《ᠠᠷᠪᠡᠨ ᠲᠦᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠦᠪᠦᠷ ᠮᠤᠡᠭᠭᠤᠯ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠤᠯᠠᠨ ᠲᠦᠮᠡᠨ᠎ᠦ ᠪᠠᠴᠢᠮ ᠲᠤᠯᠭᠠᠮ ᠬᠦᠴᠢᠷᠳᠡᠯ᠎ᠢ ᠰᠡᠳᠭᠢᠯ ᠲᠠᠯᠪᠢᠨ ᠬᠦᠴᠦᠯᠡᠨ ᠱᠢᠢᠳᠪᠦᠷᠢᠯᠡᠵᠦ᠍᠂ ᠠᠷᠠᠳ᠎ᠤᠨ ᠠᠮᠢᠳᠤᠷᠠᠯ ᠲᠦᠷᠪᠡᠨ ᠲᠠᠯ᠎ᠠ ᠪᠠᠷ ᠢᠯᠡᠳᠲᠡ ᠲᠡᠭᠡᠭᠰᠢᠯᠡᠪᠡ᠃
ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ ᠪᠣᠯᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠵᠣᠯᠭᠠᠭᠤᠯᠬᠤ ᠦᠷ᠎ᠡ ᠪᠦᠲᠦᠮᠵᠢ ᠢᠯᠡᠳᠲᠡ ᠳᠡᠭᠡᠭ᠌ᠰᠢᠯᠡᠪᠡ᠃ ᠦᠪᠦᠷ ᠮᠤᠡᠭᠭᠤᠯ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠠᠵᠤ ᠦᠶ᠋ᠯᠡᠰ᠂ ᠠᠵᠢᠯ ᠣᠯᠭᠣᠯᠲᠠ᠂ ᠤᠨᠳᠤᠤ ᠭᠠᠵᠠᠷ᠎ᠲᠤ ᠨᠡᠭᠦᠯᠭᠡᠭ᠌ᠰᠡᠨᠦ ᠳᠠᠷᠠᠭ᠎ᠠ ᠦᠷᠭᠦᠯᠵᠢᠯᠡᠨ ᠲᠡᠳᠬᠦᠬᠦ᠌ ᠵᠡᠷᠭᠡ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠴᠢᠩᠭᠠᠷᠠᠭᠤᠯᠵᠤ᠂ ᠪᠥᠬᠥ᠌ ᠣᠷᠣᠨ᠎ᠤ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢᠨ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ ᠬᠣᠶᠠᠷ ᠣᠷᠣᠨᠲᠤ ᠲᠣᠭ᠎ᠠ᠎ᠪᠠᠷ ᠨᠡᠮᠡᠭ᠌ᠳᠡᠬᠦ᠌᠎ᠶ᠋ᠢ ᠪᠠᠲᠤᠯᠠᠵᠠᠢ᠃
ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠎ᠶ᠋ᠢᠨ ᠲᠦᠪᠱᠢᠨ ᠢᠯᠡᠳᠲᠡ ᠳᠡᠭᠡᠭ᠌ᠰᠢᠯᠡᠪᠡ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠬᠣᠲᠠ ᠪᠠᠯᠭᠠᠰᠤᠨ᠎ᠤ ᠱᠢᠨ᠎ᠡ᠎ᠪᠡᠷ ᠨᠡᠮᠡᠭ᠌ᠳᠡᠭ᠌ᠰᠡᠨ ᠠᠵᠢᠯ ᠣᠯᠭᠣᠯᠲᠠ ᠨᠡᠢᠲᠡ 103.8 ᠲᠦᠮᠡᠨ ᠬᠥᠮᠦᠨ᠎ᠳᠦ ᠬᠦᠷᠴᠦ᠍᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠵᠥᠷᠢᠶ᠎ᠡ ᠪᠠᠭᠠᠰᠤᠭᠠᠳ 2.26 ᠪᠣᠯᠵᠣ᠂ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ ᠳᠠᠪᠠᠵᠠᠢ;ᠪᠦᠬᠦ᠌ ᠣᠷᠣᠨ᠎ᠤ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢ ᠪᠦᠬᠦᠨ᠎ᠢ ᠪᠦᠬᠦ᠌ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠳᠦ ᠬᠦᠷᠬᠡᠬᠦ ᠪᠤᠶᠤ ᠲᠡᠭᠦᠨ᠎ᠡᠴᠡ ᠳᠠᠪᠠᠭᠤᠯᠵᠠᠢ;ᠨᠡᠢᠭᠡᠮ᠎ᠦᠨ ᠬᠡᠷᠡᠭ᠌ᠯᠡᠭᠡᠨ᠎ᠦ ᠪᠣᠳᠠᠰ᠎ᠢ ᠵᠢᠵᠢᠭ᠌ᠯᠡᠨ ᠪᠣᠷᠣᠯᠠᠭᠤᠯᠤᠭ᠍ᠰᠠᠨ ᠶᠡᠷᠦᠩᠬᠡᠢ ᠬᠡᠮᠵᠢᠶ᠎ᠡ 5615.3 ᠳ᠋ᠦᠩᠱᠢᠭᠤᠷ ᠲᠥᠭᠥᠷᠢᠭ᠎ᠲᠦ ᠬᠦᠷᠴᠦ᠍᠂ 2020 ᠣᠨ᠎ᠤ ᠬᠢ᠎ᠡᠴᠡ 854.8 ᠳ᠋ᠦᠩᠱᠢᠭᠤᠷ ᠲᠥᠭᠥᠷᠢᠭ ᠨᠡᠮᠡᠭ᠌ᠳᠡᠵᠡᠢ᠃ ᠬᠣᠲᠠ᠎ᠳᠤ ᠣᠷᠣᠵᠤ ᠠᠵᠢᠯ ᠬᠥᠳᠡᠯᠮᠦᠷᠢ ᠬᠢᠭᠰᠡᠳ᠎ᠤᠨ ᠳᠠᠭᠠᠵᠤ ᠨᠡᠭᠦᠭ᠌ᠰᠡᠨ ᠦᠷ᠎ᠡ ᠬᠡᠦᠬᠡᠳ᠎ᠦᠨ 《ᠨᠥᠬᠥᠴᠡᠯ ᠱᠠᠭᠠᠷᠳᠠᠯᠭ᠎ᠠ ᠥᠬᠡᠶ》᠂ 《ᠬᠠᠷᠰᠢ ᠰᠠᠭᠠᠳ ᠥᠬᠡᠶ》 ᠪᠡᠷ ᠰᠤᠷᠭᠠᠭᠤᠯᠢ᠎ᠳᠤ ᠣᠷᠣᠬᠤ᠎ᠶ᠋ᠢ ᠪᠡᠶᠡᠯᠡᠭᠦᠯᠵᠠᠢ᠃ ᠣᠯᠠᠨ ᠲᠦᠮᠡᠨ᠎ᠢ ᠲᠤᠬᠠᠶ᠎ᠶ᠋ᠢᠨ ᠭᠠᠵᠠᠷ᠎ᠲᠤᠨᠢ ᠣᠢᠷ᠎ᠠ ᠬᠠᠪᠢ᠎ᠳᠤᠨᠢ ᠡᠮᠨᠡᠭᠦᠯᠬᠦ᠌᠎ᠶ᠋ᠢᠨ ᠲᠥᠯᠥᠭᠡ ᠤᠯᠤᠰ᠎ᠤᠨ ᠣᠷᠣᠨ ᠪᠦᠰᠡ᠎ᠶ᠋ᠢᠨ 4 ᠡᠮᠴᠢᠯᠡᠭᠡᠨ᠎ᠦ ᠲᠥᠪ᠎ᠢ ᠨᠤᠲᠤᠭ᠍ᠰᠢᠭᠤᠯᠵᠦ᠂ 8 ᠤᠯᠤᠰ᠎ᠤᠨ ᠲᠠᠰ᠎ᠤᠨ ᠪᠠ 25 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠡᠮᠴᠢᠯᠡᠭᠡᠨ᠎ᠦ ᠭᠤᠤᠯᠳᠠᠯᠭ᠎ᠠ᠎ᠲᠠᠶ ᠲᠤᠰᠭᠠᠶ ᠰᠠᠯᠠᠭ᠎ᠠ᠎ᠶ᠋ᠢ ᠬᠡᠷᠡᠭ᠌ᠯᠡᠭᠡᠨ᠎ᠳᠤ ᠤᠷᠤᠭᠤᠯᠵᠠᠢ᠃ ᠪᠥᠬᠥ᠌ ᠣᠷᠣᠨ᠎ᠤ ᠦᠨᠳᠦᠰᠦᠨ ᠨᠠᠰᠤᠵᠢᠯ᠎ᠤᠨ ᠳᠠᠭᠠᠳᠭᠠᠯ᠂ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠨᠣᠷᠮ᠎ᠠ ᠴᠥᠮ 95% ᠡᠴᠡ ᠳᠡᠭᠡᠭ᠌ᠰᠢ᠎ᠳᠦ ᠬᠦᠷᠴᠠᠢ᠃
ᠰᠠᠭᠤᠷᠢ ᠲᠥᠬᠥᠭᠡᠷᠦᠮᠵᠢ᠎ᠶ᠋ᠢᠨ ᠨᠡᠪᠲᠡᠷᠡᠯᠲᠡ᠎ᠶ᠋ᠢᠨ ᠬᠡᠮᠵᠢᠶ᠎ᠡ ᠢᠯᠡᠳᠲᠡ ᠳᠡᠭᠡᠭ᠌ᠰᠢᠯᠡᠪᠡ᠃ 《ᠳᠥᠷᠪᠡᠨ ᠬᠥᠨᠳᠡᠯᠡᠨ ᠠᠷᠪᠠᠨ ᠬᠣᠶᠠᠷ ᠭᠤᠯᠳᠤ 》 ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠭᠤᠤᠯ ᠨᠢᠷᠤᠭᠤᠪᠴᠢ᠎ᠶ᠋ᠢ ᠪᠠᠢᠭᠤᠯᠤᠭ᠍ᠰᠠᠨ ᠨᠣᠷᠮ᠎ᠠ 84.3% ᠳ᠋ᠤ ᠬᠦᠷᠴᠦ᠍ ᠂ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠲᠤᠤᠷ 23.8 ᠲᠦᠮᠡᠨ ᠺᠢᠯᠣᠮᠧᠲ᠋ᠷ᠎ᠲᠦ ᠬᠦᠷᠴᠦ᠍ ᠂ ᠥᠪᠡᠷᠲᠡᠭᠡᠨ ᠵᠠᠰᠠᠬᠤ ᠣᠷᠣᠨ᠎ᠤ ᠵᠡᠭᠦᠨ ᠪᠠᠷᠠᠭᠤᠨ ᠲᠦᠷᠭᠡᠨ᠎ᠤ ᠵᠠᠰᠠᠮᠠᠯ ᠵᠠᠮ᠎ᠤᠨ ᠶᠡᠬᠡ ᠵᠠᠮ᠎ᠢ ᠪᠥᠬᠥ᠌ ᠱᠤᠭᠤᠮ᠎ᠢᠶᠠᠷ ᠨᠡᠪᠲᠡᠷᠡᠭᠦᠯᠵᠠᠢ; ᠬᠥᠬᠡᠬᠣᠲᠠ᠎ᠶ᠋ᠢᠨ ᠱᠧᠩ ᠯᠸ ᠤᠯᠠᠨ ᠤᠯᠤᠰ᠎ᠤᠨ ᠨᠢᠰᠭᠡᠯ᠎ᠦᠨ ᠪᠠᠭᠤᠳᠠᠯ ᠤᠳᠠᠯ ᠦᠭᠡᠢ ᠪᠠᠷᠢᠯᠭ᠎ᠠ ᠳᠠᠭᠤᠰᠴᠤ᠌᠂ ᠠᠷᠠᠳ᠎ᠤᠨ ᠬᠡᠷᠡᠭ᠌ᠯᠡᠭᠡᠨ᠎ᠦ ᠨᠢᠰᠭᠡᠯ᠎ᠦᠨ ᠪᠠᠭᠤᠳᠠᠯ 46 