ᠦᠶᠤᠸᠠᠨ ᠱᠢᠶᠠᠨ᠎ᠤ 《ᠬᠣᠶᠠᠷ ᠲᠥᠯᠥᠭᠡᠯᠡᠬᠴᠢ ᠨᠢᠭᠡ ᠭᠡᠱᠢᠭᠦᠨ》 ᠤ᠋ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠲᠡᠮᠳᠡᠭ᠌ᠯᠡᠯ
2025-11-23 12:07:24
ᠵᠣᠬᠢᠶᠠᠭ᠍ᠴᠢ᠄
​ᠱᠢᠤᠸᠠᠢ ᠯᠠᠢ
ᠣᠩᠱᠢᠭ᠍ᠰᠠᠨ ᠣᠳᠠᠭ᠎ᠠ᠄
★★★☆☆

ᠡᠪᠦᠯ᠎ᠦᠨ ᠡᠬᠢᠨ ᠤ᠋  ᠨᠡᠷᠡᠨ ᠤ᠋ ᠲᠤᠶᠠᠭ᠎ᠠ ᠪᠠᠶᠠᠨᠨᠠᠭᠤᠷ ᠬᠤᠳᠠ᠎ᠶ᠋ᠢᠨ ᠦᠶᠤᠸᠠᠨ ᠱᠢᠶᠠᠨ᠎ᠤ ᠴᠢᠩ ᠶᠤᠸᠠᠨ ᠰᠠᠭᠤᠭᠠᠯᠢ ᠠᠷᠠᠳ᠎ᠤᠨ ᠲᠣᠭᠣᠷᠢᠭ᠎ᠤᠨ ᠱᠢᠨ᠎ᠡ᠎ᠪᠡᠷ ᠤᠭ᠍ᠰᠠᠷᠠᠭ᠍ᠰᠠᠨ ᠠᠮᠠᠷᠠᠨ ᠰᠡᠯᠡᠭᠦᠴᠡᠬᠦ᠎ᠰᠠᠨᠳᠠᠯᠢ ᠳᠡᠭᠡᠷ᠎ᠡ ᠡᠶᠡᠪᠡᠷᠭᠦᠦ ᠲᠤᠰᠴᠤ᠂ ᠲᠠᠪᠠᠳᠠᠢᠬᠠᠨ ᠰᠠᠭᠤᠵᠤ ᠵᠤᠭᠤᠭ ᠲᠡᠯᠭᠡᠨ ᠬᠦᠭᠡᠷᠦᠯᠳᠦᠬᠦ ᠬᠡᠳᠦᠨ ᠨᠠᠰᠤᠲᠠᠨ᠎ᠤ ᠲᠠᠭᠤᠨ ᠠᠶᠠᠳᠠᠢᠬᠠᠨ ᠰᠤᠨᠤᠰᠳᠠᠨ᠎ᠠ᠃

《ᠡᠳᠡᠭᠡᠷ ᠠᠮᠠᠷᠠᠨ ᠰᠡᠯᠡᠬᠦᠴᠡᠬᠦ ᠰᠠᠨᠳᠠᠯᠢ ᠵᠢ ᠲᠤᠬᠢᠷᠠᠭᠤᠯᠤᠬᠰᠠᠨ ᠨᠢ ᠮᠠᠰᠢ ᠰᠠᠢᠨ ᠪᠤᠯᠵᠠᠢ᠂ ᠨᠠᠷᠠ ᠡᠭᠡᠭᠡᠭᠦ᠎ᠳᠦ ᠦᠨᠡᠬᠡᠷ ᠲᠠᠭᠠᠲᠠᠢ》 ᠭᠡᠵᠦ ᠰᠠᠭᠤᠭᠠᠯᠢ ᠠᠷᠠᠳ ᠸᠠᠩ᠎ᠪᠠᠨ ᠷᠧᠨ ᠰᠠᠨᠳᠠᠯᠢ᠎ᠶ᠋ᠢᠨ ᠲᠦᠱᠢᠯᠭᠡ᠎ᠶ᠋ᠢ ᠬᠥᠩᠭᠡᠬᠡᠨ ᠲᠠᠪᠰᠢᠵᠤ ᠪᠠᠶᠠᠷᠲᠠᠢᠬᠠᠨ ᠬᠡᠯᠡᠨ᠎ᠠ᠃

《ᠲᠡᠢᠮᠦ᠍ ᠡ᠂ ᠮᠠᠨ᠎ᠤ ᠬᠣᠷᠢᠶᠠᠯᠠᠯ᠎ᠳᠤ ᠨᠠᠰᠤᠲᠠᠢᠴᠤᠳ ᠣᠯᠠᠨ᠂ ᠣᠳᠣ ᠬᠠᠮᠢᠭ᠎ᠠ ᠣᠴᠢᠭ᠍ᠰᠠᠨ ᠴᠤ᠌ ᠪᠦᠷ ᠠᠮᠠᠷᠠᠬᠤ ᠭᠠᠵᠠᠷ᠎ᠲᠠᠶ᠂ ᠡᠨᠡ ᠴᠢᠨᠢ ᠪᠦᠷ ᠵᠠᠩ ᠭᠡᠱᠢᠭᠦᠨ᠎ᠦ ᠰᠠᠢᠨ ᠵᠢᠡᠷ ᠰᠢᠤ》 ᠭᠡᠵᠦ ᠳ᠋ᠠᠩ ᠬᠦᠶ ᠯᠢᠶᠠᠨ ᠦᠭᠡ ᠡᠯᠬᠦᠨ᠎ᠠ᠃

