ᠮᠢᠺᠷᠦᠪ ᠤ᠋ᠨ ᠮᠡᠷᠭᠡᠵᠢᠯ ᠶ᠋ᠢᠡᠷ ᠡᠭᠦᠳᠦᠭᠰᠡᠨ ᠦᠨᠳᠦᠷ ᠦᠷ᠎ᠡ ᠠᠰᠢᠭ — ᠡᠷᠳᠡᠨᠢ ᠰᠢᠰᠢ ᠪᠡᠷ ᠲᠡᠵᠢᠭᠡᠯ ᠪᠤᠷᠳᠤᠭ᠎ᠠ ᠦᠢᠯᠡᠳᠪᠤᠷᠢᠯᠡᠬᠦ 《 ᠶᠤᠸᠠᠨ ᠱᠧᠩ ᠲᠠᠢ ᠶ᠋ᠢᠨ ᠠᠷᠭ᠎ᠠ 》 ᠶ᠋ᠢ ᠲᠡᠮᠲᠡᠭᠯᠡᠪᠡ
2025-11-21 16:44:22
ᠵᠣᠬᠢᠶᠠᠭ᠍ᠴᠢ᠄
ᠼᠠᠢ ᠬᠤᠩ
ᠣᠩᠱᠢᠭ᠍ᠰᠠᠨ ᠣᠳᠠᠭ᠎ᠠ᠄
★★★☆☆

《ᠪᠢᠳᠡ ᠴᠢᠬᠢᠭ ᠤ᠋ᠨ ᠬᠡᠮᠵᠢᠶ᠎ᠠ ᠨᠢ 30% ᠤᠷᠴᠢᠮ ᠤ᠋ᠨ ᠡᠷᠳᠡᠨᠢ ᠰᠢᠰᠢ ᠶ᠋ᠢᠨ ᠮᠦᠬᠦᠯᠢᠭ ᠪᠤᠶᠤ ᠪᠦᠬᠦᠯᠢ ᠡᠷᠳᠡᠨᠢ ᠰᠢᠰᠢ ᠶ᠋ᠢ ᠨᠢᠴᠠᠯᠵᠤ ᠬᠡᠮᠬᠡᠷᠡᠭᠦᠯᠦᠭᠡᠳ ᠮᠢᠺᠷᠤᠪ ᠪᠤᠳᠠᠰ ᠨᠡᠮᠡᠵᠦ ᠬᠦᠴᠢᠯᠳᠦ᠋ᠷᠦᠭᠴᠢᠭᠦᠢ ᠪᠡᠷ ᠢᠰᠭᠡᠵᠦ ᠲᠡᠵᠢᠭᠡᠯ ᠪᠤᠷᠳᠤᠭ᠎ᠠ ᠦᠢᠯᠡᠳᠪᠤᠷᠢᠯᠡᠵᠦ ᠪᠠᠢᠨ᠎ᠠ᠃ ᠮᠠᠨ ᠤ᠋ ᠮᠡᠷᠭᠡᠵᠢᠯ ᠢ᠋ ᠳᠦᠭᠦᠮ ᠶ᠋ᠢᠡᠷ ᠬᠡᠯᠡᠪᠡᠯ ᠦᠨᠢᠶᠡᠨ ᠰᠦ ᠶ᠋ᠢ ᠡᠭᠡᠳᠡᠭᠰᠡᠨ ᠰᠦ᠋ ᠪᠤᠯᠭᠠᠨ ᠬᠤᠪᠢᠷᠠᠭᠤᠯᠬᠤ ᠶᠠᠪᠤᠴᠠ ᠪᠤᠯᠤᠨ᠎ᠠ》 ᠭᠡᠵᠦ ᠥᠪᠥᠷ ᠮᠣᠩᠭᠣᠯ ᠤ᠋ᠨ ᠶᠤᠸᠠᠨ ᠱᠧᠩ ᠲᠡᠶ ᠲᠠᠷᠢᠶᠠᠯᠠᠩ ᠮᠠᠯ ᠠᠵᠤ ᠠᠬᠤᠶ ᠶ᠋ᠢᠨ ᠨᠡᠭᠡᠭᠡᠯᠳᠠ ᠬᠥᠭ᠌ᠵᠢᠭᠦᠯᠤᠯᠳᠠ ᠶ᠋ᠢᠨ ᠬᠢᠵᠠᠭᠠᠷᠲᠤ ᠺᠣᠮᠫᠠᠨᠢ ᠶ᠋ᠢᠨ ᠶᠡᠷᠦᠩᠬᠡᠢ ᠳᠠᠭᠠᠭᠠᠮᠠᠯ᠂ ᠦᠪᠡᠷᠳᠡᠭᠡᠨ ᠵᠠᠰᠠᠬᠤ ᠤᠷᠤᠨ ᠤ᠋《ᠠᠷᠪᠠᠨ ᠳᠦᠷᠪᠡᠳᠦᠭᠡᠷ ᠳᠠᠪᠤᠨ ᠵᠢᠯ》 ᠤ᠋ᠨ ᠴᠢᠬᠤᠯᠠ ᠶᠡᠬᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠡᠷᠡᠭᠯᠡᠭᠡᠨ ᠤ᠋ ᠲᠦᠷᠦᠯ ᠵᠦᠢᠯ — 《ᠵᠢᠯ ᠤ᠋ᠨ 10 ᠲᠦᠮᠡᠨ ᠳᠤᠨ ᠤ᠋ ᠨᠤᠢᠳᠠᠨ ᠶ᠋ᠢᠡᠷ ᠬᠠᠳᠠᠭᠠᠯᠠᠬᠤ ᠢᠰᠭᠡᠭᠰᠡᠨ ᠡᠷᠳᠡᠨᠢ ᠰᠢᠰᠢ ᠶ᠋ᠢᠨ ᠲᠡᠵᠢᠭᠡᠯ ᠪᠤᠷᠳᠤᠭ᠎ᠠ ᠦᠢᠯᠡᠳᠪᠤᠷᠢᠯᠡᠬᠦ ᠲᠦᠷᠦᠯ ᠵᠦᠢᠯ》 ᠤ᠋ᠨ ᠬᠠᠷᠢᠭᠤᠴᠠᠯᠭᠠᠳᠠᠨ᠂ ᠨᠤᠢᠳᠠᠨ ᠶ᠋ᠢᠡᠷ ᠬᠠᠳᠠᠭᠠᠯᠠᠬᠤ ᠢᠰᠭᠡᠭᠰᠡᠨ ᠡᠷᠳᠡᠨᠢ ᠰᠢᠰᠢ ᠶ᠋ᠢᠨ ᠲᠡᠵᠢᠭᠡᠯ ᠪᠤᠷᠳᠤᠭ᠎ᠠ ᠦᠢᠯᠡᠳᠪᠤᠷᠢᠯᠡᠬᠦ ᠮᠡᠷᠭᠡᠵᠢᠯ ᠢ᠋ ᠡᠭᠦᠳᠦᠭᠴᠢ ᠵᠢᠶᠠᠩ ᠸᠠᠨ ᠶᠢᠩ ᠲᠠᠨᠢᠯᠴᠠᠭᠤᠯᠤᠨ᠎ᠠ᠃


