11 ᠰᠠᠷ᠎ᠠ᠎ᠶ᠋ᠢᠨ 17 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠬᠥᠯᠥᠨ ᠪᠤᠢ᠌ᠷ ᠬᠤᠳᠠ᠂ ᠲᠦᠩᠯᠢᠶᠣᠤ ᠬᠤᠳᠠ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠡᠦᠬᠡ ᠪᠠ ᠣᠷᠣᠨ ᠨᠤᠲᠤᠭ᠎ᠤᠨ ᠣᠢᠯᠠᠯᠭ᠎ᠠ ᠰᠤᠳᠤᠯᠬᠤ ᠲᠠᠰᠤᠭ᠎ᠲᠤ ᠬᠦᠷᠴᠦ᠍ ᠤᠬᠠᠭᠤᠯᠤᠨ ᠲᠠᠢᠯᠪᠤᠷᠢᠯᠠᠪᠠ᠃
ᠬᠥᠯᠥᠨ ᠪᠣᠢᠷ ᠬᠣᠲᠠ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠳᠠᠷᠤᠭ᠎ᠠ ᠵᠢᠶ ᠱᠢᠶᠤᠤ ᠴᠢᠩ ᠪᠥᠬᠥᠳᠡ ᠬᠤᠷᠠᠯ ᠬᠤᠷᠠᠯᠳᠤᠬᠰᠠᠨ ᠴᠢᠬᠤᠯᠠ ᠶᠡᠬᠡ ᠠᠴᠢ ᠬᠣᠯᠪᠣᠭ᠍ᠳᠠᠯ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ᠎ᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠠᠬᠢᠴᠠ ᠳᠤᠮᠳᠠᠬᠢ ᠴᠢᠬᠤᠯᠠ ᠪᠠᠢᠷᠢ ᠰᠠᠭᠤᠷᠢ ᠵᠢᠴᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ᠂ ᠭᠤᠤᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ ᠵᠡᠷᠭᠡ᠎ᠶ᠋ᠢ ᠭᠦᠨᠵᠡᠭᠡᠶ ᠤᠢᠯᠠᠭᠠᠨ ᠡᠵᠡᠮᠱᠢᠬᠦ ᠵᠡᠷᠬᠡ ᠲᠠᠯ᠎ᠠ ᠡᠴᠡ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠭ᠍ᠰᠠᠨ ᠪᠥᠭᠡᠳ ᠭᠦᠨᠵᠡᠭᠡᠶ ᠲᠠᠢᠯᠤᠮᠵᠢ ᠬᠢᠪᠠ᠃
ᠬᠥᠯᠥᠨ ᠪᠤᠢ᠌ᠷ ᠬᠤᠳᠠ᠎ᠶ᠋ᠢᠨ ᠰᠣᠶᠣᠯ ᠪᠠ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶᠠᠨ᠎ᠤ ᠳᠠᠷᠤᠭ᠎ᠠ ᠸᠠᠩ ᠪᠥᠸᠧ᠄ 《 ᠪᠢᠳᠠ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠲᠦᠷᠪᠡᠨ ᠲᠠᠯ᠎ᠠ᠎ᠪᠠᠷ ᠭᠣᠣᠯᠳᠠᠯᠭ᠎ᠠ᠎ᠲᠠᠢ ᠬᠦᠴᠦᠯᠡᠨ᠎ᠠ᠄ ᠨᠢᠭᠡ᠎ᠳᠦ᠂ ᠥᠨᠳᠥᠷ ᠭᠠᠷᠤᠭ᠎ᠠ᠂ ᠥᠨᠳᠥᠷ ᠪᠠᠷᠢᠮᠵᠢᠶ᠎ᠠ᠎ᠪᠠᠷ ᠬᠥᠯᠥᠨ ᠪᠤᠢ᠌ᠷ᠎ᠤᠨ 〈 ᠠᠷᠪᠠᠨ ᠲᠠᠪᠤᠳᠤᠭᠠᠷ ᠲᠠᠪᠤᠨ ᠵᠢᠯ 〉 ᠤ᠋ᠨ ᠰᠣᠶᠣᠯ ᠵᠢᠭᠤᠯᠴᠢᠯᠠᠯ᠎ᠤᠨ ᠲᠤᠰᠭᠠᠢ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠪᠠᠢᠯᠳᠤᠬᠤ ᠪᠤᠳᠤᠯᠭ᠎ᠠ᠎ᠲᠠᠶ ᠢᠵᠢᠯ ᠠᠯᠬᠤᠮ᠎ᠢᠶᠠᠷ ᠶᠠᠪᠤᠭ᠍ᠳᠠᠬᠤ᠎ᠶ᠋ᠢ ᠪᠠᠲᠤᠯᠠᠨ᠎ᠠ; ᠬᠣᠶᠠᠷ᠎ᠲᠤ᠂ 〈 ᠠᠭᠤᠰᠤᠯᠴᠠᠬᠤ ᠵᠠᠮ〉 ᠤ᠋ᠨ ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ᠎ᠦᠨ ᠦᠷᠭᠦᠯᠵᠢᠯᠡᠨ ᠲᠠᠰ ᠳᠡᠪᠱᠢᠬᠦ᠌᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ; ᠭᠤᠷᠪᠠ᠎ᠳᠤ᠂ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠥᠪᠥᠷ ᠮᠣᠩᠭᠣᠯ᠎ᠤᠨ ᠮᠥᠰᠥ᠍ ᠴᠠᠰᠤᠨ ᠤ ᠨᠠᠭᠠᠳᠤᠮ᠂ ᠮᠥᠰᠥ᠍ ᠴᠠᠰᠤᠨ᠎ᠤ ᠪᠠᠭᠠᠲᠤᠷᠴᠤᠳ᠎ᠤᠨ ᠴᠤᠭ᠍ᠯᠠᠭᠠᠨ ᠵᠡᠷᠭᠡ IP ᠶ᠋ᠢ ᠭᠦᠨᠵᠡᠬᠡᠢ ᠠᠭᠤᠳᠠᠯᠵᠤ᠂ ᠵᠥᠷᠢᠶᠡᠴᠢᠯᠡᠭᠰᠡᠨ᠂ ᠪᠡᠶᠡᠴᠢᠯᠡᠨ ᠣᠢᠯᠠᠭᠠᠬᠤ ᠲᠦᠷᠦᠭᠳᠡᠯ᠎ᠢᠶᠡᠷ ᠴᠢᠩᠭ᠎ᠠ ᠪᠥᠬᠥ᠌ ᠣᠷᠣᠨ ᠪᠦᠰᠡ᠎ᠶ᠋ᠢᠨ ᠪᠦᠲᠦᠭᠡᠭ᠌ᠳᠡᠬᠦᠨ᠎ᠦ ᠵᠢᠭ᠍ᠰᠠᠭᠠᠯ᠎ᠢ ᠪᠣᠶ ᠪᠣᠯᠭᠠᠨ᠎ᠠ; ᠲᠦᠷᠪᠡ᠎ᠳᠦ᠂ ᠰᠣᠶᠣᠯ ᠤᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠳᠣᠲᠣᠭᠠᠳᠤ ᠬᠥᠳᠡᠯᠭᠡᠬᠦ᠌ ᠬᠦᠴᠦᠨ ᠢ ᠬᠥᠭ᠌ᠵᠢᠭᠡᠵᠦ᠍᠂ ᠰᠣᠶᠣᠯ᠎ᠤᠨ ᠦᠢᠯᠡᠴᠢᠯᠡᠭᠡ ᠪᠠ ᠰᠣᠶᠣᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ ᠶ᠋ᠢᠨ ᠲᠣᠭ᠍ᠲᠠᠴᠠ᠎ᠶ᠋ᠢ ᠲᠠᠰᠤᠷᠠᠯᠳᠠ ᠦᠭᠡᠢ ᠱᠢᠯᠢᠳᠡᠭ᠌ᠵᠢᠭᠦᠯᠵᠦ᠍᠂ ᠤᠯᠠᠨ ᠨᠡᠢᠲᠡ᠎ᠶ᠋ᠢᠨ ᠰᠣᠶᠣᠯ ᠤᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠦᠨ᠎ᠡ 》 ᠭᠡᠵᠦ ᠢᠯᠡᠳᠭᠡᠪᠡ᠃
ᠵᠢᠶ ᠱᠢᠶᠤᠤ ᠴᠢᠩ ᠪᠠᠰᠠ ᠬᠥᠯᠥᠨ ᠪᠣᠢᠷ᠎ᠤᠨ ᠲᠡᠦᠬᠡ᠎ᠶ᠋ᠢᠨ ᠮᠦᠽᠧᠶ᠎ᠳᠦ ᠬᠦᠷᠴᠦ᠍᠂ ᠰᠣᠶᠣᠯ ᠵᠢᠭᠤᠯᠴᠢᠯᠠᠯ᠎ᠤᠨ ᠱᠢᠰᠲ᠋ᠧᠮ᠎ᠦᠨ ᠺᠠᠳ᠋ᠷᠴᠤᠳ᠎ᠲᠠᠶ ᠰᠣᠶᠣᠯ ᠪᠠ ᠵᠢᠭᠤᠯᠴᠢᠯᠠᠯ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠬᠠᠷᠢᠯᠴᠠᠨ ᠬᠦᠳᠡᠯᠦᠯᠴᠡᠵᠤ ᠶᠠᠷᠢᠯᠴᠠᠨ ᠰᠣᠯᠢᠯᠴᠠᠪᠠ᠃
ᠲᠦᠩᠯᠢᠶᠣᠤ ᠬᠣᠲᠠ ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠨᠠᠮ᠎ᠤᠨ ᠬᠤᠷᠢᠶ᠎ᠠ ᠵᠢᠨ ᠱᠦᠵᠢ ᠵᠢᠶᠠᠨ ᠱᠢᠶᠤᠤ ᠸᠸᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠲᠠᠯ᠎ᠠ᠎ᠪᠠᠷ ᠨᠠᠮ᠎ᠤᠨ ᠬᠣᠷᠢᠳᠤᠭᠠᠷ ᠬᠤᠭᠤᠴᠠᠭᠠᠨ ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠶ ᠨᠠᠷᠢᠨ ᠲᠠᠢᠯᠤᠮᠵᠢ ᠬᠢᠪᠠ᠃ ᠤᠬᠠᠭᠤᠯᠤᠨ ᠲᠠᠢᠯᠪᠤᠷᠢᠯᠠᠯᠳᠠ ᠨᠢ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ᠎ᠳᠤ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠬᠢᠭ᠌ᠰᠡᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠵᠤ᠂ ᠤᠯᠠᠨᠤ᠋ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠪᠠᠷ ᠬᠥᠭ᠌ᠵᠢᠯᠲᠡ᠎ᠶ᠋ᠢᠨ ᠦᠢᠯᠡᠳᠦᠯᠭᠡ᠎ᠪᠡᠨ ᠵᠢᠯᠤᠭᠤᠳᠤᠭᠤᠯᠬᠤ ᠵᠢ ᠬᠦᠳᠦᠯᠥᠨ ᠳᠠᠭᠠᠭᠤᠯᠪᠠ᠃
ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠵᠢᠨ ᠡᠬᠢ ᠠᠳᠠᠭ ᠨᠢ ᠲᠤᠳᠤᠷᠬᠠᠢ᠂ ᠥᠭᠦᠯᠡᠯᠲᠡ ᠨᠢ ᠭᠦᠨ ᠭᠦᠨᠵᠡᠭᠡᠢ ᠪᠠᠢᠵᠤ᠂ ᠥᠷᠭᠡᠨ ᠳᠡᠯᠭᠡᠷ ᠬᠦᠷᠢᠶᠡᠯᠡᠯ᠎ᠢ ᠤᠯᠪᠠ᠃ 《ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ᠂ ᠰᠠᠢᠲᠤᠷ ᠤᠬᠠᠭᠤᠯᠵᠤ᠂ ᠰᠠᠢᠲᠤᠷ ᠲᠤᠭᠤᠱᠢᠯᠠᠭᠤᠯᠬᠤ᠎ᠶ᠋ᠢ ᠣᠳᠣᠬᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠡᠴᠡ ᠳᠤᠷᠠᠳᠤᠭ᠍ᠰᠠᠨ ᠪᠠᠢᠯᠳᠤᠬᠤ ᠪᠣᠳᠣᠯᠭ᠎ᠠ᠎ᠶ᠋ᠢᠨ ᠭᠤᠤᠯᠳᠠᠯᠭ᠎ᠠ᠎ᠶ᠋ᠢ ᠭᠦᠨᠵᠡᠭᠡᠶ ᠡᠵᠡᠮᠳᠡᠵᠦ᠍᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠡᠨᠡ ᠵᠢᠯ᠎ᠦᠨ ᠡᠯ᠎ᠡ ᠵᠦᠶ᠋ᠯ᠎ᠦᠨ ᠠᠵᠤ ᠠᠬᠤᠶ᠎ᠶ᠋ᠢᠨ ᠡᠭᠦᠷᠭᠡ ᠬᠠᠷᠠᠯᠲᠠ᠎ᠶ᠋ᠢ ᠪᠥᠬᠥ᠌ ᠲᠠᠯ᠎ᠠ᠎ᠪᠠᠷ ᠪᠡᠶᠡᠯᠡᠭᠦᠯᠵᠦ᠍᠂ 〈 ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢᠨ ᠲᠡᠭᠦᠰ ᠠᠮᠵᠢᠯᠲᠠ᠎ᠲᠠᠶ ᠰᠡᠭᠦᠯ ᠬᠤᠷᠢᠶᠠᠬᠤ᠎ᠶ᠋ᠢ ᠠᠬᠢᠭᠤᠯᠵᠤ᠂ 〈ᠠᠷᠪᠠᠨ ᠲᠠᠪᠤᠳᠤᠭᠠᠷ ᠲᠠᠪᠤᠨ ᠵᠢᠯ 〉 ᠤ᠋ᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠳᠦ ᠪᠠᠲᠤ ᠪᠠᠬᠢ ᠰᠠᠭᠤᠷᠢ ᠵᠢ ᠲᠠᠯᠪᠢᠵᠤ ᠥᠭ᠌ᠭᠦᠨ᠎ᠡ》 ᠭᠡᠵᠦ᠍ ᠲᠦᠩᠯᠢᠶᠣᠤ ᠬᠣᠲᠠ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠱᠢᠤᠢ ᠬᠤᠤ ᠲᠤᠤ ᠬᠡᠯᠡᠪᠡ᠃
ᠲᠤᠰ ᠡᠳᠦᠷ ᠵᠢᠶᠠᠨ ᠱᠢᠶᠤᠤ ᠸᠸᠨ ᠪᠠᠰᠠ ᠲᠦᠩᠯᠢᠶᠣᠤ ᠬᠤᠳᠠ᠎ᠶ᠋ᠢᠨ ᠬᠣᠷᠴᠢᠨ ᠲᠣᠭᠣᠷᠢᠭ᠎ᠤᠨ ᠤᠯᠠᠭᠠᠨᠮᠥ᠋ᠴᠢᠷ᠎ᠲᠦ ᠬᠦᠷᠴᠦ᠍᠂ ᠦᠨᠳᠦᠰᠦᠨ ᠱᠠᠲᠤᠨ᠎ᠤ ᠤᠳᠭ᠎ᠠ ᠤᠷᠠᠯᠢᠭ᠎ᠤᠨ ᠠᠵᠢᠯᠲᠠᠳ᠎ᠲᠠᠶ ᠬᠠᠷᠢᠯᠴᠠᠨ ᠬᠦᠳᠡᠯᠦᠯᠴᠡᠵᠤ ᠶᠠᠷᠢᠯᠴᠠᠨ ᠰᠣᠯᠢᠯᠴᠠᠪᠠ᠃
ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠢ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠲᠥᠪ᠎ᠦᠨ ᠨᠠᠮ᠎ᠤᠨ ᠰᠤᠷᠭᠠᠭᠤᠯᠢ(ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠫᠷᠤᠹᠸᠰᠰᠤᠷ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠶᠠᠩ ᠢᠦᠢ ᠴᠧᠩ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠣᠯᠤᠨ ᠴᠢᠬᠤᠯᠠ ᠶᠡᠬᠡ ᠠᠷᠭ᠎ᠠ ᠬᠡᠮᠵᠢᠢ᠎ᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠥᠪᠥᠷ ᠮᠣᠩᠭᠣᠯ᠎ᠳᠤ ᠦᠨᠳᠦᠰᠦᠯᠡᠨ ᠰᠣᠶᠣᠭᠠᠯᠠᠵᠤ ᠴᠡᠴᠡᠭ᠌ᠯᠡᠨ ᠵᠢᠮᠢᠰᠯᠡᠬᠦ᠌᠎ᠶ᠋ᠢ ᠠᠬᠢᠭᠤᠯᠬᠤ ᠵᠡᠷᠬᠡ ᠠᠭᠤᠯᠭ᠎ᠠ᠎ᠶ᠋ᠢᠨ ᠲᠣᠭᠣᠷᠢᠨ᠎ᠳᠤ ᠪᠦᠬᠦ ᠲᠠᠯ᠎ᠠ ᠪᠡᠷ ᠰᠢᠰᠲᠸᠮ ᠲᠠᠢ ᠲᠠᠢᠯᠪᠤᠷᠢᠯᠠᠪᠠ᠃
