ᠠᠵᠢᠯ ᠣᠯᠭᠣᠯᠲᠠ ᠪᠣᠯ ᠬᠠᠮᠤᠭ ᠤ᠋ᠨ ᠶᠡᠬᠡ ᠠᠷᠠᠳ ᠤ᠋ᠨ ᠠᠮᠢᠳᠤᠷᠠᠯ ᠮᠥᠨ᠃ ᠥᠪᠥᠷ ᠮᠣᠩᠭᠣᠯ ᠠᠷᠭ᠎ᠠ ᠪᠦᠬᠦᠨ ᠢ᠋ ᠰᠦᠪᠡᠭ᠌ᠴᠢᠯᠡᠨ ᠠᠵᠢᠯ ᠣᠯᠭᠣᠯᠲᠠ ᠶ᠋ᠢᠨ ᠪᠠᠭ᠍ᠲᠠᠭᠠᠮᠵᠢ ᠵᠢ ᠥᠷᠭᠡᠳᠭᠡᠵᠦ᠍᠂ ᠠᠵᠢᠯ ᠣᠯᠭᠣᠯᠲᠠ ᠶ᠋ᠢᠨ ᠶᠠᠰᠤ ᠴᠢᠨᠠᠷ ᠢ᠋ ᠴᠢᠷᠮᠠᠢᠨ ᠳᠡᠭᠡᠭ᠌ᠰᠢᠯᠡᠭᠦᠯᠵᠦ᠍᠂ ᠪᠦᠲᠦᠴᠡ ᠶ᠋ᠢᠨ ᠴᠢᠨᠠᠷᠲᠠᠶ ᠠᠵᠢᠯ ᠣᠯᠭᠣᠯᠲᠠ ᠶ᠋ᠢᠨ ᠵᠥᠷᠢᠴᠡᠯ ᠢ᠋ ᠬᠦᠴᠦᠯᠡᠨ ᠨᠠᠮᠳᠠᠭᠤᠯᠵᠤ᠂ ᠲᠤᠭᠲᠠᠪᠤᠷᠢᠲᠠᠢ ᠠᠵᠢᠯ ᠣᠯᠭᠣᠯᠲᠠ ᠪᠡᠷ ᠠᠷᠠᠳ ᠣᠯᠠᠨ ᠤ᠋ ᠵᠢᠷᠭᠠᠯᠲᠤ ᠲᠥᠷᠥᠭ᠌ᠳᠡᠯ ᠢ᠋ ᠨᠡᠮᠡᠭᠳᠡᠭᠦᠯᠪᠡ᠃ 《 ᠠᠷᠪᠠᠨ ᠳᠥᠷᠪᠡᠳᠦᠭᠡᠷ ᠲᠠᠪᠤᠨ ᠵᠢᠯ 》 ᠡᠴᠡ ᠨᠠᠭᠠᠰᠢ᠂ ᠪᠥᠬᠥ᠌ ᠣᠷᠣᠨ ᠤ᠋ ᠬᠣᠲᠠ ᠪᠠᠯᠭᠠᠰᠤ ᠵᠢᠨ 103.8 ᠲᠦᠮᠡᠨ ᠬᠥᠮᠦᠨ ᠳ᠋ᠤ ᠱᠢᠨ᠎ᠡ ᠪᠡᠷ ᠠᠵᠢᠯ ᠣᠯᠭᠣᠨ᠂ ᠵᠢᠯ ᠪᠦᠷᠢ 20 ᠲᠦᠮᠡ ᠭᠠᠷᠤᠢ ᠬᠥᠮᠦᠨ ᠳ᠋ᠤ ᠠᠵᠢᠯ ᠣᠯᠭᠣᠬᠤ ᠵᠢ ᠪᠠᠲᠤᠯᠠᠵᠤ᠂ ᠠᠵᠤ ᠠᠬᠤᠢ ᠨᠡᠢᠭᠡᠮ ᠤ᠋ᠨ ᠬᠥᠭ᠌ᠵᠢᠯᠲᠡ ᠶ᠋ᠢᠨ ᠶᠡᠬᠡ ᠲᠠᠯ᠎ᠠ ᠵᠢ ᠲᠣᠭ᠍ᠲᠠᠭᠤᠨ ᠪᠠᠢᠯᠭᠠᠬᠤ ᠳ᠋ᠦ ᠬᠦᠴᠦᠲᠡᠢ ᠲᠤᠯᠭᠠᠭᠤᠷᠢᠯᠠᠯ ᠬᠠᠩᠭᠠᠪᠠ᠃
ᠠᠵᠢᠯ ᠤ᠋ᠨ ᠪᠠᠢᠷᠢ ᠵᠢ ᠲᠤᠭᠲᠠᠪᠤᠷᠢᠵᠢᠭᠤᠯᠬᠤ ᠪᠡᠯᠡ ᠮᠦᠡᠭᠬᠦ ᠵᠢ ᠰᠢᠭᠤᠳ ᠪᠠᠭᠤᠯᠭᠠᠵᠤ ᠠᠵᠢᠯ ᠤᠯᠭᠤᠯᠲᠠ ᠵᠢ ᠠᠬᠢᠭᠤᠯᠪᠠ
