ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠬᠤᠭᠤᠴᠠᠭᠠᠨ᠎ᠤ ᠤᠯᠠᠭᠠᠨ ᠪᠥᠴᠡᠲᠡᠨ ᠲᠠᠢᠯᠪᠤᠷᠢᠯᠠᠭ᠍ᠴᠢ᠎ᠶ᠋ᠢᠨ ᠤᠷᠤᠯᠳᠤᠭᠠᠨ ᠵᠢᠴᠢ 《ᠤᠮᠠᠷᠠᠲᠤ ᠬᠢᠯᠢ᠎ᠶ᠋ᠢᠨ ᠥᠯᠢᠭᠡᠷ᠎ᠢ ᠰᠠᠢᠲᠤᠷ ᠶᠠᠷᠢᠨ᠎ᠠ》ᠭᠡᠬᠦ ᠭᠤᠤᠯ ᠰᠡᠳᠦᠪᠲᠦ ᠦᠶ᠋ᠯᠡᠳᠦᠯᠭᠡ᠎ᠶ᠋ᠢᠨ ᠠᠵᠢᠯᠯᠠᠭ᠎ᠠ ᠤᠢᠷ᠎ᠡ᠎ᠳᠦ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠦᠨ ᠣᠷᠳᠣᠨ᠎ᠳᠤ ᠠᠮᠵᠢᠯᠲᠠ᠎ᠲᠠᠶ ᠶᠠᠪᠤᠭ᠍ᠳᠠᠪᠠ᠃
ᠲᠣᠰ ᠤᠳᠠᠭ᠎ᠠ᠎ᠶ᠋ᠢᠨ ᠠᠵᠢᠯᠯᠠᠭ᠎ᠠ᠎ᠶ᠋ᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠪᠠᠭᠠᠴᠤᠳ᠎ᠤᠨ ᠠᠵᠢᠯ᠎ᠤᠨ ᠵᠥᠪᠯᠡᠯ᠂ ᠰᠤᠷᠭᠠᠨ ᠬᠥᠮᠦᠵᠢᠯ᠎ᠦᠨ ᠲᠢᠩᠬᠢᠮ ᠵᠡᠷᠭᠡ ᠨᠢᠭᠡᠴᠢ ᠡᠴᠡ ᠬᠠᠮᠲᠤᠷᠠᠨ ᠭᠤᠤᠯᠯᠠᠨ ᠡᠷᠭᠢᠯᠡᠵᠦ᠍᠂ ᠥᠷᠭᠡᠨ ᠣᠯᠠᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ᠎ᠢ ᠬᠥᠲᠥᠯᠥᠨ ᠵᠢᠯᠣᠭᠣᠳᠴᠤ᠌ ᠨᠠᠮ᠎ᠢᠶᠠᠨ ᠬᠠᠢᠷᠠᠯᠠᠬᠤ᠂ ᠤᠯᠤᠰ᠎ᠢᠶᠠᠨ ᠬᠠᠢᠷᠠᠯᠠᠬᠤ᠂ ᠨᠡᠢᠭᠡᠮ ᠵᠢᠷᠤᠮ᠎ᠢ ᠬᠠᠢᠷᠠᠯᠠᠬᠤ ᠬᠠᠢᠷ᠎ᠠ ᠰᠡᠳᠭᠢᠯᠭᠡ᠎ᠶ᠋ᠢ ᠵᠤᠵᠠᠭᠠᠳᠭᠠᠵᠤ᠂ ᠬᠤᠪᠢᠰᠭᠠᠯ᠎ᠤᠨ ᠤᠳᠤᠮᠱᠢᠯ᠎ᠢ ᠤᠯᠠᠮᠵᠢᠯᠠᠵᠤ᠂ ᠳᠤᠮᠳᠠᠳᠤ᠎ᠶ᠋ᠢᠨ ᠰᠣᠶᠣᠯ᠎ᠢ ᠤᠯᠠᠮᠵᠢᠯᠠᠵᠤ᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠪᠠᠭᠠᠴᠤᠳ ᠬᠡᠦᠬᠡᠳ᠎ᠦᠨ ᠴᠣᠭ ᠪᠠᠳᠠᠷᠠᠩᠭᠤᠶ ᠥᠭᠡᠳᠡᠯᠡᠨ ᠳᠠᠪᠱᠢᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠬᠦ᠌᠎ᠪᠡᠷ ᠵᠣᠷᠢᠯᠭ᠎ᠠ᠎ᠪᠠᠨ ᠪᠣᠯᠭᠠᠵᠠᠶ᠃