ᠰᠠᠭᠤᠭᠠᠯᠢ ᠠᠷᠠᠳ᠎ᠤᠨ ᠬᠡᠯᠡᠳᠡᠭ 《ᠵᠠᠩ ᠭᠡᠱᠢᠭᠦᠨ》 ᠪᠣᠯ ᠦᠶᠤᠸᠠᠨ ᠱᠢᠶᠠᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠵᠠᠩ ᠸᠧᠢ ᠪᠣᠯᠤᠨ᠎ᠠ᠃ ᠦᠶᠤᠸᠠᠨ ᠱᠢᠶᠠᠨ᠎ᠤ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》 ᠪᠣᠯᠤᠭ᠍ᠰᠠᠨ᠎ᠤ ᠬᠤᠪᠢ᠎ᠳᠤ᠂ ᠲᠡᠷᠡ ᠨᠢᠭᠡ ᠤᠳᠠᠭᠠᠨ᠎ᠤ ᠰᠤᠷᠪᠤᠯᠵᠢᠯᠠᠯ ᠬᠦᠯᠢᠶᠡᠬᠦ᠌ ᠠᠵᠢᠯᠯᠠᠭ᠎ᠠ ᠳᠤᠮᠳᠠ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ ᠲᠤᠨᠤᠭ ᠲᠥᠬᠥᠭᠡᠷᠦᠮᠵᠢ ᠳᠤᠲᠠᠭ᠍ᠳᠠᠵᠤ ᠪᠠᠢᠬᠤ ᠠᠰᠠᠭᠤᠳᠠᠯ᠎ᠢ ᠤᠢᠯᠠᠭᠠᠵᠤ᠂ ᠰᠠᠨᠠᠭᠠᠴᠢᠯᠠᠭ᠎ᠠ᠎ᠠᠴᠠ᠎ᠪᠠᠨ ᠡᠨᠡ ᠬᠦ᠌ ᠠᠷᠠᠳ᠎ᠤᠨ ᠠᠮᠢᠳᠤᠷᠠᠯ ᠳ᠋ᠤ ᠬᠤᠯᠪᠤᠭᠳᠠᠬᠤ ᠪᠣᠳᠠᠲᠤ ᠶᠠᠪᠤᠳᠠᠯ᠎ᠢ  ᠬᠦᠯᠢᠶᠠᠨ ᠠᠪᠴᠤ᠂ ᠵᠤᠭᠤᠰ ᠮᠦᠡᠭᠭᠦ ᠭᠠᠷᠭᠠᠨ ᠴᠢᠩ ᠶᠤᠸᠠᠨ ᠰᠠᠭᠤᠭᠠᠯᠢ ᠠᠷᠠᠳ᠎ᠤᠨ ᠲᠣᠭᠣᠷᠢᠭ᠎ᠲᠤ 10 ᠠᠮᠠᠷᠠᠨ ᠰᠡᠯᠡᠬᠦᠴᠡᠬᠦ ᠰᠠᠨᠳᠠᠯᠢ ᠤᠭ᠍ᠰᠠᠷᠠᠵᠤ ᠥᠭ᠌ᠴᠡᠶ᠃

《ᠬᠠᠷᠢᠶ᠎ᠠ ᠣᠷᠣᠨ᠎ᠤ ᠰᠠᠭᠤᠭᠠᠯᠢ ᠠᠷᠠᠳ᠎ᠤᠨ ᠪᠣᠳᠠᠲᠠᠢ ᠠᠰᠠᠭᠤᠳᠠᠯ᠎ᠢ ᠱᠢᠢᠳᠪᠦᠷᠢᠯᠡᠨ ᠦᠭᠴᠦ᠂ ᠰᠠᠭᠤᠭᠠᠯᠢ ᠠᠷᠠᠳ᠎ᠤᠨ ᠵᠢᠷᠭᠠᠯᠲᠤ ᠲᠦᠷᠦᠭ᠌ᠳᠡᠯ᠎ᠢ ᠨᠡᠮᠡᠭᠳᠡᠭᠦᠯᠦᠭᠰᠡᠨ ᠳ᠋ᠡᠭᠡᠨ ᠪᠢ ᠮᠠᠰᠢ ᠪᠠᠶᠠᠷᠳᠠᠢ ᠪᠠᠢᠨ᠎ᠠ》 ᠭᠡᠵᠦ ᠵᠠᠩ ᠸᠧᠶ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠬᠡᠯᠡᠪᠡ᠃ ᠲᠠᠷᠨ᠄《ᠲᠡᠳᠡᠭᠡᠷ ᠰᠠᠨᠳᠠᠯᠢ ᠳᠡᠭᠡᠷ᠎ᠡ ᠰᠠᠭᠤᠨ ᠵᠣᠭᠣᠭ᠍ᠳᠠᠵᠤ ᠪᠠᠢᠬᠤ ᠨᠠᠰᠤᠲᠠᠢᠴᠤᠳ᠎ᠢ ᠬᠠᠷᠠᠬᠤ ᠪᠤᠯᠭᠠᠨ ᠪᠢ ᠥᠪᠡᠷ ᠵᠢᠡᠨ ᠨᠢᠭᠡᠨ ᠵᠦᠪ ᠠᠵᠢᠯ ᠬᠢᠭᠰᠡᠨ ᠭᠡᠵᠦ ᠪᠤᠳᠤᠳᠠᠭ》 ᠭᠡᠪᠡ᠃

ᠵᠠᠩ ᠸᠧᠶ᠎ᠲᠡᠶ ᠠᠳᠠᠯᠢᠬᠠᠨ ᠵᠢᠡᠷ ᠠᠷᠠᠳ᠎ᠤᠨ ᠲᠥᠯᠥᠭᠡᠯᠡᠭ᠌ᠴᠢ ᠸᠠᠩ ᠵᠢᠶᠦ᠋ᠨ ᠪᠠᠰᠠ ᠰᠠᠭᠤᠭᠠᠯᠢ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠲᠤᠩ ᠠᠩᠬᠠᠷᠳᠠᠭ᠃ ᠨᠢᠭᠡ ᠤᠳᠠᠭᠠᠨ᠎ᠤ ᠪᠠᠢᠴᠠᠭᠠᠨ ᠰᠤᠳᠤᠯᠤᠯᠲᠠ ᠳᠤᠮᠳᠠ  ᠲᠡᠷᠡ ᠴᠢᠩ ᠶᠤᠸᠠᠨ ᠲᠣᠭᠣᠷᠢᠭ᠎ᠤᠨ ᠭᠡᠷᠡᠯᠲᠦᠭᠦᠯᠭᠡ ᠬᠦᠷᠦᠯᠴᠡᠬᠦ ᠥᠬᠡᠶ᠂ ᠰᠠᠭᠤᠭᠠᠯᠢ ᠠᠷᠠᠳ ᠰᠥᠨᠢ᠎ᠪᠡᠷ ᠶᠠᠪᠤᠵᠤ ᠰᠠᠭᠤᠬᠤ᠎ᠳᠤ ᠠᠮᠤᠷ ᠲᠦᠪᠱᠢᠨ᠎ᠦ ᠬᠡᠮ ᠰᠤᠭᠤᠭ ᠣᠷᠣᠱᠢᠵᠤ ᠪᠠᠢᠬᠤ᠎ᠶ᠋ᠢ ᠣᠯᠵᠤ ᠮᠡᠳᠡᠵᠡᠶ᠃

ᠸᠠᠩ ᠵᠢᠶᠦ᠋ᠨ ᠥᠪᠡᠷ ᠵᠢᠡᠨ ᠵᠤᠭᠤᠰ ᠭᠠᠷᠭᠠᠨ ᠪᠠᠷᠢᠯᠭ᠎ᠠ᠎ᠶ᠋ᠢᠨ ᠪᠦᠯᠬᠦᠮ ᠤᠷᠢᠵᠤ ᠲᠤᠬᠠᠶ᠎ᠶ᠋ᠢᠨ ᠭᠠᠵᠠᠷ᠎ᠲᠤᠨᠢ ᠬᠠᠢᠨ ᠬᠡᠮᠵᠢᠵᠦ᠂ ᠰᠠᠭᠤᠭᠠᠯᠢ ᠠᠷᠠᠳ ᠤ᠋ᠨ ᠲᠣᠭᠣᠷᠢᠭ᠎ᠤᠨ 11 ᠠᠰᠠᠷ᠂ 6 ᠬᠠᠷᠠᠩᠭᠤᠢ ᠣᠷᠣᠨ᠎ᠢ ᠪᠦᠷᠬᠦᠭ᠌ᠰᠡᠨ ᠭᠡᠷᠡᠯᠲᠦᠭᠦᠯᠭᠡ᠎ᠶ᠋ᠢᠨ ᠲᠥᠯᠥᠪᠵᠢᠭᠦᠯᠭᠡ᠎ᠶ᠋ᠢᠨ ᠵᠢᠷᠤᠭ ᠵᠢᠷᠤᠵᠤ᠂ ᠰᠠᠭᠤᠭᠠᠯᠢ ᠠᠷᠠᠳ ᠤ᠋ᠨ ᠲᠣᠭᠣᠷᠢᠭ᠎ᠲᠤ ᠨᠡᠷᠡᠨ ᠡᠨᠧᠷᠭᠢ᠎ᠶ᠋ᠢᠨ ᠵᠠᠮ᠎ᠤᠨ ᠳ᠋ᠧᠩ 30 ᠤᠭ᠍ᠰᠠᠷᠠᠵᠦ ᠦᠭᠪᠡ᠃

《ᠥᠩᠭᠡᠷᠡᠭ᠌ᠰᠡᠨ᠎ᠳᠦ ᠰᠥᠨᠢ ᠪᠣᠯᠤᠭ᠍ᠰᠠᠭᠠᠷ ᠰᠠᠭᠤᠭᠠᠯᠢ ᠠᠷᠠᠳ ᠪᠠᠷᠤᠭ ᠭᠡᠷ᠎ᠡᠴᠡ᠎ᠪᠡᠨ ᠭᠠᠷᠳᠠᠭ  ᠦᠭᠡᠢ᠂ ᠭᠠᠳᠠᠭ᠍ᠰᠢ ᠭᠠᠷᠤᠭ᠍ᠰᠠᠨ ᠴᠤ᠌ ᠤᠨᠠᠵᠤ ᠣᠢᠴᠢᠬᠤ᠎ᠠᠴᠠ ᠮᠠᠰᠢ ᠬᠢᠴᠢᠶᠡᠳᠡᠭ᠃ ᠵᠠᠮ᠎ᠤᠨ ᠳ᠋ᠧᠩ ᠤᠭ᠍ᠰᠠᠷᠠᠭ᠍ᠰᠠᠨ᠎ᠠᠴᠠ ᠰᠡᠭᠦᠯᠡᠷ᠂ ᠪᠢᠳᠡᠨ᠎ᠤ ᠰᠥᠨᠢ᠎ᠪᠡᠷ ᠬᠥᠳᠡᠯᠭᠡᠭᠡᠨ ᠬᠢᠬᠦ ᠳ᠋ᠤ ᠲᠦᠬᠦᠮ ᠪᠤᠯᠵᠤ ᠨᠠᠩ ᠬᠥᠭ᠌ᠵᠢᠶᠡᠨ᠎ᠲᠡᠶ ᠪᠣᠯᠤᠯ᠎ᠠ》 ᠭᠡᠵᠦ᠍ ᠰᠠᠭᠤᠭᠠᠯᠢ ᠠᠷᠠᠳ ᠸᠸᠠ ᠭᠦᠢ ᠰᠢᠶᠦ᠋ᠨ  ᠪᠠᠶᠠᠷᠳᠠᠢ ᠬᠡᠯᠡᠨ᠎ᠡ᠃

ᠲᠦᠮᠡ ᠭᠠᠷᠤᠢ ᠲᠥᠭᠥᠷᠢᠭ ᠵᠠᠷᠤᠴᠠᠭᠤᠯᠤᠭ᠍ᠰᠠᠨ ᠡᠨᠡ ᠬᠦ᠌ ᠢᠨᠵᠧᠨᠧᠷᠢᠩ ᠨᠢ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ ᠲᠸ᠋ ᠬᠡᠷᠡᠯ ᠭᠡᠭᠡ ᠠᠪᠴᠢᠷᠠᠬᠰᠠᠨ᠎ᠢᠶᠠᠷ ᠪᠠᠷᠠᠬᠤ ᠦᠭᠡᠢ᠂ ᠨᠡᠩ ᠴᠤ᠌ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠦ 《ᠠᠷᠠᠳ᠎ᠤᠨ ᠪᠠᠢᠳᠠᠯ᠎ᠢ ᠣᠢᠯᠠᠭᠠᠵᠤ᠂ ᠠᠷᠠᠳ᠎ᠤᠨ ᠬᠦᠴᠢᠷᠳᠡᠯ ᠢ᠋ ᠰᠢᠢᠳᠪᠤᠷᠢᠯᠡᠬᠦ》 ᠬᠠᠷᠢᠭᠤᠴᠠᠯᠭ᠎ᠠ ᠡᠭᠦᠷᠭᠡᠯᠡᠯ᠎ᠢ᠋ ᠢᠯᠡᠷᠡᠬᠦᠯᠪᠡ᠃

