ᠲᠣᠭᠠᠴᠢᠯᠠᠯᠳᠠ ᠵᠢᠨ ᠠᠬᠢᠴᠠ ᠵᠢ ᠲᠦᠷᠭᠡᠳᠬᠡᠵᠦ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠥᠳᠡᠯᠭᠡᠭᠦᠷ᠎ᠢ ᠴᠤᠬᠴᠠᠯᠠᠪᠠ
2025-11-22 10:40:45
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

11 ᠰᠠᠷ᠎ᠠ ᠢ᠋ᠢᠨ 20 ᠤ᠋ ᠡᠲᠦᠷ᠂ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠨᠢᠨ ᠮᠡᠲᠡᠭᠡᠨ᠎ᠤ ᠠᠯᠪᠠᠨ ᠬᠡᠷ 《〈ᠠᠷᠪᠠᠨ ᠲᠦᠷᠪᠡᠲᠦᠭᠡᠷ ᠲᠠᠪᠤᠨ ᠵᠢᠯ〉 ᠤ᠋ᠨ ᠲᠦᠯᠦᠪᠵᠢᠭᠦᠯᠭᠡ ᠵᠢ ᠪᠡᠶᠡᠯᠡᠭᠦᠯᠵᠦ ᠴᠢᠨᠠᠷ ᠰᠠᠢᠲᠠᠢ ᠬᠦᠭᠵᠢᠯᠲᠡ ᠵᠢ ᠠᠬᠢᠭᠤᠯᠬᠤ》 ᠰᠢᠷᠢᠰ ᠭᠤᠤᠯ ᠰᠡᠲᠦᠪᠲᠦ ᠰᠤᠨᠢᠨ ᠮᠡᠲᠡᠭᠡ ᠨᠡᠢᠲᠡᠯᠡᠬᠦ ᠬᠤᠷᠠᠯ᠎ᠤᠨ 《ᠲᠣᠭᠠᠴᠢᠯᠠᠯᠳᠠ ᠵᠢᠨ ᠠᠬᠢᠴᠠ ᠵᠢ ᠲᠦᠷᠭᠡᠳᠬᠡᠵᠦ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠥᠳᠡᠯᠭᠡᠭᠦᠷ᠎ᠢ ᠴᠣᠭᠴᠠᠯᠠᠬᠤ》 ᠲᠤᠰᠬᠠᠢ ᠲᠠᠯᠠᠪᠠᠢ ᠰᠤᠨᠢᠨ ᠮᠡᠲᠡᠭᠡ ᠨᠡᠢᠲᠡᠯᠡᠬᠦ ᠬᠤᠷᠠᠯ ᠬᠢᠵᠦ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ᠎ᠶᠢᠨ ᠬᠤᠷᠢᠶᠠᠨ᠎ᠤ ᠠᠯᠪᠠᠨ ᠭᠡᠷ᠂ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠂ ᠦᠪᠡᠷᠲᠡᠭᠡᠨ ᠵᠠᠰᠬᠠᠤ ᠤᠷᠤᠨ᠎ᠤ ᠵᠠᠰᠠᠭ᠎ᠤᠨ ᠶᠠᠪᠤᠲᠠᠯ᠎ᠤᠨ ᠦᠢᠯᠡᠴᠢᠯᠡᠭᠡ ᠪᠠ ᠳ᠋ᠠᠢᠲ᠋ᠠ ᠢ᠋ᠢᠨ ᠬᠠᠮᠢᠶᠠᠷᠤᠯᠲᠠ ᠢ᠋ᠢᠨ ᠲᠤᠪᠴᠢᠶ᠎ᠠ ᠢ᠋ᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ ᠰᠤᠷᠪᠤᠯᠵᠢᠯᠠᠬᠴᠢᠳ᠎ᠤᠨ ᠠᠰᠠᠭᠤᠯᠲᠠ ᠵᠢ ᠬᠠᠷᠢᠭᠤᠯᠵᠦ᠂ 《ᠠᠷᠪᠠᠨ ᠲᠦᠷᠪᠡᠲᠦᠭᠡᠷ ᠲᠠᠪᠤᠨ ᠵᠢᠯ》 ᠤ᠋ᠨ ᠲᠦᠯᠦᠪᠵᠢᠭᠦᠯᠭᠡ ᠢ᠋ᠢᠨ ᠬᠤᠭᠤᠴᠠᠭᠠᠨ᠎ᠳᠡᠬᠢ ᠦᠪᠦᠷ ᠮᠤᠩᠭᠤᠯ᠎ᠤᠨ ᠲᠤᠭᠠᠴᠢᠯᠠᠯᠳᠠ ᠵᠢᠨ ᠬᠦᠭᠵᠢᠯᠲᠡ ᠵᠢ ᠲᠦᠷᠬᠡᠳᠬᠡᠵᠦ ᠴᠢᠨᠠᠷ ᠰᠠᠢᠲᠠᠢ ᠬᠦᠭᠵᠢᠯᠲᠡ ᠢ᠋ᠢᠨ ᠰᠢᠨ᠎ᠡ ᠬᠦᠲᠡᠯᠭᠡᠬᠦᠷ ᠢ᠋ ᠴᠤᠬᠴᠠᠯᠠᠬᠰᠠᠨ ᠠᠷᠭ᠎ᠠ ᠬᠡᠮᠵᠢᠶ᠎ᠡ ᠪᠡ ᠦᠷ᠎ᠡ ᠪᠦᠲᠦᠮᠵᠢ ᠵᠢ ᠨᠡᠢᠲᠡᠯᠡᠪᠡ᠃

ᠦᠢᠯᠡᠳᠬᠦ ᠦᠢᠯᠡᠰ᠎ᠦᠨ ᠲᠣᠭᠠᠴᠢᠯᠠᠯᠳᠠ ᠲᠠᠢᠰᠢ ᠬᠡᠯᠪᠡᠷᠢ ᠪᠠᠨ ᠬᠤᠪᠢᠷᠠᠭᠤᠯᠬᠤ ᠵᠢ ᠠᠬᠢᠭᠤᠯᠪᠠ

《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠦᠪᠵᠢᠭᠦᠯᠭᠡ᠎ᠶᠢᠨ ᠬᠤᠭᠤᠴᠠᠭ᠎ᠠ ᠪᠣᠯ ᠮᠠᠨ᠎ᠤ ᠣᠷᠣᠨ᠎ᠤ ᠰᠢᠨ᠎ᠡ ᠬᠡᠯᠪᠡᠷᠢ ᠢ᠋ᠢᠨ ᠠᠵᠤ ᠦᠢᠯᠡᠳᠪᠦᠷᠢᠵᠢᠯᠲᠡ᠎ᠶᠢᠨ ᠲᠦᠷᠭᠡᠨ ᠬᠥᠭᠵᠢᠯᠲᠡ᠎ᠶᠢᠨ ᠵᠠᠩᠭᠢᠯᠠᠭ᠎ᠠ᠎ᠶᠢᠨ ᠲᠠᠪᠤᠨ ᠵᠢᠯ ᠪᠣᠯᠣᠨ᠎ᠠ᠃ ᠲᠠᠪᠤᠨ ᠵᠢᠯ᠎ᠦᠨ ᠲᠤᠷᠰᠢ᠂ ᠦᠪᠦᠷ ᠮᠤᠩᠭᠤᠯ ᠥᠪᠡᠷᠲᠡᠭᠡᠨ ᠵᠠᠰᠠᠬᠤ ᠣᠷᠣᠨ᠎ᠤ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠲᠠᠢ ᠨᠢᠭ᠍ᠲᠠ ᠤᠶᠠᠯᠳᠤᠭᠤᠯᠤᠨ᠂ ᠲᠣᠭᠠᠴᠢᠯᠠᠯᠲᠠ ᠪᠡᠷ ᠰᠢᠨ᠎ᠡ ᠬᠡᠯᠪᠡᠷᠢ ᠢ᠋ᠢᠨ ᠠᠵᠦ ᠦᠢᠯᠡᠳᠪᠦᠷᠢᠵᠢᠯᠲᠡ᠎ᠳᠤ ᠬᠦᠴᠦᠨ ᠤᠯᠭᠤᠵᠦ᠂ ᠦᠢᠯᠡᠳᠬᠦ ᠦᠢᠯᠡᠰ᠎ᠦᠨ ᠲᠣᠭᠠᠴᠢᠯᠠᠯᠲᠠ᠎ᠶᠢ 《ᠴᠡᠭ᠎ᠢᠶᠡᠷ ᠰᠢᠪᠲᠤᠯᠤᠯᠲᠠ ᠬᠢᠬᠦ》 ᠡᠴᠡ 《ᠰᠢᠰᠲᠧᠮ᠎ᠲᠠᠢ ᠠᠬᠢᠭᠤᠯᠬᠤ》 ᠳᠠᠢᠰᠢ ᠬᠤᠪᠢᠷᠠᠭᠤᠯᠬᠤ᠎ᠶᠢ ᠠᠬᠢᠭᠤᠯᠵᠤ᠂ 《ᠮᠡᠷᠭᠡᠵᠢᠯ᠎ᠦᠨ ᠬᠡᠷᠡᠭᠯᠡᠭᠡ》 ᠡᠴᠡ 《ᠵᠠᠭᠪᠤᠷ᠎ᠤᠨ ᠰᠢᠨ᠎ᠡ᠎ᠶᠢ ᠡᠭᠦᠳᠬᠦ》 ᠳᠠᠢᠰᠢ ᠲᠠᠰ ᠳᠡᠪᠰᠢᠭᠦᠯᠵᠦ᠂ ᠰᠢᠨ᠎ᠡ ᠬᠡᠯᠪᠡᠷᠢ ᠢ᠋ᠢᠨ ᠠᠵᠤ ᠦᠢᠯᠡᠳᠪᠦᠷᠢᠵᠢᠯᠲᠡ᠎ᠶᠢᠨ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ ᠡᠴᠡ ᠨᠠᠭᠠᠰᠢ᠂ ᠦᠪᠦᠷ ᠮᠤᠩᠭᠤᠯ ᠰᠢᠷᠢᠰ ᠲᠥᠷᠥ᠎ᠶᠢᠨ ᠪᠣᠳᠣᠯᠭ᠎ᠠ᠎ᠶᠢ ᠨᠡᠢᠲᠡᠯᠡᠵᠦ᠂ ᠬᠡᠯᠪᠡᠷᠢ᠎ᠪᠡᠨ ᠬᠤᠪᠢᠷᠠᠭᠤᠯᠬᠤ ᠰᠡᠳᠬᠢᠴᠡ᠂ ᠬᠠᠷᠠᠯᠲᠠ᠂ ᠡᠭᠦᠷᠭᠡ ᠵᠢᠴᠢ ᠦᠨᠡᠯᠡᠬᠦ ᠪᠠᠷᠢᠮᠵᠢᠶ᠎ᠠ᠎ᠶᠢ ᠲᠣᠳᠣᠷᠬᠠᠢᠯᠠᠵᠤ᠂ ᠦᠢᠯᠡᠳᠬᠦ ᠦᠢᠯᠡᠰ᠎ᠦᠨ ᠲᠣᠭᠠᠴᠢᠯᠠᠯᠳᠠ ᠲᠠᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠲᠣᠳᠣᠷᠬᠠᠢ ᠴᠢᠭᠯᠡᠯ ᠵᠢᠭᠠᠵᠤ ᠵᠢᠷᠤᠮᠯᠠᠯ ᠬᠠᠩᠭᠠᠵᠠᠢ᠃ ᠡᠭᠦᠨ᠎ᠦ ᠬᠠᠮᠲᠤ᠂ ᠪᠡᠯᠡ ᠮᠥᠩᠭᠥ᠎ᠶᠢᠨ ᠳᠡᠮᠵᠢᠯᠭᠡ᠎ᠶᠢᠨ ᠡᠷᠴᠢᠮ᠎ᠢᠶᠡᠨ ᠴᠢᠩᠭᠠᠷᠠᠭᠤᠯᠵᠤ᠂ ᠲᠠᠪᠤᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ ᠠ᠋ᠴᠠ ᠨᠡᠶ᠋ᠢᠲᠡ 7.8 ᠳ᠋ᠦᠩᠰᠢᠭᠤᠷ ᠲᠥᠭᠥᠷᠢᠭ᠎ᠦᠨ ᠲᠤᠰᠬᠠᠢ ᠪᠡᠯᠡ ᠮᠥᠩᠭᠥ ᠲᠣᠬᠢᠷᠠᠭᠤᠯᠵᠤ᠂ ᠨᠡᠢᠭᠡᠮ᠎ᠦᠨ ᠪᠡᠯᠡ ᠬᠥᠷᠥᠩᠭᠡ᠎ᠶᠢ ᠳᠠᠢᠴᠢᠯᠠᠵᠦ 40 ᠰᠢᠬᠠᠮ  ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠪᠠ᠃

ᠲᠣᠭᠠᠴᠢᠯᠠᠭᠰᠠᠨ ᠰᠠᠭᠤᠷᠢ ᠲᠥᠬᠦᠭᠡᠷᠦᠮᠵᠢ᠎ᠶᠢ ᠪᠡᠬᠢᠵᠢᠭᠦᠯᠵᠦ᠂ ᠳᠡᠭᠡᠳᠦ ᠬᠤᠷᠳᠤᠴᠠ᠎ᠲᠠᠢ᠂ ᠰᠢᠯᠵᠢᠮᠡᠯ᠂ ᠠᠮᠤᠷ ᠲᠦᠪᠰᠢᠨ᠂ ᠲᠦᠭᠡᠮᠡᠯ ᠣᠷᠣᠰᠢᠬᠤ ᠰᠢᠨ᠎ᠡ ᠨᠢᠭᠡ ᠦᠶ᠎ᠡ᠎ᠶᠢᠨ ᠮᠡᠳᠡᠭᠡ ᠵᠠᠩᠭᠢ᠎ᠶᠢᠨ ᠰᠠᠭᠤᠷᠢ ᠲᠥᠬᠦᠭᠡᠷᠦᠮᠵᠢ᠎ᠶᠢᠨ ᠰᠢᠰᠲᠧᠮ᠎ᠢ ᠬᠦᠴᠦᠯᠡᠨ ᠪᠠᠢᠭᠤᠯᠪᠠ᠃ ᠲᠠᠪᠤᠨ ᠵᠢᠯ᠎ᠦᠨ ᠲᠤᠷᠰᠢ᠂ 5G ᠵᠢᠨ ᠰᠠᠭᠤᠷᠢ ᠥᠷᠲᠡᠭᠡ᠎ᠶᠢ ᠨᠡᠶ᠋ᠢᠲᠡ 9.5 ᠲᠦᠮᠡ ᠪᠠᠢᠭᠤᠯᠵᠤ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠂ ᠲᠣᠮᠣ᠌ ᠬᠡᠯᠪᠡᠷᠢ᠎ᠶᠢᠨ ᠦᠢᠯᠡᠳᠪᠦᠷᠢ ᠠᠭᠤᠷᠬᠠᠢ᠎ᠶᠢᠨ ᠠᠵᠤ ᠠᠬᠤᠢᠯᠠᠯ ᠵᠡᠷᠭᠡ᠎ᠶᠢᠨ ᠦᠢᠯᠡᠳᠪᠦᠷᠢᠯᠡᠯ᠎ᠦᠨ ᠲᠠᠯᠠᠪᠤᠷ᠎ᠢ ᠪᠦᠬᠦᠨ᠎ᠢ ᠬᠠᠮᠤᠷᠬᠤ᠎ᠶᠢ ᠪᠡᠶᠡᠯᠡᠭᠦᠯᠪᠡ᠃ ᠠᠵᠤ ᠦᠢᠯᠡᠳᠪᠦᠷᠢ᠎ᠶᠢᠨ ᠢᠨᠲᠧᠷ ᠰᠦᠯᠵᠢᠶᠡᠨ᠎ᠦ ᠲᠠᠪᠴᠠᠩ᠎ᠢ ᠨᠡᠶ᠋ᠢᠲᠡ 41 ᠪᠠᠢᠭᠤᠯᠵᠤ᠂ ᠲᠡᠮᠦᠷᠯᠢᠭ ᠬᠠᠢᠯᠤᠭᠤᠯᠬᠤ᠂ ᠬᠢᠮᠢ᠎ᠶᠢᠨ ᠠᠵᠤ ᠦᠢᠯᠡᠳᠪᠦᠷᠢ᠂ ᠲᠣᠨᠣᠭ ᠲᠥᠬᠦᠭᠡᠷᠦᠮᠵᠢ ᠦᠢᠯᠡᠳᠬᠦ᠂ ᠮᠠᠯ᠎ᠤᠨ ᠠᠰᠢᠬ ᠰᠢᠮ᠎ᠡ ᠲᠠᠷᠢᠶᠠᠯᠠᠩ᠎ᠤᠨ ᠪᠦᠲᠦᠭᠡᠭᠲᠡᠭᠦᠨ ᠢ᠋ ᠡᠳ᠋ᠰᠢᠭᠦᠯᠬᠦ ᠵᠡᠷᠭᠡ ᠭᠣᠣᠯ ᠠᠵᠢᠯ ᠲᠥᠷᠥᠯ᠎ᠢ ᠬᠠᠮᠤᠷᠪᠠ᠃