ᠪᠤᠯᠵᠤ᠂ ᠪᠦᠬᠦ᠌ ᠠᠢᠮᠠᠭ ᠬᠤᠳᠠ᠎ᠶ᠋ᠢ ᠪᠦᠷᠬᠦᠵᠡᠢ᠃ 17 ᠵᠤᠷᠪᠤᠰ ᠱᠢᠨ᠎ᠡ ᠡᠨᠧᠷᠭᠢ᠎ᠶ᠋ᠢᠨ ᠭᠠᠳᠠᠭ᠍ᠰᠢ ᠬᠦᠷᠭᠡᠬᠦ᠌ ᠵᠠᠮ ᠢ᠋ ᠪᠠᠢᠭᠤᠯᠵᠤ᠂ 6 ᠵᠤᠷᠪᠤᠰ 《ᠡᠯᠡᠰᠦ ᠭᠤᠪᠢ ᠲᠠᠴᠢᠷ》 ᠤ᠋ᠨ ᠲᠣᠮᠣ ᠰᠠᠭᠤᠷᠢᠨ᠎ᠤ ᠢᠵᠢ ᠪᠦᠷᠢᠳᠦᠭ᠌ᠰᠡᠨ ᠭᠠᠳᠠᠭ᠍ᠰᠢ ᠬᠦᠷᠭᠡᠬᠦ᠌ ᠵᠠᠮ ᠱᠤᠭᠤᠮ᠎ᠢ ᠲᠦᠯᠦᠪᠵᠢᠬᠦᠯᠭᠡ᠎ᠳᠦ ᠤᠷᠤᠭᠤᠯᠵᠤ᠂ ᠴᠠᠬᠢᠯᠭᠠᠨ ᠬᠦᠴᠦᠨ᠎ᠦ ᠭᠠᠳᠠᠭ᠍ᠰᠢ ᠬᠦᠷᠭᠡᠬᠦ᠌ ᠴᠢᠳᠠᠪᠤᠷᠢ 7500 ᠲᠦᠮᠡᠨ ᠺᠢᠯᠦᠸᠠᠲ᠎ᠲᠤ ᠬᠦᠷᠴᠦ᠍᠂ ᠪᠦᠬᠦ᠌ ᠤᠯᠤᠰ᠎ᠤᠨ ᠲᠦᠷᠦᠬᠦᠨ᠎ᠳᠦ ᠣᠷᠣᠵᠠᠢ᠃ ᠴᠤᠤᠯ ᠭᠣᠣᠯ᠎ᠤᠨ ᠤᠰᠤ᠎ᠶᠢ ᠲᠠᠲᠠᠵᠤ ᠯᠢᠶᠣᠤᠾᠧ ᠭᠣᠣᠯ᠎ᠳᠤ ᠤᠷᠤᠭᠤᠯᠬᠤ ᠪᠠᠷᠢᠯᠭ᠎ᠠ᠎ᠶ᠋ᠢᠨ ᠨᠦᠬᠡᠨ ᠵᠠᠮ᠎ᠤᠨ ᠬᠡᠰᠡᠭ ᠪᠦᠬᠦ᠌ ᠱᠤᠭᠤᠮ᠎ᠢᠶᠠᠷ ᠨᠡᠪᠲᠡᠷᠡᠵᠠᠢ᠃ ᠱᠢᠨ᠎ᠡ ᠬᠡᠯᠪᠡᠷᠢ᠎ᠶ᠋ᠢᠨ ᠰᠠᠭᠤᠷᠢ ᠲᠥᠬᠥᠭᠡᠷᠦᠮᠵᠢ᠎ᠶ᠋ᠢ ᠲᠦᠷᠭᠡᠨ ᠪᠠᠢᠷᠢᠱᠢᠭᠤᠯᠵᠤ᠂ 5G᠂ ᠲᠤᠮᠤ ᠳ᠋ᠠᠢᠲ᠋ᠠ ᠯᠤᠲᠤ ᠶᠡᠬᠡ ᠦᠢᠯᠡᠳᠦᠯ ᠦᠵᠡᠭᠦᠯᠵᠠᠢ᠃
ᠰᠣᠶᠣᠯ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢᠨ ᠴᠢᠳᠠᠪᠤᠷᠢᠢᠯᠡᠳᠲᠡ ᠳᠡᠭᠡᠭ᠌ᠰᠢᠯᠡᠪᠡ᠃ ᠦᠪᠦᠷ ᠮᠤᠡᠭᠭᠤᠯ᠎ᠤᠨ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡᠨ᠎ᠦ ᠱᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠍᠂ ᠨᠣᠮ᠎ᠤᠨ ᠰᠠᠩ᠂ ᠰᠣᠶᠣᠯ᠎ᠤᠨ ᠣᠷᠳᠣᠨ᠂ ᠮᠦᠽᠧᠶ᠂ ᠦᠨᠳᠦᠰᠦᠨ ᠱᠠᠲᠤᠨ᠎ᠤ ᠶᠡᠷᠦᠩᠬᠡᠢᠯᠡᠭ᠌ᠰᠡᠨ ᠰᠣᠶᠣᠯ᠎ᠤᠨ ᠦᠶ᠋ᠯᠡᠴᠢᠯᠡᠭᠡᠨ᠎ᠦ ᠲᠥᠪ ᠬᠣᠲᠠ ᠬᠥᠳᠡᠭᠡ᠂ ᠭᠤᠷᠪᠠᠨ ᠱᠠᠲᠤᠨ᠎ᠤ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠲᠦᠬᠦᠬᠡᠷᠦᠮᠵᠢ ᠪᠣᠯᠤᠨ ᠬᠣᠲᠠ᠎ᠶ᠋ᠢᠨ ᠨᠡᠢᠭᠡᠮ ᠲᠣᠭᠣᠷᠢᠭ᠎ᠤᠨ 《15 ᠮᠢᠨᠦ᠋ᠲ᠎ᠦᠨ ᠪᠡᠶ᠎ᠡ ᠴᠢᠭᠢᠷᠠᠭ᠍ᠵᠢᠭᠤᠯᠬᠤ ᠲᠣᠭᠣᠷᠢᠭ》 ᠢ᠋ ᠬᠠᠮᠤᠷᠴᠤ᠌᠂ ᠬᠣᠱᠢᠭᠤ ᠱᠢᠶᠠᠨ᠎ᠤ ᠱᠠᠲᠤᠨ᠎ᠤ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠥᠪ᠎ᠢ ᠪᠦᠷᠬᠦᠭᠦᠯᠪᠡ᠃ ᠤᠯᠠᠭᠠᠨᠮᠥ᠋ᠴᠢᠷ ᠨᠠᠮ᠎ᠤᠨ ᠲᠠᠭᠤᠨ ᠪᠠ ᠬᠠᠢᠷ᠎ᠠ ᠬᠠᠯᠠᠮᠵᠢ᠎ᠶ᠋ᠢ ᠲᠠᠯ᠎ᠠ ᠨᠤᠲᠤᠭ᠎ᠤᠨ ᠭᠦᠨ᠎ᠳᠦ ᠬᠦᠷᠭᠡᠵᠠᠢ;ᠣᠷᠳᠣ ᠴᠠᠭᠠᠨ ᠬᠡᠷᠡᠮ᠂ ᠬᠠᠲᠤᠨ ᠭᠤᠤᠯ᠎ᠤᠨ ᠤᠯᠤᠰ᠎ᠤᠨ ᠰᠣᠶᠣᠯ᠎ᠤᠨ ᠴᠡᠴᠡᠷᠯᠢᠭ (ᠥᠪᠥᠷ ᠮᠣᠩᠭᠣᠯ᠎ᠤᠨ ᠬᠡᠰᠡᠭ)᠂ ᠤᠯᠠᠭᠠᠨᠬᠠᠳᠠ᠎ᠶ᠋ᠢᠨ ᠪᠠᠭᠤᠷᠢ᠂ ᠲᠦᠮᠡᠨ ᠭᠠᠵᠠᠷ᠎ᠤᠨ ᠴᠠᠶ᠎ᠶ᠋ᠢᠨ ᠵᠠᠮ (ᠥᠪᠥᠷ ᠮᠣᠩᠭᠣᠯ᠎ᠤᠨ ᠬᠡᠰᠡᠭ) ᠨᠢ ᠲᠡᠦᠬᠡ ᠰᠣᠶᠣᠯ᠎ᠤᠨ ᠠᠮᠢᠨ ᠰᠤᠳᠠᠰᠤ᠎ᠶ᠋ᠢ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠳᠠᠬᠢᠨ ᠠᠮᠢᠯᠠᠭᠤᠯᠵᠠᠢ;ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠪᠥᠬᠥ᠌ ᠣᠷᠣᠨ᠎ᠤ ᠠᠷᠠᠳ ᠲᠦᠮᠡᠨ᠎ᠦ ᠮᠥᠰᠥ᠍ ᠴᠠᠰᠤᠨ᠎ᠤ ᠲᠤᠬᠠᠢ ᠤᠷᠬᠢᠯᠦᠮ᠎ᠠ ᠬᠠᠯᠠᠭᠤᠨ ᠰᠡᠳᠭᠢᠯᠭᠡ᠎ᠶ᠋ᠢ ᠬᠥᠭ᠌ᠵᠢᠭᠡᠵᠠᠢ; ᠦᠪᠦᠷ ᠮᠤᠩᠭᠤᠯ᠎ᠤᠨ ᠬᠦᠯ ᠪᠦᠮᠪᠦᠭᠡ ᠵᠢᠨ ᠬᠣᠯᠪᠣᠭᠠᠲᠤ ᠤᠷᠤᠯᠳᠤᠭᠠᠨ᠎ᠨᠢ ᠬᠡᠷᠡᠭ᠌ᠯᠡᠭᠡ ᠵᠢ ᠦᠷᠭᠡᠳᠬᠡᠬᠦ ᠪᠥᠬᠥ᠌ ᠬᠡᠯᠬᠢᠶ᠎ᠡ᠎ᠶᠢᠨ ᠬᠥᠭ᠌ᠵᠢᠯᠲᠡ᠎ᠶ᠋ᠢ ᠪᠡᠶᠡᠯᠡᠭᠦᠯᠵᠠᠢ᠃