《5 ᠵᠢᠯ ᠤ᠋ᠨ ᠲᠤᠷᠰᠢ᠂ ᠮᠠᠨ ᠤ᠋ ᠺᠣᠮᠫᠠᠨᠢ ᠨᠢᠭᠡ ᠯᠡ ᠤᠳᠠᠭ᠎ᠠ ᠶ᠋ᠢᠨ ᠴᠢᠨᠠᠷᠲᠠᠢ ᠠᠵᠢᠯ ᠤ᠋ᠨ ᠪᠠᠢᠷᠢ ᠵᠢ ᠥᠷᠭᠡᠳᠭᠡᠬᠦ᠌᠂ ᠠᠵᠢᠯ ᠤ᠋ᠨ ᠪᠠᠢᠷᠢ ᠵᠢ ᠲᠣᠭ᠍ᠲᠠᠪᠤᠷᠢᠵᠢᠭᠤᠯᠬᠤ ᠵᠡᠷᠭᠡ ᠪᠡᠯᠡ ᠮᠥᠩᠭᠥ ᠵᠢ 4000 ᠲᠦᠮᠡ ᠭᠠᠷᠤᠢ ᠲᠥᠭᠥᠷᠢᠭ ᠣᠯᠤᠭᠰᠠᠨ ᠶᠤᠮ》 ᠭᠡᠵᠦ᠍ ᠤᠯᠤᠰ ᠤ᠋ᠨ ᠡᠨᠧᠷᠭᠢ ᠶ᠋ᠢᠨ ᠪᠦᠯᠦᠭ᠌ᠯᠡᠯ ᠤ᠋ᠨ ᠦᠬᠠᠢ ᠶ᠋ᠢᠨ ᠡᠨᠧᠷᠭᠢ ᠶ᠋ᠢᠨ ᠬᠢᠵᠠᠭᠠᠷᠲᠤ ᠺᠣᠮᠫᠠᠨᠢ ᠶ᠋ᠢᠨ ᠬᠠᠷᠢᠭᠤᠴᠠᠯᠭᠠᠲᠠᠨ ᠬᠡᠯᠡᠨ᠎ᠠ᠃
ᠠᠵᠤ ᠠᠬᠤᠢᠯᠠᠯ ᠪᠣᠯ ᠠᠵᠢᠯ ᠣᠯᠭᠣᠯᠲᠠ ᠶ᠋ᠢᠨ 《ᠪᠠᠭᠲᠠᠭᠠᠮᠵᠢ ᠶ᠋ᠢᠨ ᠰᠠᠪᠠ》 ᠮᠥᠨ᠃ 2021 ᠣᠨ ᠡᠴᠡ ᠨᠠᠭᠠᠰᠢ᠂ ᠥᠪᠥᠷ ᠮᠣᠩᠭᠣᠯ ᠠᠵᠢᠯ ᠣᠯᠭᠣᠯᠲᠠ ᠶ᠋ᠢᠨ ᠬᠡᠪᠴᠢᠶ᠎ᠡ ᠵᠢ ᠥᠷᠭᠡᠳᠭᠡᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠢᠨᠵᠧᠨᠧᠷᠢᠩ ᠶ᠋ᠢᠡᠷ ᠵᠢᠯᠣᠭᠣᠳᠤᠮᠵᠢ ᠪᠣᠯᠭᠠᠵᠤ᠂ 《ᠤᠷ᠎ᠠ ᠮᠡᠷᠭᠡᠰᠢᠯᠲᠦ ᠥᠪᠥᠷ ᠮᠣᠩᠭᠣᠯ ᠤ᠋ᠨ ᠠᠵᠢᠯᠯᠠᠭ᠎ᠠ》᠂ 《 ᠭᠤᠤᠯᠳᠠᠯᠭ᠎ᠠ ᠲᠠᠶ ᠬᠥᠮᠦᠰ ᠤ᠋ᠨ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ》 ᠵᠡᠷᠭᠡ 5 ᠵᠦᠶ᠋ᠯ ᠤ᠋ᠨ ᠠᠵᠢᠯᠯᠠᠭ᠎ᠠ ᠵᠢ ᠵᠡᠷᠬᠡ ᠪᠡᠷ ᠦᠷᠨᠢᠬᠦᠯᠵᠤ᠂ 《ᠬᠤᠢᠰᠢᠯᠠᠭᠤᠯᠬᠤ᠂ ᠪᠠᠭᠤᠷᠠᠭᠤᠯᠬᠤ᠂ ᠪᠤᠴᠠᠭᠠᠬᠤ᠂ ᠨᠥᠬᠥᠪᠥᠷᠢᠯᠡᠬᠦ᠌᠂ ᠥᠷᠭᠡᠳᠭᠡᠬᠦ᠌》 ᠲᠥᠷᠥ ᠶ᠋ᠢᠨ ᠪᠣᠳᠣᠯᠭ᠎ᠠ ᠶ᠋ᠢᠨ ᠬᠠᠮ ᠠᠷᠭ᠎ᠠ ᠬᠡᠮᠵᠢᠶ᠎ᠡ ᠠᠪᠴᠦ᠂ ᠠᠵᠤ ᠠᠬᠤᠢᠯᠠᠯ ᠤ᠋ᠨ 《ᠬᠦᠯᠢᠶᠡᠰᠦ ᠵᠢ ᠰᠤᠯᠠᠯᠠᠨ ᠳᠠᠷᠤᠭᠠᠰᠤ ᠵᠢ ᠬᠥᠩᠭᠡᠷᠡᠭᠦᠯᠵᠤ》᠂ ᠠᠵᠤ ᠠᠬᠤᠢᠯᠠᠯ ᠤ᠋ᠨ ᠠᠵᠢᠯᠴᠢᠨ ᠶ᠋ᠢᠡᠨ ᠬᠠᠰᠤᠬᠤ ᠥᠬᠡᠶ᠂ ᠴᠥᠭᠡᠨ ᠬᠠᠰᠤᠬᠤ ᠵᠢ ᠵᠣᠷᠢᠭ᠍ᠵᠢᠭᠤᠯᠵᠤ᠂ ᠠᠵᠢᠯ ᠣᠯᠭᠣᠯᠲᠠ ᠶ᠋ᠢᠨ ᠠᠵᠢᠯ ᠤ᠋ᠨ ᠪᠠᠢᠷᠢ ᠵᠢ ᠡᠬᠢ ᠡᠭᠦᠰᠦᠯ ᠡᠴᠡ ᠨᠢ ᠲᠣᠭ᠍ᠲᠠᠪᠤᠷᠢᠵᠢᠭᠤᠯᠪᠠ᠃
ᠲᠥᠷᠥ ᠶ᠋ᠢᠨ ᠪᠣᠳᠣᠯᠭ᠎ᠠ ᠶ᠋ᠢᠨ ᠠᠱᠢᠭ ᠢ᠋ ᠱᠢᠭᠤᠳ ᠡᠵᠡᠩᠨᠡᠯᠲᠡ ᠶ᠋ᠢᠨ ᠭᠤᠤᠯ ᠴᠣᠭ᠍ᠴᠠ ᠳ᠋ᠦ ᠬᠦᠷᠭᠡᠬᠦ᠌ ᠵᠢ ᠦᠨᠡᠨ ᠬᠦ᠌ ᠪᠠᠲᠤᠯᠠᠬᠤ ᠶ᠋ᠢᠨ ᠲᠥᠯᠥᠭᠡ᠂ ᠪᠥᠬᠥ᠌ ᠣᠷᠣᠨ ᠤ᠋ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠰᠠᠯᠠᠭ᠎ᠠ ᠮᠥᠴᠢᠷ 《ᠭᠤᠶᠤᠴᠢᠯᠠᠬᠤ ᠥᠬᠡᠶ ᠪᠡᠷ ᠳᠠᠷᠤᠶ ᠡᠳ᠋ᠯᠡᠬᠦ᠌》 ᠭᠠᠷᠲᠠᠨ ᠭᠦᠶ᠋ᠴᠡᠳᠭᠡᠬᠦ᠌ ᠦᠶ᠋ᠯᠡᠴᠢᠯᠡᠭᠡᠨ ᠤ᠋ ᠵᠠᠭ᠍ᠪᠤᠷ ᠶ᠋ᠢᠡᠷ ᠳᠠᠮᠵᠢᠨ ᠨᠥᠬᠥᠴᠡᠯ ᠳ᠋ᠤ ᠨᠡᠢᠴᠡᠬᠦ᠌ ᠠᠵᠤ ᠠᠬᠤᠢᠯᠠᠯ ᠳ᠋ᠦ ᠠᠵᠢᠯ ᠤ᠋ᠨ ᠪᠠᠢᠷᠢ ᠵᠢ ᠲᠣᠭ᠍ᠲᠠᠪᠤᠷᠢᠵᠢᠭᠤᠯᠬᠤ ᠪᠠᠯᠠ ᠮᠥᠩᠭᠥ ᠵᠢ ᠱᠢᠭᠤᠳ ᠤᠨᠤᠴᠠᠲᠠᠢ ᠣᠯᠭᠣᠪᠠ; ᠮᠡᠳᠡᠭᠡ ᠵᠠᠩᠭᠢ ᠶ᠋ᠢᠨ ᠬᠠᠷᠢᠴᠠᠭᠤᠯᠤᠯ ᠶ᠋ᠢᠡᠷ ᠳᠡᠮᠵᠢᠨ ᠠᠦ᠋ᠲ᠋ᠤ᠋ ᠪᠡᠷ ᠢᠯᠡᠷᠡᠭᠰᠡᠨ ᠦᠭᠡᠢ ᠳᠠᠭᠠᠳᠭᠠᠯ ᠳ᠋ᠦ ᠣᠷᠣᠯᠴᠠᠭ᠍ᠰᠠᠨ ᠠᠵᠤ ᠠᠬᠤᠢᠯᠠᠯ ᠪᠠ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ᠋ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠢᠩᠬᠢᠮ ᠤ᠋ᠨ ᠰᠦᠯᠵᠢᠶ᠎ᠡ ᠪᠡᠷ ᠳᠠᠮᠵᠢᠨ ᠭᠤᠶᠤᠴᠢᠯᠠᠯ ᠳᠡᠪᠰᠢᠭᠦᠯᠵᠦ ᠪᠣᠯᠤᠨ᠎ᠠ᠃ ᠠᠵᠤ ᠠᠬᠤᠢᠯᠠᠯ ᠤ᠋ᠨ ᠪᠦᠬᠦ᠌ ᠶᠠᠪᠤᠴᠠ ᠳ᠋ᠦ 《ᠭᠤᠶᠤᠴᠢᠯᠠᠯ ᠳᠡᠪᠰᠢᠭᠦᠯᠬᠦ ᠦᠭᠡᠢ᠂ ᠮᠠᠲᠧᠷᠢᠶᠠᠯ ᠲᠤᠰᠢᠶᠠᠬᠤ ᠦᠭᠡᠶ᠂ ᠲᠤᠬᠠᠢ ᠵᠢᠨ ᠭᠠᠵᠠᠷ ᠲᠦ᠍ ᠬᠦᠷᠬᠦ ᠦᠭᠡᠶ》 ᠪᠡᠷ ᠨᠥᠬᠥᠪᠥᠷᠢ ᠮᠥᠩᠭᠥ᠌ ᠬᠦᠷᠲᠡᠬᠦ᠌ ᠵᠢ ᠪᠡᠶᠡᠯᠡᠭᠦᠯᠪᠡ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠦ᠂ ᠥᠪᠥᠷ ᠮᠣᠩᠭᠣᠯ ᠠᠵᠤ ᠠᠬᠤᠢᠯᠠᠯ ᠤ᠋ᠨ ᠳᠠᠷᠤᠭᠠᠰᠤ ᠵᠢ ᠨᠡᠢᠲᠡ 200 ᠳ᠋ᠦᠩᠱᠢᠭᠤᠷ ᠭᠠᠷᠤᠢ ᠲᠥᠭᠥᠷᠢᠭᠬᠥᠩᠭᠡᠷᠡᠭᠦᠯᠵᠦ᠍᠂ ᠠᠵᠢᠯ ᠣᠯᠭᠣᠯᠲᠠ ᠵᠢ ᠲᠣᠭ᠍ᠲᠠᠪᠤᠷᠢᠵᠢᠭᠤᠯᠬᠤ ᠵᠠᠩᠭᠢᠯᠠᠭ᠎ᠠ ᠵᠢ ᠠᠳᠭᠤᠵᠤ ᠴᠢᠳᠠᠵᠠᠢ᠃
ᠠᠵᠢᠯ ᠤ᠋ᠨ ᠪᠠᠢᠷᠢ ᠵᠢ ᠬᠦᠴᠦᠯᠡᠨ ᠥᠷᠭᠡᠳᠭᠡᠵᠦ᠍ ᠭᠣᠣᠯᠳᠠᠯᠭ᠎ᠠ ᠲᠠᠶ ᠬᠥᠮᠦᠰ ᠤ᠋ᠨ ᠠᠵᠢᠯ ᠣᠯᠭᠣᠯᠲᠠ ᠵᠢ ᠳᠡᠮᠵᠢᠪᠡ
10 ᠰᠠᠷ᠎ᠠ ᠶ᠋ᠢᠨ 25 ᠤ᠋ ᠡᠳᠦᠷ᠂ 2026 ᠣᠨ ᠤ᠋ ᠥᠪᠥᠷ ᠮᠣᠩᠭᠣᠯ ᠤ᠋ᠨ ᠠᠵᠢᠯ ᠦᠶ᠋ᠯᠡᠰ ᠤ᠋ᠨ ᠨᠢᠭᠡᠴᠢ ᠶ᠋ᠢᠨ ᠢᠯᠡ ᠪᠡᠷ ᠠᠵᠢᠯᠲᠠᠨ ᠡᠯᠰᠡᠬᠦ᠌ ᠱᠢᠯᠭᠠᠯᠲᠠ ᠶᠠᠪᠤᠭᠳᠠᠵᠤ᠂ ᠲᠦᠷᠦᠭᠦᠦ ᠪᠦᠯᠦᠭ ᠤ᠋ᠨ ᠨᠡᠢᠭᠡᠮ ᠨᠡᠢᠲᠡ ᠳ᠋ᠤ ᠬᠠᠨᠳᠤᠭᠤᠯᠤᠭ᠍ᠰᠠᠨ ᠲᠥᠷᠥ ᠶ᠋ᠢᠨ ᠪᠣᠳᠣᠯᠭ᠎ᠠ ᠶ᠋ᠢᠨ ᠴᠢᠨᠠᠷᠲᠠᠶ 10710 ᠠᠵᠢᠯ ᠤ᠋ᠨ ᠪᠠᠢᠷᠢ ᠵᠢ ᠲᠥᠪᠯᠡᠷᠡᠭᠦᠯᠦᠨ ᠭᠠᠷᠭᠠᠪᠠ᠃
ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠪᠣᠯ ᠠᠵᠢᠯ ᠣᠯᠭᠣᠯᠳᠠ ᠶ᠋ᠢᠨ ᠭᠣᠣᠯᠳᠠᠯᠭ᠎ᠠ ᠶ᠋ᠢᠨ ᠳᠣᠲᠣᠷᠠᠬᠢ ᠭᠣᠣᠯᠳᠠᠯᠭ᠎ᠠ ᠪᠣᠯᠤᠨ᠎ᠠ᠃ ᠥᠪᠥᠷ ᠮᠣᠩᠭᠣᠯ 《ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠵᠠᠯᠠᠭᠤᠴᠤᠳ ᠤ᠋ᠨ ᠥᠪᠥᠷ ᠮᠣᠩᠭᠣᠯ ᠳ᠋ᠦ ᠠᠵᠢᠯ ᠣᠯᠵᠤ ᠦᠶ᠋ᠯᠡᠰ ᠪᠤᠰᠬᠠᠬᠤ ᠵᠢ ᠵᠣᠷᠢᠭ᠍ᠵᠢᠭᠤᠯᠤᠨ ᠳᠡᠮᠵᠢᠬᠦ᠌ ᠲᠤᠬᠠᠶ ᠠᠷᠭ᠎ᠠ ᠬᠡᠮᠵᠢᠶ᠎ᠡ ᠨᠤᠭᠦᠳ》 ᠵᠡᠷᠭᠡ ᠱᠢᠷᠢᠰ ᠲᠥᠷᠥ ᠶ᠋ᠢᠨ ᠪᠣᠳᠣᠯᠭ᠎ᠠ ᠵᠢ ᠨᠡᠢᠲᠡᠯᠡᠵᠦ᠍᠂ ᠵᠠᠬ᠎ᠠ ᠳᠡᠯᠭᠡᠭᠦᠷ ᠶ᠋ᠢᠡᠷ ᠠᠵᠢᠯ ᠣᠯᠭᠣᠯᠲᠠ ᠵᠢ ᠠᠬᠢᠭᠤᠯᠬᠤ᠂ ᠲᠥᠷᠥ ᠶ᠋ᠢᠨ ᠪᠣᠳᠣᠯᠭ᠎ᠠ ᠶ᠋ᠢᠨ ᠴᠢᠨᠠᠷᠲᠠᠶ ᠨᠢᠭᠡᠳᠦᠯᠲᠡᠶ ᠲᠥᠯᠥᠪᠯᠡᠨ ᠠᠵᠢᠯ ᠣᠯᠭᠣᠬᠤ᠂ ᠦᠨᠳᠦᠰᠦᠨ ᠱᠠᠲᠤᠨ ᠤ᠋ ᠨᠡᠢᠭᠡᠮ ᠲᠣᠭᠣᠷᠢᠭ ᠤ᠋ᠨ ᠠᠵᠢᠯ ᠤ᠋ᠨ ᠪᠠᠢᠷᠢ ᠵᠢ ᠳᠡᠮᠵᠢᠬᠦ᠌ ᠵᠡᠷᠭᠡ 6 ᠵᠦᠶ᠋ᠯ ᠤ᠋ᠨ ᠲᠥᠯᠥᠪᠯᠡᠭᠡ ᠵᠢ ᠬᠡᠷᠡᠭ᠌ᠵᠢᠭᠦᠯᠦᠨ᠂ ᠲᠤᠬᠠᠢ ᠶ᠋ᠢᠨ ᠵᠢᠯ ᠤ᠋ᠨ ᠲᠡᠭᠦᠰᠦᠭ᠌ᠰᠡᠳ ᠢ᠋ ᠮᠠᠭᠠᠳᠯᠠᠨ ᠲᠣᠭ᠍ᠲᠠᠭᠠᠬᠤ ᠨᠥᠬᠥᠴᠡᠯ ᠢ᠋ ᠠᠭᠤᠵᠢᠭᠤ ᠲᠠᠯᠪᠢᠵᠤ᠂ ᠴᠢᠳᠠᠪᠤᠷᠢᠲᠠᠨ ᠨᠥᠭᠡᠴᠡᠯᠡᠬᠦ᠌ ᠪᠠ ᠠᠵᠢᠯ ᠣᠯᠭᠣᠯᠲᠠ ᠶ᠋ᠢᠨ ᠳᠠᠳᠤᠯᠭ᠎ᠠ ᠶ᠋ᠢᠨ ᠨᠥᠬᠥᠪᠥᠷᠢ ᠶ᠋ᠢᠨ ᠪᠠᠷᠢᠮᠵᠢᠶ᠎ᠠ ᠵᠢ ᠤᠯᠠᠮ ᠳᠡᠭᠡᠭ᠌ᠰᠢᠯᠡᠭᠦᠯᠵᠠᠢ᠃
2023 ᠣᠨ ᠡᠴᠡ ᠡᠬᠢᠯᠡᠨ᠂ 3 ᠵᠢᠯ ᠳᠠᠷᠠᠭᠠᠯᠠᠨ ᠲᠤᠬᠠᠢ ᠶ᠋ᠢᠨ ᠵᠢᠯ ᠤ᠋ᠨ ᠲᠡᠭᠦᠰᠭᠦ ᠤᠶᠤᠲᠠᠳ ᠲᠦ᠍ ᠬᠠᠨᠳᠤᠭᠤᠯᠤᠭ᠍ᠰᠠᠨ ᠠᠵᠢᠯ ᠦᠶ᠋ᠯᠡᠰ ᠤ᠋ᠨ ᠨᠢᠭᠡᠴᠢ ᠶ᠋ᠢᠨ ᠢᠯᠡ ᠪᠡᠷ ᠠᠵᠢᠯᠲᠠᠨ ᠡᠯᠰᠡᠬᠦ᠌ ᠠᠵᠢᠯ ᠢ᠋ ᠤᠷᠢᠳᠴᠢᠯᠠᠨ ᠨᠢᠭᠡ ᠵᠢᠯ ᠲᠤᠬᠢᠷᠠᠭᠤᠯᠤᠭᠰᠠᠨ ᠪᠥᠭᠡᠳ ᠳᠠᠷᠠᠭ᠎ᠠ ᠵᠢᠯ ᠤ᠋ᠨ ᠠᠶᠠᠨᠳᠠᠭᠠᠨ ᠬᠠᠰᠤᠭ᠍ᠳᠠᠭ᠍ᠰᠠᠨ ᠣᠷᠣᠨ ᠲᠣᠭ᠎ᠠ ᠵᠢ ᠠᠵᠢᠯᠲᠠᠨ ᠡᠯᠰᠡᠬᠦ᠌ ᠲᠥᠯᠥᠪᠯᠡᠭᠡ ᠳ᠋ᠤ ᠤᠷᠢᠳᠴᠢᠯᠠᠨ ᠣᠷᠣᠭᠤᠯᠬᠤ ᠵᠢ ᠵᠥᠪᠱᠢᠶᠡᠷᠡᠵᠦ᠍᠂ 《1 + N》 ᠤ᠋ ᠨᠥᠬᠥᠵᠦ᠍ ᠠᠵᠢᠯᠲᠠᠨ ᠡᠯᠰᠡᠬᠦ᠌ ᠵᠠᠭ᠍ᠪᠤᠷ ᠤ᠋ᠨ ᠱᠢᠨ᠎ᠡ ᠵᠢ ᠡᠭᠦᠳᠤᠨ᠂ ᠠᠵᠢᠯ ᠦᠶ᠋ᠯᠡᠰ ᠤ᠋ᠨ ᠨᠢᠭᠡᠴᠢ ᠶ᠋ᠢᠨ ᠠᠵᠢᠯ ᠤ᠋ᠨ ᠪᠠᠢᠷᠢ ᠵᠢ ᠨᠡᠢᠲᠡ 4.5 ᠲᠦᠮᠡ ᠭᠠᠷᠭᠠᠭ᠍ᠰᠠᠨ ᠪᠠᠢᠨ᠎ᠠ᠃ 《ᠬᠠᠪᠤᠷ ᠤ᠋ᠨ ᠤᠷᠢᠬᠠᠨ ᠰᠠᠯᠬᠢᠨ ᠤ᠋ ᠠᠵᠢᠯᠯᠠᠭ᠎ᠠ》᠂ 《ᠬᠦᠯᠦᠰᠤᠨ ᠮᠠᠯᠴᠢᠨ ᠲᠠᠷᠢᠶᠠᠴᠢᠨ ᠢ᠋ ᠳᠤᠯᠠᠭᠠᠴᠠᠭᠤᠯᠬᠤ》 ᠵᠡᠷᠭᠡ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠵᠦ᠍᠂ ᠬᠦᠯᠦᠰᠤᠨ ᠮᠠᠯᠴᠢᠨ ᠲᠠᠷᠢᠶᠠᠴᠢᠨ ᠢ᠋ ᠱᠢᠯᠵᠢᠭᠦᠯᠦᠨ ᠠᠵᠢᠯ ᠣᠯᠭᠣᠬᠤ ᠬᠡᠪᠴᠢᠶ᠎ᠡ ᠵᠢ ᠵᠢᠯ ᠪᠦᠷᠢ 240 ᠲᠦᠮᠡᠨ ᠬᠦᠮᠦᠨ ᠡᠴᠡ ᠳᠡᠭᠡᠭᠰᠢ ᠪᠠᠢᠯᠭᠠᠬᠤ ᠵᠢ ᠪᠠᠲᠤᠯᠠᠪᠠ᠃ 2021 ᠣᠨ ᠡᠴᠡ ᠨᠠᠭᠠᠰᠢ᠂ ᠬᠣᠲᠠ ᠪᠠᠯᠭᠠᠰᠤᠨ ᠤ᠋ 46.7 ᠲᠦᠮᠡᠨ ᠠᠵᠢᠯ ᠠᠯᠳᠠᠭ᠍ᠰᠠᠳ ᠲᠦ᠍ ᠳᠠᠬᠢᠨ ᠠᠵᠢᠯ ᠣᠯᠭᠣᠵᠤ᠂ ᠠᠵᠢᠯ ᠤᠯᠬᠤ ᠳ᠋ᠦ ᠬᠦᠴᠢᠷᠲᠡᠶ 31.8 ᠲᠦᠮᠡᠨ ᠬᠥᠮᠦᠨ ᠳ᠋ᠤ ᠠᠵᠢᠯ ᠣᠯᠭᠣᠵᠤ᠂ ᠠᠵᠢᠯ ᠲᠠᠢ ᠬᠦᠮᠦᠨ ᠦᠬᠡᠢ ᠬᠡᠷ ᠪᠦᠯᠢ ᠦᠯᠦ ᠭᠠᠷᠬᠤ ᠵᠢ ᠬᠥᠳᠡᠯᠦᠩᠭᠦᠶ ᠪᠡᠷ ᠢᠮᠠᠭᠲᠠ ᠪᠠᠲᠤᠯᠠᠪᠠ᠃
ᠤᠷ᠎ᠠ ᠴᠢᠳᠠᠪᠤᠷᠢ ᠶ᠋ᠢᠨ ᠪᠤᠯᠪᠠᠰᠤᠷᠠᠯ ᠬᠢᠭᠡᠳ ᠠᠵᠢᠯ ᠣᠯᠭᠣᠯᠲᠠ ᠵᠢ ᠨᠢᠭᠳᠠ ᠵᠤᠯᠭᠠᠭᠤᠯᠪᠠ