ᠦᠢᠯᠡᠳᠬᠦ ᠦᠢᠯᠡᠰ᠎ᠦᠨ ᠲᠣᠭᠠᠴᠢᠯᠠᠯᠳᠠ ᠲᠠᠢᠰᠢ ᠬᠡᠯᠪᠡᠷᠢ᠎ᠪᠠᠨ ᠬᠤᠪᠢᠷᠠᠭᠤᠯᠬᠤ᠎ᠶᠢ ᠲᠦᠷᠭᠡᠳᠬᠡᠪᠠ᠃ ᠲᠠᠪᠤᠨ ᠵᠢᠯ᠎ᠦᠨ ᠲᠤᠷᠰᠢ᠂ ᠡᠭᠦᠯᠡᠨ ᠦᠵᠦᠬᠦᠷᠯᠢᠭ ᠲᠸ᠋ ᠭᠠᠷᠤᠬᠰᠠᠨ ᠠᠵᠤ ᠠᠬᠤᠢᠯᠠᠯ 2 ᠲᠦᠮᠡ᠎ᠶᠢ ᠳᠠᠪᠠᠵᠤ᠂ ᠲᠡᠷᠢᠭᠦᠨ᠎ᠦ ᠲᠠᠰ᠎ᠤᠨ ᠣᠶᠤᠨᠲᠤ ᠦᠢᠯᠡᠳᠪᠦᠷᠢ ᠵᠢ 50᠂ ᠰᠢᠯᠭᠠᠷᠠᠭᠰᠠᠨ ᠲᠠᠰ᠎ᠤᠨ ᠣᠶᠤᠨᠲᠤ ᠦᠢᠯᠡᠳᠪᠦᠷᠢ ᠵᠢ 8᠂ ᠲᠣᠭᠠᠴᠢᠯᠠᠭᠰᠠᠨ ᠬᠡᠪ ᠳᠠᠭᠤᠷᠢᠶᠠᠯ ᠦᠵᠡᠭᠦᠯᠬᠦ ᠠᠵᠤ ᠠᠬᠤᠢᠯᠠᠯ᠎ᠢ 34 ᠪᠠᠢᠭᠤᠯᠪᠠ᠃ ᠣᠳᠣᠬᠠᠨ᠎ᠳᠤ᠂ ᠪᠥᠬᠥ ᠣᠷᠣᠨ᠎ᠤ ᠦᠢᠯᠡᠳᠬᠦ ᠦᠢᠯᠡᠰ᠎ᠦᠨ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ᠎ᠶᠢ ᠠᠭᠤᠰᠤᠯᠴᠠᠭᠤᠯᠤᠨ ᠬᠥᠭᠵᠢᠭᠦᠯᠬᠦ ᠲᠦᠪᠰᠢᠨ 59.4% ᠳ᠋ᠤ ᠬᠦᠷᠴᠦ᠂ ᠵᠠᠩᠭᠢᠯᠠᠭ᠎ᠠ᠎ᠶᠢᠨ ᠠᠵᠢᠯ᠎ᠤᠨ ᠳᠠᠷᠠᠭᠠᠯᠠᠯ᠎ᠤᠨ ᠲᠣᠭᠠᠨ᠎ᠤ ᠡᠵᠡᠮᠳᠡᠯᠲᠡ᠎ᠶᠢᠨ ᠨᠣᠷᠮ᠎ᠠ 67.1%᠎ᠳᠤ ᠬᠦᠷᠴᠦ᠂ ᠲᠣᠭᠠᠴᠢᠯᠠᠭᠰᠠᠨ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠪᠠᠭᠠᠵᠢ᠎ᠶᠢᠨ ᠲᠦᠭᠡᠮᠡᠯᠵᠢᠯᠲᠡ᠎ᠶᠢᠨ ᠨᠣᠷᠮ᠎ᠠ 68.6%᠎ᠳᠤ ᠬᠦᠷᠴᠦ᠂ ᠪᠦᠬᠦᠯᠢ ᠴᠣᠭᠴᠠ᠎ᠪᠠᠷ᠎ᠢᠶᠠᠨ ᠪᠥᠬᠥ ᠤᠯᠤᠰ᠎ᠤᠨ ᠳᠤᠮᠳᠠ ᠲᠦᠪᠰᠢᠨ᠎ᠳᠦ ᠬᠥᠷᠪᠡ᠃

ᠵᠥᠭᠡᠯᠡᠨ ᠳᠤᠨᠤᠭ ᠪᠠ ᠮᠡᠳᠡᠭᠡ ᠵᠠᠩᠭᠢ᠎ᠶᠢᠨ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ᠎ᠢ ᠢᠳᠡᠪᠬᠢᠲᠡᠢ᠎ᠬᠦᠮᠦᠵᠢᠭᠦᠯᠵᠦ᠂ 2024 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠡᠴᠡ ᠳᠡᠭᠡᠭᠰᠢᠬᠢ ᠵᠥᠭᠡᠯᠡᠨ ᠲᠣᠨᠣᠭ ᠪᠠ ᠮᠡᠳᠡᠭᠡ ᠵᠠᠩᠭᠢ᠎ᠶᠢᠨ ᠮᠡᠷᠭᠡᠵᠢᠯ᠎ᠦᠨ ᠦᠢᠯᠡᠴᠢᠯᠡᠭᠡᠨ᠎ᠦ ᠠᠵᠤ ᠠᠬᠤᠢᠯᠠᠯ 71 ᠪᠣᠯᠵᠤ᠂ ᠡᠵᠡᠩᠨᠡᠯᠲᠡ᠎ᠶᠢᠨ ᠣᠷᠣᠯᠭ᠎ᠠ 35 ᠳ᠋ᠦᠩᠰᠢᠭᠤᠷ ᠲᠥᠭᠥᠷᠢᠭ᠎ᠲᠦ ᠬᠦᠷᠴᠦ᠂ 2020 ᠣᠨ᠎ᠤ  ᠬᠢ ᠡᠴᠡ 7 ᠳᠠᠬᠢᠨ ᠪᠣᠯᠪᠠ᠃ ᠡᠭᠦᠯᠡᠨ ᠪᠣᠳᠣᠯᠲᠠ᠂ ᠲᠣᠮᠣ᠌ ᠳ᠋ᠠᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ᠎ᠪᠡᠷ ᠬᠥᠭᠵᠢᠭᠰᠡᠨ ᠬᠦᠷᠢᠶᠡᠨ᠎ᠦ ᠡᠵᠡᠯᠡᠬᠦ ᠬᠠᠷᠢᠴᠠᠯ 50% ᠶ᠋ᠢ ᠳᠠᠪᠠᠪᠠ᠃

