ᠬᠡᠳᠦᠨ ᠡᠳᠦᠷ ᠳᠠᠷᠠᠭᠠᠯᠠᠨ᠂ ᠮᠠᠨ᠎ᠤ ᠤᠯᠤᠰ᠎ᠤᠨ ᠣᠯᠠᠨ ᠮᠤᠵᠢ ᠣᠷᠣᠨ ᠬᠣᠲᠠ ᠳ᠋ᠤ ᠬᠦᠢᠲᠡᠨ ᠤᠷᠤᠰᠬᠠᠯ ᠳᠠᠭᠠᠷᠢᠨ ᠢᠷᠡᠭᠰᠡᠨ ᠪᠠᠢᠨ᠎ᠠ᠃ ᠠᠭᠠᠷ᠎ᠤᠨ ᠳᠤᠯᠠᠭᠠᠨ ᠭᠡᠨᠡᠳᠲᠡ ᠳᠣᠷᠣᠭᠰᠢᠯᠠᠬᠤ ᠳ᠋ᠤ ᠵᠠᠷᠢᠮ ᠰᠠᠭᠤᠭᠠᠯᠢ ᠠᠷᠠᠳ᠎ᠤᠨ ᠲᠣᠭᠣᠷᠢᠭ᠋᠎ᠤᠨ ᠳᠤᠯᠠᠭᠠᠯᠠᠭ᠎ᠠ ᠪᠠᠷᠢᠮᠵᠢᠶ᠎ᠠ᠎ᠳᠤ ᠬᠦᠷᠦᠭᠰᠡᠨ ᠦᠭᠡᠢ᠂ ᠵᠠᠭᠠᠯᠳᠤᠬᠰᠠᠨ ᠴᠤ᠌ ᠰᠢᠢᠳᠪᠦᠷᠢᠯᠡᠬᠦ ᠳ᠋ᠤ ᠬᠦᠴᠢᠷ᠂ ᠲᠣᠨᠣᠭ ᠲᠥᠬᠦᠭᠡᠷᠦᠮᠵᠢ᠎ᠶᠢ ᠴᠠᠭ ᠲᠤᠬᠠᠢ ᠳ᠋ᠤᠨᠢ ᠰᠡᠯᠪᠢᠨ ᠵᠠᠰᠠᠭᠰᠠᠨ ᠦᠭᠡᠢ ᠵᠡᠷᠭᠡ ᠳᠤᠯᠠᠭᠠᠯᠠᠭ᠎ᠠ ᠬᠠᠩᠭᠠᠬᠤ 《ᠬᠠᠭᠤᠴᠢᠨ ᠠᠰᠠᠭᠤᠳᠠᠯ》 ᠤ᠋ᠳ ᠳᠠᠬᠢᠨᠲᠠ ᠢᠯᠡᠷᠡᠪᠡ᠃
ᠵᠠᠷᠢᠮ ᠭᠠᠵᠠᠷ ᠨᠢ ᠵᠢᠯ ᠪᠤᠯᠭᠠᠨ 《ᠳᠠᠭᠠᠷᠠᠵᠤ ᠪᠠᠢᠨ᠎ᠠ》 ᠭᠡᠵᠦ ᠬᠠᠰᠬᠢᠷᠤᠭᠰᠠᠨ ᠴᠤ᠌ ᠵᠢᠯ ᠪᠤᠯᠭᠠᠨ ᠪᠤᠲᠠᠲᠠᠢ ᠠᠵᠢᠯᠯᠠᠭ᠎ᠠ ᠠᠪᠬᠤ ᠳ᠋ᠤ ᠬᠦᠴᠢᠷ ᠪᠠᠢᠳᠠᠭ᠃ ᠡᠳᠡᠭᠡᠷ 《ᠬᠠᠭᠤᠴᠢᠨ ᠠᠰᠠᠭᠤᠳᠠᠯ》 ᠨᠢ ᠡᠪᠦᠯ ᠪᠤᠯᠭᠠᠨ ᠠᠷᠠᠳ᠎ᠤᠨ ᠠᠮᠢᠳᠤᠷᠠᠯ᠎ᠤᠨ ᠬᠥᠭᠵᠢᠯᠲᠡ᠎ᠶᠢᠨ ᠠᠬᠢᠴᠠ ᠳ᠋ᠤ ᠰᠠᠭᠠᠳ ᠪᠤᠯᠵᠤ ᠪᠣᠯᠬᠤ ᠦᠭᠡᠢ᠃