ᠤᠷᠤᠯᠳᠤᠭᠠᠨ᠎ᠢ ᠡᠬᠢᠯᠡᠭᠦᠯᠦᠭ᠌ᠰᠡᠨ᠎ᠡᠴᠡ ᠨᠠᠭᠠᠰᠢ᠂ ᠪᠥᠬᠥ᠌ ᠣᠷᠣᠨ᠎ᠤ ᠡᠯ᠎ᠡ ᠠᠢᠮᠠᠭ ᠬᠣᠲᠠ᠂ ᠬᠣᠱᠢᠭᠤ ᠱᠢᠶᠠᠨ ᠲᠣᠭᠣᠷᠢᠭ᠎ᠤᠨ ᠳᠤᠮᠳᠠᠳᠤ ᠪᠠᠭ᠎ᠠ ᠰᠤᠷᠭᠠᠭᠤᠯᠢ ᠢᠳᠡᠪᠬᠢᠲᠡᠶ ᠴᠤᠤᠷᠢᠶᠠᠲᠤᠨ ᠳᠠᠭᠠᠵᠤ ᠥᠷᠭᠡᠨ᠎ᠢᠶᠡᠷ ᠣᠷᠣᠯᠴᠠᠪᠠ᠃ ᠡᠯ᠎ᠡ ᠰᠤᠷᠭᠠᠭᠤᠯᠢ᠎ᠶ᠋ᠢᠨ ᠠᠩᠬᠠᠨ᠎ᠤ ᠰᠣᠩᠭᠣᠯᠲᠠ᠂ ᠬᠣᠱᠢᠭᠤ ᠱᠢᠶᠠᠨ ᠲᠣᠭᠣᠷᠢᠭ᠎ᠤᠨ ᠳᠠᠬᠢᠨ ᠰᠣᠩᠭᠣᠯᠲᠠᠵᠢᠴᠢ ᠡᠯ᠎ᠡ ᠠᠢᠮᠠᠭ ᠬᠣᠲᠠ᠎ᠶ᠋ᠢᠨ ᠪᠠᠭᠠᠴᠤᠳ᠎ᠤᠨ ᠠᠵᠢᠯ᠎ᠤᠨ ᠵᠦᠪᠯᠡᠯ᠂ ᠪᠥᠬᠥ᠌ ᠣᠷᠣᠨ᠎ᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠰᠤᠷᠭᠠᠭᠤᠯᠢ᠎ᠶ᠋ᠢᠨ ᠭᠠᠳᠠᠨᠠᠬᠢ ᠦᠶ᠋ᠯᠡᠳᠦᠯᠭᠡ᠎ᠶ᠋ᠢᠨ ᠬᠥᠮᠦᠵᠢᠯ᠎ᠦᠨ ᠰᠠᠭᠤᠷᠢᠨ ᠪᠠ ᠮᠦᠽᠧᠶ ᠵᠡᠷᠭᠡ ᠲᠠᠯᠠᠪᠠᠶ ᠣᠷᠳᠣᠨ᠎ᠠᠴᠠ ᠬᠠᠮᠲᠤᠷᠠᠨ ᠰᠢᠯᠢᠨ ᠰᠤᠩᠭᠤᠬᠤ ᠪᠡᠷ ᠲᠠᠮᠵᠢᠨ 109 ᠤᠷᠤᠯᠴᠠᠬᠴᠢ ᠴᠣᠯᠭᠣᠷᠠᠨ ᠭᠠᠷᠴᠤ᠌᠂ ᠡᠯ᠎ᠡ ᠬᠣᠱᠢᠭᠤ ᠱᠢᠶᠠᠨ ᠲᠣᠭᠣᠷᠢᠭ ᠵᠢᠴᠢ ᠮᠦᠽᠧᠶ ᠵᠡᠷᠭᠡ ᠲᠠᠯᠠᠪᠠᠶ ᠣᠷᠳᠣᠨ᠎ᠢ ᠲᠥᠯᠥᠭᠡᠯᠡᠨ ᠲᠠᠰ ᠳᠡᠪᠱᠢᠭᠦ ᠤᠷᠤᠯᠳᠤᠭᠠᠨ᠎ᠳᠤ ᠣᠷᠣᠯᠴᠠᠵᠤ᠂ ᠡᠴᠦᠰ ᠲᠸ᠋ 36 ᠤᠯᠠᠭᠠᠨ ᠪᠦᠴᠡᠲᠡᠨ ᠱᠢᠶ᠋ᠳᠪᠦᠷᠢᠲᠦ ᠤᠷᠤᠯᠳᠤᠭᠠᠨ᠎ᠳᠤ ᠣᠷᠣᠯᠴᠠᠵᠠᠶ᠃