ᠰᠦᠯᠵᠢᠶᠡᠨ᠎ᠦ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ ᠵᠢ ᠠᠬᠢᠭᠤᠯᠵᠦ ᠴᠢᠨᠠᠷ ᠰᠠᠢᠲᠠᠢ ᠬᠦᠭᠵᠢᠯᠲᠡ ᠵᠢ ᠪᠡᠶᠡᠯᠡᠭᠦᠯᠪᠡ

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠮᠡᠳᠡᠭᠡ ᠵᠠᠩᠭᠢᠵᠢᠯᠲᠠ᠎ᠶᠢᠨ ᠬᠥᠭᠵᠢᠯᠲᠡ᠎ᠶᠢᠨ ᠳ᠋ᠦᠩᠨᠡᠨ ᠦᠨᠡᠯᠡᠭᠰᠡᠨ ᠦᠷ᠎ᠡ ᠳ᠋ᠦᠩ᠎ᠢ ᠦᠨᠳᠦᠰᠦᠯᠡᠪᠡᠯ᠂ ᠮᠠᠨ᠎ᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠦᠯᠵᠢᠶᠡᠨ᠎ᠦ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠡᠯ᠎ᠡ ᠵᠦᠢᠯ᠎ᠦᠨ ᠭᠣᠣᠯ ᠬᠠᠷᠠᠯᠲᠠ ᠡᠭᠦᠷᠭᠡ᠎ᠶᠢᠨ ᠠᠬᠢᠴᠠ ᠶᠠᠷᠦᠨᠭᠭᠡᠢ ᠳ᠋ᠡᠭᠡᠨ ᠴᠥᠮ ᠮᠠᠰᠢ ᠰᠠᠢᠨ ᠪᠠᠢᠵᠤ᠂ ᠵᠢᠱ᠌ᠢᠯᠲᠡ᠎ᠪᠡᠷ ᠲᠡᠭᠦᠰ ᠠᠮᠵᠢᠯᠲᠠ᠎ᠲᠠᠢ ᠲᠡᠭᠦᠰᠬᠦ᠎ᠶᠢ ᠪᠡᠶᠡᠯᠡᠭᠦᠯᠬᠦ ᠪᠤᠯᠦᠨ᠎ᠡ᠃

ᠰᠦᠯᠵᠢᠶᠡᠨ᠎ᠦ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠰᠠᠭᠤᠷᠢ ᠨᠡᠩ ᠪᠠᠲᠤᠵᠢᠪᠠ᠃ ᠰᠦᠯᠵᠢᠶᠡᠨ ᠢᠷᠭᠡᠳ᠎ᠦᠨ ᠬᠡᠪᠴᠢᠶ᠎ᠡ ᠲᠠᠰᠤᠷᠠᠯᠲᠠ ᠦᠭᠡᠢ ᠥᠷᠭᠡᠳᠴᠦ᠂ ᠲᠣᠭᠠᠴᠢᠯᠠᠬᠰᠠᠨ ᠬᠡᠪ ᠪᠣᠯᠪᠠᠰᠤᠷᠠᠯ ᠲᠠᠰᠤᠷᠠᠯᠲᠠ ᠦᠭᠡᠢ ᠳᠡᠭᠡᠭᠰᠢᠯᠡᠪᠡ᠃ 2024 ᠣᠨ᠎ᠤ ᠡᠴᠦᠰ ᠪᠣᠯᠲᠠᠯ᠎ᠠ᠂ ᠮᠠᠨ᠎ᠤ ᠣᠷᠣᠨ᠎ᠤ ᠰᠦᠯᠵᠢᠶᠡᠨ ᠢᠷᠭᠡᠳ᠎ᠤᠨ ᠲᠣᠭ᠎ᠠ 1912.8 ᠲᠦᠮᠡ᠎ᠳᠦ ᠬᠦᠷᠴᠦ᠂ 2020 ᠣᠨ᠎ᠤ ᠬᠢ᠎ᠡᠴᠡ 140 ᠲᠦᠮᠡᠨ ᠬᠥᠮᠥᠨ ᠨᠡᠮᠡᠭᠳᠡᠪᠡ; ᠢᠨᠲᠧᠷ ᠰᠦᠯᠵᠢᠶᠡᠨ᠎ᠦ ᠲᠦᠭᠡᠮᠡᠯᠵᠢᠭᠰᠡᠨ ᠨᠣᠷᠮ᠎ᠠ 80.1%᠎ᠳᠤ ᠬᠦᠷᠴᠦ᠂ 2020 ᠣᠨ᠎ᠤ ᠬᠢ᠎ᠡᠴᠡ ᠵᠠᠭᠤᠨ᠎ᠤ ᠬᠠᠷᠢᠴᠠᠯ ᠵᠢᠡᠷ 10.3 ᠬᠤᠪᠢ ᠳᠡᠭᠡᠭᠰᠢᠯᠡᠵᠦ᠂ ᠪᠥᠬᠥ ᠤᠯᠤᠰ᠎ᠤᠨ ᠳᠤᠮᠳᠠᠴᠢ ᠲᠦᠪᠰᠢᠨ᠎ᠡᠴᠡ ᠵᠠᠭᠤᠨ᠎ᠤ ᠬᠠᠷᠢᠴᠠᠯ ᠵᠢᠡᠷ 1.5 ᠬᠤᠪᠢ ᠳᠠᠪᠠᠪᠠ᠃ ᠮᠡᠳᠡᠭᠡ ᠵᠠᠩᠭᠢ᠎ᠶᠢᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠦ᠂ ᠲᠤᠯᠭᠠᠭᠤᠷᠢᠯᠠᠬᠤ ᠴᠢᠳᠠᠪᠤᠷᠢ᠎ᠶᠢᠨ ᠲᠠᠰ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ 5G ᠵᠡᠷᠭᠡ ᠰᠢᠨ᠎ᠡ ᠬᠡᠯᠪᠡᠷᠢ᠎ᠶᠢᠨ ᠰᠠᠭᠤᠷᠢ ᠲᠥᠬᠦᠭᠡᠷᠦᠮᠵᠢ᠎ᠶᠢᠨ ᠪᠠᠢᠷᠢᠯᠠᠭᠤᠯᠤᠯᠲᠠ᠎ᠶᠢ ᠲᠦᠷᠭᠡᠳᠬᠡᠵᠦ᠂ 2025 ᠣᠨ᠎ᠤ 9 ᠰᠠᠷ᠎ᠠ᠎ᠶᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠳᠤ ᠨᠢᠭᠡᠨᠲᠡ 5G  ᠰᠠᠭᠤᠷᠢ ᠥᠷᠲᠡᠭᠡ᠎ᠶᠢ 9.5 ᠲᠦᠮᠡ ᠪᠠᠢᠭᠤᠯᠵᠤ᠂ ᠲᠦᠮᠡᠨ ᠬᠥᠮᠥᠨ ᠪᠦᠷᠢ᠎ᠳᠦ ᠨᠣᠭᠳᠠᠬᠤ 5G  ᠰᠠᠭᠤᠷᠢ ᠥᠷᠲᠡᠭᠡ᠎ᠶᠢᠨ ᠲᠣᠭ᠎ᠠ 39.2 ᠬᠦᠷᠴᠦ᠂ ᠪᠥᠬᠥ ᠤᠯᠤᠰ᠎ᠤᠨ ᠳᠤᠮᠳᠠᠴᠢ ᠲᠦᠪᠰᠢᠨ ᠡᠴᠡ 5.8 ᠥᠨᠳᠥᠷ ᠪᠣᠯᠵᠠᠢ᠃

