ᠭᠤᠷᠪᠠᠨ ᠵᠢᠯ᠎ᠳᠦ ᠪᠠᠴᠢᠮ ᠬᠡᠷᠡᠭ᠌ᠰᠡᠬᠦ᠌ ᠴᠢᠳᠠᠪᠤᠷᠢᠲᠠᠨ᠎ᠢ 3.8 ᠲᠦᠮᠡ ᠭᠠᠷᠤᠶ ᠣᠷᠣᠭᠤᠯᠤᠨ ᠠᠪᠴᠢᠷᠠᠵᠠᠶ
2025-11-19 11:34:37
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠬᠦᠮᠤᠨ ᠤ᠋ ᠬᠦᠴᠤᠨ ᠤ᠋ᠡ ᠡᠬᠢ ᠪᠠᠶᠠᠯᠢᠭ ᠪᠠ ᠨᠠᠢᠬᠡᠮ ᠤ᠋ᠨ ᠪᠠᠲᠤᠯᠠᠭ᠎ᠠ ᠵᠢᠨ ᠲᠢᠡᠭᠬᠢᠮ ᠡᠴᠠ ᠤᠢᠯᠠᠭᠠᠭᠰᠠᠨ᠎ᠢᠶᠡᠷ᠂ ᠪᠤᠭᠤᠲᠤ ᠬᠣᠲᠠ ᠲᠣᠮᠣ ᠳ᠋ᠠᠢᠲ᠋ᠠ᠂ AI ᠮᠡᠷᠭᠡᠵᠢᠯ᠎ᠳᠦ ᠲᠦᠱᠢᠭ᠌ᠯᠡᠨ ᠪᠥᠬᠥ᠌ ᠣᠷᠣᠨ ᠪᠦᠰᠡ᠎ᠶ᠋ᠢᠨ ᠴᠢᠳᠠᠪᠤᠷᠢᠲᠠᠨ ᠤᠷᠢᠬᠤ ᠣᠶᠤᠨᠯᠢᠭ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ 《ᠠᠵᠢᠯ᠎ᠤᠨ ᠪᠠᠢᠷᠢ + ᠴᠢᠳᠠᠪᠤᠷᠢᠲᠠᠨ》 ᠤ᠋  ᠱᠢᠰᠲ᠋ᠧᠮ᠎ᠢ ᠪᠠᠢᠭᠤᠯᠬᠤ ᠪᠡᠷ ᠳᠠᠮᠵᠢᠨ᠂ ᠬᠠᠩᠭᠠᠯᠭ᠎ᠠ ᠬᠡᠷᠡᠭ᠌ᠴᠡᠭᠡ᠎ᠶ᠋ᠢᠨ ᠲᠦᠭ᠌ᠵᠢᠷᠡᠯ ᠎ᠦᠨ ᠴᠡᠭ ᠎ᠢ  ᠨᠡᠪᠲᠡᠷᠡᠭᠦᠯᠵᠦ᠍᠂ ᠦᠷ᠎ᠡ ᠪᠦᠲᠦᠮᠵᠢ᠎ᠶ᠋ᠢ ᠳᠠᠬᠢᠨ᠎ᠢᠶᠠᠷ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃ 

ᠪᠤᠭᠤᠲᠤ ᠬᠤᠳᠠ《ᠨᠢᠭᠡ ᠺᠣᠳ᠋᠎ᠢᠶᠠᠷ ᠠᠵᠢᠯᠲᠠᠨ ᠡᠯᠰᠡᠬᠦ᠌᠂ ᠨᠢᠭᠡ ᠺᠣᠳ᠋᠎ᠢᠶᠠᠷ ᠠᠵᠢᠯ ᠡᠷᠢᠬᠦ᠌》ᠵᠢ ᠪᠡᠶᠡᠯᠡᠭᠦᠯᠵᠦ᠍᠂ ᠭᠠᠵᠠᠷ ᠣᠷᠣᠨ᠎ᠤ ᠪᠡᠬᠢᠯᠡᠯᠲᠡ᠎ᠶ᠋ᠢ ᠡᠪᠳᠡᠵᠤ᠂ ᠡᠨᠡ ᠵᠢᠯ᠎ᠦᠨ 1— 9 ᠰᠠᠷ᠎ᠠ᠎ᠳᠤ ᠳᠡᠭᠡᠳᠦ ᠲᠠᠰ ᠳᠠᠪᠬᠤᠷᠭ᠎ᠠ᠎ᠶ᠋ᠢᠨ ᠪᠠ ᠪᠠᠴᠢᠮ ᠬᠡᠷᠡᠭᠴᠡᠭᠡᠳᠦ ᠴᠢᠳᠠᠪᠤᠷᠢᠲᠠᠨ᠎ᠢ 8028 ᠣᠷᠣᠭᠤᠯᠤᠨ ᠠᠪᠴᠢᠷᠠᠵᠤ᠂《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠨᠢᠭᠡᠨᠲᠡ 3.83 ᠲᠦᠮᠡᠨ ᠬᠥᠮᠦᠨ᠎ᠢ ᠬᠠᠷᠠᠯᠲᠠ᠎ᠲᠠᠶ᠎ᠪᠠᠷ ᠣᠷᠣᠭᠤᠯᠤᠨ ᠠᠪᠴᠢᠷᠠᠵᠤ᠂ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ ᠎ᠤ ᠬᠢ᠎ᠡᠴᠡ ᠳᠥᠷᠪᠡ ᠳᠠᠬᠢᠨ ᠨᠡᠮᠡᠭ᠌ᠳᠡᠵᠠᠢ᠃ ᠡᠭᠦᠨ᠎ᠦ ᠬᠠᠮᠲᠤ᠂ ᠭᠤᠷᠪᠠᠨ ᠵᠢᠯ ᠳᠠᠷᠠᠭᠠᠯᠠᠨ 《ᠪᠥᠬᠥ᠌ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠦᠨ ᠱᠢᠨ᠎ᠡ᠎ᠶ᠋ᠢ ᠡᠭᠦᠳᠬᠦ᠌ ᠰᠣᠷᠣᠭ᠍ᠴᠢ ᠡᠯᠰᠡᠬᠦ᠌ ᠭᠠᠵᠠᠷ᠎ᠤᠨ ᠳᠠᠷᠤᠭ᠎ᠠ᠎ᠶ᠋ᠢᠨ ᠪᠤᠭᠤᠲᠤ᠎ᠳᠠᠬᠢ ᠠᠶᠠᠯᠠᠯ》 ᠢ᠋ ᠡᠷᠭᠢᠯᠡᠵᠦ᠍᠂ 221 ᠶᠡᠬᠡ ᠳᠡᠭᠡᠳᠦ ᠰᠤᠷᠭᠠᠭᠤᠯᠢ᠂ 307 ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠎ᠶ᠋ᠢ ᠤᠷᠢᠵᠤ ᠣᠷᠣᠯᠴᠠᠭᠤᠯᠪᠠ《ᠠᠵᠢᠯ ᠦᠶ᠋ᠯᠡᠰ ᠎ᠦᠨ ᠣᠷᠣᠨ ᠲᠣᠭ᠎ᠠ᠎ᠶ᠋ᠢ ᠠᠵᠤ ᠠᠬᠤᠢᠯᠠᠯ᠎ᠳᠤ ᠬᠡᠷᠡᠭ᠌ᠯᠡᠬᠦ᠌》ᠶ᠋ᠢ ᠰᠤᠷᠭᠠᠨ ᠬᠥᠮᠦᠵᠢᠯ᠂ ᠡᠮ ᠡᠮᠨᠡᠯᠭᠡ ᠵᠢᠴᠢ ᠤᠯᠤᠰ᠎ᠤᠨ ᠲᠠᠰ᠎ᠤᠨ ᠱᠢᠨ᠎ᠡ᠎ᠶ᠋ᠢ ᠡᠭᠦᠳᠬᠦ᠌ ᠲᠠᠪᠴᠠᠩ᠎ᠳᠤ ᠬᠦᠷᠲᠡᠯ᠎ᠡ ᠥᠷᠭᠡᠳᠭᠡᠵᠦ᠍᠂ ᠲᠤᠰᠭᠠᠶ ᠮᠡᠷᠭᠡᠵᠢᠯ᠎ᠦᠨ ᠴᠢᠳᠠᠪᠤᠷᠢᠲᠠᠨ᠎ᠢ 4.7 ᠲᠦᠮᠡ᠂ ᠤᠷ᠎ᠠ ᠮᠡᠷᠭᠡᠵᠢᠯ᠎ᠦᠨ ᠴᠢᠳᠠᠪᠤᠷᠢᠲᠠᠨ ᠎ᠢ 2.3 ᠲᠦᠮᠡ ᠱᠢᠨ᠎ᠡ᠎ᠪᠡᠷ ᠨᠡᠮᠡᠭ᠌ᠳᠡᠭᠦᠯᠵᠦ᠍᠂ ᠴᠠᠯᠢᠩ ᠮᠦᠡᠭᠬᠦ ᠵᠢᠨ ᠥᠭᠡᠷᠡᠴᠢᠯᠡᠯᠲᠡ᠂ ᠠᠵᠢᠯ ᠮᠡᠷᠭᠡᠵᠢᠯ᠎ᠦᠨ ᠵᠠᠮ ᠮᠥᠷ᠎ᠢ ᠥᠷᠭᠡᠳᠭᠡᠬᠦ᠌᠎ᠪᠡᠷ ᠳᠠᠮᠵᠢᠨ᠂ 《ᠣᠷᠣᠭᠤᠯᠤᠨ ᠠᠪᠴᠢᠷᠠᠵᠤ ᠳᠡᠢᠯᠬᠦ᠌᠂ ᠦᠯᠡᠳᠡᠭᠡᠵᠦ᠍ ᠳᠡᠢᠯᠬᠦ᠌᠂ ᠰᠠᠢᠲᠤᠷ ᠬᠡᠷᠡᠭ᠌ᠯᠡᠵᠦ᠍ ᠳᠡᠢᠯᠬᠦ᠌》 ᠴᠢᠳᠠᠪᠤᠷᠢᠲᠠᠨ᠎ᠤ ᠲᠤᠯᠭᠠᠭᠤᠷᠢᠯᠠᠬᠤ ᠱᠢᠰᠲ᠋ᠧᠮ ᠎ᠢ᠋ ᠪᠠᠢᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号