ ᠤᠰᠤᠲᠥ᠋ᠷᠥᠭ᠌ᠴᠢ ᠡᠨᠧᠷᠭᠢ᠂ ᠨᠥᠭᠡᠴᠡ ᠡᠨᠧᠷᠭᠢ ᠵᠡᠷᠭᠡ ᠢᠷᠡᠭᠡᠳᠦᠢ᠎ᠶ᠋ᠢᠨ ᠠᠵᠤ ᠦᠢᠯᠡᠰ ᠡᠬᠢᠯᠡᠨ ᠬᠥᠭ᠌ᠵᠢᠵᠦ᠍᠂ 10 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠣᠬᠢᠷᠲᠤᠯ ᠦᠭᠡᠢ ᠤᠰᠤᠲᠥ᠋ᠷᠥᠭ᠌ᠴᠢ ᠦᠢᠯᠡᠳᠪᠦᠷᠢᠯᠡᠬᠦ᠌ ᠴᠢᠳᠠᠪᠬᠢ 6 ᠲᠦᠮᠡᠨ ᠲᠣᠨ ᠪᠤᠯᠵᠦ᠂ ᠪᠦᠬᠦ᠌ ᠤᠯᠤᠰ᠎ᠤᠨ 50% ᠱᠢᠬᠠᠮ᠎ᠢ ᠡᠵᠡᠯᠡᠵᠠᠢ; ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠬᠡᠪᠴᠢᠶ᠎ᠡ 1134 ᠲᠦᠮᠡᠨ ᠺᠢᠯᠦᠸᠠᠲ ᠪᠤᠯᠵᠦ᠂ ᠪᠦᠬᠦ᠌ ᠤᠯᠤᠰ᠎ᠲᠤ ᠲᠡᠷᠢᠭᠦᠯᠡᠵᠠᠢ᠃
ᠤᠳᠤ ᠦᠶ᠎ᠡ᠎ᠶ᠋ᠢᠨ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡ ᠵᠢᠨ ᠱᠢᠰᠲ᠋ᠧᠮ᠎ᠢ ᠱᠢᠯᠢᠳᠡᠭ᠌ᠵᠢᠭᠦᠯᠦᠨ ᠲᠡᠭᠦᠯᠳᠡᠷᠵᠢᠭᠦᠯᠪᠠ
《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠬᠤᠭᠤᠴᠠᠭᠠᠨ᠎ᠳᠤ᠂ ᠥᠪᠥᠷ ᠮᠣᠩᠭᠣᠯ ᠬᠡᠷᠡᠭ᠌ᠯᠡᠭᠡ᠎ᠶ᠋ᠢ ᠶᠡᠬᠡᠪᠡᠷ ᠬᠥᠭ᠌ᠵᠢᠭᠡᠬᠦ᠌᠂ ᠣᠲᠣ ᠦᠶ᠎ᠡ᠎ᠶ᠋ᠢᠨ ᠠᠷᠠᠯᠵᠢᠶ᠎ᠠ ᠬᠤᠳᠠᠯᠳᠤᠭᠠᠨ᠎ᠤ ᠭᠦᠶ᠋ᠯᠭᠡᠭᠡ ᠵᠢᠨ ᠱᠢᠰᠲ᠋ᠧᠮ᠎ᠦᠨ ᠪᠠᠢᠭᠤᠯᠤᠯᠲᠠ᠎ᠶ᠋ᠢ ᠠᠬᠢᠭᠤᠯᠬᠤ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠯᠵᠢᠶ᠎ᠠ ᠬᠤᠳᠠᠯᠳᠤᠭᠠᠨ᠎ᠤ ᠭᠦᠶ᠋ᠯᠭᠡᠭᠡ ᠵᠢᠨ ᠪᠠᠢᠭᠤᠯᠤᠯᠲᠠ᠎ᠶ᠋ᠢᠨ ᠡᠯ᠎ᠡ ᠵᠦᠶ᠋ᠯ᠎ᠦᠨ ᠠᠵᠢᠯ᠎ᠢ ᠬᠦᠴᠦᠯᠡᠨ ᠠᠬᠢᠭᠤᠯᠤᠭᠠᠳ ᠢᠯᠡᠳᠲᠡ ᠦᠷ᠎ᠡ ᠪᠦᠲᠦᠮᠵᠢ ᠤᠯᠵᠠᠢ》ᠬᠡᠵᠦ ᠦᠪᠡᠷᠳᠡᠬᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠨᠭᠬᠢᠮ᠎ᠤᠨ ᠳᠠᠳ᠋ ᠳᠠᠷᠤᠭ᠎ᠠ ᠡᠾᠧᠦ ᠶᠠᠨ ᠬᠤᠢ ᠬᠡᠯᠡᠪᠡ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠦᠬᠠᠶ ᠬᠣᠲᠠ᠂ ᠪᠤᠭᠤᠲᠤ ᠬᠣᠲᠠ᠂ ᠬᠥᠬᠡᠬᠣᠲᠠ ᠵᠡᠷᠭᠡ 9 ᠪᠥᠬᠥ᠌ ᠤᠯᠤᠰ᠎ᠤᠨ ᠬᠣᠲᠠ᠎ᠶ᠋ᠢᠨ ᠨᠢᠭᠡ ᠮᠥᠴᠡ᠎ᠶ᠋ᠢᠨ ᠠᠷᠠᠳ᠎ᠲᠤ ᠲᠥᠬᠥᠮ ᠦᠵᠡᠭᠦᠯᠬᠦ᠌ ᠠᠮᠢᠳᠤᠷᠠᠯ᠎ᠤᠨ ᠲᠣᠭᠣᠷᠢᠭ᠎ᠤᠨ ᠲᠤᠷᠱᠢᠯᠲᠠ᠎ᠶ᠋ᠢᠨ ᠴᠢᠭᠲᠦ ᠲᠦᠱᠢᠭ᠌ᠯᠡᠨ᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ ᠵᠤᠭ᠎ᠠ ᠴᠡᠩᠭᠡᠯ᠂ ᠰᠣᠶᠣᠯ᠂ ᠰᠡᠯᠡᠭᠦᠴᠡᠯ᠂ ᠪᠡᠶ᠎ᠡ ᠴᠢᠭᠢᠷᠠᠭ᠍ᠵᠢᠭᠤᠯᠬᠤ᠂ ᠡᠷᠡᠭᠦᠯᠵᠢᠯ ᠰᠤᠪᠢᠯᠠᠯᠲᠠ ᠵᠡᠷᠭᠡ ᠡᠵᠡᠩᠨᠡᠯᠲᠡ᠎ᠶ᠋ᠢᠨ ᠪᠠᠢᠳᠠᠯ᠎ᠢ ᠬᠥᠭ᠌ᠵᠢᠭᠦᠯᠵᠦ᠍᠂ ᠣᠯᠠᠨ ᠡᠱᠢ᠎ᠳᠤ ᠣᠯᠠᠨ ᠲᠠᠰ ᠳᠠᠪᠬᠤᠷᠭᠠᠲᠤ ᠨᠡᠢᠭᠡᠮ ᠲᠣᠭᠣᠷᠢᠭ᠎ᠤᠨ ᠬᠡᠷᠡᠭ᠌ᠯᠡᠭᠡᠨ᠎ᠦ ᠠᠬᠤᠢ ᠦᠵᠡᠭᠳᠡᠯ᠎ᠢ ᠢᠳᠡᠪᠬᠢᠲᠡᠶ ᠪᠣᠶ ᠪᠣᠯᠭᠠᠵᠤ᠂ ᠨᠡᠢᠭᠡᠮ ᠲᠣᠭᠣᠷᠢᠭ᠎ᠤᠨ ᠬᠡᠷᠡᠭ᠌ᠯᠡᠭᠡᠨ᠎ᠦ ᠲᠣᠭᠣᠷᠢᠭ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠨᠡᠢᠭᠡᠮ ᠲᠣᠭᠣᠷᠢᠭ᠎ᠤᠨ ᠬᠤᠳᠠᠯᠳᠤᠭ᠎ᠠ᠎ᠶ᠋ᠢ ᠬᠦᠭᠵᠢᠬᠦᠯᠦᠨ ᠪᠤᠵᠠᠭᠠᠢᠷᠠᠭᠤᠯᠵᠠᠢ᠃ ᠣᠳᠣᠬᠠᠨ᠎ᠳᠤ ᠨᠡᠢᠲᠡ 400 ᠭᠠᠷᠤᠶ ᠨᠡᠢᠭᠡᠮ ᠲᠣᠭᠣᠷᠢᠭ᠎ᠢ ᠬᠠᠮᠤᠷᠴᠤ᠌᠂ 450 ᠭᠠᠷᠤᠶ ᠲᠦᠮᠡᠨ ᠰᠠᠭᠤᠭᠠᠯᠢ ᠠᠷᠠᠳ᠎ᠲᠤ ᠦᠢᠯᠡᠴᠢᠯᠡᠵᠦ᠍ ᠪᠤᠢ᠃ ᠣᠨᠴᠠᠯᠢᠭ᠍ᠲᠤ ᠬᠤᠳᠠᠯᠳᠤᠭᠠᠨ᠎ᠤ ᠵᠡᠭᠡᠯᠢ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠠᠢ᠃ ᠬᠥᠬᠡᠬᠣᠲᠠ᠂ ᠪᠤᠭᠤᠲᠤ ᠬᠣᠲᠠ᠂ ᠤᠯᠠᠭᠠᠨᠬᠠᠳᠠ ᠬᠣᠲᠠ᠂ ᠣᠷᠳᠣᠰ ᠬᠣᠲᠠ᠎ᠶ᠋ᠢᠨ ᠭᠤᠤᠯᠳᠠᠯᠭ᠎ᠠ᠎ᠲᠠᠶ ᠬᠤᠳᠠᠯᠳᠤᠭᠠᠨ᠎ᠤ ᠲᠣᠭᠣᠷᠢᠭ᠎ᠲᠤ ᠬᠤᠳᠠᠯᠳᠤᠨ ᠠᠪᠤᠬᠴᠢ ᠴᠥᠮ 20%᠎ᠠᠴᠠ ᠳᠡᠭᠡᠭ᠌ᠰᠢ ᠨᠡᠮᠡᠭ᠌ᠳᠡᠭ᠌ᠰᠡᠨ ᠪᠠᠢᠳᠠᠯ ᠢᠯᠡᠷᠡᠵᠠᠢ᠃
2022 ᠣᠨ᠎ᠠᠴᠠ ᠡᠬᠢᠯᠡᠨ ᠤᠯᠤᠰ᠎ᠠᠴᠠ ᠬᠤᠰᠢᠭᠤ ᠱᠢᠶᠠᠨ᠎ᠤ ᠬᠤᠳᠠᠯᠳᠤᠭᠠᠨ᠎ᠤ ᠱᠢᠰᠲ᠋ᠧᠮ᠎ᠤᠨ ᠪᠠᠢᠭᠤᠯᠤᠯᠲᠠ᠎ᠶ᠋ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠥᠪᠥᠷ ᠮᠣᠩᠭᠣᠯ ᠳᠠᠪᠠᠭᠤᠯᠢᠭ ᠡᠬᠢ ᠪᠠᠶᠠᠯᠢᠭ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠪᠥᠲᠥᠭᠡᠨ ᠪᠠᠢᠭᠤᠯᠤᠯᠲᠠ᠎ᠶ᠋ᠢᠨ ᠳᠤᠲᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠶᠠᠨ᠎ᠤ ᠬᠣᠲᠠ᠎ᠪᠠᠷ ᠲᠥᠪ ᠪᠣᠯᠭᠠᠨ᠂ ᠱᠢᠶᠠᠩ ᠪᠠᠯᠭᠠᠰᠤ᠎ᠪᠠᠷ ᠭᠤᠤᠯᠳᠠᠯᠭ᠎ᠠ ᠪᠣᠯᠭᠠᠵᠤ᠂ ᠲᠣᠰᠭᠣᠨ᠎ᠢᠶᠠᠷ ᠰᠠᠭᠤᠷᠢ ᠪᠣᠯᠭᠠᠨ᠂ ᠬᠤᠰᠢᠭᠤ ᠱᠢᠶᠠᠨᠦ ᠬᠤᠳᠠᠯᠳᠤᠭᠠᠨ᠎ᠤ ᠱᠢᠰᠲ᠋ᠧᠮ᠎ᠤᠨ ᠪᠠᠢᠭᠤᠯᠤᠯᠲᠠ᠎ᠶ᠋ᠢᠨ ᠠᠵᠢᠯᠯᠠᠭᠠᠨ᠎ᠤ ᠲᠤᠷᠱᠢᠯᠲᠠ᠎ᠶ᠋ᠢᠨ ᠲᠥᠷᠥᠯ ᠵᠦᠶ᠋ᠯ᠎ᠢ ᠠᠬᠢᠭᠤᠯᠤᠨ ᠬᠡᠷᠡᠭ᠌ᠵᠢᠭᠦᠯᠵᠦ᠍᠂ ᠲᠤᠷᠱᠢᠯᠲᠠ᠎ᠶ᠋ᠢᠨ ᠬᠣᠱᠢᠭᠤ ᠱᠢᠶᠠᠨ᠎ᠢ ᠨᠡᠢᠲᠡ 47 ᠳᠡᠮᠵᠢᠵᠦ᠍᠂ ᠭᠤᠤᠯᠳᠠᠯᠭ᠎ᠠ᠎ᠲᠠᠶ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ 237 ᠳᠡᠮᠵᠢᠵᠦ᠍᠂ ᠡᠯ᠎ᠡ ᠲᠥᠷᠥᠯ᠎ᠦᠨ ᠪᠠᠯᠠ ᠣᠷᠣᠭᠤᠯᠤᠯᠲᠠ᠎ᠶ᠋ᠢ ᠳᠠᠢᠴᠢᠯᠠᠨ 33 ᠳ᠋ᠦᠩᠱᠢᠭᠤᠷ ᠲᠥᠭᠥᠷᠢᠭ᠎ᠢ ᠳᠠᠪᠠᠵᠠᠢ᠃ ᠪᠦᠬᠦ᠌ ᠣᠷᠣᠨ᠎ᠳᠤ ᠬᠤᠰᠢᠭᠤ ᠱᠢᠶᠠᠨ᠎ᠤ ᠶᠡᠷᠦᠩᠬᠡᠢᠯᠡᠭ᠌ᠰᠡᠨ ᠠᠷᠠᠯᠵᠢᠶ᠎ᠠ ᠬᠤᠳᠠᠯᠳᠤᠭᠠᠨ᠎ᠤ ᠦᠶ᠋ᠯᠡᠴᠢᠯᠡᠭᠡᠨ᠎ᠦ ᠲᠥᠪ᠎ᠢ ᠨᠡᠢᠲᠡ192᠂ ᠱᠢᠶᠠᠨ᠎ᠤ ᠱᠠᠲᠤᠨ᠎ᠤ ᠪᠠᠷᠠᠭ᠎ᠠ᠎ᠶ᠋ᠢᠨ ᠭᠦᠶ᠋ᠯᠭᠡᠭᠡᠶᠢᠨᠲᠣᠬᠢᠷᠠᠭᠤᠯᠤᠨ ᠬᠦᠷᠭᠡᠬᠦ᠌ ᠲᠥᠪ᠎ᠢ 142᠂ ᠱᠢᠶᠠᠩ ᠪᠠᠯᠭᠠᠰᠤ᠎ᠶ᠋ᠢᠨ ᠠᠷᠠᠯᠵᠢᠶ᠎ᠠ ᠬᠤᠳᠠᠯᠳᠤᠭᠠᠨ᠎ᠤ ᠦᠶ᠋ᠯᠡᠴᠢᠯᠡᠭᠡᠨ᠎ᠦ ᠲᠥᠪ᠎ᠢ ᠨᠡᠢᠲᠡ 406᠂ ᠲᠣᠰᠭᠣᠨ᠎ᠤ ᠱᠠᠲᠤᠨ᠎ᠤ ᠠᠷᠠᠳ᠎ᠲᠤ ᠳᠥᠭᠥᠮ ᠦᠵᠡᠭᠦᠯᠬᠦ᠌ ᠳᠡᠯᠭᠡᠭᠦᠷ᠎ᠢ 15247 ᠱᠢᠨ᠎ᠡ᠎ᠪᠡᠷ ᠪᠠᠢᠭᠤᠯᠤᠭᠰᠠᠨ ᠪᠠ ᠥᠭᠡᠷᠡᠴᠢᠯᠡᠨ ᠪᠠᠢᠭᠤᠯᠵᠤ᠂ ᠪᠦᠬᠦ᠌ ᠣᠷᠣᠨ᠎ᠤ ᠱᠢᠶᠠᠨ ᠱᠢᠶᠠᠩ ᠲᠣᠰᠭᠣᠨ᠎ᠤ ᠠᠷᠠᠯᠵᠢᠶ᠎ᠠ ᠬᠤᠳᠠᠯᠳᠤᠭᠠᠨ᠎ᠤ ᠦᠶ᠋ᠯᠡᠴᠢᠯᠡᠭᠡ ᠵᠢ ᠦᠨᠳᠦᠰᠦᠨ᠎ᠳᠡᠭᠡᠨ ᠪᠦᠬᠦᠨ᠎ᠢ ᠪᠦᠷᠬᠦᠬᠦᠯᠬᠦ᠎ᠶ᠋ᠢ ᠪᠡᠶᠡᠯᠡᠭᠦᠯᠦᠨ᠂ ᠬᠥᠳᠡᠭᠡ ᠲᠣᠰᠭᠣᠨ᠎ᠤ ᠬᠡᠷᠡᠭ᠌ᠯᠡᠭᠡ ᠵᠢ ᠨᠡᠩ ᠳᠥᠭᠥᠮ ᠪᠣᠯᠭᠠᠵᠠᠢ᠃ ᠢᠯᠠᠩᠭᠤᠶ᠎ᠠ ᠡᠨᠡ ᠵᠢᠯ᠂ ᠬᠥᠬᠡᠬᠣᠲᠠ ᠪᠥᠬᠥ᠌ ᠤᠯᠤᠰ᠎ᠤᠨ ᠣᠲᠣ ᠦᠶ᠎ᠡ᠎ᠶ᠋ᠢᠨ ᠠᠷᠠᠯᠵᠢᠶ᠎ᠠ ᠬᠤᠳᠠᠯᠳᠤᠭᠠᠨ᠎ᠤ ᠬᠦᠢᠯᠭᠡᠭᠡ ᠵᠢᠨ ᠲᠤᠷᠱᠢᠯᠲᠠ᠎ᠶ᠋ᠢᠨ ᠬᠣᠲᠠ᠎ᠪᠠᠷ ᠠᠮᠵᠢᠯᠲᠠ᠎ᠲᠠᠶ ᠦᠨᠡᠯᠡᠭ᠌ᠳᠡᠵᠦ᠍᠂ ᠲᠥᠪ᠎ᠦᠨ ᠦᠶ᠋ᠯᠡᠴᠢᠯᠡᠭᠡᠨ᠎ᠦ ᠦᠶ᠋ᠯᠡᠰ᠎ᠦᠨ ᠲᠤᠰᠭᠠᠶ ᠪᠠᠯᠠ ᠮᠥᠩᠭᠥ᠎ᠶ᠋ᠢ 3 ᠳ᠋ᠦᠩᠱᠢᠭᠤᠷ ᠲᠥᠭᠥᠷᠢᠭ ᠣᠯᠵᠤ᠂ ᠬᠥᠬᠡᠬᠣᠲᠠ᠎ᠶ᠋ᠢᠨ ᠲᠥᠷᠥᠯ ᠵᠦᠶ᠋ᠯ᠎ᠦᠨ ᠨᠥᠭᠡᠴᠡ ᠪᠠ ᠲᠤᠯᠭᠠᠭᠤᠷᠢᠯᠠᠯ᠎ᠢᠶᠠᠨ ᠴᠢᠩᠭᠠᠳᠭᠠᠬᠤ᠎ᠶ᠋ᠢ ᠳᠡᠮᠵᠢᠬᠦ᠌᠎ᠳᠦ ᠬᠡᠷᠡᠭ᠌ᠯᠡᠵᠦ᠍᠂ ᠣᠲᠣ ᠦᠶ᠎ᠡ᠎ᠶ᠋ᠢᠨ ᠠᠷᠠᠯᠵᠢᠶ᠎ᠠ ᠬᠤᠳᠠᠯᠳᠤᠭᠠᠨ᠎ᠤ ᠬᠦᠢᠯᠭᠡᠭᠡ ᠵᠢᠨ ᠱᠢᠰᠲ᠋ᠧᠮ᠎ᠢ ᠦᠷᠭᠦᠯᠵᠢᠯᠡᠨ ᠱᠢᠯᠢᠳᠡᠭ᠌ᠵᠢᠭᠦᠯᠦᠨ ᠲᠡᠭᠦᠯᠳᠡᠷᠵᠢᠭᠦᠯᠵᠠᠢ᠃