ᠮᠡᠳᠡᠭᠡ ᠵᠠᠩᠭᠢᠵᠢᠯᠲᠠ᠎ᠪᠠᠷ ᠬᠥᠳᠡᠯᠭᠡᠭᠦᠷ ᠪᠣᠯᠭᠠᠵᠤ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠪᠠ᠃ ᠮᠡᠳᠡᠭᠡ ᠵᠠᠩᠭᠢᠵᠢᠯᠲᠠ᠎ᠪᠡᠷ ᠬᠦᠴᠦᠨ ᠤᠯᠭᠤᠬᠤ ᠤᠯᠤᠰ᠎ᠤᠨ ᠴᠢᠬᠤᠯᠠ ᠡᠨᠧᠷᠭᠢ᠎ᠶᠢᠨ ᠰᠤᠷᠪᠤᠯᠵᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ᠎ᠤ ᠪᠦᠲᠦᠭᠡᠨ ᠪᠠᠢᠭᠤᠯᠤᠯᠲᠠ ᠰᠢᠨ᠎ᠡ ᠦᠷ᠎ᠡ ᠪᠦᠲᠦᠮᠵᠢ ᠣᠯᠪᠠ᠃ ᠪᠦᠬᠦ ᠣᠷᠣᠨ᠎ᠳᠤ ᠣᠶᠤᠨᠴᠢᠯᠠᠭᠰᠠᠨ ᠨᠡᠭᠦᠷᠡᠰᠦᠨ ᠠᠭᠤᠷᠬᠠᠢ᠎ᠶᠢ ᠨᠡᠢ᠍ᠢᠳᠡ 215 ᠪᠠᠢᠭᠤᠯᠵᠤ᠂ ᠦᠢᠯᠡᠳᠪᠦᠷᠢᠯᠡᠵᠦ ᠪᠠᠢᠭ᠎ᠠ ᠨᠡᠭᠦᠷᠡᠰᠦᠨ ᠠᠭᠤᠷᠬᠠᠢ᠎ᠶᠢᠨ ᠲᠣᠭᠠᠨ᠎ᠤ 72%᠎ᠢ ᠡᠵᠡᠯᠡᠵᠦ᠂ ᠣᠶᠤᠨᠴᠢᠯᠠᠭᠰᠠᠨ ᠨᠡᠭᠦᠷᠡᠰᠦᠨ ᠠᠭᠤᠷᠬᠠᠢ᠎ᠶᠢᠨ ᠦᠢᠯᠡᠳᠪᠦᠷᠢᠯᠡᠯ᠎ᠦᠨ ᠴᠢᠳᠠᠪᠤᠷᠢ 10.9 ᠳ᠋ᠦᠩᠰᠢᠭᠤᠷ ᠲᠣᠨ᠎ᠳᠤ ᠬᠦᠷᠴᠦ᠂ ᠪᠦᠬᠦ ᠤᠯᠤᠰ᠎ᠤᠨ ᠣᠶᠤᠨᠴᠢᠯᠠᠭᠰᠠᠨ ᠨᠡᠭᠦᠷᠡᠰᠦᠨ ᠠᠭᠤᠷᠬᠠᠢ᠎ᠶᠢᠨ ᠦᠢᠯᠡᠳᠪᠦᠷᠢᠯᠡᠯ᠎ᠦᠨ ᠴᠢᠳᠠᠪᠤᠷᠢ᠎ᠶᠢᠨ 40% ᠰᠢᠬᠠᠮ᠎ᠢ ᠡᠵᠡᠯᠡᠵᠦ᠂ ᠣᠶᠤᠨᠴᠢᠯᠠᠭᠰᠠᠨ ᠨᠡᠭᠦᠷᠡᠰᠦᠨ ᠠᠭᠤᠷᠬᠠᠢ᠎ᠶᠢᠨ ᠦᠢᠯᠡᠳᠪᠦᠷᠢᠯᠡᠯ᠎ᠦᠨ ᠴᠢᠳᠠᠪᠤᠷᠢ ᠪᠦᠬᠦ ᠤᠯᠤᠰ᠎ᠲᠤ ᠲᠦᠷᠦᠭᠦᠯᠡᠪᠡ᠃ ᠮᠡᠳᠡᠭᠡ ᠵᠠᠩᠭᠢᠵᠢᠯᠲᠠ᠎ᠪᠠᠷ ᠬᠦᠴᠦᠨ ᠤᠯᠭᠤᠬᠤ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ ᠰᠢᠨ᠎ᠡ ᠠᠬᠢᠴᠠ᠎ᠲᠠᠢ ᠪᠣᠯᠪᠠ᠃ ᠲᠣᠭᠠᠴᠢᠯᠠᠬᠰᠠᠨ ᠬᠥᠳᠡᠭᠡ ᠲᠣᠰᠬᠣᠨ᠎ᠢ ᠪᠦᠲᠦᠭᠡᠨ ᠪᠠᠶ᠋ᠢᠭᠤᠯᠬᠤ ᠠᠵᠢᠯᠯᠠᠭ᠎ᠠ᠎ᠶᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠲᠤᠭᠠᠴᠢᠯᠠᠬᠰᠠᠨ ᠬᠥᠳᠡᠭᠡ ᠲᠣᠰᠬᠣᠨ᠎ᠤ ᠲᠤᠷᠰᠢᠯᠲᠠ᠎ᠶᠢ ᠥᠷᠨᠢᠭᠦᠯᠦᠨ᠂ 2 ᠤᠯᠤᠰ᠎ᠤᠨ ᠲᠠᠰ᠎ᠤᠨ ᠪᠠ 9 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠭᠠᠴᠢᠯᠠᠬᠰᠠᠨ ᠬᠥᠳᠡᠭᠡ ᠲᠣᠰᠬᠣᠨ᠎ᠤ  ᠲᠤᠷᠰᠢᠯᠲᠠ ᠢ᠋ᠢᠨ ᠴᠡᠭ ᠢ᠋ ᠡᠭᠦᠳᠦᠨ ᠪᠠᠢᠭᠤᠯᠪᠠ᠃ ᠣᠶᠤᠨᠲᠤ ᠮᠠᠯ ᠠᠵᠤ ᠠᠬᠤᠢ ᠲᠠᠷᠢᠶᠠᠯᠠᠩ᠎ᠤᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ 466 ᠣᠶᠤᠨᠲᠤ ᠲᠠᠷᠢᠶᠠᠯᠠᠩ᠎ᠤᠨ ᠲᠠᠯᠠᠪᠠᠶ ᠪᠠ ᠣᠶᠤᠨᠲᠤ ᠮᠠᠯᠵᠢᠯ᠎ᠤᠨ ᠲᠠᠯᠠᠪᠠᠶ ᠵᠢ ᠪᠠᠶ᠋ᠢᠭᠤᠯᠬᠤ᠎ᠶᠢ ᠠᠬᠢᠭᠤᠯᠪᠠ᠃ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠲᠦᠭᠦᠭᠡᠷᠦᠮᠵᠢ᠎ᠶᠢᠨ ᠳᠤᠲᠠᠭᠤᠳᠠᠯ᠎ᠢ ᠨᠥᠬᠥᠪᠦᠷᠢᠯᠡᠬᠦ᠎ᠶᠢ ᠲᠦᠷᠭᠡᠳᠬᠡᠵᠦ᠂ ᠴᠠᠬᠢᠯᠭᠠᠨ ᠬᠣᠯᠪᠣᠭ᠎ᠠ᠎ᠶᠢᠨ ᠲᠦᠭᠡᠮᠡᠯ ᠦᠢᠯᠡᠴᠢᠯᠡᠭᠡᠨ᠎ᠦ ᠲᠥᠷᠥᠯ ᠵᠦᠢᠯ᠎ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠵᠠᠰᠠᠭ ᠵᠠᠬᠢᠷᠭᠠᠨ᠎ᠤ ᠲᠣᠰᠬᠣᠨ᠎ᠤ ᠭᠡᠷᠡᠯᠯᠢᠭ ᠰᠢᠷᠬᠡᠭ᠎ᠦᠨ ᠨᠡᠪᠲᠡᠷᠡᠭᠰᠡᠨ ᠨᠣᠷᠮ᠎ᠠ ᠪᠠ ᠰᠢᠯᠵᠢᠭᠡ ᠰᠦᠯᠵᠢᠶ᠎ᠡ᠎ᠶᠢᠨ ᠨᠡᠪᠲᠡᠷᠡᠭᠰᠡᠨ ᠨᠣᠷᠮ᠎ᠠ ᠴᠥᠮ 99.9%᠎ᠳᠤ ᠬᠦᠷᠪᠠ᠃

ᠮᠡᠳᠡᠭᠡ ᠵᠠᠩᠭᠢ᠎ᠶᠢᠨ ᠠᠷᠠᠳ᠎ᠤᠨ ᠲᠥᠯᠥᠭᠡ ᠠᠷᠠᠳ᠎ᠲᠤ ᠠᠰᠢᠭ᠋ ᠬᠦᠷᠲᠡᠭᠡᠬᠦ ᠲᠦᠪᠰᠢᠨ᠎ᠢ ᠢᠯᠡᠳᠲᠡ ᠳᠡᠭᠡᠭᠰᠢᠯᠡᠭᠦᠯᠪᠡ᠃ ᠣᠶᠤᠨᠴᠢ ᠡᠮᠴᠢᠯᠡᠭᠡᠨ᠎ᠦ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ ᠬᠣᠶᠠᠷ ᠱᠠᠲᠤᠨ᠎ᠤ ᠪᠥᠬᠥ ᠠᠷᠠᠳ᠎ᠤᠨ ᠡᠷᠡᠭᠦᠯ ᠮᠡᠨᠳᠦ᠎ᠶᠢᠨ ᠮᠡᠳᠡᠭᠡ ᠵᠠᠩᠭᠢ᠎ᠶᠢᠨ ᠲᠠᠪᠴᠠᠩ᠎ᠤᠨ ᠪᠠᠢᠭᠤᠯᠤᠯᠲᠠ᠎ᠶᠢ ᠠᠬᠢᠭᠤᠯᠵᠦ᠂ ᠡᠯᠧᠺᠲᠷᠣᠨ ᠡᠷᠡᠭᠦᠯ ᠮᠡᠨᠳᠦ᠎ᠶᠢᠨ ᠲᠠᠩᠰᠠ ᠡᠪᠬᠡᠮᠡᠯ᠎ᠦᠨ ᠬᠥᠮᠥᠷᠭᠡ᠂ ᠡᠯᠧᠺᠲᠷᠣᠨ ᠡᠪᠡᠳᠴᠢᠨ᠎ᠦ ᠲᠡᠦᠬᠡ᠎ᠶᠢᠨ ᠬᠥᠮᠥᠷᠭᠡ ᠪᠠ ᠪᠥᠬᠥ ᠬᠥᠮᠥᠨ ᠠᠮᠠ᠎ᠶᠢᠨ ᠬᠥᠮᠥᠷᠭᠡ᠎ᠶᠢ ᠪᠠᠢᠷᠢᠯᠠᠭᠤᠯᠤᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠪᠠ ᠠᠢᠮᠠᠭ ᠬᠣᠲᠠ᠎ᠶᠢᠨ ᠲᠠᠪᠴᠠᠩ᠎ᠤᠨ ᠲᠣᠭ᠎ᠠ ᠪᠠᠷᠢᠮᠲᠠ᠎ᠶᠢ ᠵᠣᠯᠭᠠᠭᠤᠯᠬᠤ᠎ᠶᠢ ᠪᠡᠶᠡᠯᠡᠭᠦᠯᠪᠡ᠃ 《ᠢᠨᠲᠧᠷ ᠰᠦᠯᠵᠢᠶ᠎ᠡ + ᠡᠮᠴᠢᠯᠡᠭᠡ》 ᠢ᠋ᠢᠨ ᠦᠢᠯᠡᠴᠢᠯᠡᠭᠡᠨ᠎ᠦ ᠵᠠᠭᠪᠤᠷ᠎ᠢ ᠳᠡᠯᠭᠡᠷᠡᠭᠦᠯᠵᠦ᠂ ᠢᠨᠲᠧᠷ ᠰᠦᠯᠵᠢᠶᠡᠨ᠎ᠦ ᠡᠮᠨᠡᠯᠭᠡ᠎ᠶᠢᠨ ᠬᠣᠷᠢᠶ᠎ᠠ᠎ᠶᠢ ᠨᠡᠶ᠋ᠢᠲᠡ 218 ᠪᠠᠢᠭᠤᠯᠵᠤ᠂ ᠰᠠᠭᠤᠭᠠᠯᠢ ᠠᠷᠠᠳ᠎ᠤᠨ ᠵᠢᠷᠤᠮᠵᠢᠭ᠍ᠰᠠᠨ ᠡᠯᠧᠺᠲᠷᠣᠨ ᠡᠷᠡᠭᠦᠯ ᠮᠡᠨᠳᠦ᠎ᠶᠢᠨ ᠲᠠᠩᠰᠠ ᠡᠪᠬᠡᠮᠡᠯ᠎ᠦᠨ ᠪᠦᠷᠬᠦᠴᠡ᠎ᠶᠢᠨ ᠨᠣᠷᠮ᠎ᠠ 85.4%᠎ᠳᠤ ᠬᠥᠷᠪᠡ᠃ ᠤᠶᠤᠨᠲᠦ ᠰᠤᠷᠭᠠᠨ ᠬᠥᠮᠦᠵᠢᠯ᠎ᠦᠨ ᠲᠠᠯ᠎ᠠ᠎ᠪᠠᠷ᠂ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠣᠶᠤᠨᠲᠤ ᠰᠤᠷᠭᠠᠨ ᠬᠥᠮᠦᠵᠢᠯ᠎ᠦᠨ ᠲᠠᠪᠴᠠᠩ᠎ᠤᠨ ᠪᠥᠬᠥ ᠬᠦᠷᠢᠶ᠎ᠡ ᠴᠠᠷᠠᠭᠠᠨ᠎ᠤ ᠬᠡᠷᠡᠭᠯᠡᠭᠡᠨ᠎ᠦ ᠲᠤᠷᠰᠢᠯᠲᠠ᠎ᠶᠢᠨ ᠴᠡᠭ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠳᠠᠩᠰᠠᠯᠠᠭᠤᠯᠤᠭᠰᠠᠨ ᠨᠣᠷᠮ᠎ᠠ 100%᠎ᠳᠤ ᠬᠦᠷᠪᠡ᠃ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠭᠤᠯᠢ᠎ᠶᠢᠨ ᠬᠦᠷᠢᠶᠡᠨ᠎ᠦ ᠰᠦᠯᠵᠢᠶ᠎ᠡ᠎ᠶᠢ ᠪᠠᠢᠭᠤᠯᠤᠭᠰᠠᠨ ᠨᠣᠷᠮ᠎ᠠ 96%᠎ᠳᠤ ᠬᠦᠷᠴᠤ᠂ ᠣᠯᠠᠨ ᠵᠠᠭᠤᠴᠢᠲᠤ ᠬᠢᠴᠢᠶᠡᠯ᠎ᠦᠨ ᠭᠡᠷ᠎ᠦᠨ ᠰᠤᠷᠭᠠᠭᠤᠯᠢ᠎ᠶᠢᠨ ᠪᠦᠷᠬᠦᠴᠡ 98.2%᠎ᠳᠤ ᠬᠦᠷᠴᠡᠢ᠃

ᠪᠣᠬᠢᠷᠲᠤᠯ ᠦᠭᠡᠢ ᠪᠣᠳᠣᠯᠭ᠎ᠠ᠎ᠶᠢᠨ ᠬᠦᠴᠦᠨ᠎ᠢᠶᠡᠷ ᠲᠤᠯᠭᠠᠭᠤᠷᠢᠯᠠᠭᠰᠠᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ᠎ᠢ ᠨᠡᠭᠡᠭᠡᠪᠡ

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ ᠤᠯᠤᠰ᠎ᠤᠨ《ᠵᠡᠭᠦᠨᠳᠡᠬᠢ ᠲᠣᠭ᠎ᠠ᠎ᠶᠢ ᠪᠠᠷᠠᠭᠤᠠᠳᠠᠢ ᠪᠤᠳᠤᠬᠤ》ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ ᠲᠣᠭᠠᠴᠢᠯᠠᠭᠰᠠᠨ ᠰᠠᠭᠤᠷᠢ ᠲᠥᠬᠦᠭᠡᠷᠦᠮᠵᠢ᠂ ᠲᠣᠭ᠎ᠠ ᠪᠠᠷᠢᠮᠲᠠ᠎ᠶᠢᠨ ᠠᠵᠤ ᠦᠢᠯᠡᠰ᠂ ᠵᠣᠬᠢᠶᠠᠮᠠᠯ ᠤᠶᠤᠨ ᠴᠢᠳᠠᠪᠤᠷᠢ᠎ᠶᠢ ᠠᠭᠤᠰᠤᠯᠴᠠᠭᠤᠯᠤᠨ ᠬᠡᠷᠡᠭᠯᠡᠬᠦ ᠵᠡᠷᠭᠡ ᠭᠣᠣᠯᠳᠠᠯᠭ᠎ᠠ᠎ᠲᠠᠢ ᠡᠭᠦᠷᠭᠡ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠵᠠᠢ᠃

ᠪᠣᠳᠣᠯᠲᠠ ᠢ᠋ᠢᠨ ᠬᠦᠴᠦᠨ᠎ᠦ ᠰᠠᠭᠤᠷᠢ ᠲᠥᠬᠦᠭᠡᠷᠦᠮᠵᠢ ᠲᠠᠪᠠᠯᠳᠠᠳᠤ ᠮᠠᠶᠢᠭ᠋᠎ᠤᠨ ᠬᠥᠭᠵᠢᠯᠲᠡ᠎ᠶᠢ ᠪᠡᠶᠡᠯᠡᠭᠦᠯᠪᠡ᠃ ᠥᠪᠥᠷ ᠮᠣᠩᠭᠣᠯ《ᠵᠡᠭᠦᠨᠳᠡᠬᠢ ᠲᠣᠭ᠎ᠠ᠎ᠶᠢ ᠪᠠᠷᠠᠭᠤᠨᠳᠠᠢ ᠪᠤᠳᠤᠬᠤ》ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ᠎ᠢ ᠴᠢᠩᠭ᠎ᠠ ᠠᠳᠬᠤᠵᠤ᠂ ᠲᠣᠭᠠᠴᠢᠯᠠᠭᠰᠠᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠪᠠ᠃ ᠪᠣᠳᠣᠯᠭ᠎ᠠ᠎ᠶᠢᠨ ᠬᠦᠴᠦᠨ᠎ᠦ ᠬᠡᠪᠴᠢᠶ᠎ᠡ 2 ᠲᠦᠮᠡᠨ P ᠬᠦᠷᠬᠦ ᠦᠭᠡᠢ ᠪᠠᠢᠭᠰᠠᠨ᠎ᠡᠴᠠ᠎ᠪᠠᠨ 21.8 ᠲᠦᠮᠡᠨ P ᠪᠣᠯᠣᠨ ᠳᠡᠭᠡᠭᠰᠢᠯᠡᠵᠦ᠂ ᠣᠶᠤᠨᠲᠤ ᠪᠣᠳᠣᠯᠲᠠ᠎ᠶᠢᠨ ᠬᠦᠴᠦᠨ 20 ᠲᠦᠮᠡᠨ P ᠡᠴᠡ ᠳᠠᠪᠠᠵᠤ᠂ ᠪᠦᠬᠦ ᠤᠯᠤᠰ᠎ᠲᠤ ᠲᠦᠷᠦᠭᠦᠯᠡᠪᠡ᠃