10 ᠰᠠᠷ᠎ᠠ ᠶ᠋ᠢᠨ 31 ᠤ᠋ ᠡᠳᠦᠷ᠂ ᠤᠯᠠᠭᠠᠨᠴᠠᠪ ᠬᠣᠲᠠ ᠶ᠋ᠢᠨ ᠲᠦᠩ ᠱᠢᠨ ᠶᠤᠸᠠᠨ ᠠᠵᠢᠯ ᠮᠡᠷᠭᠡᠵᠢᠯ ᠤ᠋ᠨ ᠪᠣᠯᠪᠠᠰᠤᠷᠠᠯ ᠤ᠋ᠨ ᠰᠤᠷᠭᠠᠭᠤᠯᠢ ᠳ᠋ᠦ ᠡᠪᠡᠳᠴᠢᠲᠡᠨ ᠢ᠋ ᠠᠰᠠᠷᠠᠨ ᠰᠤᠪᠢᠯᠠᠬᠤ᠂ ᠨᠠᠰᠤᠲᠠᠨ ᠢ᠋ ᠠᠰᠠᠷᠠᠬᠤ᠂ ᠡᠬᠡ ᠨᠢᠯᠬᠠᠰ ᠢ᠋ ᠠᠰᠠᠷᠠᠨ ᠰᠤᠪᠢᠯᠠᠬᠤ ᠵᠡᠷᠭᠡ ᠠᠵᠢᠯ ᠣᠯᠭᠣᠯᠲᠠ ᠶ᠋ᠢᠨ ᠤᠷ᠎ᠠ ᠴᠢᠳᠠᠪᠤᠷᠢ ᠶ᠋ᠢᠨ ᠪᠤᠯᠪᠠᠰᠤᠷᠠᠯ ᠬᠥᠭ᠌ᠵᠢᠶᠡᠨᠲᠡᠶ ᠶᠠᠪᠤᠭᠳᠠᠵᠠᠢ᠃
ᠣᠯᠠᠨ ᠲᠦᠮᠡᠨ ᠤ᠋ ᠠᠵᠢᠯ ᠮᠡᠷᠭᠡᠵᠢᠯ ᠤ᠋ᠨ ᠤᠷ᠎ᠠ ᠴᠢᠳᠠᠪᠤᠷᠢ ᠶ᠋ᠢᠨ ᠲᠦᠪᠱᠢᠨ ᠢ᠋ ᠳᠡᠭᠡᠭ᠌ᠰᠢᠯᠡᠭᠦᠯᠵᠦ᠍᠂ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ ᠵᠢ ᠠᠬᠢᠭᠤᠯᠬᠤ ᠶ᠋ᠢᠨ ᠲᠥᠯᠥᠭᠡ᠂ ᠤᠯᠠᠭᠠᠨᠴᠠᠪ ᠬᠣᠲᠠ ᠶ᠋ᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠰᠠᠯᠠᠭ᠎ᠠ ᠮᠥᠴᠢᠷ 《ᠤᠷ᠎ᠠ ᠴᠢᠳᠠᠪᠤᠷᠢ ᠪᠡᠷ ᠢᠷᠡᠭᠡᠳᠦᠶ ᠵᠢ ᠭᠡᠢᠭᠦᠯᠬᠦ᠌》 ᠪᠤᠯᠪᠠᠰᠤᠷᠠᠯ ᠤ᠋ᠨ ᠠᠵᠢᠯᠯᠠᠭ᠎ᠠ ᠵᠢ ᠭᠦᠨᠵᠡᠭᠡᠶ ᠬᠡᠷᠡᠭ᠌ᠵᠢᠭᠦᠯᠵᠦ᠍᠂ 《ᠠᠵᠢᠯ ᠤ᠋ᠨ ᠪᠠᠢᠷᠢ ᠶ᠋ᠢᠨ ᠬᠡᠷᠡᠭ᠌ᠴᠡᠭᠡ ᠱᠠᠭᠠᠷᠳᠠᠯᠭ᠎ᠠ + ᠤᠷ᠎ᠠ ᠴᠢᠳᠠᠪᠤᠷᠢ ᠶ᠋ᠢᠨ ᠪᠤᠯᠪᠠᠰᠤᠷᠠᠯ + ᠤᠷ᠎ᠠ ᠴᠢᠳᠠᠪᠤᠷᠢ ᠶ᠋ᠢᠨ ᠦᠨᠡᠯᠡᠯᠲᠡ + ᠠᠵᠢᠯ ᠣᠯᠭᠣᠯᠲᠠ ᠶ᠋ᠢᠨ ᠦᠶ᠋ᠯᠡᠴᠢᠯᠡᠭᠡ》 ᠶ᠋ᠢᠨ ᠵᠠᠭ᠍ᠪᠤᠷ ᠢ᠋ ᠬᠡᠷᠡᠭ᠌ᠵᠢᠭᠦᠯᠵᠦ᠍᠂ ᠪᠤᠯᠪᠠᠰᠤᠷᠠᠯ ᠤ᠋ᠨ ᠲᠥᠷᠥᠯ ᠵᠦᠶ᠋ᠯ ᠶ᠋ᠢᠡᠨ ᠵᠠᠬ᠎ᠠ ᠳᠡᠯᠭᠡᠭᠦᠷ ᠤ᠋ᠨ ᠬᠡᠷᠡᠭ᠌ᠴᠡᠭᠡ ᠱᠠᠭᠠᠷᠳᠠᠯᠭ᠎ᠠ ᠳ᠋ᠦ ᠤᠯᠠᠮ ᠤᠢᠷᠠᠲᠤᠭᠤᠯᠪᠠ᠃