QQ20251121-164311.png


ᠲᠡᠵᠢᠭᠡᠯ  ᠪᠤᠷᠳᠤᠭ᠎ᠠ  ᠦᠢᠯᠡᠳᠪᠦᠷᠢᠯᠡᠨ᠎ᠠ 


ᠤᠯᠤᠰ ᠤ᠋ᠨ ᠮᠠᠯ ᠠᠵᠤ ᠠᠬᠤᠶ ᠲᠠᠷᠢᠶᠠᠯᠠᠡᠭ ᠤ᠋ᠨ ᠬᠡᠯᠪᠡᠷᠢ ᠶ᠋ᠢ ᠬᠤᠪᠢᠷᠠᠭᠤᠯᠵᠤ ᠲᠠᠰ ᠳᠡᠪᠱᠢᠭᠦᠯᠬᠦ᠌ ᠵᠠᠩᠭᠢᠯᠠᠭ᠎ᠠ ᠶ᠋ᠢᠨ ᠬᠤᠭᠤᠴᠠᠭᠠᠨ ᠳ᠋ᠦ᠂ ᠥᠪᠥᠷ ᠮᠣᠩᠭᠣᠯ ᠤ᠋ᠨ ᠶᠤᠸᠠᠨ ᠱᠧᠩ ᠲᠡᠶ ᠲᠠᠷᠢᠶᠠᠯᠠᠩ ᠮᠠᠯ ᠠᠵᠤ ᠠᠬᠤᠶ ᠶ᠋ᠢᠨ ᠨᠡᠭᠡᠭᠡᠯᠳᠠ ᠬᠥᠭ᠌ᠵᠢᠭᠦᠯᠤᠯᠳᠠ ᠶ᠋ᠢᠨ ᠬᠢᠵᠠᠭᠠᠷᠲᠤ ᠺᠣᠮᠫᠠᠨᠢ ᠮᠢᠺᠷᠣᠪ ᠤ᠋ᠨ ᠬᠦᠴᠢᠯᠳᠦ᠋ᠷᠦᠭᠴᠢᠭᠦᠢ ᠢᠰᠭᠡᠬᠦ ᠮᠡᠷᠭᠡᠵᠢᠯ ᠳ᠋ᠤ ᠰᠠᠭᠤᠷᠢᠯᠠᠨ᠂ ᠣᠯᠠᠨ ᠤᠯᠤᠰ ᠤ᠋ᠨ ᠲᠡᠷᠢᠭᠦᠨ ᠤ᠋ ᠳᠠᠷᠤᠰᠢᠭᠤᠯᠤᠨ ᠪᠤᠭᠤᠳᠠᠯᠯᠠᠬᠤ ᠤᠷ᠎ᠠ ᠮᠡᠷᠭᠡᠱᠢᠯ ᠬᠢᠭᠡᠳ ᠦᠨᠳᠦᠷ ᠪᠦᠲᠦᠮᠵᠢᠳᠠᠢ ᠨᠢᠴᠠᠯᠤᠨ ᠬᠡᠮᠬᠡᠷᠡᠭᠦᠯᠬᠦ ᠲᠦᠬᠦᠭᠡᠷᠦᠮᠵᠢ ᠳ᠋ᠤ ᠲᠦᠰᠢᠭᠯᠡᠵᠤ᠂ ᠴᠢᠬᠢᠭ ᠤ᠋ᠨ ᠬᠡᠮᠵᠢᠶ᠎ᠡ ᠨᠢ ᠦᠨᠳᠦᠷ ᠡᠷᠳᠡᠨᠢ ᠰᠢᠰᠢ ᠶ᠋ᠢ ᠢᠰᠭᠡᠵᠤ ᠲᠡᠵᠢᠭᠡᠯ ᠪᠤᠷᠳᠤᠭ᠎ᠠ ᠦᠢᠯᠡᠳᠪᠤᠷᠢᠯᠡᠬᠦ ᠲᠦᠷᠦᠯ ᠵᠦᠢᠯ ᠢ᠋ ᠪᠠᠢᠭᠤᠯᠤᠨ᠂ ᠮᠠᠯ ᠠᠵᠤ ᠠᠬᠤᠶ ᠳ᠋ᠡᠬᠢ ᠡᠷᠳᠡᠨᠢ ᠱᠢᠰᠢ ᠶ᠋ᠢᠨ ᠬᠡᠷᠡᠭᠯᠡᠭᠡ ᠶ᠋ᠢ ᠰᠢᠨ᠎ᠠ ᠲᠡᠭᠳᠡᠷ ᠲᠤ᠌ ᠬᠦᠷᠭᠡᠵᠦ᠂ ᠦᠪᠡᠷ ᠤ᠋ᠨ ᠦᠷᠳᠡᠭ ᠢ᠋ ᠠᠷᠪᠢᠯᠠᠨ ᠦᠷ᠎ᠠ ᠠᠰᠢᠭ ᠢ᠋ ᠨᠡᠮᠡᠭᠳᠡᠭᠦᠯᠬᠦ ᠬᠠᠷᠠᠯᠳᠠ ᠳ᠋ᠤ ᠬᠦᠷᠴᠤ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠵᠢᠴᠢ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠳ᠋ᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠨ᠂ ᠥᠪᠡᠷᠲᠡᠭᠡᠨ ᠵᠠᠰᠠᠬᠤ ᠣᠷᠣᠨ ᠤ᠋  ᠮᠠᠯ ᠠᠵᠤ ᠠᠬᠤᠶ ᠲᠠᠷᠢᠶᠠᠯᠠᠡᠭ ᠤ᠋ᠨ ᠠᠵᠤ ᠦᠢᠯᠡᠰᠵᠢᠭ᠌ᠰᠡᠨ ᠬᠥᠭ᠌ᠵᠢᠯᠲᠡ ᠶ᠋ᠢᠨ ᠬᠡᠪ ᠳᠠᠭᠤᠷᠢᠶᠠᠯ ᠪᠣᠯᠤᠭᠰᠠᠨ ᠶᠤᠮ᠃


QQ20251121-164334.png