《ᠦᠨᠳᠦᠰᠦᠨ ᠱᠠᠲᠤᠨ᠎ᠤ ᠵᠠᠰᠠᠯᠲᠠ ᠨᠢ ᠶᠠᠭ ᠯᠠ ᠵᠠᠮ᠎ᠤᠨ ᠳ᠋ᠧᠩ᠎ᠢ ᠭᠡᠷᠡᠯᠲᠦᠭᠦᠯᠬᠦ᠌ ᠲᠠᠢ ᠠᠳᠠᠯᠢ᠂ ᠨᠢᠳᠦᠨ ᠡᠮᠦᠨᠡᠬᠢ ᠵᠠᠮ᠎ᠢ ᠭᠡᠷᠡᠯᠲᠦᠭᠦᠯᠬᠦ᠌ ᠬᠡᠷᠡᠭᠳᠡᠢ ᠮᠥᠷᠲᠡᠭᠡᠨ ᠨᠠᠩ ᠴᠤ᠌ ᠠᠷᠠᠳ ᠣᠯᠠᠨ᠎ᠤ ᠰᠡᠳᠭᠢᠯ᠎ᠢ ᠳᠤᠯᠠᠭᠠᠴᠠᠭᠤᠯᠬᠤ ᠬᠡᠷᠡᠭ᠌ᠲᠡᠶ᠃ ᠪᠢᠳᠡᠨ᠎ᠦ ᠬᠢᠵᠦ᠍ ᠪᠠᠢᠭ᠎ᠠ ᠠᠵᠢᠯ ᠪᠣᠯ ᠳᠠᠷᠤᠢ ᠰᠠᠭᠤᠭᠠᠯᠢ ᠠᠷᠠᠳ ᠪᠦᠬᠦᠨ᠎ᠳᠦ ᠨᠠᠮ ᠵᠠᠰᠠᠭ᠎ᠤᠨ ᠬᠠᠢᠷ᠎ᠠ ᠬᠠᠯᠠᠮᠵᠢ ᠵᠢ ᠮᠡᠳᠡᠷᠡᠭᠦᠯᠬᠦ᠌ ᠶᠠᠪᠤᠳᠠᠯ ᠪᠣᠯᠤᠨ᠎ᠠ》 ᠭᠡᠵᠦ᠍ ᠸᠠᠩ ᠵᠢᠶᠦ᠋ᠨ ᠬᠡᠯᠡᠪᠡ᠃

ᠦᠶᠤᠸᠠᠨ ᠱᠢᠶᠠᠨ᠎ᠤ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ  ᠵᠢᠨ ᠶᠡᠬᠡ ᠲᠢᠩᠬᠢᠮ᠎ᠳᠦ᠂ ᠳᠡᠳ᠋ ᠲᠣᠪᠴᠢᠶᠠᠨ ᠳᠠᠷᠤᠭ᠎ᠠ ᠵᠣᠣ ᡁᠢ ᠭᠦᠸᠧ ᠵᠢ ᠬᠡᠳᠦᠨ ᠬᠦᠮᠦᠨ ᠲᠤᠭᠤᠷᠢᠨ ᠵᠤᠬᠰᠤᠨ᠎ᠠ᠃ ᠲᠡᠷᠡ᠄ 《ᠪᠢᠲᠡᠭᠡᠢ ᠶᠠᠭᠠᠷᠠ᠂ ᠥᠨᠥᠳᠦᠷ ᠤᠯᠠᠠ᠎ᠤ ᠠᠰᠠᠭᠤᠳᠠᠯ᠎ᠢ ᠨᠢᠭᠡᠳ ᠨᠢᠭᠡ ᠪᠡᠷ ᠱᠢᠢᠳᠪᠦᠷᠢᠯᠡᠵᠦ᠍ ᠥᠭ᠌ᠬᠦᠨ᠎ᠡ》 ᠭᠡᠵᠦ ᠤᠯᠠᠨ ᠢ᠋ ᠲᠠᠢᠳᠬᠤᠷᠠᠭᠤᠯᠤᠨ᠎ᠠ᠃

ᠲᠡᠷᠡ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠬᠢᠨᠠᠮᠠᠭᠠᠢ ᠰᠣᠨᠣᠰᠴᠤ᠌᠂ ᠬᠣᠯᠪᠣᠭ᠍ᠳᠠᠯ ᠪᠦᠬᠦᠢ ᠲᠦᠷᠦ᠍᠎ᠶ᠋ᠢᠨ ᠪᠤᠳᠤᠯᠭ᠎ᠠ᠎ᠶ᠋ᠢ ᠨᠠᠷᠢᠨ ᠲᠠᠢᠯᠪᠤᠷᠢᠯᠠᠵᠤ᠂ ᠰᠠᠭᠤᠭᠠᠯᠢ ᠠᠷᠠᠳ᠎ᠤ᠋ᠨ ᠨᠡᠢᠭᠡᠮ᠎ᠦᠨ ᠪᠠᠲᠤᠯᠠᠭ᠎ᠠ᠎ᠶ᠋ᠢ ᠨᠥᠬᠥᠪᠥᠷᠢᠯᠡᠨ ᠲᠤᠱᠢᠶᠠᠬᠤ ᠵᠢ ᠳᠠᠷᠤᠢᠬᠠᠨ ᠵᠤᠬᠢᠴᠠᠭᠤᠯᠵᠤ᠂ ᠬᠣᠢᠱᠢᠳᠠ ᠬᠡᠷᠬᠢᠨ ᠲᠠᠰᠤᠯᠳᠠᠯ ᠦᠭᠡᠢ ᠲᠤᠱᠢᠶᠠᠬᠤ ᠠᠷᠭ᠎ᠠ᠎ᠶ᠋ᠢ ᠬᠡᠯᠡᠵᠦ᠍ ᠥᠭ᠌ᠴᠡᠢ᠃ ᠠᠰᠠᠭᠤᠳᠠᠯ ᠢ᠋ ᠱᠢᠶ᠋ᠳᠪᠦᠷᠢᠯᠡᠭ᠌ᠰᠡᠨ᠎ᠦ ᠳᠠᠷᠠᠭ᠎ᠠ᠂ ᠶᠡᠬᠡ ᠲᠢᠩᠬᠢᠮ᠎ᠳᠦ ᠲᠡᠳᠡ ᠨᠢᠵᠢᠭᠢᠨᠡᠲᠡᠯ᠎ᠡ ᠠᠯᠠᠭ᠎ᠠ ᠲᠠᠱᠢᠪᠠ᠃