ᠰᠤᠷᠪᠤᠯᠵᠢᠯᠠᠭ᠍ᠴᠢ ᠪᠠᠢᠴᠠᠭᠠᠨ ᠰᠤᠳᠤᠯᠤᠯᠲᠠ ᠬᠢᠵᠦ ᠣᠢᠯᠠᠭᠠᠭᠰᠠᠨ᠎ᠢᠶᠠᠷ᠂ ᠡᠲᠡᠭᠡᠷ ᠠᠰᠠᠭᠤᠳᠠᠯ᠎ᠤᠨ ᠠᠷᠤ᠎ᠳᠤ᠂ ᠵᠠᠷᠢᠮ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋᠎ᠲᠤ ᠬᠠᠲᠠᠭᠤ ᠬᠡᠷᠡᠭᠰᠡᠯ ᠳᠤᠲᠠᠭᠳᠠᠵᠤ᠂ ᠣᠨᠴᠠ ᠵᠠᠷᠢᠮ ᠭᠠᠵᠠᠷ᠎ᠲᠤ ᠣᠷᠳᠣ᠌ ᠬᠤᠭᠤᠴᠠᠭ᠎ᠠ᠎ᠪᠠᠷ ᠦᠢᠯᠡᠴᠢᠯᠡᠭᠡᠨ᠎ᠦ ᠳᠤᠲᠠᠭᠤᠳᠠᠯ ᠣᠷᠣᠰᠢᠵᠤ᠂ ᠵᠠᠷᠢᠮ ᠳᠤᠯᠠᠭᠠᠯᠠᠭ᠎ᠠ ᠬᠠᠩᠭᠠᠬᠤ ᠠᠵᠤ ᠠᠬᠤᠢᠯᠠᠯ᠎ᠤᠨ ᠡᠵᠡᠨᠭᠨᠡᠯᠲᠡ ᠬᠠᠮᠠᠭᠠᠯᠠᠯᠲᠠ ᠳ᠋ᠤ ᠳᠤᠲᠠᠭᠤᠳᠠᠯ ᠣᠷᠣᠰᠢᠵᠤ ᠪᠠᠢᠨ᠎ᠠ᠃ ᠡᠪᠦᠯ᠎ᠦᠨ ᠤᠯᠠᠷᠢᠯ᠎ᠤᠨ ᠳᠤᠯᠠᠭᠠᠯᠠᠭ᠎ᠠ ᠪᠣᠯ ᠲᠦᠭ ᠲᠦᠮᠡᠨ ᠠᠢᠯ ᠡᠷᠦᠬᠡ᠎ᠳᠦ ᠬᠣᠯᠪᠣᠭᠳᠠᠬᠤ ᠶᠡᠬᠡ ᠶᠠᠪᠤᠳᠠᠯ ᠪᠣᠯᠣᠨ᠎ᠠ᠂ ᠳᠤᠯᠠᠭᠠᠯᠠᠭ᠎ᠠ᠎ᠶᠢᠨ 《ᠬᠠᠭᠤᠴᠢᠨ ᠠᠰᠠᠭᠤᠳᠠᠯ》 ᠢ᠋ ᠰᠢᠢᠳᠪᠦᠷᠢᠯᠡᠬᠦ᠎ᠳᠦ᠂ 《ᠲᠣᠯᠣᠭᠠᠢ ᠡᠪᠡᠳᠪᠡᠯ ᠲᠣᠯᠣᠭᠠᠢ᠎ᠶᠢ ᠨᠢ ᠵᠠᠰᠠᠵᠤ᠂ ᠬᠥᠯ ᠡᠪᠡᠳᠪᠡᠯ ᠬᠥᠯ᠎ᠢ ᠨᠢ ᠡᠮᠨᠡᠭᠡᠳ》 ᠪᠠᠢᠵᠤ ᠪᠣᠯᠬᠤ ᠦᠭᠡᠢ᠂ ᠡᠷᠬᠡᠪᠰᠢ ᠴᠢᠩᠭ᠎ᠠ ᠠᠷᠭ᠎ᠠ ᠬᠡᠮᠵᠢᠶ᠎ᠡ᠂ ᠰᠢᠨ᠎ᠡ ᠠᠷᠭ᠎ᠠ ᠬᠡᠮᠵᠢᠶ᠎ᠡ ᠠᠪᠬᠤ ᠬᠡᠷᠡᠭᠲᠡᠢ᠃
ᠳᠤᠯᠠᠭᠠᠯᠠᠭ᠎ᠠ ᠬᠠᠩᠭᠠᠬᠤ 《ᠬᠠᠭᠤᠴᠢᠨ ᠠᠰᠠᠭᠤᠳᠠᠯ 》 ᠢ᠋ ᠰᠢᠢᠳᠪᠦᠷᠢᠯᠡᠬᠦ᠎ᠳᠦ᠂ ᠬᠠᠮᠢᠶᠠᠷᠤᠯᠲᠠ᠎ᠶᠢᠨ ᠠᠷᠭ᠎ᠠ ᠬᠡᠯᠪᠡᠷᠢ᠎ᠶᠢᠨ ᠰᠢᠨ᠎ᠡ᠎ᠶᠢ ᠡᠭᠦᠳᠴᠦ ᠬᠢᠨᠠᠯᠲᠠ ᠬᠠᠮᠢᠶᠠᠷᠤᠯᠲᠠ᠎ᠶᠢᠨ ᠡᠷᠴᠢᠮ᠎ᠢᠶᠡᠨ ᠴᠢᠩᠭᠠᠳᠬᠠᠬᠤ ᠬᠡᠷᠡᠭᠲᠡᠢ᠃ ᠬᠠᠮᠢᠶ᠎ᠠ ᠪᠦᠬᠦᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠢᠯᠴᠢ ᠬᠠᠩᠭᠠᠬᠤ ᠡᠨᠡ ᠬᠦ᠌ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠳᠥᠭᠥᠮᠬᠡᠨ᠎ᠢᠶᠡᠷ ᠵᠠᠬ᠎ᠠ ᠳᠡᠯᠭᠡᠭᠦᠷ᠎ᠲᠦ ᠲᠦᠯᠬᠢᠨ ᠥᠭᠴᠦ ᠪᠣᠯᠬᠤ ᠦᠭᠡᠢ᠂ ᠬᠠᠷᠢᠨ ᠬᠠᠤᠯᠢ ᠲᠣᠭᠲᠠᠭᠠᠯ ᠶᠣᠰᠣᠭᠠᠷ ᠢᠯᠴᠢ ᠬᠠᠩᠭᠠᠬᠤ ᠠᠵᠤ ᠠᠬᠤᠢᠯᠠᠯ᠎ᠳᠤ ᠬᠢᠨᠠᠯᠲᠠ ᠲᠠᠯᠪᠢᠵᠤ ᠪᠠᠢᠴᠠᠭᠠᠬᠤ᠎ᠪᠠᠨ ᠴᠢᠩᠭᠠᠳᠬᠠᠵᠤ᠂ ᠣᠯᠠᠨ ᠲᠦᠮᠡᠨ᠎ᠦ ᠲᠤᠰᠬᠠᠯ ᠴᠢᠩᠭ᠎ᠠ ᠪᠠᠢᠭ᠎ᠠ ᠠᠵᠤ ᠠᠬᠤᠢᠯᠠᠯ᠎ᠢ ᠭᠣᠣᠯᠳᠠᠯᠭ᠎ᠠ᠎ᠲᠠᠢ ᠠᠩᠬᠠᠷᠴᠤ᠂ ᠦᠢᠯᠡᠴᠢᠯᠡᠭᠡᠨ᠎ᠦ ᠶᠠᠰᠤ ᠴᠢᠨᠠᠷ ᠨᠢ ᠪᠠᠷᠢᠮᠵᠢᠶ᠎ᠠ᠎ᠳᠤ ᠭᠦᠷᠦᠭᠰᠡᠨ ᠦᠭᠡᠢ ᠠᠵᠤ ᠠᠬᠤᠢᠯᠠᠯ᠎ᠢ ᠰᠢᠢᠳᠬᠡᠨ ᠲᠣᠷᠭᠠᠬᠤ ᠬᠡᠷᠡᠭᠲᠡᠢ᠃ ᠡᠭᠦᠨ᠎ᠦ ᠬᠠᠮᠲᠤ ᠰᠢᠭᠰᠢᠭᠳᠡᠭᠦᠯᠬᠦ ᠲᠣᠭᠲᠠᠴᠠ᠎ᠶᠢ ᠲᠡᠭᠦᠯᠳᠡᠷᠵᠢᠭᠦᠯᠵᠦ᠂ ᠵᠢᠯ ᠳᠠᠷᠠᠭᠠᠯᠠᠨ ᠪᠠᠷᠢᠮᠵᠢᠶ᠎ᠠ᠎ᠳᠤ ᠬᠦᠷᠦᠭᠰᠡᠨ ᠦᠭᠡᠢ᠂ ᠢᠲᠡᠭᠡᠮᠵᠢ᠎ᠶᠢᠨ ᠵᠡᠷᠭᠡ ᠳᠡᠰ᠎ᠢᠶᠠᠷ ᠠᠨᠠᠢ ᠲᠡᠳᠡᠭᠡᠷ ᠠᠵᠤ ᠠᠬᠤᠢᠯᠠᠯ᠎ᠢ ᠴᠡᠪᠡᠷᠯᠡᠨ ᠪᠤᠴᠠᠭᠠᠬᠤ ᠶᠣᠰᠣᠲᠠᠢ᠎ᠶᠢ ᠨᠢ ᠴᠡᠪᠡᠷᠯᠡᠨ ᠪᠤᠴᠠᠭᠠᠬᠤ ᠬᠡᠷᠡᠭᠲᠡᠢ᠂ ᠬᠠᠷᠢᠨ ᠤᠯᠠᠨ ᠲᠦᠮᠡᠨ᠎ᠢ 《ᠵᠣᠭᠣᠰᠵᠢᠡᠨ ᠵᠠᠷᠤᠴᠠᠭᠤᠯᠤᠭᠠᠳ ᠪᠠᠰᠠ ᠳᠠᠭᠠᠷᠠᠬᠤ》 ᠪᠠᠢᠯᠭᠠᠵᠤ ᠪᠣᠯᠬᠤ ᠦᠭᠡᠢ᠃
ᠳᠤᠯᠠᠭᠠᠯᠠᠭ᠎ᠠ᠎ᠶᠢᠨ《ᠬᠠᠭᠤᠴᠢᠨ ᠠᠰᠠᠭᠤᠳᠠᠯ》᠎ᠢ᠋ ᠰᠢᠢᠳᠪᠦᠷᠢᠯᠡᠬᠦ᠎ᠳᠦ᠂ ᠵᠠᠩᠭᠢᠯᠠᠭ᠎ᠠ᠎ᠶᠢᠨ ᠭᠣᠭᠴᠣᠭ᠎ᠠ᠎ᠶᠢ ᠴᠢᠩᠭ᠎ᠠ ᠠᠳᠬᠤᠵᠤ ᠨᠢᠭᠡᠳᠦᠯᠲᠡᠢ ᠲᠥᠯᠥᠪᠵᠢᠭᠦᠯᠦᠨ ᠨᠡᠢ᠍ᠢᠳᠡᠮ ᠳ᠋ᠦ᠍ᠨᠢ ᠬᠠᠷᠠᠭᠠᠯᠵᠠᠬᠤ᠎ᠶᠢ ᠪᠡᠶᠡᠯᠡᠭᠦᠯᠬᠦ ᠬᠡᠷᠡᠭᠲᠡᠢ᠃ ᠳᠤᠯᠠᠭᠠᠯᠠᠭ᠎ᠠ᠎ᠶᠢᠨ ᠬᠠᠭᠤᠴᠢᠨ ᠲᠥᠬᠦᠭᠡᠷᠦᠮᠵᠢ᠎ᠶᠢᠨ ᠯᠡᠪᠡᠷᠡᠵᠦ ᠭᠣᠭᠣᠵᠢᠭ᠍ᠤ ᠨᠢ ᠳᠤᠯᠠᠭᠠᠯᠠᠭ᠎ᠠ᠎ᠶᠢᠨ ᠦᠷ᠎ᠡ ᠪᠦᠲᠦᠮᠵᠢ᠎ᠶᠢ ᠠᠨᠠᠢ ᠪᠣᠯᠭᠠᠬᠤ ᠮᠥᠷᠲᠡᠭᠡᠨ ᠪᠠᠰᠠ ᠶᠡᠬᠡ ᠬᠡᠮᠵᠢᠶᠡᠨ᠎ᠦ ᠡᠬᠢ ᠪᠠᠶᠠᠯᠢᠭ᠋᠎ᠢ ᠪᠦᠷᠢᠯᠭᠡᠳᠡᠭ᠃ ᠡᠯ᠎ᠡ ᠭᠠᠵᠠᠷ᠎ᠤᠨ ᠬᠢᠨ ᠬᠣᠲᠠ ᠵᠢ ᠰᠢᠨᠡᠳᠭᠡᠬᠦ᠂ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋᠎ᠤᠨ ᠥᠭᠡᠷᠡᠴᠢᠯᠡᠯᠲᠡ᠎ᠶᠢ ᠠᠬᠢᠭᠤᠯᠬᠤ ᠶᠠᠪᠤᠴᠠ᠎ᠳᠤ᠂ ᠳᠤᠯᠠᠭᠠᠯᠠᠭ᠎ᠠ ᠬᠠᠩᠭᠠᠬᠤ ᠵᠡᠷᠭᠡ ᠠᠷᠠᠳ᠎ᠤᠨ ᠠᠮᠢᠳᠤᠷᠠᠯ᠎ᠤᠨ ᠰᠠᠭᠤᠷᠢ ᠦᠢᠯᠡᠴᠢᠯᠡᠭᠡᠨ᠎ᠦ ᠲᠦᠬᠦᠭᠡᠷᠤᠮᠵᠢ᠎ᠶᠢᠨ ᠰᠢᠨᠡᠳᠬᠡᠯ ᠰᠣᠯᠢᠭ᠍ᠳᠠᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠲᠣᠬᠢᠷᠠᠭᠤᠯᠵᠤ᠂ 《ᠭᠠᠳᠠᠨ᠎ᠠ ᠨᠢ ᠭᠤᠶᠤ》 ᠪᠠᠢᠯᠭᠠᠬᠤ᠎ᠶᠢᠨ ᠬᠠᠮᠲᠤ 《ᠳᠣᠲᠣᠷ᠎ᠠ᠎ᠨᠢ ᠰᠠᠢᠨ》 ᠪᠠᠢᠬᠤ᠎ᠶᠢ ᠪᠡᠶᠡᠯᠡᠭᠦᠯᠬᠦ ᠬᠡᠷᠡᠭᠲᠡᠢ᠃
ᠣᠢᠷ᠎ᠠ᠎ᠶᠢᠨ ᠵᠢᠯ᠎ᠦᠳ᠎ᠲᠦ᠂ ᠵᠠᠷᠢᠮ ᠭᠠᠵᠠᠷ ᠣᠷᠣᠨ ᠨᠢᠭᠡᠨᠲᠡ ᠲᠣᠭᠠᠴᠢᠯᠠᠯᠲᠠ᠂ ᠣᠶᠤᠨᠴᠢᠯᠠᠯᠲᠠ ᠵᠡᠷᠭᠡ ᠰᠢᠨ᠎ᠡ ᠠᠷᠭ᠎ᠠ ᠪᠠᠷᠢᠯ᠎ᠢ ᠬᠡᠷᠡᠭᠯᠡᠨ ᠳᠤᠯᠠᠭᠠᠯᠠᠭ᠎ᠠ᠎ᠶᠢᠨ ᠪᠠᠢᠳᠠᠯ᠎ᠢ ᠰᠠᠢᠵᠢᠷᠠᠭᠤᠯᠵᠤ ᠪᠠᠢᠨ᠎ᠠ᠃ ᠡᠯ᠎ᠡ ᠭᠠᠵᠠᠷ᠎ᠤᠨ ᠬᠢᠨ ᠢᠯᠴᠢ ᠬᠠᠩᠭᠠᠬᠤ ᠪᠥᠬᠥ ᠬᠡᠯᠬᠢᠶ᠎ᠡ᠎ᠶᠢ ᠲᠣᠭᠠᠴᠢᠯᠠᠯᠲᠠ ᠲᠠᠢᠰᠢ ᠥᠭᠡᠷᠡᠴᠢᠯᠡᠨ ᠲᠠᠰ ᠳᠡᠪᠰᠢᠭᠦᠯᠬᠦ᠎ᠶᠢ ᠲᠦᠷᠭᠡᠳᠬᠡᠵᠦ᠂ ᠢᠯᠴᠢ ᠬᠠᠩᠭᠠᠬᠤ ᠥᠷᠲᠡᠭᠡ᠎ᠡᠴᠡ ᠬᠣᠭᠣᠯᠠᠢ ᠲᠣᠣᠷ ᠬᠦᠷᠲᠡᠯ᠎ᠡ᠂ ᠳᠠᠬᠢᠭᠠᠳ ᠦᠵᠦᠭᠦᠷᠯᠢᠭ ᠬᠦᠷᠲᠡᠯᠡᠬᠢ ᠣᠶᠤᠨᠴᠢ ᠪᠠᠢᠴᠠᠭᠠᠨ ᠬᠡᠮᠵᠢᠬᠦ ᠰᠢᠰᠲᠧᠮ᠎ᠢ ᠪᠠᠶ᠋ᠢᠭᠤᠯᠬᠤ ᠨᠢ ᠭᠡᠷ᠎ᠦᠨ ᠭᠠᠳᠠᠨᠠᠬᠢ ᠠᠭᠤᠷ ᠠᠮᠢᠰᠬᠤᠯ᠂ ᠪᠠᠷᠢᠯᠭ᠎ᠠ᠎ᠶᠢᠨ ᠳᠤᠯᠠᠭᠠᠨ᠎ᠢ ᠪᠠᠲᠤᠯᠠᠬᠤ ᠴᠢᠳᠠᠮᠵᠢ᠂ ᠬᠡᠷᠡᠭᠯᠡᠭᠴᠢ᠎ᠶᠢᠨ ᠳᠠᠳᠬᠠᠯ ᠵᠡᠷᠭᠡ ᠳ᠋ᠠᠢᠲ᠋ᠠ᠎ᠳᠤ ᠰᠠᠭᠤᠷᠢᠯᠠᠨ ᠣᠨᠣᠴᠠᠲᠠᠶ᠎ᠪᠠᠷ ᠢᠯᠴᠢ ᠬᠠᠩᠭᠠᠬᠤ᠎ᠶᠢ ᠪᠡᠶᠡᠯᠡᠭᠦᠯᠵᠦ ᠴᠢᠳᠠᠬᠤ᠎ᠪᠠᠷ ᠪᠠᠷᠠᠬᠤ ᠦᠭᠡᠢ ᠪᠠᠰᠠ ᠬᠣᠭᠣᠯᠠᠢ ᠲᠣᠣᠷ ᠯᠡᠪᠡᠷᠡᠬᠦ᠂ ᠲᠥᠬᠦᠭᠡᠷᠦᠮᠵᠢ᠎ᠶᠢᠨ ᠦᠷ᠎ᠡ ᠪᠦᠲᠦᠮᠵᠢ ᠪᠠᠭᠤᠷᠠᠬᠤ ᠵᠡᠷᠭᠡ ᠠᠰᠠᠭᠤᠳᠠᠯ᠎ᠢ ᠤᠷᠢᠳᠴᠢᠯᠠᠨ ᠢᠯᠡᠷᠡᠭᠦᠯᠵᠦ᠂ ᠳᠤᠯᠠᠭᠠᠯᠠᠭ᠎ᠠ᠎ᠶᠢᠨ ᠪᠠᠲᠤᠯᠠᠭ᠎ᠠ᠎ᠶᠢ ᠨᠠᠩ ᠥᠨᠳᠥᠷ ᠪᠦᠲᠦᠮᠵᠢᠲᠡᠶ ᠪᠣᠯᠭᠠᠬᠤ ᠪᠣᠯᠣᠨ᠎ᠠ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠳᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶᠢ ᠴᠢᠩᠭᠠᠳᠬᠠᠵᠤ᠂ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠠᠢᠲᠤᠷ ᠰᠢᠢᠳᠪᠦᠷᠢᠯᠡᠨ᠎ᠡ ᠭᠡᠵᠦ ᠲᠣᠳᠣᠷᠬᠠᠢ ᠳᠤᠷᠠᠳᠪᠠ᠃ ᠡᠪᠦᠯ᠎ᠦᠨ ᠤᠯᠠᠷᠢᠯ᠎ᠤᠨ ᠳᠤᠯᠠᠭᠠᠯᠠᠭ᠎ᠠ ᠪᠣᠯ ᠣᠯᠠᠨ ᠲᠦᠮᠡᠨ᠎ᠦ ᠲᠣᠰ ᠪᠡᠶ᠎ᠡ᠎ᠶᠢᠨ ᠠᠰᠢᠭ᠋ ᠲᠤᠰᠠᠲᠠᠢ ᠰᠢᠭᠤᠳ ᠬᠣᠯᠪᠣᠭᠳᠠᠬᠤ ᠶᠡᠬᠡ ᠶᠠᠪᠤᠳᠠᠯ ᠮᠥᠨ᠂ ᠭᠡᠷ᠎ᠦᠨ ᠳᠤᠯᠠᠭᠠᠨ᠎ᠤ ᠬᠡᠮᠵᠢᠶ᠎ᠡ ᠪᠡᠷ ᠠᠷᠠᠳ᠎ᠤᠨ ᠠᠮᠢᠳᠤᠷᠠᠯ᠎ᠤᠨ ᠵᠤᠯ ᠵᠢᠷᠭᠠᠯ᠎ᠢ ᠤᠯᠵᠤ ᠬᠠᠷᠠᠵᠤ ᠳᠡᠢᠯᠦᠨ᠎ᠡ᠃ ᠳᠤᠯᠠᠭᠠᠯᠠᠭ᠎ᠠ ᠬᠠᠩᠭᠠᠬᠤ ᠦᠷ᠎ᠡ ᠪᠦᠲᠦᠮᠵᠢ ᠬᠢᠷᠢ ᠵᠡᠷᠭᠡ ᠪᠠᠢᠬᠤ᠎ᠶᠢᠨ ᠵᠠᠩᠭᠢᠯᠠᠭ᠎ᠠ ᠨᠢ ᠠᠷᠠᠳ ᠣᠯᠠᠨ᠎ᠤ ᠬᠠᠯᠠᠭᠤᠨ ᠳᠤᠯᠠᠭᠠᠨᠡᠪᠤᠯᠵᠢᠬᠦ ᠵᠢ ᠦᠨᠡᠨ ᠬᠦ᠌ ᠰᠡᠳᠬᠢᠯ᠎ᠳᠡᠭᠡᠨ ᠪᠤᠳᠤᠵᠤ ᠪᠠᠢᠬᠤ ᠡᠰᠡᠬᠦ᠎ᠳᠦ ᠪᠠᠢᠨ᠎ᠠ᠃ ᠵᠠᠰᠠᠭ᠎ᠤᠨ ᠣᠷᠳᠣᠨ᠂ ᠠᠵᠤ ᠠᠬᠤᠢᠯᠠᠯ᠂ ᠨᠡᠢᠭᠡᠮ ᠲᠣᠭᠣᠷᠢᠭ᠋ ᠬᠠᠮᠲᠤ ᠪᠠᠷ ᠬᠦᠴᠦᠯᠡᠵᠦ᠂ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠦᠢᠯᠡᠴᠢᠯᠡᠭᠡ᠎ᠶᠢ ᠨᠠᠷᠢᠯᠢᠭᠵᠢᠭᠤᠯᠵᠤ᠂ ᠮᠡᠷᠭᠡᠵᠢᠯ᠎ᠢ ᠠᠮᠢᠳᠤᠯᠢᠭ᠋ ᠬᠡᠷᠡᠭᠯᠡᠪᠡᠯ ᠰᠠᠶᠢ ᠤᠷᠤᠨ ᠰᠠᠭᠤᠴᠠ ᠵᠢ ᠬᠠᠯᠠᠭᠤᠨ ᠳᠤᠯᠠᠭᠠᠨ ᠪᠤᠯᠭᠠᠵᠤ᠂ ᠤᠯᠠᠨ᠎ᠤ ᠰᠡᠳᠬᠢᠯ᠎ᠢ ᠳᠤᠯᠠᠭᠠᠴᠠᠭᠤᠯᠵᠤ ᠴᠢᠳᠠᠨ᠎ᠠ᠃
(ᠰᠢᠨᠬᠤᠸᠠ ᠬᠤᠷᠢᠶ᠎ᠠ᠎ᠵᠢᠨ ᠮᠦᠭᠳᠡᠨ᠎ᠤ 11 ᠰᠠᠷ᠎ᠠ᠎ᠶᠢᠨ 17 ᠤ᠋ ᠴᠠᠬᠢᠯᠭᠠᠨ ᠮᠡᠳᠡᠭᠡ)