ᠮᠡᠳᠡᠭᠦᠯᠦᠯᠲᠡ᠎ᠶ᠋ᠢᠨ ᠭᠣᠣᠯ ᠰᠡᠳᠦᠪ ᠨᠢ ᠢᠯᠡ ᠲᠣᠳᠣ᠂ ᠠᠭᠤᠯᠭ᠎ᠠ ᠨᠠᠷᠢᠨ ᠪᠣᠳᠠᠲᠠᠢ᠂ ᠡᠬᠢ ᠠᠳᠠᠭ ᠨᠢ ᠲᠣᠳᠣᠷᠬᠠᠢ᠂ ᠠᠭᠤᠯᠤᠭ᠍ᠳᠠᠬᠤᠨ ᠭᠦᠨᠵᠡᠭᠡᠢ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠠᠷᠪᠠᠳᠤᠭᠠᠷ ᠬᠢᠨᠠᠨ ᠪᠠᠢᠴᠠᠭᠠᠬᠤ ᠲᠠᠰᠤᠭ᠎ᠤᠨ ᠺᠠᠳ᠋ᠷ ᠯᠢᠦ ᠳ᠋ᠦᠩ ᠱᠢᠤᠸᠠᠢ᠂ ᠬᠣᠢᠱᠢᠳᠠ ᠲᠣᠰ ᠪᠡᠶ᠎ᠡ᠎ᠶ᠋ᠢᠨ ᠤᠯᠤᠰ ᠲᠥᠷᠥ᠎ᠶ᠋ᠢᠨ ᠬᠡᠪ ᠪᠣᠯᠪᠠᠰᠤᠷᠠᠯ ᠪᠠ ᠵᠢᠷᠤᠮᠵᠢᠭᠤᠯᠬᠤ ᠲᠦᠪᠱᠢᠨ᠎ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠲᠤᠭᠤᠱᠢᠯᠠᠭᠤᠯᠵᠤ᠂ 《ᠰᠣᠷᠣᠭ᠍ᠰᠠᠨ᠎ᠢᠶᠠᠨ ᠬᠡᠷᠡᠭ᠌ᠯᠡᠬᠦ᠌ 》 ᠤᠬᠠᠮᠰᠠᠷ᠎ᠢᠶᠠᠷ ᠤᠯᠤᠰ ᠲᠥᠷᠥ᠎ᠶ᠋ᠢᠨ ᠠᠮᠢ ᠠᠬᠤᠶ᠎ᠶ᠋ᠢᠨ 《ᠬᠠᠮᠠᠭᠠᠯᠠᠭ᠍ᠴᠢ 》᠂ ᠥᠭᠡᠷᠡᠴᠢᠯᠡᠯᠲᠡ ᠬᠥᠭ᠌ᠵᠢᠯᠲᠡ᠎ᠶ᠋ᠢᠨ 《 ᠬᠠᠮᠠᠭᠠᠯᠠᠭ᠍ᠴᠢ 》 ᠪᠣᠯᠤᠨ᠎ᠠ ᠭᠡᠵᠦ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠨᠠᠮ᠎ᠤᠨ ᠲᠡᠦᠬᠡ ᠪᠠ ᠣᠷᠣᠨ ᠨᠤᠲᠤᠭ᠎ᠤᠨ ᠣᠢᠯᠠᠯᠭ᠎ᠠ ᠰᠤᠳᠤᠯᠬᠤ ᠲᠠᠰᠤᠭ᠎ᠲᠤ᠌ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠨᠠᠮ᠎ᠤᠨ ᠲᠡᠦᠬᠡ ᠪᠠ ᠣᠷᠣᠨ ᠨᠤᠲᠤᠭ᠎ᠤᠨ ᠣᠢᠯᠠᠯᠭ᠎ᠠ ᠰᠤᠳᠤᠯᠬᠤ ᠲᠠᠰᠤᠭ᠎ᠤᠨ ᠡᠷᠬᠢᠯᠡᠭ᠌ᠴᠢ ᠹᠦ᠋ ᠷᠦᠢ ᠪᠢᠶᠤᠤ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶ᠋ᠢᠨ ᠳᠥᠷᠪᠡᠳᠦᠭᠡᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶ᠋ᠢᠨ ᠰᠠᠨᠠᠭᠤᠯᠭ᠎ᠠ 》 ᠶ᠋ᠢᠨ ᠲᠣᠭᠣᠷᠢᠨ᠎ᠳᠤ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠬᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠯᠤᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠭᠦᠨᠵᠡᠭᠡᠶ ᠣᠢᠯᠠᠭᠠᠬᠤ᠂ 《ᠠᠷᠪᠠᠨ ᠲᠠᠪᠤᠳᠤᠭᠠᠷ ᠲᠠᠪᠤᠨ ᠵᠢᠯ》 ᠶ᠋ᠢᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ ᠪᠣᠯᠤᠨ ᠭᠤᠤᠯ ᠬᠠᠷᠠᠯᠲᠠ᠎ᠶ᠋ᠢ ᠭᠦᠨᠵᠡᠭᠡᠶ ᠣᠢᠯᠠᠭᠠᠬᠤ᠂ ᠪᠥᠬᠥᠳᠡ ᠬᠤᠷᠠᠯ ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠳᠤᠮᠳᠠᠳᠤ ᠤᠯᠤᠰ᠎ᠤᠨ ᠮᠠᠶᠢᠭ ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠲᠠᠯ᠎ᠠ᠎ᠪᠠᠷ ᠱᠢᠰᠲ᠋ᠧᠮ᠎ᠲᠡᠶ ᠲᠠᠢᠯᠤᠮᠵᠢ ᠬᠢᠪᠠ᠃
ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠭᠣᠣᠯ ᠰᠡᠳᠦᠪ ᠲᠠᠢ ᠨᠢᠭᠲᠠ ᠤᠶᠠᠯᠳᠤᠨ᠂ ᠯᠣᠭᠢᠭ ᠴᠢᠩᠭ᠎ᠠ ᠪᠠᠢᠵᠤ᠂ ᠮᠠᠰᠢ ᠴᠢᠩᠭ᠎ᠠ ᠬᠠᠨᠳᠤᠯᠭᠠᠳᠤ ᠴᠢᠨᠠᠷ ᠪᠠ ᠵᠢᠯᠣᠭᠣᠳᠭᠤ ᠴᠢᠨᠠᠷᠲᠠᠶ ᠶᠤᠮ᠃ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠨᠠᠮ᠎ᠤᠨ ᠲᠡᠦᠬᠡ ᠪᠠ ᠣᠷᠣᠨ ᠨᠤᠲᠤᠭ ᠤᠨ ᠣᠢᠯᠠᠯᠭ᠎ᠠ ᠰᠤᠳᠤᠯᠬᠤ ᠲᠠᠰᠤᠭ᠎ᠤᠨ ᠭᠤᠷᠪᠠᠳᠤᠭᠠᠷ ᠭᠠᠵᠠᠷ᠎ᠤᠨ ᠳᠡᠳ᠋ ᠳᠠᠷᠤᠭ᠎ᠠ ᠸᠠᠩ ᠵᠢᠨ ᠨᠠᠨ᠂ ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠮ᠎ᠤᠨ ᠲᠡᠦᠬᠡ᠎ᠶ᠋ᠢᠨ ᠰᠤᠳᠤᠯᠭᠠᠨ᠂ ᠲᠤᠯᠭᠤᠷ ᠪᠢᠴᠢᠭ ᠨᠠᠢᠷᠠᠭᠤᠯᠬᠤ᠂ ᠣᠢᠯᠠᠯᠭ᠎ᠠ ᠨᠠᠢᠷᠠᠭᠤᠯᠬᠤ᠂ ᠤᠬᠠᠭᠤᠯᠭ᠎ᠠ ᠬᠥᠮᠦᠵᠢᠯ ᠬᠢᠬᠦ᠌ ᠵᠡᠷᠭᠡ ᠠᠵᠢᠯ᠎ᠤᠨ ᠳᠤᠮᠳᠠ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠮᠠᠶᠢᠭ ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