ᠥᠪᠥᠷ ᠮᠣᠩᠭᠣᠯ 6200 ᠭᠠᠷᠤᠶ ᠠᠵᠢᠯ᠎ᠤᠨ ᠪᠠᠢᠷᠢ ᠬᠠᠩᠭᠠᠵᠤ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠠᠵᠢᠯ ᠣᠯᠭᠣᠯᠲᠠ᠎ᠳᠤ ᠬᠦᠴᠦᠨ ᠨᠡᠮᠡᠷᠢᠯᠡᠨ᠎ᠠ
2025-11-20 10:53:59
ᠵᠣᠬᠢᠶᠠᠭ᠍ᠴᠢ᠄
​ ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠶᠠᠪᠤᠳᠠᠯ ᠤ᠋ᠨ ᠲᠢᠡᠭᠭᠢᠮ ᠡᠴᠨ ᠤᠢᠯᠠᠭᠠᠬᠰᠠᠨ ᠵᠢᠡᠷ᠂ 11 ᠰᠠᠷ᠎ᠠ᠎ᠶ᠋ᠢᠨ 7 ᠤ᠋ ᠡᠳᠦᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠲᠤ ᠠᠵᠢᠯ ᠣᠯᠭᠣᠬᠤ ᠦᠶ᠋ᠯᠡᠴᠢᠯᠡᠭᠡᠨ᠎ᠦ ᠲᠤᠰᠭᠠᠶ ᠠᠵᠢᠯᠯᠠᠭ᠎ᠠ ᠵᠢᠴᠢ ᠨᠠᠮᠤᠷ᠎ᠤᠨ ᠤᠯᠠᠷᠢᠯ᠎ᠤᠨ ᠲᠤᠰᠭᠠᠶ ᠲᠠᠯᠠᠪᠠᠢ ᠠᠵᠢᠯᠲᠠᠨ ᠤᠷᠢᠨ ᠡᠯᠰᠡᠬᠦ᠌ ᠴᠤᠬᠯᠠᠭᠠᠨ ᠲᠦᠩᠯᠢᠶᠣᠤ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠶᠠᠪᠤᠬᠳᠠᠪᠠ᠃ ᠠᠵᠢᠯᠯᠠᠭ᠎ᠠ᠎ᠨᠢ 《ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠠᠵᠢᠯ ᠣᠯᠭᠣᠯᠲᠠ ᠵᠢᠨ ᠱᠢᠨ᠎ᠡ ᠠᠶᠠᠨ᠎ᠢ ᠭᠡᠷᠡᠯᠳᠦᠭᠦᠯᠬᠦ᠌》 ᠪᠠᠷ ᠭᠤᠤᠯ ᠰᠡᠳᠦᠪ ᠪᠣᠯᠭᠠᠵᠤ ᠂ 《ᠠᠬᠤᠶ ᠲᠠᠯᠠᠪᠠᠶ᠎ᠶ᠋ᠢᠨ ᠠᠵᠢᠯᠲᠠᠨ ᠡᠯᠰᠡᠬᠦ᠌ + ᠰᠦᠯᠵᠢᠶᠡᠨ ᠳᠡᠭᠡᠷᠡᠬᠢ ᠱᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ + ᠦᠶ᠋ᠯᠡᠴᠢᠯᠡᠭᠡᠨ᠎ᠦ ᠲᠥᠷᠥᠯ ᠵᠦᠶ᠋ᠯ᠎ᠢ ᠲᠠᠨᠢᠯᠴᠠᠭᠤᠯᠬᠤ》ᠠᠷᠭ᠎ᠠ ᠬᠡᠯᠪᠡᠷᠢ ᠵᠢ ᠠᠪᠴᠤ᠂ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠬᠤ᠎ᠳᠤ ᠲᠠᠪᠴᠠᠩ ᠪᠠᠢᠭᠤᠯᠵᠤ ᠦᠭᠪᠡ᠃

ᠲᠣᠰ ᠤᠳᠠᠭᠠᠨ᠎ᠤ ᠠᠵᠢᠯᠯᠠᠭ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠢᠩᠬᠢᠮ ᠪᠠ ᠲᠦᠩᠯᠢᠶᠣᠤ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ ᠡᠷᠭᠢᠯᠡᠵᠦ᠍᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠳ᠋ᠤ ᠵᠡᠷᠭᠡ᠎ᠪᠡᠷ ᠬᠦᠴᠦᠯᠡᠵᠦ᠍᠂ 671 ᠠᠵᠤ ᠠᠬᠤᠢᠯᠠᠯ ᠡᠴᠨ 6200 ᠭᠠᠷᠤᠶ ᠠᠵᠢᠯ᠎ᠤᠨ ᠪᠠᠢᠷᠢ ᠬᠠᠩᠭᠠᠵᠤ ᠂ 4200 ᠭᠠᠷᠤᠶ ᠬᠦᠮᠦᠨ ᠠᠵᠢᠯᠯᠠᠭ᠎ᠠ ᠳ᠋ᠤ ᠤᠷᠤᠯᠴᠠᠵᠠᠢ᠃ ᠠᠵᠢᠯᠲᠠᠨ ᠤᠷᠢᠨ ᠡᠯᠰᠡᠬᠦ᠌ ᠴᠤᠭ᠍ᠯᠠᠭᠠᠨ᠎ᠤ ᠠᠬᠤᠶ ᠲᠠᠯᠠᠪᠠᠶ᠎ᠳᠤ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ ᠵᠡᠷᠭᠡ 100 ᠠᠵᠤ ᠠᠬᠤᠢᠯᠠᠯ 270 ᠠᠵᠢᠯ᠎ᠤᠨ ᠪᠠᠢᠷᠢ ᠬᠠᠩᠭᠠᠵᠤ᠂ ᠦᠶ᠋ᠯᠡᠳᠬᠦ᠌ ᠦᠶ᠋ᠯᠡᠰ ᠂ ᠵᠠᠮ ᠬᠠᠷᠢᠯᠴᠠᠭ᠎ᠠ ᠲᠡᠭᠡᠭᠡᠪᠦᠷᠢ᠂ ᠱᠢᠨ᠎ᠡ ᠡᠨᠧᠷᠭᠢ ᠵᠡᠷᠭᠡ ᠬᠦᠷᠢᠶ᠎ᠠ ᠴᠠᠷᠠᠭᠠᠨ᠎ᠳᠦ 2600 ᠭᠠᠷᠤᠶ ᠬᠥᠮᠦᠨ ᠡᠯᠰᠡᠬᠦ᠌᠎ᠪᠡᠷ ᠲᠥᠯᠥᠪᠯᠡᠵᠦ᠍᠂ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ᠌ ᠠᠵᠢᠯ ᠨᠢ 1 ᠰᠠᠷ᠎ᠠ ᠦᠷᠭᠦᠯᠵᠢᠯᠡᠬᠦ ᠪᠣᠯᠤᠨ᠎ᠠ᠃

ᠲᠣᠰ ᠤᠳᠠᠭᠠᠨ᠎ᠤ ᠠᠵᠢᠯᠯᠠᠭ᠎ᠠ᠎ᠳᠤ ᠳᠠᠭᠠᠭᠠᠨ ᠡᠷᠭᠢᠯᠡᠬᠦ᠌ ᠠᠢᠮᠠᠭ ᠬᠣᠲᠠ ᠪᠣᠯᠤᠭ᠍ᠰᠠᠨ᠎ᠤ ᠬᠤᠪᠢ᠎ᠳᠤ᠂ ᠲᠦᠩᠯᠢᠶᠣᠤ ᠬᠣᠲᠠ ᠬᠤᠢᠰᠢᠳᠠ 《ᠵᠠᠰᠠᠭ᠎ᠤᠨ ᠤᠷᠳᠤᠨ ᠰᠤᠷᠭᠠᠭᠤᠯᠢ ᠠᠵᠤ ᠠᠬᠤᠢᠯᠠᠯ》 ᠤ᠋ᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠤᠨ ᠠᠵᠢᠯ ᠤᠯᠭᠤᠯᠳᠠ᠎ᠳᠤ ᠬᠦᠴᠦᠨ ᠨᠡᠮᠡᠷᠢᠯᠡᠵᠦ᠍᠂ ᠪᠥᠬᠥ᠌ ᠣᠷᠣᠨ᠎ᠤ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号