ᠳᠠᠷᠤᠰᠢᠭᠤᠯᠤᠨ ᠪᠤᠭᠤᠳᠠᠯᠯᠠᠭᠰᠠᠨ ᠲᠡᠵᠢᠭᠡᠯ ᠪᠤᠷᠳᠤᠭ᠎ᠠ 


ᠶᠤᠸᠠᠨ ᠱᠧᠩ ᠲᠡᠶ ᠺᠤᠮᠫᠠᠨᠢ ᠪᠤᠯ 2015 ᠣᠨ ᠳ᠋ᠦ 1000 ᠲᠦᠮᠡᠨ ᠲᠥᠭᠥᠷᠢᠭ ᠤ᠋ᠨ ᠪᠡᠯᠡ ᠤᠷᠤᠭᠤᠯᠤᠯᠳᠠ ᠪᠡᠷ ᠪᠠᠢᠭᠤᠯᠤᠭᠳᠠᠭᠰᠠᠨ᠂ ᠥᠪᠡᠷᠲᠡᠭᠡᠨ ᠵᠠᠰᠠᠬᠤ ᠣᠷᠣᠨ ᠤ᠋ ᠮᠠᠯ ᠠᠵᠤ ᠠᠬᠤᠶ ᠲᠠᠷᠢᠶᠠᠯᠠᠡᠭ ᠤ᠋ᠨ ᠠᠵᠤ ᠦᠢᠯᠡᠰᠵᠢᠯᠳᠠ ᠶ᠋ᠢᠨ ᠳᠠᠭᠠᠭᠤᠯᠤᠭᠴᠢ ᠠᠵᠤ ᠠᠬᠤᠢᠯᠠᠯ ᠪᠠ ᠳᠡᠭᠡᠳᠦ ᠱᠢᠨ᠎ᠡ ᠮᠡᠷᠭᠡᠵᠢᠯ ᠤ᠋ᠨ ᠠᠵᠤ ᠠᠬᠤᠢᠯᠠᠯ ᠪᠣᠯᠤᠨ᠎ᠠ᠃ ᠤᠳᠤᠬᠠᠨ ᠪᠤᠯᠳᠠᠯ᠎ᠠ ᠲᠤᠰ ᠺᠤᠮᠫᠠᠨᠢ 5 ᠡᠭᠦᠳᠦᠯᠳᠡ ᠶ᠋ᠢᠨ ᠲᠤᠰᠬᠠᠢ ᠠᠰᠢᠭ᠂ 8 ᠪᠤᠳᠠᠳᠤ ᠬᠡᠷᠡᠭᠴᠡᠭᠡ ᠪᠦᠬᠦᠢ ᠰᠢᠨ᠎ᠠ ᠬᠡᠯᠪᠡᠷᠢ ᠶ᠋ᠢᠨ ᠲᠤᠰᠬᠠᠢ ᠠᠰᠢᠭ ᠢ᠋ ᠤᠯᠵᠤ᠂ 13 ᠲᠠᠸᠠᠷ ᠤ᠋ᠨ ᠲᠡᠮᠳᠡᠭ ᠪᠠ 1 ᠰᠤᠹᠲ ᠤ᠋ᠨ ᠪᠦᠲᠦᠭᠡᠯ ᠤ᠋ᠨ ᠡᠷᠬᠡ ᠶ᠋ᠢ ᠳᠠᠩᠰᠠᠯᠠᠭᠤᠯᠪᠠ᠃ ᠡᠭᠦᠨ ᠳ᠋ᠤ ᠤᠯᠠᠮᠵᠢᠯᠠᠯᠲᠤ ᠲᠡᠵᠢᠭᠡᠯ ᠪᠣᠷᠳᠣᠭ᠎ᠠ ᠲᠠᠶ ᠬᠠᠷᠢᠴᠠᠭᠤᠯᠪᠠᠯ᠂ ᠨᠤᠢᠳᠠᠨ ᠶ᠋ᠢᠡᠷ ᠬᠠᠳᠠᠭᠠᠯᠠᠬᠤ ᠢᠰᠭᠡᠭᠰᠡᠨ ᠡᠷᠳᠡᠨᠢ ᠰᠢᠰᠢ ᠶ᠋ᠢᠨ ᠲᠡᠵᠢᠭᠡᠯ ᠪᠤᠷᠳᠤᠭ᠎ᠠ ᠦᠢᠯᠡᠳᠪᠤᠷᠢᠯᠡᠬᠦ ᠮᠡᠷᠭᠡᠵᠢᠯ ᠶ᠋ᠢᠡᠷ ᠦᠢᠯᠡᠳᠦᠭᠰᠡᠨ ᠲᠡᠵᠢᠭᠡᠯ ᠪᠤᠷᠳᠤᠭ᠎ᠠ ᠨᠢ ᠬᠦᠭᠡᠴᠤ ᠶ᠋ᠢᠨ ᠬᠤᠤᠷᠠᠳᠤ ᠡᠳ᠋ ᠪᠠᠷᠤᠭ ᠡᠭᠦᠰᠬᠦ ᠦᠭᠡᠢ᠂ ᠡᠷᠳᠡᠨᠢ ᠰᠢᠰᠢ ᠶ᠋ᠢᠨ ᠴᠠᠷᠳᠠᠭᠤᠯ ᠪᠤᠯᠵᠤ ᠤᠨᠳᠤᠤᠰᠢᠬᠤ ᠨᠣᠷᠮ᠎ᠠ ᠨᠢ 80% ᠳ᠋ᠤ ᠬᠦᠷᠬᠦ᠂ ᠸᠢᠲ᠋ᠠᠮᠢᠨ ᠪᠣᠯᠤᠨ ᠪᠢᠴᠢᠯ ᠡᠯᠧᠮᠧᠨ᠋ᠲ ᠢ᠋ ᠭᠦᠢᠴᠡᠳ ᠬᠠᠳᠠᠭᠠᠯᠠᠵᠤ ᠳᠡᠢᠯᠬᠦ ᠪᠦᠭᠡᠳ ᠤᠯᠠᠮᠵᠢᠯᠠᠯᠲᠤ ᠲᠡᠵᠢᠭᠡᠯ ᠪᠤᠷᠳᠤᠭ᠎ᠠ ᠦᠢᠯᠡᠳᠪᠤᠷᠢᠯᠡᠬᠦ ᠶᠠᠪᠤᠴᠠ ᠶ᠋ᠢᠨ ᠱᠢᠮ᠎ᠡ ᠲᠡᠵᠢᠭᠡᠯ ᠠᠯᠳᠠᠭ᠍ᠳᠠᠬᠤ ᠠᠰᠠᠭᠤᠳᠠᠯ ᠢ᠋ ᠪᠦᠲᠦᠮᠵᠢᠲᠠᠢ ᠰᠢᠢᠳᠪᠦᠷᠢᠯᠡᠵᠠᠢ᠃ ᠡᠭᠦᠨ ᠤ᠋ ᠬᠠᠮᠳᠤ ᠰᠦᠯᠢᠶᠤᠤ ᠪᠦᠷᠬᠦᠪᠴᠢ ᠪᠡᠷ ᠤᠷᠢᠶᠠᠵᠤ ᠳᠠᠷᠤᠰᠢᠭᠤᠯᠤᠨ ᠪᠤᠭᠤᠳᠠᠯᠯᠠᠬᠤ ᠠᠷᠭ᠎ᠠ ᠨᠢ ᠲᠡᠵᠢᠭᠡᠯ ᠪᠤᠷᠳᠤᠭ᠎ᠠ ᠶ᠋ᠢ ᠬᠦᠴᠢᠯᠳᠦ᠋ᠷᠦᠭᠴᠢ ᠡᠴᠡ ᠲᠤᠰᠠᠭᠠᠷᠯᠠᠴᠢᠬᠠᠬᠤ ᠤᠴᠢᠷ ᠡᠴᠡ ᠬᠠᠳᠠᠭᠠᠯᠠᠬᠤ ᠲᠠᠯᠠᠪᠤᠷ ᠭᠠᠵᠠᠷ ᠪᠠ ᠤᠷᠴᠢᠨ ᠨᠦᠬᠦᠴᠡᠯ ᠳ᠋ᠤ ᠤᠨᠴᠠᠭᠠᠢ ᠶᠡᠬᠡ ᠱᠠᠭᠠᠷᠳᠠᠯᠭ᠎ᠠ ᠦᠭᠡᠢ ᠪᠠᠢᠵᠤ᠂ ᠡᠮᠦᠨ᠎ᠠ ᠤᠷᠤᠨ ᠤ᠋ ᠠᠭᠠᠬᠢᠮ᠎ᠠ ᠬᠠᠯᠠᠭᠤᠨ ᠪᠦᠭᠡᠳ ᠴᠢᠭᠢᠭᠯᠢᠭ ᠤᠷᠤᠨ ᠵᠢᠡᠷ ᠬᠡᠷᠡᠭᠯᠡᠬᠦ ᠳ᠋ᠤ ᠮᠠᠰᠢ ᠳᠤᠬᠢᠷᠠᠨ᠎ᠠ᠃

ᠮᠡᠷᠭᠡᠵᠢᠯ ᠤ᠋ᠨ ᠱᠢᠨ᠎ᠡ ᠵᠢ ᠡᠭᠦᠳᠬᠦ᠌ ᠪᠣᠯ ᠲᠥᠷᠥᠯ ᠵᠦᠶ᠋ᠯ ᠤ᠋ᠨ ᠤᠷᠤᠰᠢᠨ ᠦᠷᠭᠦᠯᠵᠢᠯᠡᠬᠦ ᠭᠤᠤᠯ ᠬᠥᠳᠡᠯᠭᠡᠬᠦ᠌ ᠬᠦᠴᠦᠨ ᠮᠥᠨ᠃ ᠶᠤᠸᠠᠨ ᠱᠧᠩ ᠲᠡᠶ ᠺᠤᠮᠫᠠᠨᠢ ᠶ᠋ᠢᠨ ᠡᠨᠡ ᠬᠦ᠌ ᠲᠡᠵᠢᠭᠡᠯ ᠪᠤᠷᠳᠤᠭ᠎ᠠ ᠨᠢ ᠢᠰᠭᠡᠬᠦ᠌ ᠂ ᠨᠢᠴᠠᠯᠬᠤ᠂ ᠬᠠᠳᠠᠭᠠᠯᠠᠬᠤ 3 ᠵᠠᠩᠭᠢᠯᠠᠭ᠎ᠠ ᠶ᠋ᠢᠨ ᠭᠣᠭ᠍ᠴᠣᠭ᠎ᠠ ᠳ᠋ᠦ ᠱᠢᠪᠲᠤᠯᠤᠯᠲᠠ ᠶ᠋ᠢᠨ ᠴᠢᠨᠠᠷᠲᠠᠶ ᠮᠡᠷᠭᠡᠵᠢᠯ ᠤ᠋ᠨ ᠰᠢᠨ᠎ᠠ ᠡᠭᠦᠳᠦᠯᠳᠡ ᠶ᠋ᠢ ᠪᠡᠶᠡᠯᠡᠭᠦᠯᠵᠠᠢ᠃ ᠺᠤᠮᠫᠠᠨᠢ ᠶ᠋ᠢᠨ ᠪᠡᠶ᠎ᠡ ᠪᠡᠨ ᠳᠠᠭᠠᠭᠠᠨ ᠰᠤᠳᠤᠯᠤᠨ ᠦᠢᠯᠡᠳᠦᠭᠰᠡᠨ ᠨᠡᠢᠯᠡᠮᠡᠯ ᠪᠠᠺᠲ᠋ᠧᠷᠢ ᠶ᠋ᠢᠨ ᠰᠦᠷᠦᠭ ᠨᠢ ᠰᠦᠨ ᠬᠦᠴᠢᠯ ᠡᠭᠦᠰᠭᠡᠬᠦ ᠬᠤᠷᠳᠤᠴᠠ ᠶ᠋ᠢ ᠳᠦᠷᠭᠡᠳᠭᠡᠵᠦ᠂ ᠪᠦᠲ᠋ᠠ ᠬᠦᠴᠢᠯ ᠤ᠋ᠨ ᠢᠰᠭᠡᠯᠲᠡ ᠵᠢ ᠪᠦᠲᠦᠮᠵᠢᠲᠡᠶ ᠬᠣᠷᠢᠭ᠍ᠯᠠᠨ᠂ ᠲᠡᠵᠢᠭᠡᠯ ᠪᠤᠷᠳᠤᠭ᠎ᠠ ᠶ᠋ᠢᠨ ᠪᠣᠭᠣᠳᠠᠯ ᠢ᠋ ᠵᠠᠳᠠᠯᠤᠭᠰᠠᠨ ᠤ᠋ ᠳᠠᠷᠠᠭᠠᠬᠢ ᠬᠦᠴᠢᠯᠲᠥ᠋ᠷᠥᠭ᠌ᠴᠢ ᠲᠠᠢ ᠤᠷᠴᠢᠨ ᠳ᠋ᠡᠬᠢ ᠲᠣᠭ᠍ᠲᠠᠪᠤᠷᠢᠲᠤ ᠴᠢᠨᠠᠷ ᠢ᠋ ᠪᠦᠲᠦᠮᠵᠢᠳᠠᠢ ᠳᠡᠭᠡᠭᠰᠢᠯᠡᠭᠦᠯᠵᠤ᠂ ᠬᠠᠮᠤᠭ ᠤ᠋ᠨ ᠤᠳᠠᠭᠠᠨ ᠳ᠋ᠠᠭᠠᠨ 30 ᠡᠳᠦᠷ ᠤ᠋ᠨ ᠲᠤᠳᠤᠷ᠎ᠠ ᠳᠠᠬᠢᠨᠳᠠ ᠢᠰᠬᠦ᠌ ᠶ᠋ᠢ ᠰᠡᠷᠭᠡᠢᠯᠡᠵᠦ ᠴᠢᠳᠠᠨ᠎ᠠ; ᠬᠤᠤᠰ ᠪᠤᠯᠤ ᠲᠠᠢ ᠨᠢᠴᠠᠯᠬᠤ ᠮᠠᠱᠢᠨ ᠨᠢ ᠨᠢᠴᠠᠯᠬᠤ ᠦᠷ᠎ᠡ ᠪᠦᠲᠦᠮᠵᠢ ᠵᠢ ᠴᠠᠭ ᠪᠦᠷᠢ ᠳ᠋ᠤ 40 ᠲᠣᠨ ᠪᠣᠯᠭᠠᠨ ᠳᠡᠭᠡᠭ᠌ᠰᠢᠯᠡᠭᠦᠯᠦᠭ᠌ᠰᠡᠨ ᠪᠦᠭᠡᠳ ᠨᠢᠴᠠᠯᠬᠤ ᠴᠢᠨᠠᠷ ᠨᠢ ᠨᠠᠩ ᠰᠠᠢᠨ ᠪᠤᠯᠵᠤ᠂ ᠤᠯᠠᠮᠵᠢᠯᠠᠯᠲᠤ ᠨᠢᠴᠠᠯᠬᠤ ᠮᠠᠱᠢᠨ ᠤ᠋ ᠠᠵᠢᠯ ᠤ᠋ᠨ ᠦᠷ᠎ᠠ ᠪᠦᠲᠦᠮᠵᠢ ᠳᠤᠤᠷ᠎ᠠ᠂ ᠠᠮᠠᠷᠬᠠᠨ ᠲᠦᠭ᠌ᠵᠢᠷᠡᠬᠦ᠌ ᠵᠡᠷᠭᠡ ᠬᠦᠴᠢᠷ ᠠᠰᠠᠭᠤᠳᠠᠯ ᠢ᠋ ᠱᠢᠶ᠋ᠳᠪᠦᠷᠢᠯᠡᠪᠡ; ᠰᠦᠯᠢᠶᠤᠤ ᠪᠦᠷᠬᠦᠪᠴᠢ ᠪᠡᠷ ᠤᠷᠢᠶᠠᠵᠤ ᠳᠠᠷᠤᠱᠢᠭᠤᠯᠤᠨ ᠪᠤᠭᠤᠳᠠᠯᠯᠠᠬᠤ ᠮᠡᠷᠭᠡᠵᠢᠯ ᠨᠢ ᠦᠶ᠋ᠯᠡᠳᠪᠦᠷᠢᠯᠡᠯ ᠤ᠋ᠨ ᠦᠷ᠎ᠡ ᠪᠦᠲᠦᠮᠵᠢ ᠵᠢ ᠳᠡᠭᠡᠭ᠌ᠰᠢᠯᠡᠭᠦᠯᠦᠭ᠌ᠰᠡᠨ ᠶ᠋ᠢᠡᠷ ᠪᠠᠷᠠᠬᠤ ᠥᠬᠡᠶ ᠲᠡᠵᠢᠭᠡᠯ ᠪᠤᠷᠳᠤᠭ᠎ᠠ ᠶ᠋ᠢᠨ ᠪᠢᠲᠡᠭᠦᠮᠵᠢᠳᠤ ᠴᠢᠨᠠᠷ ᠢ᠋ ᠴᠢᠩᠭᠠᠳᠬᠠᠨ᠂ ᠪᠠᠢᠭᠠᠯᠢ ᠶ᠋ᠢᠨ ᠬᠦᠴᠦᠨ ᠵᠦᠶ᠋ᠯ ᠤ᠋ᠨ ᠲᠡᠵᠢᠭᠡᠯ ᠪᠣᠷᠳᠣᠭ᠎ᠠ ᠶ᠋ᠢᠨ ᠴᠢᠨᠠᠷ ᠲᠤ᠌ ᠨᠦᠯᠦᠭᠡ ᠪᠤᠯᠬᠤ ᠶ᠋ᠢ ᠪᠦᠲᠦᠮᠵᠢᠳᠠᠢ ᠰᠡᠷᠭᠡᠢᠯᠡᠵᠤ ᠂ ᠤᠷᠳᠤ ᠬᠤᠭᠤᠴᠠᠭ᠎ᠠ ᠪᠡᠷ ᠬᠠᠳᠠᠭᠠᠯᠠᠵᠤ ᠳᠡᠢᠯᠬᠦ ᠪᠤᠯᠭᠠᠪᠠ᠃

ᠶᠤᠸᠠᠨ ᠱᠧᠩ ᠲᠡᠶ ᠺᠤᠮᠫᠠᠨᠢ ᠶ᠋ᠢᠨ ᠬᠢᠨ ᠲᠤᠰ ᠲᠥᠷᠥᠯ ᠵᠦᠶ᠋ᠯ ᠢ᠋ 2016 ᠣᠨ ᠡᠴᠡ ᠡᠬᠢᠯᠡᠵᠦ ᠬᠡᠷᠡᠭᠵᠢᠭᠦᠯᠦᠭᠰᠡᠨ ᠡᠴᠡ ᠨᠠᠭᠠᠰᠢ᠂ ᠢᠰᠭᠡᠬᠦ ᠮᠡᠷᠭᠡᠵᠢᠯ ᠪᠠ ᠦᠶ᠋ᠯᠡᠳᠪᠦᠷᠢᠯᠡᠯ ᠤ᠋ᠨ ᠲᠥᠬᠥᠭᠡᠷᠦᠮᠵᠢ ᠪᠠᠨ 3 ᠤᠳᠠᠭ᠎ᠠ ᠳᠡᠰ ᠳᠡᠪᠰᠢᠭᠦᠯᠬᠦ ᠪᠡᠷ ᠳᠠᠮᠵᠢᠨ ᠡᠷᠳᠡᠨᠢ ᠱᠢᠰᠢ ᠶ᠋ᠢᠨ ᠰᠢᠬᠠᠮᠠᠯ ᠪᠤᠷᠳᠤᠭ᠎ᠠ ᠶ᠋ᠢ 1᠄ 1 ᠪᠡᠷ ᠠᠮᠵᠢᠯᠳᠠ ᠲᠠᠢ ᠣᠷᠣᠯᠠᠵᠠᠢ᠃ ᠳᠡᠰ ᠳᠡᠪᠰᠢᠭᠦᠯᠦᠭᠰᠡᠨ ᠤ᠋ ᠳᠠᠷᠠᠭᠠᠬᠢ ᠠᠵᠤ ᠠᠬᠤᠢ ᠶ᠋ᠢᠨ ᠦᠷ᠎ᠡ ᠠᠰᠢᠭ ᠨᠢ ᠮᠠᠰᠢ ᠳᠤᠪᠤᠢᠮ᠎ᠠ ᠪᠠᠢᠵᠤ᠂ ᠮᠠᠯᠵᠢᠯ ᠤ᠋ᠨ ᠲᠠᠯᠠᠪᠠᠶ ᠶ᠋ᠢᠨ ᠲᠡᠵᠢᠭᠡᠯ ᠪᠣᠷᠳᠣᠭᠠᠨ ᠤ᠋ ᠥᠪᠡᠷ ᠤ᠋ᠨ ᠥᠷᠲᠡᠭ ᠢ᠋ 15% ᠪᠡᠷ ᠪᠠᠭᠤᠷᠠᠭᠤᠯᠤᠨ᠂ ᠠᠵᠤ ᠠᠬᠤᠢᠯᠠᠯ ᠤ᠋ᠨ ᠠᠱᠢᠭ ᠣᠯᠵᠠᠪᠤᠷᠢ ᠵᠢ 10% ᠪᠡᠷ ᠨᠡᠮᠡᠭᠳᠡᠭᠦᠯᠪᠡ᠃ ᠲᠦᠮᠡᠨ ᠦᠭᠡᠷ ᠲᠠᠢ ᠮᠠᠯᠵᠢᠯ ᠤ᠋ᠨ ᠲᠠᠯᠠᠪᠠᠢ ᠪᠡᠷ ᠵᠢᠱ᠌ᠢᠶᠡᠯᠡᠪᠡᠯ᠂ ᠦᠩᠭᠡᠷᠡᠭᠰᠡᠨ ᠳ᠋ᠤ ᠵᠢᠯ ᠤ᠋ᠨ 7500 ᠳᠤᠨ ᠤ᠋ ᠡᠷᠳᠡᠨᠢ ᠱᠢᠰᠢ ᠶ᠋ᠢᠨ ᠰᠢᠬᠠᠮᠠᠯ ᠪᠤᠷᠳᠤᠭ᠎ᠠ ᠬᠡᠷᠡᠭᠰᠡᠵᠦ᠂ ᠦᠪᠡᠷ ᠤ᠋ᠨ ᠦᠷᠳᠡᠭ ᠨᠢ 1912 ᠲᠦᠮᠡᠨ ᠲᠦᠭᠦᠷᠢᠭ ᠲᠤ᠌ ᠬᠦᠷᠦᠨ᠎ᠠ᠃ ᠨᠤᠢᠳᠠᠨ ᠶ᠋ᠢᠡᠷ ᠬᠠᠳᠠᠭᠠᠯᠠᠬᠤ ᠢᠰᠭᠡᠭᠰᠡᠨ ᠡᠷᠳᠡᠨᠢ ᠰᠢᠰᠢ ᠶ᠋ᠢᠨ ᠲᠡᠵᠢᠭᠡᠯ ᠪᠤᠷᠳᠤᠭ᠎ᠠ ᠶ᠋ᠢ ᠬᠡᠷᠡᠭᠯᠡᠪᠡᠯ ᠦᠪᠡᠷ ᠤ᠋ᠨ ᠦᠷᠳᠡᠭ ᠨᠢ 1612 ᠲᠦᠮᠡᠨ ᠲᠦᠭᠦᠷᠢᠭ ᠯᠡ ᠪᠠᠢᠵᠤ᠂ 300 ᠲᠦᠮᠡᠨ ᠲᠦᠭᠦᠷᠢᠭ ᠤ᠋ᠨ ᠦᠪᠡᠷ ᠤ᠋ᠨ ᠦᠷᠳᠡᠭ ᠢ᠋ ᠠᠷᠪᠢᠯᠠᠵᠤ ᠲᠠᠢᠯᠬᠦ ᠶᠤᠮ᠃ ᠡᠭᠦᠨ ᠤ᠋ ᠵᠡᠷᠭᠡ ᠪᠡᠷ ᠨᠤᠢᠳᠠᠨ ᠶ᠋ᠢᠡᠷ ᠬᠠᠳᠠᠭᠠᠯᠠᠬᠤ ᠢᠰᠭᠡᠭᠰᠡᠨ ᠡᠷᠳᠡᠨᠢ ᠰᠢᠰᠢ ᠶ᠋ᠢᠨ ᠲᠡᠵᠢᠭᠡᠯ ᠪᠤᠷᠳᠤᠭ᠎ᠠ ᠨᠢ ᠦᠨᠢᠶ᠎ᠠ ᠪᠦᠷᠢ ᠶ᠋ᠢᠨ ᠡᠳᠦᠷ ᠤ᠋ᠨ ᠰᠦ ᠭᠠᠷᠬᠤ ᠬᠡᠮᠵᠢᠶ᠎ᠠ ᠶ᠋ᠢ 1 ᠵᠢᠩ ᠨᠡᠮᠡᠭᠳᠡᠭᠦᠯᠵᠤ᠂ ᠮᠠᠯᠵᠢᠯ ᠤ᠋ᠨ ᠲᠠᠯᠠᠪᠠᠢ ᠶ᠋ᠢᠨ ᠵᠢᠯ ᠤ᠋ᠨ ᠰᠦ ᠶ᠋ᠢᠨ ᠭᠠᠷᠤᠯᠳᠠ ᠶ᠋ᠢ 800 ᠳᠤᠨ ᠨᠡᠮᠡᠭᠳᠡᠭᠦᠯᠤᠨ᠂  ᠤᠷᠤᠯᠭ᠎ᠠ ᠶ᠋ᠢ ᠨᠢ 270 ᠲᠦᠮᠡᠨ ᠲᠦᠭᠦᠷᠢᠭ ᠨᠡᠮᠡᠭᠳᠡᠭᠦᠯᠬᠦ ᠪᠤᠯᠤᠨ᠎ᠠ᠃ ᠡᠭᠦᠨ ᠤ᠋ ᠬᠠᠮᠳᠤ ᠨᠤᠢᠳᠠᠨ ᠶ᠋ᠢᠡᠷ ᠬᠠᠳᠠᠭᠠᠯᠠᠬᠤ ᠢᠰᠭᠡᠭᠰᠡᠨ ᠡᠷᠳᠡᠨᠢ ᠰᠢᠰᠢ ᠶ᠋ᠢᠨ ᠲᠡᠵᠢᠭᠡᠯ ᠪᠤᠷᠳᠤᠭ᠎ᠠ ᠦᠢᠯᠡᠳᠪᠤᠷᠢᠯᠡᠬᠦ ᠮᠡᠷᠭᠡᠵᠢᠯ ᠨᠢ ᠳᠤᠮᠳᠠᠳᠤ ᠤᠯᠤᠰ ᠤ᠋ᠨ ᠰᠢᠷ᠎ᠠ ᠲᠠᠩᠬᠢᠰ ᠬᠤᠸᠠᠢᠬᠠᠢ ᠳᠠᠩᠬᠢᠰ ᠤ᠋ᠨ ᠤᠷᠤᠨ ᠤ᠋ ᠦᠩᠭᠡᠷᠡᠭᠰᠡᠨ ᠳ᠋ᠤ ᠲᠡᠵᠢᠭᠡᠯ ᠪᠤᠷᠳᠤᠭ᠎ᠠ ᠪᠡᠷ ᠠᠰᠢᠭᠯᠠᠵᠤ ᠳᠡᠢᠯᠬᠦ ᠦᠭᠡᠢ ᠪᠠᠢᠭᠰᠠᠨ ᠡᠷᠳᠡᠨᠢ ᠰᠢᠰᠢ ᠶ᠋ᠢ ᠠᠰᠢᠭᠯᠠᠯᠳᠠ ᠳ᠋ᠤ ᠤᠷᠤᠭᠤᠯᠵᠤ᠂ ᠪᠦᠬᠦ ᠤᠯᠤᠰ ᠤ᠋ᠨ ᠲᠡᠵᠢᠭᠡᠯ ᠪᠤᠷᠳᠤᠭ᠎ᠠ ᠳ᠋ᠤ ᠬᠡᠷᠡᠭᠯᠡᠵᠤ ᠪᠤᠯᠬᠤ ᠡᠷᠳᠡᠨᠢ ᠰᠢᠰᠢ ᠶ᠋ᠢᠨ ᠬᠡᠮᠵᠢᠶ᠎ᠠ ᠶ᠋ᠢ 1 ᠳ᠋ᠦᠩᠰᠢᠭᠤᠷ ᠭᠠᠷᠤᠢ ᠲᠤᠨ ᠨᠡᠮᠡᠭᠳᠡᠭᠦᠯᠵᠠᠢ᠃