ᠱᠢᠢᠳᠪᠦᠷᠢᠲᠦ ᠤᠷᠤᠯᠳᠤᠭᠠᠨ᠎ᠤ ᠲᠤᠬᠠᠢ᠎ᠶ᠋ᠢᠨ ᠲᠠᠯᠠᠪᠠᠢ᠎ᠳᠤ ᠲᠠᠢᠯᠪᠤᠷᠢᠯᠠᠭ᠍ᠴᠢᠳ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠂ ᠪᠦᠬᠦ᠌ ᠤᠯᠤᠰ᠎ᠤᠨ ᠶᠢᠰᠦᠳᠦᠭᠡᠷ ᠤᠳᠠᠭ᠎ᠠ᠎ᠶ᠋ᠢᠨ ᠪᠠᠭᠠᠴᠤᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠢ᠍ᠮᠠᠳᠤᠭᠠᠷ ᠤᠳᠠᠭ᠎ᠠ᠎ᠶ᠋ᠢᠨ ᠪᠠᠭᠠᠴᠤᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠡᠦᠬᠡᠳ᠎ᠦᠨ ᠦᠭᠡ ᠬᠡᠯᠡ᠎ᠪᠡᠷ ᠠᠮᠢᠳᠤᠯᠢᠭ ᠰᠠᠢᠬᠠᠨ ᠶᠠᠷᠢᠵᠤ᠂ ᠨᠠᠮ᠎ᠢᠶᠠᠨ ᠬᠠᠢᠷᠠᠯᠠᠬᠤ ᠤᠯᠤᠰ ᠢᠶᠠᠨ ᠬᠠᠢᠷᠠᠯᠠᠬᠤ᠂ ᠬᠣᠱᠢᠭᠤᠴᠢ ᠳᠠᠭᠤᠷᠢᠶᠠᠯᠳᠤ ᠬᠦᠨᠳᠦᠳᠭᠡᠯ ᠳᠡᠪᠱᠢᠭᠦᠯᠬᠦ᠂ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠭᠠᠬᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠤᠬᠠᠭᠤᠯᠬᠤ᠂ ᠱᠢᠨᠵᠢᠯᠡᠬᠦ᠌ ᠤᠬᠠᠭᠠᠨᠴᠢ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠂ ᠤᠯᠤᠰ᠎ᠢᠶᠠᠨ ᠬᠠᠮᠠᠭᠠᠯᠠᠵᠤ ᠬᠢᠯᠢ ᠬᠢᠵᠠᠭᠠᠷ᠎ᠢ ᠰᠠᠬᠢᠬᠤ ᠶ᠋ᠢ ᠡᠷᠬᠢᠮᠯᠡᠬᠦ᠌ ᠵᠢᠴᠢ 《 ᠮᠦᠽᠧᠢ ᠪᠡᠷ ᠲᠤᠭᠤᠷᠢᠨ ᠰᠤᠷᠤᠯᠴᠠᠨ᠎ᠠ》 ᠂ 《 ᠪᠢ ᠨᠤᠲᠤᠭᠤᠰᠤ ᠪᠠᠨ ᠣᠷᠣᠯᠠᠨ ᠥᠭᠦᠯᠡᠨ᠎ᠡ》 ᠂ 《ᠤᠮᠠᠷᠠᠲᠤ ᠬᠢᠯᠢ᠎ᠶ᠋ᠢᠨ ᠦᠯᠢᠭᠡᠷ᠎ᠢ ᠰᠠᠢᠲᠤᠷ ᠶᠠᠷᠢᠨ᠎ᠠ》 ᠵᠡᠷᠭᠡ ᠭᠣᠣᠯ ᠰᠡᠳᠦᠪ᠎ᠢᠶᠡᠷ ᠲᠠᠢᠯᠤᠮᠵᠢ ᠬᠢᠪᠡ᠃ ᠠᠬᠤᠶ ᠲᠠᠯᠠᠪᠠᠶ᠎ᠶ᠋ᠢᠨ ᠱᠢᠯᠭᠠᠷᠠᠭᠤᠯᠤᠯᠲᠠ᠎ᠪᠠᠷ ᠳᠡᠮᠵᠢᠨ ᠬᠠᠮᠤᠭ᠎ᠦᠨ ᠡᠴᠦᠰ᠎ᠲᠦ ᠨᠢᠭᠡᠳᠦᠭᠡᠷ ᠳᠡᠰ᠎ᠤᠨ ᠱᠠᠩᠨᠠᠯ᠎ᠢ 10᠂ ᠬᠣᠶᠠᠳᠤᠭᠠᠷ ᠳᠡᠰ᠎ᠤᠨ ᠱᠠᠩᠨᠠᠯ ᠢ 12᠂ ᠭᠤᠷᠪᠠᠳᠤᠭᠠᠷ ᠳᠡᠰ᠎ᠤᠨ ᠱᠠᠩᠨᠠᠯ᠎ᠢ 14᠂ ᠱᠢᠯᠢᠳᠡᠭ ᠱᠠᠩᠨᠠᠯ ᠢ 73᠂ ᠱᠢᠯᠢᠳᠡᠭ ᠵᠣᠬᠢᠶᠠᠨ ᠪᠠᠢᠭᠤᠯᠤᠯᠲᠠ᠎ᠶ᠋ᠢᠨ ᠱᠠᠩᠨᠠᠯ 11 ᠱᠢᠯᠭᠠᠷᠠᠭᠤᠯᠤᠨ ᠭᠠᠷᠭᠠᠪᠠ᠃
ᠲᠣᠰ ᠤᠷᠤᠯᠳᠤᠭᠠᠨ᠎ᠨᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨ ᠪᠥᠴᠡᠲᠡᠨ ᠲᠠᠢᠯᠪᠤᠷᠢᠯᠠᠭ᠍ᠴᠢ᠎ᠶ᠋ᠢᠨ ᠦᠶ᠋ᠯᠡᠳᠦᠯᠭᠡ᠎ᠶ᠋ᠢᠨ ᠦᠷ᠎ᠡ ᠪᠦᠲᠦᠭᠡᠯ᠎ᠦᠨ ᠲᠥᠪᠯᠡᠷᠡᠩᠭᠦᠶ ᠦᠵᠡᠭᠦᠯᠭᠡ ᠪᠤᠯᠤᠭᠰᠠᠨ ᠵᠢᠡᠷ ᠪᠠᠷᠠᠬᠤ ᠥᠬᠡᠶ᠂ ᠨᠠᠩ ᠴᠤ᠌ ᠨᠢᠭᠡᠨ ᠤᠳᠠᠭ᠎ᠠ ᠵᠢᠨ ᠠᠮᠢᠳᠤᠯᠢᠭ ᠭᠦᠨᠵᠡᠭᠡᠶ ᠤᠯᠤᠰ᠎ᠢᠶᠠᠨ ᠬᠠᠢᠷᠠᠯᠠᠬᠤ ᠦᠵᠡᠯ ᠪᠠ ᠦᠨᠳᠦᠰᠦᠲᠡᠨ᠎ᠦ ᠪᠦᠯᠬᠦᠮᠳᠡᠯ᠎ᠦᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ ᠪᠤᠯᠵᠠᠢ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠠᠵᠢᠯ᠎ᠤᠨ ᠵᠦᠪᠯᠡᠯ ᠲᠣᠰ ᠤᠳᠠᠭᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠵᠤ᠂ 《ᠤᠯᠠᠭᠠᠨ ᠪᠥᠴᠡᠲᠡᠨ ᠲᠠᠢᠯᠪᠤᠷᠢᠯᠠᠭ᠍ᠴᠢ》 ᠶ᠋ᠢᠨ ᠲᠡᠮᠳᠡᠭᠳᠦ ᠦᠶ᠋ᠯᠡᠳᠦᠯᠭᠡ᠎ᠶ᠋ᠢ ᠦᠷᠭᠦᠯᠵᠢᠯᠡᠨ ᠭᠦᠨᠵᠡᠭᠡᠢᠷᠡᠭᠦᠯᠪᠡ᠃