11 ᠰᠠᠷ᠎ᠠ ᠵᠢᠨ 19 ᠤ᠋ ᠡᠳᠦᠷ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠵᠢᠨ ᠳᠥᠷᠪᠡᠳᠦᠭᠡᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ᠋ ᠤᠯᠤᠰ ᠲᠦᠷᠦ᠍ ᠵᠢᠨ ᠵᠥᠪᠯᠡᠯᠭᠡᠨᠦ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠪᠠᠢᠴᠠᠭᠠᠬᠤ ᠬᠣᠷᠢᠢ᠎ᠠ ᠳ᠋ᠦ ᠬᠦᠷᠴᠦ᠍ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠠᠯᠪᠠᠨ ᠲᠢᠩᠬᠢᠮᠳᠤ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠵᠢᠨ ᠲᠥᠷᠥ ᠵᠢᠨ ᠪᠣᠳᠣᠯᠭ᠎ᠠ ᠰᠤᠳᠤᠯᠬᠤ ᠲᠠᠰᠤᠭ (ᠥᠭᠡᠷᠡᠴᠢᠯᠡᠯᠲᠡ ᠵᠢᠨ ᠠᠯᠪᠠᠨ ᠬᠡᠷ) ᠤ᠋ᠨ ᠳᠡᠳ᠋ ᠡᠷᠬᠢᠯᠡᠭ᠌ᠴᠢ ᠶᠠᠩ ᠵᠢᠶ ᠵᠧᠨ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠵᠢᠨ ᠳᠥᠷᠪᠡᠳᠦᠭᠡᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠢᠯᠠᠭᠠᠵᠤ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠵᠢᠨ ᠳᠥᠷᠪᠡᠳᠦᠭᠡᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠲᠠᠢ ᠪᠥᠬᠥ᠌ ᠲᠠᠯ᠎ᠠ ᠪᠡᠷ ᠪᠠᠷᠢᠮᠵᠢᠶᠠᠯᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠵᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠷᠪᠠᠳᠤᠭᠠᠷ ᠤᠳᠠᠭᠠᠵᠢᠨ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠣᠨᠣᠪᠴᠢᠲᠠᠶ ᠡᠵᠡᠮᠳᠡᠵᠦ᠍᠂ ᠳᠤᠮᠳᠠᠳᠤ ᠤᠯᠤᠰ ᠤ᠋ᠨ ᠮᠠᠶᠢᠭᠤᠨ ᠣᠳᠣᠬᠢᠴᠢᠯᠠᠯᠳᠠᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠬᠦ᠌ ᠵᠡᠷᠭᠡ ᠲᠠᠯ᠎ᠠ ᠪᠡᠷ ᠱᠢᠰᠲ᠋ᠧᠮᠲᠡᠶ ᠲᠠᠢᠯᠤᠮᠵᠢ ᠬᠢᠪᠠ᠃
ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠵᠢᠨ ᠭᠤᠤᠯ ᠰᠡᠳᠦᠪ ᠨᠢ ᠢᠯᠡ ᠲᠣᠳᠣ᠂ ᠠᠭᠤᠯᠤᠭ᠍ᠳᠠᠬᠤᠨ ᠨᠢ ᠪᠠᠶᠠᠯᠢᠭ᠂ ᠭᠤᠤᠯᠳᠠᠯᠭ᠎ᠠ ᠨᠢ ᠲᠣᠪᠣᠢᠮ᠎ᠠ᠃ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠠᠯᠪᠠᠨ ᠲᠢᠩᠬᠢᠮᠦᠨ ᠮᠡᠳᠡᠭᠡ ᠵᠠᠩᠭᠢ ᠪᠠᠢᠴᠠᠭᠠᠨ ᠰᠤᠳᠤᠯᠬᠤ ᠭᠠᠵᠠᠷ ᠤ᠋ᠨ ᠳᠡᠳ᠋ ᠳᠠᠷᠤᠭ᠎ᠠ ᠱᠢᠤᠢ ᠪᠦ᠋ ᠴᠢᠶᠠᠩ᠂ ᠬᠣᠢᠱᠢᠳᠠ ᠵᠢᠨ ᠠᠵᠢᠯ ᠤ᠋ᠨ ᠳᠤᠮᠳᠠ ᠪᠡᠨ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠵᠢᠨ ᠳᠥᠷᠪᠡᠳᠦᠭᠡᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠵᠢᠨ ᠫᠢᠩᠦᠨ ᠱᠢᠨ᠎ᠡ ᠴᠠᠭ ᠦᠶ᠎ᠡ ᠵᠢᠨ ᠠᠯᠪᠠᠨ ᠲᠢᠩᠬᠢᠮᠦᠨ ᠠᠵᠢᠯ ᠤ᠋ᠨ ᠲᠤᠬᠠᠢ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠵᠢ ᠲᠤᠭᠤᠱᠢᠯᠠᠭᠤᠯᠤᠨ ᠨᠠᠢᠳᠠᠪᠤᠷᠢᠵᠢᠭᠤᠯᠵᠦ᠂ ᠠᠵᠢᠯ ᠤ᠋ᠨ ᠭᠠᠷᠳᠠᠬᠤ ᠴᠡᠭ ᠪᠠ ᠬᠦᠴᠦᠯᠡᠬᠦ᠌ ᠴᠡᠭ ᠢ᠋ ᠣᠨᠣᠪᠴᠢᠲᠠᠶ ᠣᠯᠵᠦ᠂ ᠵᠥᠪᠯᠡᠭ᠌ᠴᠢ ᠲᠤᠰᠠᠯᠠᠭ᠍ᠴᠢ ᠵᠢᠨ ᠡᠭᠦᠷᠭᠡ ᠴᠢᠳᠠᠪᠤᠷᠢ ᠵᠢ ᠪᠦᠲᠦᠮᠵᠢᠲᠡᠶ ᠪᠠᠳᠠᠷᠠᠭᠤᠯᠤᠨ᠎ᠠ᠂ ᠤᠬᠠᠮᠰᠠᠷ ᠡᠴᠡ ᠪᠡᠨ ᠠᠵᠢᠯ ᠵᠢᠡᠨ ᠶᠡᠬᠡ ᠲᠠᠯ᠎ᠠ ᠡᠴᠡ ᠪᠣᠳᠣᠯᠬᠢᠯᠠᠬᠤ᠂ ᠪᠠᠢᠷᠢ ᠲᠣᠭ᠍ᠲᠠᠭᠠᠬᠤ ᠪᠠ ᠵᠠᠬᠢᠷᠴᠦ᠂ ᠬᠥᠲᠥᠯᠥᠨ ᠳᠠᠭᠠᠭᠤᠯᠵᠤ ᠳᠠᠢᠴᠢᠯᠠᠬᠤ ᠦᠶ᠋ᠯᠡᠳᠦᠯ ᠢ᠋ ᠰᠠᠢᠲᠤᠷ ᠪᠠᠳᠠᠷᠠᠭᠤᠯᠵᠦ᠂ ᠥᠪᠥᠷ ᠮᠣᠩᠭᠣᠯ ᠪᠦᠬᠦ᠌ ᠤᠯᠤᠰ ᠲᠠᠢ ᠬᠠᠮᠲᠤ ᠪᠡᠷ ᠨᠡᠢᠭᠡᠮ ᠵᠢᠷᠤᠮ ᠤ᠋ᠨ ᠣᠳᠣᠬᠢᠴᠢᠯᠠᠯᠲᠠ ᠵᠢ ᠦᠨᠳᠦᠰᠦᠨᠳᠡᠭᠡᠨ ᠪᠡᠶᠡᠯᠡᠭᠦᠯᠬᠦ᠌ ᠵᠢᠨ ᠲᠥᠯᠥᠭᠡ ᠬᠠᠮᠲᠤ ᠪᠡᠷ ᠲᠡᠮᠡᠴᠡᠵᠦ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠬᠦ᠌ ᠵᠢᠨ ᠲᠥᠯᠥᠭᠡ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠦ᠂ ᠬᠦᠴᠦᠨ ᠴᠢᠳᠠᠯ ᠵᠢᠡᠨ ᠡᠷᠭᠦᠨ᠎ᠡ ᠭᠡᠪᠠ᠃
ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠵᠢᠨ ᠵᠥᠪᠯᠡᠯᠭᠡᠨᠦ ᠠᠯᠪᠠᠨ ᠲᠢᠩᠬᠢᠮᠳᠤ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮᠦᠨ ᠪᠦᠷᠢᠯᠳᠦᠬᠦᠨ᠂ ᠥᠪᠥᠷ ᠮᠣᠩᠭᠣᠯ ᠤ᠋ᠨ ᠠᠵᠤ ᠦᠶ᠋ᠯᠡᠳᠪᠦᠷᠢ ᠵᠢᠨ ᠶᠡᠬᠡ ᠰᠤᠷᠭᠠᠭᠤᠯᠢ ᠵᠢᠨ ᠮᠠᠷᠺᠰ ᠤ᠋ᠨ ᠦᠵᠡᠯᠦᠨ ᠳᠡᠭᠡᠳᠦ ᠰᠤᠷᠭᠠᠭᠤᠯᠢ ᠵᠢᠨ ᠨᠠᠮ ᠤ᠋ᠨ ᠬᠣᠷᠢᠶᠠᠵᠢᠨ ᠱᠦᠵᠢ ᠮᠠ ᠵᠢᠶᠦ᠋ᠨ 《ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠵᠢᠨ ᠳᠥᠷᠪᠡᠳᠦᠭᠡᠷ ᠪᠥᠬᠥᠳᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯ ᠢ᠋ ᠭᠦᠨᠵᠡᠭᠡᠶ ᠣᠢᠯᠠᠭᠠᠬᠤ》᠂ 《ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠵᠢᠨ ᠳᠥᠷᠪᠡᠳᠦᠭᠡᠷ ᠪᠥᠬᠥᠳᠡ ᠬᠤᠷᠠᠯ ᠤ᠋ᠨ ᠭᠤᠤᠯ ᠠᠭᠤᠯᠭ᠎ᠠ ᠵᠢ ᠱᠢᠰᠲ᠋ᠧᠮᠲᠡᠶ ᠡᠵᠡᠮᠱᠢᠬᠦ᠌》᠂ 《ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠵᠢᠨ ᠳᠥᠷᠪᠡᠳᠦᠭᠡᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠪᠢᠴᠢᠭ᠌ᠯᠡᠬᠦ᠌》 ᠵᠡᠷᠭᠡ ᠲᠠᠯ᠎ᠠ ᠪᠡᠷ ᠭᠦᠨᠵᠡᠭᠡᠶ ᠲᠠᠢᠯᠤᠮᠵᠢ ᠬᠢᠪᠠ᠃
ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠵᠢᠨ ᠬᠡᠷᠡᠭᠦᠨ ᠵᠢᠱ᠌ᠢᠢᠡ ᠠᠮᠢᠳᠤᠯᠢᠭ᠂ ᠲᠣᠭ᠎ᠠ ᠪᠠᠷᠢᠮᠲᠠ ᠨᠠᠷᠢᠨ ᠪᠣᠳᠠᠲᠠᠢ᠂ ᠤᠨᠤᠯ ᠤ᠋ᠨ ᠦᠨᠳᠦᠷᠴᠡ ᠲᠠᠢ ᠪᠥᠭᠡᠳ ᠦᠢᠯᠡᠳᠦᠯᠭᠡ ᠵᠢᠨ ᠭᠦᠨᠴᠡᠲᠡᠶ᠃ ᠤᠬᠠᠭᠤᠯᠤᠨ ᠲᠠᠢᠯᠪᠤᠷᠢᠯᠠᠬᠤ ᠵᠢ ᠰᠣᠨᠣᠰᠤᠭ᠍ᠰᠠᠨ ᠤ᠋ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠵᠢᠨ ᠵᠥᠪᠯᠡᠯᠭᠡᠨᠦ ᠠᠯᠪᠠᠨ ᠲᠢᠩᠬᠢᠮᠦᠨ ᠭᠡᠱᠢᠭᠦᠳᠲᠠᠢ ᠬᠠᠷᠢᠯᠴᠠᠬᠤ ᠭᠠᠵᠠᠷ ᠤ᠋ᠨ ᠳᠠᠷᠤᠭ᠎ᠠ ᠹᠧᠩ ᠬᠣᠩ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠵᠢᠨ ᠳᠥᠷᠪᠡᠳᠦᠭᠡᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠵᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠷᠪᠠᠳᠤᠭᠠᠷ ᠤᠳᠠᠭᠠᠵᠢᠨ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠭᠡ ᠲᠠᠢ ᠵᠣᠬᠢᠴᠠᠭ᠍ᠰᠠᠨ ᠤᠯᠤᠰ ᠲᠥᠷᠥ ᠵᠢᠨ ᠵᠥᠪᠯᠡᠯᠭᠡᠨᠦ ᠭᠡᠱᠢᠭᠦᠳᠦᠨ ᠡᠭᠦᠷᠭᠡ ᠲᠤᠰᠢᠶᠠᠯ ᠵᠢᠡᠨ ᠭᠦᠶ᠋ᠴᠡᠳᠭᠡᠬᠦ᠌ ᠦᠶ᠋ᠯᠡᠴᠢᠯᠡᠭᠡᠨᠦ ᠬᠠᠮᠢᠶᠠᠷᠤᠯᠲᠠ ᠵᠢᠨ ᠲᠦᠷᠢᠮ ᠲᠣᠭ᠍ᠲᠠᠴᠠ ᠵᠢ ᠤᠯᠠᠮ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠤᠯᠤᠰ ᠲᠥᠷᠥ ᠵᠢᠨ ᠵᠥᠪᠯᠡᠯᠭᠡ ᠬᠢᠬᠦ᠌᠂ ᠠᠷᠠᠳᠴᠢᠯᠠᠯ ᠵᠢᠡᠷ ᠬᠢᠨᠠᠯᠲᠠ ᠲᠠᠯᠪᠢᠬᠤ᠂ ᠲᠥᠷᠥ ᠵᠢᠨ ᠶᠠᠪᠤᠳᠠᠯ ᠳ᠋ᠦ ᠣᠷᠣᠯᠴᠠᠨ ᠲᠥᠷᠥ ᠵᠢᠨ ᠶᠠᠪᠤᠳᠠᠯ ᠢ᠋ ᠵᠥᠪᠯᠡᠬᠦ᠌ ᠳᠤᠮᠳᠠᠬᠢ ᠤᠯᠤᠰ ᠲᠥᠷᠥ ᠵᠢᠨ ᠵᠥᠪᠯᠡᠯᠭᠡᠨᠦ ᠭᠡᠱᠢᠭᠦᠳᠦᠨ ᠭᠤᠤᠯ ᠴᠣᠭ᠍ᠴᠠ ᠵᠢᠨ ᠦᠶ᠋ᠯᠡᠳᠦᠯ ᠢ᠋ ᠰᠠᠢᠲᠤᠷ ᠪᠠᠳᠠᠷᠠᠭᠤᠯᠤᠨ᠂ ᠬᠠᠮᠲᠤ ᠵᠢᠨ ᠲᠠᠨᠢᠯᠲᠠ ᠵᠢ ᠥᠷᠭᠡᠨ ᠵᠢᠡᠷ ᠨᠢᠭ᠍ᠲᠠᠷᠠᠭᠤᠯᠵᠤ᠂ ᠬᠠᠮᠤᠭ ᠤ᠋ᠨ ᠲᠤᠮᠤ ᠢᠵᠢᠯ ᠲᠥᠪᠲᠦ ᠲᠣᠭᠣᠷᠢᠭ ᠢ᠋ ᠰᠠᠢᠲᠤᠷ ᠵᠢᠷᠤᠭ᠍ᠯᠠᠵᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠪᠢᠴᠢᠭ᠌ᠯᠡᠬᠦ᠌ᠳᠦ ᠬᠦᠴᠦᠨ ᠴᠢᠳᠠᠯ ᠵᠢᠡᠨ ᠡᠷᠬᠦᠨ᠎ᠡ ᠭᠡᠯ᠎ᠠ᠃
ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠪᠠᠢᠴᠠᠭᠠᠬᠤ ᠬᠣᠷᠢᠶ᠎ᠠ ᠳ᠋ᠦ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮᠦᠨ ᠪᠦᠷᠢᠯᠳᠦᠬᠦᠨ᠂ ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢ (ᠵᠠᠰᠠᠭ ᠵᠠᠬᠢᠷᠭᠠᠨ ᠤ᠋ ᠳᠡᠭᠡᠳᠦ ᠰᠤᠷᠭᠠᠭᠤᠯᠢ) ᠵᠢᠨ ᠨᠢᠭᠡᠳᠦᠭᠡᠷ ᠳᠡᠳ᠋ ᠵᠠᠬᠢᠷᠤᠯ ᠭᠤᠤ ᠽᠦ᠍ ᠬᠦᠶ ᠶᠡᠷᠦᠩᠬᠡᠶ ᠱᠦᠵᠢ ᠰᠢ ᠵᠢᠨ ᠫᠢᠩᠦᠨ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠵᠢᠨ ᠳᠥᠷᠪᠡᠳᠦᠭᠡᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠪᠣᠯᠤᠨ ᠪᠥᠬᠥᠳᠡ ᠬᠤᠷᠠᠯ ᠤ᠋ᠨ《ᠰᠠᠨᠠᠭᠤᠯᠭ᠎ᠠ》 ᠵᠢᠨ ᠲᠣᠭᠣᠷᠢᠨ ᠳ᠋ᠦ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠵᠢᠨ ᠳᠥᠷᠪᠡᠳᠦᠭᠡᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠢᠯᠠᠭᠠᠬᠤ᠂ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠪᠥᠬᠥ᠌ ᠲᠠᠯ᠎ᠠ ᠪᠡᠷ ᠲᠤᠭᠤᠱᠢᠯᠠᠭᠤᠯᠤᠨ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠪᠢᠴᠢᠭ᠌ᠯᠡᠬᠦ᠌ ᠵᠡᠷᠭᠡ ᠲᠠᠯ᠎ᠠ ᠪᠡᠷ ᠪᠥᠬᠥ᠌ ᠲᠠᠯ᠎ᠠ ᠪᠡᠷ ᠱᠢᠰᠲ᠋ᠧᠮᠲᠡᠶ ᠲᠠᠢᠯᠤᠮᠵᠢ ᠬᠢᠪᠠ᠃
ᠮᠡᠳᠡᠭᠦᠯᠦᠯᠲᠡ ᠨᠢ ᠭᠣᠣᠯ ᠰᠡᠳᠦᠪᠲᠡᠶᠪᠡᠨ ᠨᠢᠭ᠍ᠲᠠ ᠤᠶᠠᠯᠳᠤᠵᠤ᠂ ᠯᠣᠭᠢᠭ ᠴᠢᠩᠭ᠎ᠠ᠂ ᠠᠭᠤᠯᠭ᠎ᠠ ᠲᠣᠳᠣᠷᠬᠠᠢ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠣᠳᠭᠤ ᠴᠢᠨᠠᠷ ᠲᠠᠢ ᠪᠠᠢᠯ᠎ᠠ᠃ 《ᠡᠨᠡ ᠪᠣᠯ ᠨᠢᠭᠡ ᠤᠳᠠᠭᠠᠨ ᠤ᠋ ᠴᠢᠨᠠᠷ ᠰᠠᠢᠲᠠᠢ ᠮᠡᠳᠡᠭᠦᠯᠦᠯᠲᠡ ᠪᠣᠯᠤᠨ᠎ᠠ ᠂ ᠰᠣᠨᠣᠰᠤᠭᠰᠠᠨᠤ ᠲᠠᠷᠠᠭ᠎ᠠ ᠡᠷᠴᠢ ᠵᠤᠷᠢᠭ ᠨᠠᠡᠭ ᠬᠦᠪᠴᠢᠯᠡᠭᠳᠡᠯᠠ》 ᠭᠡᠵᠦ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠪᠠᠢᠴᠠᠭᠠᠬᠤ ᠬᠣᠷᠢᠶ᠎ᠠ ᠵᠢᠨ ᠨᠢᠭᠡᠳᠦᠭᠡᠷ ᠪᠠᠢᠴᠠᠭᠠᠬᠤ ᠬᠡᠯᠲᠡᠰᠦᠨ ᠳᠡᠳ᠋ ᠡᠷᠬᠢᠯᠡᠭ᠌ᠴᠢ ᠸᠠᠩ ᠵᠢᠶᠦ᠋ᠨ ᠲᠥᠷᠥᠭ᠌ᠳᠡᠯᠵᠢᠡᠨ ᠬᠤᠪᠢᠶᠠᠯᠴᠠᠨ᠎ᠠ᠂ ᠲᠡᠷᠡ ᠪᠠᠰᠠ᠄ 《ᠪᠢ ᠤᠬᠠᠮᠰᠠᠷ ᠡᠴᠡ ᠪᠡᠨ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠪᠠᠢᠴᠠᠭᠠᠬᠤ ᠠᠵᠢᠯ ᠤ᠋ᠨ ᠡᠭᠦᠷᠭᠡ ᠲᠤᠱᠢᠶᠠᠯ ᠵᠢᠡᠨ ᠭᠦᠶ᠋ᠴᠡᠳᠭᠡᠬᠦ᠌ ᠪᠥᠬᠥ᠌ ᠶᠠᠪᠤᠴᠠ᠂ ᠡᠯ᠎ᠡ ᠲᠠᠯ᠎ᠠ ᠳ᠋ᠦ ᠠᠭᠤᠰᠭᠠᠨ ᠣᠷᠣᠭᠤᠯᠵᠤ᠂ ᠠᠮᠤᠷ ᠲᠦᠪᠱᠢᠨ ᠲᠣᠭ᠍ᠲᠠᠭᠤᠨ ᠪᠠᠢᠳᠠᠯ ᠢ᠋ ᠬᠠᠮᠠᠭᠠᠯᠠᠬᠤ᠂ ᠠᠷᠠᠳ ᠤ᠋ᠨ ᠠᠮᠢᠳᠤᠷᠠᠯ ᠠᠷᠠᠳ ᠤ᠋ᠨ ᠠᠱᠢᠭ ᠲᠤᠰᠠ ᠵᠢ ᠪᠠᠲᠤᠯᠠᠬᠤ᠂ ᠨᠡᠢᠭᠡᠮᠦᠨ ᠵᠠᠰᠠᠯᠲᠠ ᠵᠢᠨ ᠦᠢᠯᠡᠳᠦᠯ ᠴᠢᠳᠠᠮᠵᠢ ᠵᠡᠷᠭᠡᠳᠦ ᠠᠩᠬᠠᠷᠤᠯ ᠵᠢᠡᠨ ᠲᠥᠪᠯᠡᠷᠡᠭᠦᠯᠵᠦ᠍᠂ ᠪᠠᠢᠴᠠᠭᠠᠬᠤ ᠠᠵᠢᠯ ᠤ᠋ᠨ ᠭᠠᠷᠳᠠᠬᠤ ᠴᠡᠭ ᠪᠠ ᠬᠦᠴᠦᠯᠡᠬᠦ᠌ ᠴᠡᠭ ᠢ᠋ ᠣᠨᠣᠪᠴᠢᠲᠠᠶ ᠣᠯᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ ᠵᠢᠡᠨ ᠦᠨᠡᠨ ᠬᠦ᠌ ᠬᠠᠤᠯᠢ ᠴᠠᠭᠠᠵᠠ ᠵᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠡᠨ ᠴᠢᠨᠠᠷ ᠰᠠᠢᠲᠠᠶ ᠪᠦᠲᠦᠮᠵᠢᠲᠡᠶ ᠭᠦᠶ᠋ᠴᠡᠳᠭᠡᠬᠦ᠌᠂ ᠨᠡᠢᠭᠡᠮᠦᠨ ᠲᠥᠪ ᠭᠤᠤᠯᠴᠢ ᠱᠢᠳᠤᠷᠭᠤ ᠶᠣᠰᠣ ᠵᠢ ᠬᠠᠮᠠᠭᠠᠯᠠᠬᠤ ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠪᠢᠴᠢᠭ᠌ᠯᠡᠬᠦ᠌ᠳᠦ ᠪᠠᠢᠴᠠᠭᠠᠬᠤ ᠬᠦᠴᠦᠨ ᠴᠢᠳᠠᠯ ᠵᠢᠡᠨ ᠨᠡᠮᠡᠷᠢᠯᠡᠨ᠎ᠡ》 ᠭᠡᠪᠡ᠃