ᠲᠣᠭ᠎ᠠ ᠪᠠᠷᠢᠮᠲᠠ᠎ᠶᠢᠨ ᠠᠵᠤ ᠦᠢᠯᠡᠰ᠎ᠦᠨ ᠴᠤᠭᠯᠠᠷᠠᠯ᠎ᠤᠨ ᠦᠢᠯᠡᠳᠦᠯ ᠲᠠᠰᠤᠷᠠᠯᠲᠠ ᠦᠭᠡᠢ ᠴᠢᠩᠭᠠᠷᠠᠪᠠ᠃ 《ᠦᠢᠯᠡᠳᠬᠦ ᠴᠤᠬᠯᠠᠭᠤᠯᠬᠤ ᠬᠠᠳᠠᠭᠠᠯᠠᠬᠤ ᠪᠤᠳᠤᠬᠤ ᠬᠡᠷᠡᠭᠯᠡᠬᠦ ᠬᠦᠢᠯᠭᠡᠭᠡᠬᠦ ᠠᠷᠠᠯᠵᠢᠶᠠᠯᠠᠬᠤ ᠠᠮᠤᠷ ᠲᠦᠪᠰᠢᠨ ᠵᠠᠰᠠᠬᠤ》 ᠪᠦᠬᠦ ᠬᠡᠯᠬᠢᠶ᠎ᠠ᠎ᠶᠢᠨ ᠲᠣᠭ᠎ᠠ ᠪᠠᠷᠢᠮᠲᠠ᠎ᠶᠢᠨ ᠠᠵᠤ ᠦᠢᠯᠡᠰ᠎ᠦᠨ ᠠᠮᠢ ᠠᠬᠤᠢ᠎ᠶᠢ ᠪᠠᠢᠭᠤᠯᠵᠤ᠂ ᠲᠣᠭ᠎ᠠ ᠪᠠᠷᠢᠮᠲᠠ᠎ᠶᠢ ᠡᠬᠢ ᠪᠠᠶᠠᠯᠢᠭ᠋ ᠠ᠋ᠴᠠ ᠡᠳ᠋ ᠬᠥᠷᠥᠩᠭᠡ ᠳᠠᠢᠰᠢ ᠬᠤᠪᠢᠷᠠᠭᠤᠯᠬᠤ᠎ᠶᠢ ᠠᠬᠢᠭᠤᠯᠪᠠ᠃ ᠥᠪᠥᠷ ᠮᠣᠩᠭᠣᠯ᠎ᠤᠨ ᠲᠣᠭ᠎ᠠ ᠪᠠᠷᠢᠮᠲᠠ᠎ᠶᠢᠨ ᠰᠣᠯᠢᠯᠴᠠᠭᠠᠨ᠎ᠤ ᠲᠥᠪ᠎ᠲᠦ ᠨᠢᠭᠡᠨᠲᠡ 800 ᠭᠠᠷᠤᠢ ᠲᠣᠭ᠎ᠠ ᠪᠠᠷᠢᠮᠲᠠ ᠢ᠋ᠢᠨ ᠡᠵᠡᠩᠨᠡᠨ ᠪᠤᠷᠤᠯᠠᠭᠤᠯᠬᠤ ᠬᠤᠳᠠᠯᠳᠤᠭᠠᠴᠢᠨ ᠬᠤᠷᠠᠨ ᠴᠤᠭᠯᠠᠷᠠᠵᠤ᠂ ᠠᠷᠠᠯᠵᠢᠶᠠᠨ᠎ᠤ ᠲᠣᠭ᠎ᠠ 8000 ᠲᠦᠮᠡᠨ ᠲᠥᠭᠥᠷᠢᠭ᠎ᠢ ᠳᠠᠪᠠᠪᠠ᠃ ᠡᠨᠧᠷᠭᠢ᠂ ᠮᠠᠯ ᠠᠵᠤ ᠠᠬᠤᠢ ᠲᠠᠷᠢᠶᠠᠯᠠᠩ᠂ ᠠᠮᠢ ᠠᠬᠤᠢ ᠵᠡᠷᠭᠡ ᠣᠨᠴᠠᠯᠢᠭ᠍ᠲᠤ ᠬᠦᠷᠢᠶ᠎ᠡ᠎ᠶᠢᠨ ᠲᠣᠭᠣᠷᠢᠨ᠎ᠳᠤ᠂ ᠴᠢᠨᠠᠷ ᠰᠠᠢᠲᠠᠢ ᠲᠣᠭ᠎ᠠ ᠪᠠᠷᠢᠮᠲᠠ᠎ᠶᠢᠨ ᠴᠤᠭᠯᠠᠷᠠᠯ᠎ᠢ 30 ᠭᠠᠷᠤᠢ ᠪᠠᠢᠭᠤᠯᠵᠤ᠂ ᠲᠣᠭ᠎ᠠ ᠪᠠᠷᠢᠮᠲᠠ᠎ᠶᠢᠨ ᠬᠡᠪᠴᠢᠶ᠎ᠡ 1500TB ᠶ᠋ᠢ ᠳᠠᠪᠠᠵᠤ᠂ 5 ᠲᠥᠷᠥᠯ ᠵᠦᠢᠯ ᠤᠯᠤᠰ᠎ᠤᠨ ᠤᠷᠢᠳ ᠢ᠋ᠢᠡᠷ ᠬᠡᠷᠡᠭᠵᠢᠭᠦᠯᠵᠦ ᠤᠷᠢᠳ ᠢ᠋ᠢᠡᠷ  ᠲᠤᠷᠰᠢᠬᠤ ᠵᠢᠴᠢ ᠨᠡᠢᠲᠡᠯᠢᠭ ᠬᠡᠷᠡᠭ᠎ᠦᠨ ᠵᠢᠱ᠌ᠢᠶ᠎ᠡ᠎ᠳᠦ ᠰᠣᠩᠭᠣᠭᠳᠠᠪᠠ᠃

ᠵᠣᠬᠢᠶᠠᠮᠠᠯ ᠤᠶᠤᠨ ᠴᠢᠳᠠᠪᠤᠷᠢ᠎ᠶᠢ ᠠᠭᠤᠰᠤᠯᠴᠠᠭᠤᠯᠤᠨ ᠬᠡᠷᠡᠭᠯᠡᠬᠦ᠎ᠶᠢ ᠲᠣᠭᠲᠠᠭᠤᠨ ᠠᠬᠢᠭᠤᠯᠪᠠ᠃ ᠡᠨᠧᠷᠭᠢ᠂ ᠡᠮ ᠡᠮᠨᠡᠯᠭᠡ᠂ ᠲᠠᠷᠢᠶᠠᠯᠠᠩ᠂ ᠵᠠᠮ ᠬᠠᠷᠢᠯᠴᠠᠭ᠎ᠠ ᠵᠡᠷᠭᠡ 12 ᠬᠦᠷᠢᠶᠡᠨ᠎ᠳᠦ《ᠵᠣᠬᠢᠶᠠᠮᠠᠯ ᠤᠶᠤᠨ ᠴᠢᠳᠠᠪᠤᠷᠢ +》ᠠᠵᠢᠯᠯᠠᠭ᠎ᠠ᠎ᠶᠢ ᠥᠷᠨᠢᠭᠦᠯᠵᠦ᠂ ᠨᠢᠭᠡ ᠪᠦᠯᠦᠭ ᠨᠡᠢᠲᠡᠯᠢᠭ ᠵᠢᠱ᠌ᠢᠶ᠎ᠡ᠎ᠶᠢᠨ ᠬᠡᠷᠡᠭᠯᠡᠭᠡ᠎ᠶᠢ ᠪᠦᠷᠢᠯᠳᠦᠭᠦᠯᠪᠡ᠃ 215 ᠣᠶᠤᠨᠴᠢᠯᠠᠭᠰᠠᠨ ᠨᠡᠭᠦᠷᠡᠰᠦᠨ ᠠᠭᠤᠷᠬᠠᠢ᠎ᠶᠢ ᠪᠠᠢᠭᠤᠯᠵᠤ᠂ ᠵᠠᠳᠠᠭᠠᠢ ᠠᠭᠤᠷᠬᠠᠢ᠎ᠶᠢᠨ ᠵᠢᠯᠣᠭᠣᠴᠢ ᠦᠭᠡᠢ ᠮᠠᠰᠢᠨ ᠲᠡᠷᠭᠡ᠎ᠶᠢ 369 ᠪᠠᠢᠷᠢᠯᠠᠭᠤᠯᠪᠠ; 120 ᠠᠯᠠᠰᠢᠨ ᠦᠬᠡᠷ ᠠᠯᠠᠰᠢᠨ ᠬᠣᠨᠢᠨ᠎ᠤ ᠣᠶᠤᠨᠲᠤ ᠮᠠᠯᠵᠢᠯ᠎ᠤᠨ ᠲᠠᠯᠠᠪᠠᠶ᠎ᠶᠢ ᠪᠠᠢᠭᠤᠯᠵᠤ᠂ ᠡᠷᠳᠡᠨᠢ ᠰᠢᠰᠢ ᠰᠢᠷ᠎ᠠ ᠪᠤᠷᠴᠠᠭ᠎ᠤᠨ ᠮᠸ᠋ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠣᠶᠤᠨᠲᠤ ᠬᠦᠷᠢᠶᠡᠯᠡᠩ ᠲᠣᠭᠣᠷᠢᠭ᠋᠎ᠢ 40 ᠪᠠᠢᠭᠤᠯᠪᠠ; 55 ᠬᠣᠰᠢᠭᠤ ᠰᠢᠶᠠᠨ AI ᠵᠢᠷᠤᠭ ᠳᠦᠷᠰᠦ᠎ᠶᠢ ᠢᠯᠭᠠᠨ ᠲᠠᠨᠢᠬᠤ᠎ᠶᠢ ᠠᠰᠢᠭ᠍ᠯᠠᠨ ᠬᠥᠨᠥᠭᠡᠯᠳᠦ ᠰᠢᠪᠠᠵᠢ᠎ᠶᠢᠨ ᠣᠶᠤᠨᠴᠢ ᠬᠢᠨᠠᠨ ᠬᠡᠮᠵᠢᠯᠲᠡ᠎ᠶᠢ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号