ᠣᠳᠣᠬᠠᠨ ᠳ᠋ᠦ ᠨᠤᠢᠳᠠᠨ ᠶ᠋ᠢᠡᠷ ᠬᠠᠳᠠᠭᠠᠯᠠᠬᠤ ᠢᠰᠭᠡᠭᠰᠡᠨ ᠡᠷᠳᠡᠨᠢ ᠰᠢᠰᠢ ᠶ᠋ᠢᠨ ᠲᠡᠵᠢᠭᠡᠯ ᠪᠤᠷᠳᠤᠭ᠎ᠠ ᠶ᠋ᠢᠨ ᠵᠠᠬ᠎ᠠ ᠳᠡᠯᠭᠡᠭᠦᠷ ᠤ᠋ᠨ ᠤᠷᠤᠨ ᠵᠠᠢ ᠯᠤᠳᠤ ᠶᠡᠬᠡ ᠪᠠᠢᠵᠤ᠂ ᠪᠦᠬᠦ ᠤᠯᠤᠰ ᠤ᠋ᠨ ᠬᠡᠷᠡᠭᠴᠡᠭᠡ ᠪᠠᠷᠤᠭ 3.36 ᠳ᠋ᠦᠩᠰᠢᠭᠤᠷ ᠲᠤᠨ ᠳ᠋ᠤ ᠬᠦᠷᠴᠦ ᠪᠠᠢᠨ᠎ᠠ᠃ ᠶᠤᠸᠠᠨ ᠱᠧᠩ ᠲᠡᠶ ᠺᠤᠮᠫᠠᠨᠢ ᠬᠡᠷᠡᠭᠯᠡᠭᠴᠢ ᠶ᠋ᠢᠨ ᠬᠡᠷᠡᠭᠴᠡᠭᠡ ᠱᠠᠭᠠᠷᠳᠠᠯᠭ᠎ᠠ ᠳ᠋ᠤ ᠵᠤᠬᠢᠴᠠᠭᠤᠯᠤᠨ᠂ ᠴᠤᠯ ᠡᠷᠳᠡᠨᠢ ᠰᠢᠰᠢ ᠶ᠋ᠢᠨ ᠮᠦᠬᠦᠯᠢᠭ ᠤ᠋ᠨ ᠪᠤᠶᠤ ᠬᠠᠯᠢᠰᠤ ᠲᠠᠢ ᠪᠦᠬᠦᠯᠢ ᠡᠷᠳᠡᠨᠢ ᠰᠢᠰᠢ ᠶ᠋ᠢᠨ ᠢᠰᠭᠡᠭᠰᠡᠨ ᠲᠡᠵᠢᠭᠡᠯ ᠪᠤᠷᠳᠤᠭ᠎ᠠ ᠶ᠋ᠢ ᠴᠦᠮ ᠦᠢᠯᠡᠳᠪᠤᠷᠢᠯᠡᠳᠡᠭ ᠪᠦᠭᠡᠳ ᠡᠭᠦᠳᠡᠨ ᠳ᠋ᠤᠨᠢ ᠬᠦᠷᠴᠤ ᠦᠢᠯᠡᠳᠪᠤᠷᠢᠯᠡᠬᠦ᠂ ᠳᠤᠭᠳᠠᠭᠰᠠᠨ ᠴᠡᠭ ᠲᠤ᠌ ᠦᠢᠯᠡᠳᠪᠤᠷᠢᠯᠡᠬᠦ ᠪᠠ ᠲᠦᠬᠦᠭᠡᠢ ᠮᠠᠲᠧᠷᠢᠶᠠᠯ ᠢ᠋ ᠨᠢ ᠬᠦᠯᠢᠶᠡᠨ ᠠᠪᠴᠤ ᠦᠢᠯᠡᠳᠪᠤᠷᠢᠯᠡᠬᠦ ᠵᠡᠷᠭᠡ ᠤᠯᠠᠨ ᠵᠦᠢᠯ ᠤ᠋ᠨ ᠵᠠᠬᠢᠶᠠᠯᠠᠭ᠎ᠠ ᠶ᠋ᠢᠨ ᠦᠢᠯᠡᠴᠢᠯᠡᠭᠡ ᠬᠠᠩᠭᠠᠳᠠᠭ ᠶ᠋ᠢᠡᠷ ᠮᠸᠩ ᠨᠢᠦ᠂ ᠢᠯᠢ᠂ ᠱᠧᠩ ᠮᠦ᠍ ᠵᠡᠷᠭᠡ ᠲᠤᠮᠤ ᠬᠡᠯᠪᠡᠷᠢ ᠶ᠋ᠢᠨ ᠰᠦ ᠶ᠋ᠢᠨ ᠦᠢᠯᠡᠰ ᠤ᠋ᠨ ᠠᠵᠤ ᠠᠬᠤᠢᠯᠠᠯ ᠯᠤᠭ᠎ᠠ ᠴᠦᠮ ᠲᠣᠭ᠍ᠲᠠᠪᠤᠷᠢᠳᠠᠢ ᠪᠠᠢᠯᠳᠤᠬᠤ ᠪᠤᠳᠤᠯᠭ᠎ᠠ ᠶ᠋ᠢᠨ ᠬᠠᠮᠲᠤᠷᠠᠯᠴᠠᠭᠠᠨ ᠤ᠋ ᠬᠠᠷᠢᠴᠠᠭ᠎ᠠ ᠪᠠᠢᠭᠤᠯᠪᠠ᠃ ᠡᠭᠦᠨ ᠤ᠋ ᠵᠡᠷᠭᠡ ᠪᠡᠷ ᠺᠤᠮᠫᠠᠨᠢ ᠶ᠋ᠢᠨ ᠬᠢᠨ ᠡᠷᠬᠢᠨ ᠲᠤᠭᠤᠷᠢᠨ ᠤ᠋ ᠲᠠᠷᠢᠶᠠᠯᠠᠬᠤ ᠡᠷᠦᠬᠡ ᠲᠠᠢ ᠬᠠᠮᠳᠤᠷᠠᠨ ᠠᠵᠢᠯᠯᠠᠬᠤ ᠬᠠᠷᠢᠴᠠᠭ᠎ᠠ ᠪᠠᠢᠭᠤᠯᠵᠤ᠂ ᠡᠷᠳᠡᠨᠢ ᠰᠢᠰᠢ ᠶ᠋ᠢ ᠨᠢ ᠬᠤᠳᠠᠯᠳᠤᠨ ᠠᠪᠬᠤ ᠬᠡᠯᠪᠡᠷᠢ ᠪᠡᠷ ᠤᠷᠤᠯᠭ᠎ᠠ ᠶ᠋ᠢ ᠨᠢ ᠨᠡᠮᠡᠭᠳᠡᠭᠦᠯᠵᠦ ᠪᠤᠢ᠃ ᠺᠤᠮᠫᠠᠨᠢ ᠡᠴᠡ ᠪᠠᠰᠠ ᠲᠦᠮᠡᠳ ᠵᠡᠭᠦᠨ ᠬᠤᠰᠢᠭᠤᠨ ᠤ᠋ ᠳᠠᠯᠠᠢ ᠲᠤᠰᠬᠤᠨ ᠤ᠋ 9 ᠬᠦᠮᠦᠨ ᠢ᠋ ᠪᠠᠢᠩᠭᠤ ᠶ᠋ᠢᠨ ᠴᠢᠨᠠᠷᠳᠠᠢ ᠠᠵᠢᠯᠴᠢᠨ ᠵᠢᠡᠷ ᠬᠥᠯᠥᠰᠥᠯᠡᠵᠦ᠍᠂ ᠰᠠᠷ᠎ᠠ ᠪᠦᠷᠢ 5000 — 15000 ᠲᠦᠭᠦᠷᠢᠭ ᠤ᠋ᠨ ᠴᠠᠯᠢᠡᠭ ᠤᠯᠭᠤᠵᠤ ᠪᠠᠢᠨ᠎ᠠ᠃ ᠵᠢᠯ ᠪᠦᠷᠢ ᠶ᠋ᠢᠨ ᠬᠠᠪᠤᠷ ᠤ᠋ᠨ ᠲᠠᠷᠢᠶᠠᠯᠠᠭ᠎ᠠ ᠡᠴᠡ ᠨᠠᠮᠤᠷ ᠤ᠋ᠨ ᠬᠤᠷᠢᠶᠠᠯᠳᠠ ᠪᠣᠯᠲᠠᠯᠠᠬᠢ ᠲᠠᠷᠢᠶᠠᠯᠠᠡᠭ ᠦᠶ᠋ᠯᠡᠳᠪᠦᠷᠢᠯᠡᠯ ᠤ᠋ᠨ ᠶᠠᠭᠠᠷᠠᠤ ᠤᠯᠠᠷᠢᠯ ᠳ᠋ᠦ ᠪᠠᠰᠠ 52 ᠲᠷᠠᠺᠲ᠋ᠣᠷ ᠤ᠋ᠨ ᠵᠢᠯᠣᠭᠣᠴᠢ ᠪᠠ ᠲᠦᠷ ᠴᠠᠭ ᠤ᠋ᠨ ᠠᠵᠢᠯᠴᠢᠨ ᠢ᠋ ᠬᠦᠯᠦᠰᠤᠯᠡᠵᠦ᠂ ᠲᠷᠠᠺᠲ᠋ᠣᠷ ᠤ᠋ᠨ ᠵᠢᠯᠣᠭᠣᠴᠢ ᠶ᠋ᠢᠨ ᠵᠢᠯ ᠤ᠋ᠨ ᠣᠷᠣᠯᠭ᠎ᠠ ᠶ᠋ᠢ 10 ᠲᠦᠮᠡᠨ ᠲᠥᠭᠥᠷᠢᠭ ᠨᠡᠮᠡᠭᠳᠡᠭᠦᠯᠦᠨ᠂ ᠲᠦᠷ ᠴᠠᠭ ᠤ᠋ᠨ ᠠᠵᠢᠯᠴᠢᠨ ᠤ᠋ ᠵᠢᠯ ᠤ᠋ᠨ ᠣᠷᠣᠯᠭ᠎ᠠ ᠶ᠋ᠢ 3 — 5 ᠲᠦᠮᠡᠨ ᠲᠥᠭᠥᠷᠢᠭ ᠨᠡᠮᠡᠭᠳᠡᠭᠦᠯᠵᠦ ᠪᠠᠢᠨ᠎ᠠ᠃ ᠡᠭᠦᠨ᠎ᠡᠴᠡ ᠭᠠᠳᠠᠨ᠎ᠠ᠂ ᠺᠣᠮᠫᠠᠨᠢ ᠡᠴᠡ ᠳᠠᠯᠠᠢ ᠲᠣᠰᠭᠣᠨ ᠤ᠋ 3004 ᠮᠥ᠍ ᠲᠠᠷᠢᠶᠠᠨ ᠭᠠᠵᠠᠷ ᠢ᠋ ᠮᠥ᠍ ᠪᠦᠷᠢ ᠳ᠋ᠡᠭᠡᠨ 708 ᠲᠥᠭᠥᠷᠢᠭ ᠶ᠋ᠢᠡᠷ ᠳᠦᠷᠢᠶᠡᠰᠦᠯᠡᠵᠦ᠂ ᠲᠤᠰᠬᠤᠨ ᠤ᠋ ᠠᠷᠠᠳ ᠤ᠋ᠨ ᠡᠷᠦᠬᠡ ᠳᠤᠮᠳᠠᠴᠢ᠎ᠶ᠋ᠢᠨ ᠤᠷᠤᠯᠭ᠎ᠠ ᠶ᠋ᠢ 1.69 ᠲᠦᠮᠡᠨ ᠲᠥᠭᠥᠷᠢᠭ ᠨᠡᠮᠡᠭᠳᠡᠭᠦᠯᠪᠡ᠃


QQ20251121-164346.png


ᠡᠷᠳᠡᠨᠢ ᠰᠢᠰᠢ ᠪᠡᠨ ᠨᠢᠴᠠᠯᠠᠵᠤ ᠭᠡᠮᠭᠡᠯᠡᠨ᠎ᠠ 


ᠤᠢᠷ᠎ᠠ ᠶ᠋ᠢᠨ ᠵᠢᠯ ᠳ᠋ᠤ ᠶᠤᠸᠠᠨ ᠱᠸᠡᠭ ᠲᠠᠢ ᠺᠤᠮᠫᠠᠨᠢ ᠶ᠋ᠢᠨ ᠲᠤᠰ ᠲᠦᠷᠦᠯ ᠵᠦᠢᠯ ᠤ᠋ᠨ ᠡᠵᠡᠩᠨᠡᠯᠳᠡ ᠶ᠋ᠢᠨ ᠤᠷᠤᠯᠭ᠎ᠠ ᠪᠠ ᠴᠡᠪᠡᠷ ᠠᠰᠢᠭ ᠤᠯᠵᠠᠪᠤᠷᠢ ᠨᠢ ᠵᠢᠯ ᠳᠠᠷᠠᠭᠠᠯᠠᠨ ᠨᠡᠮᠡᠭᠳᠡᠵᠦ᠂ ᠤᠳᠤ ᠵᠢᠯ ᠤ᠋ᠨ 10 ᠲᠦᠮᠡ ᠭᠠᠷᠤᠢ ᠲᠤᠨ ᠤ᠋ ᠦᠢᠯᠡᠳᠪᠤᠷᠢᠯᠡᠯ ᠤ᠋ᠨ ᠴᠢᠳᠠᠪᠤᠷᠢ ᠶ᠋ᠢ ᠪᠦᠷᠢᠯᠳᠦᠭᠦᠯᠦᠨ᠂ 2.3 ᠳ᠋ᠦᠡᠭᠰᠢᠭᠤᠷ ᠲᠦᠭᠦᠷᠢᠭ ᠤ᠋ᠨ ᠡᠵᠡᠡᠭᠨᠡᠯᠲᠡ ᠶ᠋ᠢᠨ ᠤᠷᠤᠯᠭ᠎ᠠ᠂ 4000 ᠲᠦᠮᠡᠨ ᠲᠦᠭᠦᠷᠢᠭ ᠤ᠋ᠨ ᠠᠰᠢᠭ ᠤᠯᠵᠠᠪᠤᠷᠢ ᠡᠭᠦᠳᠴᠤ ᠪᠤᠢ᠃ ᠢᠷᠡᠬᠦ᠌ 3 ᠵᠢᠯ ᠤ᠋ᠨ ᠳᠣᠲᠣᠷ᠎ᠠ ᠡᠵᠡᠩᠨᠡᠯᠲᠡ ᠶ᠋ᠢᠨ ᠣᠷᠣᠯᠭ᠎ᠠ ᠪᠠᠨ ᠳᠠᠬᠢᠨ ᠶ᠋ᠢᠡᠷ ᠨᠡᠮᠡᠭ᠌ᠳᠡᠭᠦᠯᠵᠦ᠍᠂ ᠴᠡᠪᠡᠷ ᠠᠱᠢᠭ ᠤᠯᠵᠠᠪᠤᠷᠢ ᠪᠠᠨ 50% ᠪᠡᠷ ᠳᠡᠭᠡᠭ᠌ᠰᠢᠯᠡᠭᠦᠯᠬᠦ᠌ ᠪᠡᠷ ᠲᠥᠯᠥᠪᠯᠡᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号