11 ᠰᠠᠷ᠎ᠠ᠎ᠶ᠋ᠢᠨ 18 ᠤ᠋ ᠡᠳᠦᠷ᠂ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠢᠯᠪᠤᠷᠢᠯᠠᠬᠤ ᠪᠦᠯᠬᠦᠮ ᠬᠢᠩᠭᠠᠨ ᠠᠢᠮᠠᠭ᠂ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠎ᠳᠦ ᠬᠦᠷᠴᠦ᠍ ᠤᠬᠠᠭᠤᠯᠤᠨ ᠲᠠᠢᠯᠪᠤᠷᠢᠯᠠᠬᠤ᠎ᠶ᠋ᠢᠨ ᠬᠠᠮᠲᠤ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠲᠡᠶ ᠰᠠᠨᠠᠯ᠎ᠢᠶᠠᠨ ᠰᠣᠯᠢᠯᠴᠠᠪᠠ᠃
ᠬᠢᠩᠭᠠᠨ ᠠᠢᠮᠠᠭ᠎ᠲᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ ᠦᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ᠎ᠦᠨ ᠲᠣᠪᠴᠢᠶᠠᠨ᠎ᠤ ᠳᠠᠷᠤᠭ᠎ᠠ ᠵᠠᠩ ᠢ ᠮᠢᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠠ᠃ ᠵᠠᠩ ᠢ ᠮᠢᠨ ᠪᠥᠬᠥᠳᠡ ᠬᠤᠷᠠᠯ᠎ᠤᠨ ᠶᠡᠷᠦᠩᠬᠡᠶ ᠪᠠᠢᠳᠠᠯ᠂ ᠴᠢᠬᠤᠯᠠ ᠶᠡᠬᠡ ᠠᠴᠢ ᠬᠣᠯᠪᠣᠭ᠍ᠳᠠᠯ ᠤᠨ ᠲᠣᠭᠣᠷᠢᠨ᠎ᠳᠤ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠶ᠋ᠢ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠶ ᠤᠶᠠᠯᠳᠤᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠲᠠᠯ᠎ᠠ᠎ᠪᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠭᠦᠨᠵᠡᠭᠡᠶ ᠲᠠᠢᠯᠪᠤᠷᠢᠯᠠᠪᠠ᠃
《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠪᠢ ᠮᠠᠰᠢ ᠶᠡᠬᠡ ᠰᠡᠩᠬᠡᠷᠡᠭᠦᠯᠦᠯ ᠣᠯᠤᠭ᠍ᠰᠠᠨ ᠪᠥᠭᠡᠳ ᠮᠠᠰᠢ ᠶᠡᠬᠡ ᠵᠣᠷᠢᠭ᠍ᠵᠢᠵᠠᠢ᠃ ᠤᠬᠠᠭᠤᠯᠤᠨ ᠲᠠᠢᠯᠪᠤᠷᠢᠯᠠᠯᠲᠠ ᠨᠢ ᠪᠦᠭᠦᠲᠠ ᠬᠤᠷᠠᠯ᠎ᠤᠨ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠶ᠋ᠢ ᠰᠡᠩᠬᠡᠷᠡᠭᠦᠯᠬᠦ᠌ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠢᠯᠪᠤᠷᠢᠯᠠᠭ᠍ᠰᠠᠨ ᠪᠥᠭᠡᠳ ᠪᠠᠰᠠ ᠤᠯᠤᠰ᠎ᠤᠨ ᠪᠠᠢᠯᠳᠤᠬᠤ ᠪᠤᠲᠤᠯᠭ᠎ᠠ᠎ᠳᠤ ᠦᠢᠯᠡᠴᠢᠯᠡᠬᠦ᠌ ᠪᠠ ᠣᠷᠣᠨ ᠨᠤᠲᠤᠭ᠎ᠤᠨ ᠬᠥᠭ᠌ᠵᠢᠯᠲᠡ᠎ᠳᠦ ᠨᠡᠢᠴᠡᠬᠦ᠌ ᠦᠢᠯᠡᠳᠦᠯᠭᠡ᠎ᠶ᠋ᠢᠨ ᠠᠷᠭ᠎ᠠ ᠵᠠᠮ᠎ᠢ ᠣᠨᠣᠪᠴᠢᠲᠠᠢ ᠲᠠᠢᠯᠪᠤᠷᠢᠯᠠᠵᠤ᠂ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠠᠤᠭ᠎ᠠ ᠲᠥᠰᠦᠪ᠎ᠢ ᠤᠯᠠᠮ ᠲᠣᠳᠣᠷᠬᠠᠢ ᠪᠣᠯᠭᠠᠵᠤ᠂ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠤᠯᠠᠮ ᠪᠠᠲᠤ ᠴᠢᠩᠭ᠎ᠠ ᠪᠣᠯᠭᠠᠪᠠ᠃ ᠨᠠᠮ᠎ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠠᠢᠮᠠᠭ᠎ᠤᠨ ᠨᠠᠮ᠎ᠤᠨ ᠬᠣᠷᠢᠶ᠎ᠠ᠎ᠶᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠪᠣᠯᠤᠭ᠍ᠰᠠᠨ᠎ᠤ ᠬᠤᠪᠢ᠎ᠳᠤ ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠩᠭᠠᠨ ᠠᠢᠮᠠᠭ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠤᠶᠠᠯᠳᠤᠭᠤᠯᠬᠤ ᠠᠵᠢᠯ᠎ᠢ ᠰᠠᠢᠲᠤᠷ ᠬᠢᠵᠦ᠍᠂ ᠰᠣᠨᠣᠰᠴᠤ᠌ ᠲᠦᠬᠦᠭᠡᠷᠡᠬᠦ᠂ ᠣᠯᠠᠨ ᠲᠦᠮᠡᠨ᠎ᠲᠡᠶ ᠣᠢᠷᠠᠳᠤᠭᠰᠠᠨ᠂ ᠣᠢᠯᠠᠭᠠᠵᠤ ᠳᠡᠢᠯᠬᠦ᠌ ᠦᠭᠡ ᠬᠡᠯᠡᠯᠭᠡ᠎ᠪᠡᠷ ᠬᠤᠪᠢᠶᠠᠷᠢᠴᠢᠯᠠᠬᠤ᠂ ᠬᠤᠷᠰᠢᠯᠴᠠᠬᠤ ᠮᠠᠶᠢᠭ ᠵᠢᠡᠷ ᠤᠬᠠᠭᠤᠯᠤᠨ ᠲᠠᠢᠯᠪᠤᠷᠢᠯᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠵᠤ᠂ ᠪᠣᠳᠠᠲᠠᠶ᠎ᠳᠤ ᠨᠠᠢᠳᠠᠪᠤᠷᠢᠵᠢᠭᠤᠯᠬᠤ ᠶ᠋ᠢ ᠠᠬᠢᠭᠤᠯᠤᠨ᠎ᠠ》 ᠭᠡᠵᠦ᠍ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ᠎ᠶᠢᠨ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ᠎ᠤᠨ ᠪᠠᠢᠴᠠᠭᠠᠨ ᠰᠤᠳᠤᠯᠬᠤ ᠰᠠᠯᠠᠭᠠᠨ᠎ᠤ ᠳᠠᠷᠤᠭ᠎ᠠ ᠱ᠌ᠢ ᠢᠦᠶ ᠯᠢᠶᠠᠩ ᠬᠡᠯᠡᠪᠡ᠃
ᠵᠠᠩ ᠢ ᠮᠢᠨ ᠪᠠᠰᠠ ᠵᠠᠯᠠᠢᠳ ᠬᠣᠱᠢᠭᠤᠨ ᠤ ᠬᠦᠷᠡᠯ ᠪᠠᠯᠭᠠᠰᠤᠨ᠎ᠤ ᠨᠦᠮᠦᠷᠢ ᠭᠠᠴᠠᠭᠠᠨ᠎ᠳᠦ ᠬᠦᠷᠴᠦ᠍᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠲᠡᠶ ᠨᠢᠭᠤᠷᠳᠠᠨ ᠶᠠᠷᠢᠯᠴᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠯᠪᠠᠨ ᠲᠢᠩᠬᠢᠮ ᠳ᠋ᠦ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠫᠷᠤᠹᠧᠰᠰᠤᠷ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠶᠠᠩ ᠢᠦᠶ ᠴᠧᠩ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠣᠨᠣᠪᠴᠢᠲᠠᠶ ᠡᠵᠡᠮᠱᠢᠵᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ᠂ ᠭᠤᠤᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ ᠵᠡᠷᠭᠡ ᠲᠠᠯ᠎ᠠ᠎ᠡᠴᠡ ᠭᠦᠨᠵᠡᠭᠡᠢ ᠤᠢᠯᠠᠭᠠᠬᠤ ᠳᠤᠬᠠᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠪᠡ᠃
ᠤᠬᠠᠭᠤᠯᠤᠨ ᠲᠠᠢᠯᠪᠤᠷᠢᠯᠠᠬᠤ ᠶᠠᠪᠤᠴᠠ ᠨᠢ ᠲᠣᠳᠣᠷᠬᠠᠢ᠂ ᠥᠭᠦᠯᠡᠯᠲᠡ ᠨᠢ ᠭᠦᠨᠵᠡᠭᠡᠢ ᠪᠠᠢᠵᠤ᠂ ᠤᠯᠠᠨ᠎ᠢᠶᠠᠷ᠎ᠢᠶᠠᠨ ᠰᠣᠨᠣᠰᠤᠭᠠᠳ ᠶᠡᠬᠡᠳᠡ ᠵᠣᠷᠢᠭ᠍ᠵᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠯᠪᠠᠨ ᠲᠢᠩᠬᠢᠮ᠎ᠦᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ ᠵᠢᠨ ᠭᠤᠷᠪᠠᠳᠤᠭᠠᠷ ᠳᠡᠰ᠎ᠤᠨ ᠡᠷᠬᠢᠯᠡᠭ᠌ᠴᠢ ᠭᠡᠰᠢᠬᠦᠴᠢ ᠸᠠᠩ ᠵᠢᠩ᠂ ᠨᠠᠮ᠎ᠤᠨ ᠬᠤᠷᠢᠶ᠎ᠠ ᠵᠢᠨ ᠠᠯᠪᠠᠨ ᠲᠢᠩᠬᠢᠮ ᠦᠨ ᠺᠠᠳ᠋ᠷ ᠪᠣᠯᠤᠭ᠍ᠰᠠᠨ ᠤ ᠬᠤᠪᠢ᠎ᠳᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠠᠯ᠎ᠠ᠎ᠪᠠᠷ ᠰᠠᠢ᠌ᠨ 《ᠲᠠᠭᠠᠭᠤᠯᠤᠭ᠍ᠴᠢ》 ᠪᠤᠯᠵᠤ᠂ 《ᠭᠤᠷᠪᠠ᠎ᠳᠤ ᠦᠢᠯᠡᠴᠢᠯᠡᠬᠦ᠌》 ᠠᠵᠢᠯ᠎ᠤᠨ ᠪᠣᠳᠠᠲᠠᠢ᠎ᠳᠤ ᠰᠠᠭᠤᠷᠢᠯᠠᠨ ᠭᠠᠷᠳᠠᠬᠤ ᠴᠡᠭ᠂ ᠤᠶᠠᠯᠳᠤᠯ ᠴᠡᠭ᠂ ᠬᠦᠴᠦᠯᠡᠬᠦ᠌ ᠴᠡᠭ ᠢ ᠣᠨᠣᠪᠴᠢᠲᠠᠢ ᠡᠷᠢᠵᠦ᠍᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠳ᠋ᠦ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠳᠡᠳ᠋ ᠳᠠᠷᠤᠭ᠎ᠠ ᠸᠠᠩ ᠱᠢᠶᠤᠤ ᠮᠢᠩ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ ᠪᠠ ᠭᠣᠣᠯ ᠬᠠᠷᠠᠯᠲᠠ ᠶ᠋ᠢ ᠭᠦᠨᠵᠡᠭᠡᠢ ᠣᠢᠯᠠᠭᠠᠬᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ ᠪᠠᠷ ᠲᠤᠭᠤᠱᠢᠯᠠᠭᠤᠯᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠲᠠᠯ᠎ᠠ᠎ᠪᠠᠷ ᠪᠦᠬᠦ᠌ ᠲᠠᠯ᠎ᠠ᠎ᠪᠠᠷ ᠤᠬᠠᠭᠤᠯᠤᠨ ᠲᠠᠢᠯᠪᠤᠷᠢᠯᠠᠭᠰᠠᠨ ᠪᠠ ᠰᠢᠰᠲᠧᠮ ᠲᠠᠢ ᠲᠠᠢᠯᠪᠤᠷᠢᠯᠠᠯᠲᠠ ᠬᠢᠪᠡ᠃
ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠣᠪᠴᠢᠶᠠᠨ᠎ᠤ ᠶᠡᠷᠦᠩᠬᠡᠢᠯᠡᠭ᠌ᠰᠡᠨ ᠭᠠᠵᠠᠷ᠎ᠤᠨ ᠳᠠᠷᠤᠭ᠎ᠠ ᠵᠠᠩ ᠷᠦᠢ ᠹᠸᠩ᠄《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠠᠤᠭ᠎ᠠ ᠲᠥᠰᠦᠪ᠎ᠢ ᠵᠢᠷᠤᠭ᠍ᠯᠠᠵᠤ᠂ ᠠᠯᠢ ᠤᠯᠠᠨ ᠴᠢᠬᠤᠯᠠ ᠶᠡᠬᠡ ᠬᠠᠷᠠᠯᠲᠠ ᠡᠭᠦᠷᠭᠡ ᠪᠣᠯᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠴᠢᠭ᠌ᠯᠡᠯ ᠢ ᠵᠢᠭᠠᠵᠤ᠂ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠭᠦᠳᠡ ᠬᠤᠷᠠᠯ᠎ᠡᠴᠡ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ ᠤᠨ ᠬᠦᠴᠦᠷᠬᠡᠭ ᠣᠷᠣᠨ᠎ᠢ ᠪᠦᠲᠦᠭᠡᠨ ᠪᠠᠢᠭᠤᠯᠤᠨ᠎ᠠ ᠭᠡᠵᠦ᠍ ᠳᠤᠷᠠᠳᠪᠠ᠃ ᠪᠢᠳᠡ ᠪᠠᠢᠯᠳᠤᠬᠤ ᠪᠣᠳᠣᠯᠭ᠎ᠠ᠎ᠪᠠᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠠᠵᠢᠯ ᠤᠨ ᠪᠣᠳᠠᠲᠠᠶ ᠦᠶ᠋ᠯᠡᠳᠦᠯᠭᠡ ᠪᠣᠯᠭᠠᠨ ᠬᠤᠪᠢᠷᠠᠭᠤᠯᠵᠤ᠂ ᠨᠠᠩ ᠡᠷᠡᠰ ᠪᠠᠲᠤ ᠢᠲᠡᠭᠡᠯ ᠪᠢᠱᠢᠷᠡᠯ᠂ ᠨᠠᠩ ᠪᠣᠳᠠᠲᠠᠶ᠎ᠶ᠋ᠢ ᠡᠷᠬᠢᠮᠯᠡᠬᠦ᠌ ᠰᠤᠷᠲᠠᠯ᠂ ᠨᠠᠩ ᠬᠦᠴᠦᠲᠡᠶ ᠠᠷᠭ᠎ᠠ ᠬᠡᠮᠵᠢᠶ᠎ᠡ᠎ᠪᠡᠷ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠰᠣᠶᠣᠯ᠎ᠤᠨ ᠬᠦᠴᠦᠷᠬᠡᠭ ᠤᠯᠤᠰ᠎ᠢ ᠪᠥᠲᠥᠭᠡᠨ ᠪᠠᠢᠭᠤᠯᠬᠤ᠂ ᠳᠤᠮᠳᠠᠳᠤ ᠤᠯᠤᠰ᠎ᠤᠨ ᠮᠠᠶᠢᠭ ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠳᠦ ᠨᠠᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ》ᠭᠡᠵᠦ ᠢᠯᠡᠳᠭᠡᠪᠡ᠃