ᠵᠣᠣ ᡁᠢ ᠭᠦᠸᠧ ᠄ 《ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠠᠵᠢᠯ᠎ᠳᠤ ᠪᠠᠭ᠎ᠠ ᠶᠠᠪᠤᠳᠠᠯ ᠭᠡᠵᠦ᠍ ᠥᠬᠡᠶ᠂ ᠠᠯᠢᠪᠠ ᠤᠴᠢᠷ ᠶᠠᠪᠤᠳᠠᠯ ᠨᠢ ᠪᠦᠷ ᠨᠠᠮ ᠪᠠ ᠠᠷᠠᠳ᠎ᠤᠨ ᠰᠡᠳᠭᠢᠯ ᠲᠠᠢ ᠬᠣᠯᠪᠣᠯᠳᠤᠵᠤ ᠪᠠᠢᠳᠠᠭ᠃ ᠪᠢᠳᠡ ᠰᠦᠯᠵᠢᠶᠡᠨ ᠳᠡᠭᠡᠷ᠎ᠡ ᠭᠦᠶ᠋ᠴᠡᠳᠭᠡᠬᠦ᠌᠂ ᠣᠢᠷ᠎ᠠ ᠬᠠᠪᠢ᠎ᠳᠤ᠎ᠪᠠᠨ ᠭᠦᠶ᠋ᠴᠡᠳᠭᠡᠬᠦ᠌ ᠵᠡᠷᠭᠡ ᠠᠷᠭ᠎ᠠ ᠬᠡᠮᠵᠢᠶ᠎ᠡ ᠭᠠᠷᠭᠠᠨ ᠬᠡᠷᠡᠭᠵᠢᠬᠦᠯᠪᠡ᠃ ᠣᠯᠠᠨ ᠲᠦᠮᠡᠨ ᠭᠠᠷ ᠤᠲᠠᠰᠤᠨ᠎ᠤ APP ᠵᠢ ᠰᠣᠩᠭᠣᠵᠤ ᠲᠤᠬᠠᠢᠯᠠᠭ᠍ᠰᠠᠨ ᠠᠵᠢᠯ᠎ᠢᠶᠠᠨ ᠭᠦᠶ᠋ᠴᠡᠳᠭᠡᠵᠦ᠍ ᠪᠣᠯᠤᠨ᠎ᠠ᠂ ᠪᠠᠰᠠ ᠣᠢᠷ᠎ᠠ ᠬᠠᠪᠢ᠎ᠶ᠋ᠢᠨ ᠨᠡᠢᠭᠡᠮ ᠲᠣᠭᠣᠷᠢᠭ ᠱᠢᠶᠠᠩ ᠪᠠᠯᠭᠠᠰᠤ ᠪᠤᠶᠤ ᠬᠤᠷᠱᠢᠭ᠍ᠰᠠᠨ ᠪᠠᠩᠬᠢ᠎ᠳᠤ ᠬᠦᠷᠴᠦ᠍ ᠭᠦᠶ᠋ᠴᠡᠳᠭᠡᠵᠦ᠍ ᠪᠣᠯᠤᠨ᠎ᠠ᠂ ᠣᠯᠠᠨ ᠲᠦᠮᠡᠨ᠎ᠳᠦ ᠦᠶ᠋ᠯᠡᠴᠢᠯᠡᠬᠦ᠌ 〈ᠡᠴᠦᠰ᠎ᠦᠨ ᠨᠢᠭᠡ ᠺᠢᠯᠣᠮᠧᠲ᠋ᠷ〉 ᠢ᠋ ᠦᠨᠡᠨ ᠬᠦ᠌ ᠨᠡᠪᠲᠡᠷᠡᠭᠦᠯᠵᠡᠢ》 ᠭᠡᠪᠡ᠃ ᠡᠳᠡᠭᠡᠷ ᠰᠠᠢᠨ ᠰᠠᠢᠬᠠᠨ ᠪᠠᠢᠳᠠᠯ ᠪᠣᠯ ᠦᠶᠤᠸᠠᠨ ᠱᠢᠶᠠᠨ᠎ᠤ 《ᠬᠣᠶᠠᠷ ᠲᠥᠯᠥᠭᠡᠯᠡᠭᠴᠢ ᠨᠢᠭᠡ ᠭᠡᠱᠢᠭᠦᠨ》 ᠤ᠋ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ᠎ᠦ ᠠᠮᠢᠳᠤᠯᠢᠭ ᠵᠢᠷᠤᠭᠯᠠᠯ  ᠪᠣᠯᠤᠨ᠎ᠠ᠃

ᠣᠢᠯᠠᠭᠠᠭ᠍ᠰᠠᠨ᠎ᠢᠶᠠᠷ᠂ ᠦᠶᠤᠸᠠᠨ ᠱᠢᠶᠠᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠂ ᠤᠯᠤᠰ ᠲᠥᠷᠥ᠎ᠶ᠋ᠢᠨ ᠵᠥᠪᠯᠡᠯᠭᠡᠨ ᠲᠦᠷᠦᠭᠦᠯᠡᠨ《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》᠎ᠤ᠋ ᠦᠷᠦᠭᠡ᠎ᠵᠢ ᠪᠠᠢᠭᠤᠯᠵᠤ᠂ ᠱᠢᠶᠠᠨ᠎ᠤ ᠨᠡᠢᠭᠡᠮ᠎ᠦᠨ ᠠᠵᠢᠯ᠎ᠤᠨ ᠦᠶ᠋ᠯᠡᠴᠢᠯᠡᠭᠡᠨ᠎ᠦ ᠲᠥᠪ ᠡᠳᠦᠷ ᠲᠤᠲᠤᠮ᠎ᠤᠨ ᠠᠵᠢᠯ᠎ᠢ ᠬᠠᠷᠢᠭᠤᠴᠠᠪᠠ᠃ ᠣᠳᠣᠬᠠᠨ᠎ᠳᠤ᠂ ᠦᠶᠤᠸᠠᠨ ᠱᠢᠶᠠᠨ  ᠱᠢᠶᠠᠨ᠎ᠤ ᠱᠠᠲᠤᠨ᠎ᠤ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》 ᠎ᠤ᠋ ᠦᠷᠦᠭᠡ 1᠂ ᠨᠡᠢᠭᠡᠮ ᠲᠣᠭᠣᠷᠢᠭ᠎ᠤᠨ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》ᠤ᠋ ᠦᠷᠦᠭᠡ 2᠂ ᠲᠥᠯᠥᠭᠡᠯᠡᠭ᠌ᠴᠢ ᠭᠡᠱᠢᠭᠦᠳ᠎ᠦᠨ ᠬᠠᠷᠢᠯᠴᠠᠬᠤ ᠳᠤᠭᠤᠢᠯᠠᠩ᠎ᠢ 12 ᠪᠠᠢᠭᠤᠯᠤᠭ᠍ᠰᠠᠨ᠎ᠤ ᠬᠠᠮᠲᠤ《ᠰᠦᠯᠵᠢᠶᠡᠨ ᠳᠡᠭᠡᠷᠡᠬᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠷᠦᠭᠡ》ᠵᠢᠷᠬᠢᠶ᠎ᠡ᠎ᠶᠢᠨ ᠵᠢᠵᠢᠭ ᠫᠷᠤᠭ᠌ᠷᠠᠮ᠎ᠢ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》 ᠤ᠋ ᠦᠷᠦᠭᠡ ᠪᠣᠯᠭᠠᠨ ᠥᠷᠭᠡᠳᠭᠡᠨ ᠲᠠᠰ ᠳᠡᠪᠱᠢᠭᠦᠯᠵᠦ᠍᠂ ᠰᠦᠯᠵᠢᠶᠡᠨ ᠳᠡᠭᠡᠷᠡᠬᠢ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠲᠠᠪᠴᠠᠩ᠎ᠢ ᠠᠭᠤᠰᠤᠯᠴᠠᠭᠤᠯᠤᠨ ᠪᠠᠢᠭᠤᠯᠪᠠ᠃

ᠦᠶᠤᠸᠠᠨ ᠱᠢᠶᠠᠨ᠎ᠤ ᠨᠡᠢᠭᠡᠮ᠎ᠦᠨ ᠠᠵᠢᠯ᠎ᠤᠨ ᠦᠶ᠋ᠯᠡᠴᠢᠯᠡᠭᠡᠨ᠎ᠦ ᠲᠥᠪ᠎ᠦᠨ ᠡᠷᠬᠢᠯᠡᠭ᠌ᠴᠢ ᠲᠠᠩ ᠭᠦᠸᠧ ᠵᠥᠩ᠄ 《ᠱᠢᠶᠠᠨ᠎ᠤ ᠲᠦᠪ᠎ᠲᠤ ᠰᠠᠭᠤᠭ᠎ᠠ ᠪᠠ ᠠᠵᠢᠯᠯᠠᠵᠤ ᠪᠠᠢᠭ᠎ᠠ ᠡᠯ᠎ᠡ ᠱᠠᠲᠤᠨ᠎ᠤ 349 ᠲᠥᠯᠥᠭᠡᠯᠡᠭ᠌ᠴᠢ ᠭᠡᠱᠢᠭᠦᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ 〈ᠬᠣᠶᠠᠷ ᠲᠥᠯᠥᠭᠡᠯᠡᠭ᠌ᠴᠢ ᠨᠢᠭᠡ ᠭᠡᠱᠢᠭᠦᠨ〉ᠤ᠋ ᠦᠷᠦᠭᠡ ᠪᠡᠷ ᠳᠠᠮᠵᠢᠭᠤᠯᠤᠨ ᠠᠷᠠᠳ᠎ᠤᠨ ᠰᠠᠨᠠᠭ᠎ᠠ᠎ᠶ᠋ᠢ ᠰᠣᠨᠣᠰᠴᠤ᠌᠂ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢ ᠪᠠᠢᠩᠭᠤᠵᠢᠭᠤᠯᠵᠤ ᠪᠣᠯᠤᠨ᠎ᠠ》  ᠭᠡᠵᠦ ᠲᠠᠨᠢᠯᠴᠠᠭᠤᠯᠪᠠ᠃

《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》 ᠎ᠤ᠋ ᠦᠷᠦᠭᠡ᠎ᠵᠢ ᠪᠥᠲᠥᠭᠡᠨ ᠪᠠᠢᠭᠤᠯᠬᠤ ᠦᠶ᠎ᠡ᠎ᠳᠦ᠂ ᠦᠶᠤᠸᠠᠨ ᠱᠢᠶᠠᠨ ᠱᠠᠲᠤ ᠲᠠᠰ ᠪᠠ ᠬᠡᠯᠪᠡᠷᠢ᠎ᠳᠦ ᠪᠠᠷᠢᠭ᠍ᠳᠠᠬᠤ ᠥᠬᠡᠶ ᠪᠠᠢᠵᠤ᠂ ᠱᠢᠶᠠᠨ ᠪᠣᠯᠤᠨ ᠲᠥᠪ ᠬᠣᠶᠠᠷ ᠱᠠᠲᠤᠨ᠎ᠤ ᠬᠣᠯᠪᠣᠭ᠎ᠠ ᠠᠪᠴᠤ᠌ ᠦᠶ᠋ᠯᠡᠴᠢᠯᠡᠬᠦ᠌ ᠡᠭᠦᠷᠭᠡ ᠬᠠᠷᠢᠭᠤᠴᠠᠯᠭ᠎ᠠ᠎ᠶ᠋ᠢ ᠠᠭᠤᠰᠤᠯᠴᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠴᠢᠳᠠᠮᠵᠢ᠎ᠶ᠋ᠢ ᠠᠭᠤᠰᠤᠯᠴᠠᠭᠤᠯᠵᠤ ᠂ ᠦᠶᠤᠸᠠᠨ᠎ᠤ ᠣᠨᠴᠠᠯᠢᠭᠳᠤ 《4211》 ᠲᠥᠯᠥᠭᠡᠯᠡᠭ᠌ᠴᠢ ᠭᠡᠱᠢᠭᠦᠨ᠎ᠦ ᠬᠡᠷ᠎ᠲᠦᠨᠢ ᠬᠦᠷᠴᠦ᠍ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠠᠭ᠍ᠪᠤᠷ᠎ᠢ ᠪᠣᠶ ᠪᠣᠯᠭᠠᠪᠠ᠃

ᠡᠨᠡ ᠬᠦ᠌ ᠵᠠᠭ᠍ᠪᠤᠷ᠎ᠤᠨ ᠲᠤᠬᠠᠢ ᠲᠠᠩ ᠭᠦᠸᠧ ᠵᠥᠩ ᠨᠠᠷᠢᠨ ᠲᠠᠢᠯᠪᠤᠷᠢᠯᠠᠵᠤ ᠦᠭᠴᠡᠢ᠄《4》 ᠨᠢ 4 ᠵᠦᠶ᠋ᠯ᠎ᠦᠨ ᠡᠭᠦᠷᠭᠡ ᠴᠢᠳᠠᠪᠤᠷᠢ᠎ᠶ᠋ᠢ ᠲᠣᠳᠣᠷᠬᠠᠢᠯᠠᠪᠠ᠄ ᠲᠥᠯᠥᠭᠡᠯᠡᠭ᠌ᠴᠢ ᠭᠡᠱᠢᠭᠦᠳ ᠬᠡᠷ᠎ᠲᠤᠨᠢ ᠬᠦᠷᠴᠦ ᠣᠯᠠᠨ ᠲᠦᠮᠡᠨ᠎ᠢ ᠭᠥᠯᠢᠶᠡᠨ ᠠᠪᠬᠤ  ᠪᠠ ᠪᠣᠯᠵᠣᠨ ᠰᠤᠷᠪᠤᠯᠵᠢᠯᠠᠬᠤ᠂ ᠵᠠᠭᠠᠯᠳᠤᠬᠤ᠎ᠠᠴᠠ ᠡᠮᠦᠨ᠎ᠡ ᠡᠶᠡᠳᠡᠭᠦᠯᠬᠦ᠌᠂ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠣᠷᠣᠯᠠᠨ ᠭᠦᠶ᠋ᠴᠡᠳᠭᠡᠬᠦ᠌᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠲᠠᠨᠢᠵᠤ ᠠᠪᠬᠤ ᠵᠡᠷᠭᠡ ᠪᠤᠯᠤᠨ᠎ᠠ; 《2》 ᠨᠢ ᠭᠠᠷᠠᠭ ᠪᠦᠷᠢ ᠬᠣᠶᠠᠷ ᠤᠳᠠᠭ᠎ᠠ ᠭᠥᠯᠢᠶᠡᠨ ᠠᠪᠬᠤ ᠵᠢ ᠵᠢᠭᠠᠵᠤ ᠪᠠᠢᠨ᠎ᠠ᠂ ᠭᠠᠷᠠᠭ᠎ᠤᠨ ᠭᠤᠷᠪᠠᠨ᠂ ᠭᠠᠷᠠᠭ᠎ᠤᠨ ᠳᠥᠷᠪᠡᠨ᠎ᠪᠤᠯ ᠣᠯᠠᠨ ᠲᠦᠮᠡᠨ᠎ᠢ ᠭᠥᠯᠢᠶᠡᠨ ᠠᠪᠬᠤ ᠡᠳᠦᠷ ᠪᠠᠢᠵᠤ᠂ 6 ᠲᠥᠯᠥᠭᠡᠯᠡᠭ᠌ᠴᠢ ᠭᠡᠱᠢᠭᠦᠨ ᠬᠡᠷ᠎ᠲᠦᠨᠢ ᠬᠦᠷᠴᠦ ᠵᠢᠵᠢᠭᠦᠷᠯᠡᠨ᠎ᠡ᠃ ᠨᠢᠭᠡᠳᠦᠭᠡᠷ 《1》ᠪᠣᠯ ᠰᠠᠷ᠎ᠠ ᠪᠦᠷᠢ ᠨᠢᠭᠡ ᠤᠳᠠᠭ᠎ᠠ ᠲᠥᠪᠯᠡᠷᠡᠭᠦᠯᠦᠨ ᠰᠤᠳᠤᠯᠤᠨ ᠮᠠᠭᠠᠳᠯᠠᠬᠤ ᠪᠤᠯᠤᠨ᠎ᠠ᠂ 12345 ᠬᠠᠯᠠᠮᠱᠢᠯ ᠤᠲᠠᠰᠤ᠎ᠶ᠋ᠢᠨ ᠭᠦᠶ᠋ᠴᠡᠳᠭᠡᠬᠦ᠌ ᠲᠠᠪᠴᠠᠩ᠎ᠢ ᠵᠠᠯᠭᠠᠨ ᠨᠡᠪᠲᠡᠷᠡᠭᠦᠯᠵᠦ᠍᠂ ᠲᠥᠯᠥᠭᠡᠯᠡᠭ᠌ᠴᠢ ᠭᠡᠱᠢᠭᠦᠳ ᠰᠦᠯᠵᠢᠶ᠎ᠡ᠎ᠪᠡᠷ ᠳᠠᠮᠵᠢᠨ ᠬᠠᠯᠠᠮᠱᠢᠯ ᠤᠲᠠᠰᠤ᠎ᠪᠠᠷ ᠲᠤᠰᠬᠠᠭᠰᠠᠨ ᠬᠠᠯᠠᠮᠰᠢᠯ ᠠᠰᠠᠭᠤᠳᠠᠯ᠎ᠢ ᠠᠩᠬᠠᠷᠤᠯ ᠳ᠋ᠠᠭᠠᠨ ᠠᠪᠬᠤ ᠪᠠ ᠣᠯᠠᠨ ᠲᠦᠮᠡᠨ᠎ᠦ ᠰᠡᠳᠭᠢᠯ ᠬᠠᠨᠤᠮᠵᠢᠲᠠᠶ ᠪᠠᠢᠳᠠᠯ᠎ᠢ ᠬᠠᠷᠢᠭᠤ ᠰᠤᠷᠪᠤᠯᠵᠢᠯᠠᠨ᠎ᠠ᠃ ᠬᠣᠶᠠᠳᠤᠭᠠᠷ 《1》 ᠪᠣᠯ  ᠨᠢᠭᠡ ᠪᠦᠬᠦᠯᠢ ᠡᠳᠦᠷ ᠵᠢᠡᠷ ᠰᠦᠯᠵᠢᠶᠡᠨ ᠳᠡᠭᠡᠷ᠎ᠡ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ ᠪᠡᠷ ᠪᠡᠯᠡᠭᠡᠨ ᠪᠠᠢᠬᠤ ᠵᠢ ᠵᠢᠭᠠᠵᠤ ᠪᠠᠢᠨ᠎ᠠ᠂ ᠲᠥᠯᠥᠭᠡᠯᠡᠭ᠌ᠴᠢ ᠭᠡᠱᠢᠭᠦᠨ ᠰᠦᠯᠵᠢᠶᠡᠨ ᠳᠡᠭᠡᠷᠡᠬᠢ ᠠᠷᠭ᠎ᠠ ᠵᠠᠮ᠎ᠢᠶᠠᠷ 《ᠰᠤᠷᠤᠯᠴᠠᠬᠤ᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠂ ᠰᠣᠯᠢᠯᠴᠠᠬᠤ᠂ ᠦᠶ᠋ᠯᠡᠴᠢᠯᠡᠬᠦ᠌》 ᠎ᠶ᠋ᠢ ᠨᠢᠭᠡ ᠴᠣᠭ᠍ᠴᠠᠵᠢᠭᠤᠯᠬᠤ᠎ᠶ᠋ᠢ ᠪᠡᠶᠡᠯᠡᠭᠦᠯᠦᠨ᠎ᠡ᠃

