《ᠦᠪᠦᠷ ᠮᠤᠨᠭᠭᠤᠯ ᠨᠡᠷᠡᠮᠵᠢᠲᠦ》 ᠲᠦᠷᠦᠯ ᠲᠡᠮᠲᠡᠭ ᠤ᠋ᠨ 《ᠬᠦᠳᠡᠯᠦᠨᠭᠭᠦᠢ ᠨᠡᠷ᠎ᠠ ᠶ᠋ᠢᠨ ᠬᠠᠭᠤᠳᠠᠰᠤ》 ᠶ᠋ᠢ ᠴᠤᠭᠴᠠᠯᠠᠨ᠎ᠠ
2025-11-21 16:36:34
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠬᠥᠬᠡᠬᠣᠲᠠ ᠤᠢᠷ᠎ᠠ ᠳ᠋ᠤ ᠪᠦᠬᠦ ᠬᠤᠳᠠ ᠶ᠋ᠢᠨ 6500 ᠲᠦᠷᠢᠶᠡᠰᠦᠨ ᠮᠠᠱᠢᠨ ᠲᠡᠷᠭᠡᠨ ᠤ᠋ ᠵᠠᠷ ᠮᠡᠳᠡᠭᠡ ᠶ᠋ᠢᠨ ᠳᠡᠯᠭᠡᠴᠡ ᠳ᠋ᠤ 《〈ᠥᠪᠥᠷ ᠮᠣᠩᠭᠣᠯ ᠨᠡᠷᠡᠮᠵᠢᠲᠦ〉 ᠲᠠᠯ᠎ᠠ ᠨᠤᠳᠤᠭ ᠤ᠋ᠨ ᠤᠬᠢ ᠪᠦᠲᠦᠭᠡᠭᠳᠡᠭᠦᠨ》 ᠵᠡᠷᠭᠡ ᠦᠰᠦᠭᠳᠦ ᠤᠬᠠᠭᠤᠯᠭ᠎ᠠ ᠶ᠋ᠢᠨ ᠵᠠᠷ ᠢ᠋ ᠨᠡᠪᠳᠡᠷᠡᠭᠦᠯᠵᠦ᠂ 《ᠦᠪᠦᠷ ᠮᠤᠨᠭᠭᠤᠯ ᠨᠡᠷᠡᠮᠵᠢᠲᠦ》 ᠲᠦᠷᠦᠯ ᠲᠡᠮᠲᠡᠭ ᠤ᠋ᠨ 《ᠬᠦᠳᠡᠯᠦᠨᠭᠭᠦᠢ ᠨᠡᠷ᠎ᠠ ᠶ᠋ᠢᠨ ᠬᠠᠭᠤᠳᠠᠰᠤ》 ᠶ᠋ᠢ ᠴᠤᠭᠴᠠᠯᠠᠭᠰᠠᠨ ᠪᠠᠢᠨ᠎ᠠ᠃

ᠲᠤᠰ ᠤᠳᠠᠭ᠎ᠠ ᠵᠢᠨ ᠤᠬᠠᠭᠤᠯᠭ᠎ᠠ ᠶ᠋ᠢᠨ ᠠᠵᠢᠯᠯᠠᠭ᠎ᠠ ᠨᠢ ᠳᠦᠷᠢᠶᠡᠰᠦᠨ ᠮᠠᠰᠢᠨ ᠲᠡᠷᠭᠡᠨ ᠤ᠋ ᠵᠠᠷ ᠮᠡᠳᠡᠭᠡ ᠶ᠋ᠢᠨ 《 ᠬᠠᠮᠤᠷᠬᠤ ᠬᠡᠪᠴᠢᠶ᠎ᠡ ᠨᠢ ᠥᠷᠭᠡᠨ᠂ ᠬᠦᠮᠦᠰ ᠤ᠋ᠨ ᠬᠠᠷᠠᠭᠠᠨ ᠳ᠋ᠤ ᠦᠷᠳᠦᠬᠦ ᠬᠡᠮᠵᠢᠶ᠎ᠡ ᠨᠢ ᠦᠨᠳᠦᠷ᠂ ᠠᠬᠤᠶ ᠲᠠᠯᠠᠪᠠᠶ ᠶ᠋ᠢᠨ ᠨᠡᠪᠴᠢᠬᠦ ᠴᠢᠨᠠᠷ ᠶ᠋ᠢᠡᠷ ᠴᠢᠩᠭ᠎ᠠ》 ᠪᠠᠢᠬᠤ ᠳᠠᠪᠠᠭᠤᠯᠢᠭ ᠢ᠋ ᠭᠦᠢᠴᠡᠳ ᠪᠠᠳᠠᠷᠠᠭᠤᠯᠤᠨ᠂ 《ᠥᠪᠥᠷ ᠮᠣᠩᠭᠣᠯ ᠨᠡᠷᠡᠮᠵᠢᠲᠦ》 ᠲᠠᠯ᠎ᠠ ᠨᠤᠲᠤᠭ ᠤ᠋ᠨ ᠤᠬᠢ ᠪᠦᠲᠦᠭᠡᠭ᠌ᠳᠡᠬᠦᠨ ᠤ᠋ ᠢᠳᠡᠭᠡᠬᠦᠯᠬᠦ ᠬᠦᠴᠦᠨ ᠢ᠋ ᠤᠯᠠᠮ ᠨᠢᠭᠡ ᠠᠯᠬᠤᠮ ᠴᠢᠩᠭᠠᠳᠬᠠᠵᠠᠢ᠃

ᠤᠢᠯᠠᠭᠠᠭᠰᠠᠨ ᠶ᠋ᠢᠡᠷ᠂ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ 2019 ᠣᠨ ᠡᠴᠡ 《ᠪᠠᠷᠢᠮᠵᠢᠶ᠎ᠠ + ᠭᠡᠷᠡᠴᠢᠯᠡᠯ 》 ᠤ᠋ᠨ ᠠᠷᠭ᠎ᠠ ᠬᠡᠯᠪᠡᠷᠢ ᠪᠡᠷ 《ᠥᠪᠥᠷ ᠮᠣᠩᠭᠣᠯ ᠨᠡᠷᠡᠮᠵᠢᠲᠦ》 ᠲᠠᠯ᠎ᠠ ᠨᠤᠲᠤᠭ ᠤ᠋ᠨ ᠤᠬᠢ ᠪᠦᠲᠦᠭᠡᠭ᠌ᠳᠡᠬᠦᠨ ᠤ᠋ ᠣᠷᠣᠨ ᠪᠦᠰᠡ ᠶ᠋ᠢᠨ ᠨᠡᠢᠲᠡ ᠶ᠋ᠢᠨ ᠬᠡᠷᠡᠭᠯᠡᠭᠡᠨ ᠤ᠋ ᠲᠦᠷᠦᠯ ᠲᠡᠮᠲᠡᠭ ᠢ᠋ ᠴᠤᠬᠴᠠᠯᠠᠬᠤ ᠠᠵᠢᠯᠯᠠᠭ᠎ᠠ ᠶ᠋ᠢ ᠡᠬᠢᠯᠡᠭᠦᠯᠵᠤ᠂ ᠪᠠᠷᠢᠮᠵᠢᠶ᠎ᠠ᠂ ᠭᠡᠷᠡᠴᠢᠯᠡᠯ᠂ ᠠᠵᠤ ᠦᠢᠯᠡᠰ᠂ ᠶᠠᠰᠤ ᠴᠢᠨᠠᠷ ᠤ᠋ᠨ ᠬᠠᠮᠢᠶᠠᠷᠤᠯᠲᠠ ᠡᠵᠡᠮᠳᠡᠯ ᠪᠠ ᠶᠡᠷᠦᠩᠬᠡᠢᠯᠡᠨ ᠦᠶ᠋ᠯᠡᠴᠢᠯᠡᠭᠡ ᠵᠡᠷᠭᠡ 《ᠲᠠᠪᠤᠨ ᠶᠡᠬᠡ ᠱᠢᠰᠲ᠋ᠧᠮ》 ᠢ᠋ ᠪᠠᠢᠭᠤᠯᠤᠨ᠂ ᠦᠪᠦᠷ ᠮᠤᠩᠭᠤᠯ ᠤ᠋ᠨ ᠤᠬᠢ ᠰᠠᠢᠨ ᠪᠦᠲᠦᠭᠡᠭᠳᠡᠭᠦᠨ ᠢ᠋ ᠢᠯᠭᠠᠵᠤ ᠲᠠᠨᠢᠬᠤ ᠳ᠋ᠤ ᠪᠡᠷᠬᠡ᠂ ᠵᠠᠬ᠎ᠠ ᠳᠡᠯᠭᠡᠭᠦᠷ ᠶ᠋ᠢᠡᠷ ᠤᠬᠠᠭᠤᠯᠤᠨ ᠪᠤᠷᠤᠯᠠᠭᠤᠯᠬᠤ ᠳ᠋ᠤ ᠬᠦᠴᠢᠷ ᠠᠰᠠᠭᠤᠳᠠᠯ ᠢ᠋ ᠪᠦᠲᠦᠮᠵᠢᠳᠠᠢ ᠰᠢᠢᠳᠪᠤᠷᠢᠯᠡᠬᠦ ᠪᠡᠷ ᠴᠢᠷᠮᠠᠢᠪᠠ᠃

6 ᠵᠢᠯ ᠤ᠋ᠨ ᠲᠤᠷᠰᠢ᠂ ᠪᠦᠬᠦ ᠤᠷᠤᠨ ᠶ᠋ᠢᠡᠷ ᠶ᠋ᠢᠡᠨ 152 ᠵᠦᠢᠯ ᠤ᠋ᠨ 《ᠥᠪᠥᠷ ᠮᠣᠩᠭᠣᠯ ᠨᠡᠷᠡᠮᠵᠢᠲᠦ》 ᠲᠦᠷᠦᠯ ᠲᠡᠮᠲᠡᠭ ᠤ᠋ᠨ ᠭᠡᠷᠡᠴᠢᠯᠡᠯ ᠤ᠋ᠨ ᠪᠠᠷᠢᠮᠵᠢᠶ᠎ᠠ ᠵᠢ ᠰᠤᠳᠤᠯᠤᠨ ᠲᠣᠭ᠍ᠲᠠᠭᠠᠵᠤ᠂ 147 ᠠᠵᠤ ᠠᠬᠤᠢᠯᠠᠯ ᠪᠠ 1402 ᠵᠦᠶ᠋ᠯ ᠤ᠋ᠨ ᠪᠦᠳᠦᠬᠡᠭᠳᠡᠬᠦᠨ ᠳ᠋ᠤ ᠭᠡᠷᠡᠴᠢᠯᠡᠯ ᠤ᠋ᠨ ᠦᠨᠡᠮᠯᠡᠯ ᠤᠯᠭᠤᠨ᠂ ᠪᠦᠬᠦ ᠤᠷᠤᠨ ᠤ᠋ ᠦᠪᠡᠷᠮᠢᠴᠡ ᠤᠨᠴᠠᠯᠢᠭ ᠲᠠᠢ ᠳᠠᠪᠠᠭᠤᠯᠢᠬᠲᠤ ᠠᠵᠤ ᠦᠶ᠋ᠯᠡᠰ ᠢ᠋ ᠪᠥᠬᠥ᠌ ᠲᠠᠯ᠎ᠠ ᠪᠡᠷ ᠬᠠᠮᠤᠷᠴᠠᠶ᠃ ᠪᠦᠬᠦ ᠤᠷᠤᠨ ᠤ᠋ ᠡᠯ᠎ᠠ ᠰᠠᠯᠠᠭ᠎ᠠ ᠮᠦᠴᠢᠷ ᠤ᠋ᠨ ᠬᠢᠨ ᠨᠢᠭᠳᠠ ᠬᠠᠮᠵᠢᠯᠴᠠᠵᠤ ᠤᠬᠠᠭᠤᠯᠤᠨ ᠰᠤᠷᠳᠠᠯᠴᠢᠯᠠᠬᠤ ᠠᠵᠢᠯᠯᠠᠭ᠎ᠠ ᠶ᠋ᠢ ᠦᠷᠭᠡᠨ ᠳᠡᠯᠭᠡᠷ ᠦᠷᠨᠢᠭᠦᠯᠦᠭᠰᠡᠨ ᠶ᠋ᠢᠡᠷ 《ᠥᠪᠥᠷ ᠮᠣᠩᠭᠣᠯ ᠨᠡᠷᠡᠮᠵᠢᠲᠦ》 ᠪᠦᠳᠦᠬᠡᠭᠳᠡᠬᠦᠨ ᠤᠳᠤ ᠨᠢᠭᠡᠨᠳᠡ ᠪᠡᠭᠡᠵᠢᠩ ᠲᠢᠶᠠᠨᠵᠢᠨ ᠾᠧᠪᠧᠢ᠂ ᠬᠦᠬᠡᠮᠦ᠋ᠷᠡᠨ ᠤ᠋ ᠭᠤᠷᠪᠠᠯᠵᠢᠨ ᠬᠤᠢᠭ᠂ ᠭᠤᠸᠠᠩᠳᠦ᠋ᠩ ᠰᠢᠶᠠᠩᠭᠠᠩ ᠤᠤᠮᠸᠠ ᠤ᠋ ᠶᠡᠬᠡ ᠪᠤᠯᠤᠩ ᠤ᠋ᠨ ᠤᠷᠤᠨ᠂ ᠵᠡᠭᠦᠨ ᠬᠤᠢᠳᠤ ᠶ᠋ᠢᠨ ᠭᠤᠷᠪᠠᠨ ᠮᠤᠵᠢ ᠵᠡᠷᠭᠡ ᠭᠤᠤᠯᠳᠠᠯᠭ᠎ᠠ ᠲᠠᠢ ᠵᠠᠬ᠎ᠠ ᠳᠡᠯᠭᠡᠭᠦᠷ ᠲᠤ᠌ ᠪᠤᠷᠤᠯᠠᠭᠤᠯᠤᠭᠳᠠᠵᠤ᠂ 《ᠥᠪᠥᠷ ᠮᠣᠩᠭᠣᠯ ᠨᠡᠷᠡᠮᠵᠢᠲᠦ》 ᠭᠡᠷᠡᠴᠢᠯᠡᠯ ᠪᠦᠬᠦᠢ ᠠᠵᠤ ᠠᠬᠤᠢᠯᠠᠯ ᠤ᠋ᠨ ᠦᠷ᠎ᠠ ᠠᠰᠢᠭ ᠡᠳᠦᠷ ᠡᠴᠡ ᠡᠳᠦᠷ ᠰᠠᠢᠵᠢᠷᠠᠨ᠂ ᠲᠦᠷᠦᠯ ᠲᠡᠮᠳᠡᠭ ᠤ᠋ᠨ ᠨᠦᠯᠦᠭᠡᠯᠡᠬᠦ ᠬᠦᠴᠦᠨ ᠪᠠ ᠵᠠᠬ᠎ᠠ ᠳᠡᠯᠭᠡᠭᠦᠷ ᠤ᠋ᠨ ᠦᠷᠢᠰᠦᠯᠳᠦᠬᠦ ᠬᠦᠴᠦᠨ ᠲᠠᠰᠤᠷᠠᠯᠳᠠ ᠦᠭᠡᠢ ᠴᠢᠩᠭᠠᠷᠠᠵᠤ᠂ ᠦᠪᠦᠷ ᠮᠤᠩᠭᠤᠯ  ᠤ᠋ᠨ ᠬᠤᠯᠪᠤᠭᠳᠠᠯ ᠪᠦᠬᠦᠢ ᠠᠵᠤ ᠦᠢᠯᠡᠰ ᠤ᠋ᠨ 《ᠲᠤᠭᠠᠨ ᠤ᠋ ᠬᠤᠪᠢᠷᠠᠯᠳᠠ》 ᠡᠴᠡ 《ᠴᠢᠨᠠᠷ ᠤ᠋ᠨ ᠬᠤᠪᠢᠷᠠᠯᠳᠠ》 ᠳ᠋ᠤ ᠬᠦᠷᠬᠦ ᠴᠢᠬᠤᠯᠠ ᠬᠦᠳᠡᠯᠭᠡᠭᠦᠷ ᠪᠤᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号