ᠨᠢᠭᠡ ᠵᠢᠯ᠎ᠦᠨ ᠲᠤᠷᠱᠢᠬᠢ ᠠᠵᠢᠯᠯᠠᠭᠠᠨ᠎ᠢᠶᠠᠷ ᠳᠠᠮᠵᠢᠨ᠂  ᠲᠥᠯᠥᠭᠡᠯᠡᠭ᠌ᠴᠢ ᠭᠡᠱᠢᠭᠦᠨ ᠨᠡᠢᠲᠡ 620 ᠣᠯᠠᠨ ᠲᠦᠮᠡᠨ᠎ᠢ ᠭᠥᠯᠢᠶᠡᠨ ᠠᠪᠴᠤ᠌᠂ ᠣᠯᠠᠨ ᠲᠦᠮᠡᠨ᠎ᠦ ᠰᠠᠨᠠᠯ᠎ᠢ 364 ᠬᠤᠪᠢ ᠬᠣᠷᠢᠶᠠᠨ᠂ 110 ᠬᠤᠪᠢ᠎ᠶ᠋ᠢ᠎ᠨᠢ ᠲᠤᠬᠠᠶ᠎ᠶ᠋ᠢᠨ ᠲᠠᠯᠠᠪᠠᠶ᠎ᠳᠤ ᠲᠠᠢᠯᠪᠤᠷᠢᠯᠠᠨ ᠥᠭ᠌ᠭᠦᠭ᠌ᠰᠡᠨ ᠪᠠ ᠵᠣᠬᠢᠴᠠᠭᠤᠯᠤᠨ ᠱᠢᠶ᠋ᠳᠪᠦᠷᠢᠯᠡᠵᠦ᠍᠂ 41 ᠬᠤᠪᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠭᠥᠯᠢᠶᠡᠨ ᠠᠪᠤᠭ᠍ᠰᠠᠨ ᠪᠥᠭᠡᠳ ᠪᠡᠶᠡᠯᠡᠭᠦᠯᠵᠦ᠍᠂ ᠦᠯᠡᠳᠡᠭ᠌ᠰᠡᠨ᠎ᠢ᠎ᠨᠢ ᠴᠥᠮ ᠬᠠᠮᠢᠶ᠎ᠠ ᠪᠥᠬᠥᠶ ᠡᠭᠦᠷᠭᠡ ᠴᠢᠳᠠᠪᠬᠢᠳᠤ ᠰᠠᠯᠠᠭ᠎ᠠ ᠮᠥᠴᠢᠷ᠎ᠲᠦ ᠱᠢᠯᠵᠢᠭᠦᠯᠦᠨ ᠲᠤᠱᠢᠶᠠᠵᠤ ᠲᠣᠭ᠍ᠲᠠᠭ᠍ᠰᠠᠨ ᠬᠤᠭᠤᠴᠠᠭᠠᠨ᠎ᠳᠤ ᠱᠢᠶ᠋ᠳᠪᠦᠷᠢᠯᠡᠵᠦ᠍ ᠳᠠᠭᠤᠰᠭᠠᠵᠠᠶ᠃

ᠲᠥᠯᠥᠭᠡᠯᠡᠭ᠌ᠴᠢᠳ ᠭᠡᠱᠢᠭᠦᠳ ᠪᠣᠯ ᠬᠦᠬᠦᠷᠭᠡ ᠬᠤᠯᠪᠤᠭᠠᠰᠤ ᠮᠦᠨ᠂ ᠨᠢᠭᠡ ᠲᠠᠯ᠎ᠠ ᠪᠡᠷ ᠨᠠᠮ ᠪᠠ ᠵᠠᠰᠠᠭ᠎ᠤᠨ ᠣᠷᠳᠣᠨ᠎ᠲᠠᠶ ᠬᠣᠯᠪᠣᠯᠳᠤᠵᠤ᠂ ᠨᠦᠭᠦᠭᠡ ᠲᠠᠯ᠎ᠠ ᠪᠡᠷ ᠲᠦᠭ ᠲᠦᠮᠡᠨ ᠤᠯᠠᠨ ᠲᠦᠮᠡᠨ᠎ᠲᠡᠶ ᠬᠣᠯᠪᠣᠯᠳᠤᠵᠤ ᠪᠠᠢᠳᠠᠭ᠃ ᠦᠶᠤᠸᠠᠨ ᠱᠢᠶᠠᠨ᠎ᠤ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》 ᠎ᠤ᠋ ᠲᠤᠱᠢᠶᠠᠯ᠎ᠬᠠᠷᠢᠭᠤᠴᠠᠯᠭ᠎ᠠ ᠪᠠᠨ ᠭᠦᠢᠴᠡᠳᠭᠡᠬᠦ᠌ ᠠᠵᠢᠯ ᠨᠢ ᠲᠥᠯᠥᠭᠡᠯᠡᠭ᠌ᠴᠢ ᠭᠡᠱᠢᠭᠦᠳ᠎ᠦᠨ ᠪᠣᠳᠠᠲᠤ ᠠᠵᠢᠯᠯᠠᠭ᠎ᠠ᠎ᠪᠠᠷ᠎ᠢᠶᠠᠨ ᠤᠯᠠᠨ ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤᠯᠲᠠ ᠥᠭ᠌ᠴᠦ᠂ ᠤᠯᠠᠨ ᠲᠦᠮᠡᠨ᠎ᠦ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠲᠠᠭᠠᠨ ᠤᠷᠤᠭᠰᠢᠯᠠᠬᠤ》 ᠢᠲᠡᠭᠡᠯ ᠵᠣᠷᠢᠭ᠎ᠢ ᠤᠯᠠᠮ ᠪᠠᠲᠤᠳᠭᠠᠪᠠ᠃ ᠡᠨᠡᠬᠦ᠌ ᠬᠣᠣᠰ ᠴᠢᠭ᠌ᠯᠡᠯ᠎ᠢᠶᠡᠷ ᠤᠷᠤᠭ᠍ᠰᠢᠯᠠᠬᠤ᠂ ᠬᠠᠮᠲᠤ ᠪᠠᠷ ᠣᠷᠣᠯᠴᠠᠬᠤ ᠨᠡᠢᠭᠡᠮ᠎ᠦᠨ ᠵᠠᠰᠠᠯᠲᠠ᠎ᠶ᠋ᠢᠨ ᠵᠠᠭ᠍ᠪᠤᠷ ᠨᠢ ᠡᠨᠡᠬᠦ᠌ ᠰᠢᠶᠠᠨ᠎ᠢ ᠨᠡᠩ ᠬᠠᠯᠠᠭᠤᠨ ᠳᠤᠯᠠᠭᠠᠨ᠂ ᠨᠡᠩ ᠡᠶ᠎ᠡ ᠵᠣᠬᠢᠴᠠᠩᠭᠤᠢ ᠪᠣᠯᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号