ᠲᠠᠪᠤᠨ ᠵᠢᠯ ᠤ᠋ᠨ ᠲᠤᠷᠰᠢ᠂ ᠥᠪᠥᠷ ᠮᠣᠩᠭᠣᠯ ᠠᠵᠢᠯ ᠮᠡᠷᠭᠡᠵᠢᠯ ᠤ᠋ᠨ ᠤᠷ᠎ᠠ ᠴᠢᠳᠠᠪᠤᠷᠢ ᠶ᠋ᠢᠨ ᠪᠣᠯᠪᠠᠰᠤᠷᠠᠯ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌᠂ ᠭᠤᠤᠯᠳᠠᠯᠭ᠎ᠠ ᠲᠠᠶ ᠬᠥᠮᠦᠰ ᠤ᠋ᠨ ᠲᠤᠰᠭᠠᠶ ᠪᠣᠯᠪᠠᠰᠤᠷᠠᠯ ᠪᠠ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠶ ᠬᠠᠪᠰᠤᠷᠤᠨ ᠲᠡᠳᠬᠦᠬᠦ᠌ ᠭᠠᠵᠠᠷ ᠣᠷᠣᠨ ᠤ᠋ ᠠᠵᠢᠯ ᠮᠡᠷᠭᠡᠵᠢᠯ ᠤ᠋ᠨ ᠤᠷ᠎ᠠ ᠴᠢᠳᠠᠪᠤᠷᠢ ᠵᠢ ᠳᠡᠭᠡᠭ᠌ᠰᠢᠯᠡᠭᠦᠯᠬᠦ᠌ ᠵᠡᠷᠭᠡ 5 ᠵᠦᠶ᠋ᠯ ᠤ᠋ᠨ ᠲᠥᠯᠥᠪᠯᠡᠭᠡ ᠵᠢ ᠶᠡᠬᠡ ᠪᠡᠷ ᠬᠡᠷᠡᠭ᠌ᠵᠢᠭᠦᠯᠵᠦ᠍᠂ ᠣᠯᠠᠨ ᠲᠦᠮᠡᠨ ᠤ᠋ ᠤᠷ᠎ᠠ ᠴᠢᠳᠠᠪᠤᠷᠢ ᠪᠡᠷ ᠤᠷᠤᠯᠭ᠎ᠠ ᠪᠠᠨ ᠨᠡᠮᠡᠭᠳᠡᠭᠦᠯᠬᠦ ᠵᠢ ᠠᠬᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠨᠡᠢᠲᠡ 12 ᠤᠯᠤᠰ ᠤ᠋ᠨ ᠲᠠᠰ ᠤ᠋ᠨ ᠪᠠ 50 ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠳᠡᠭᠡᠳᠦ ᠮᠡᠷᠭᠡᠵᠢᠯ ᠤ᠋ᠨ ᠴᠢᠳᠠᠪᠤᠷᠢᠲᠠᠨ ᠤ᠋ ᠪᠤᠯᠪᠠᠰᠤᠷᠠᠯ ᠤ᠋ᠨ ᠰᠠᠭᠤᠷᠢᠨ ᠢ᠋ ᠪᠠᠢᠭᠤᠯᠵᠤ᠂ 15 ᠤᠯᠤᠰ ᠤ᠋ᠨ ᠲᠠᠰ ᠤ᠋ᠨ ᠪᠠ 50 ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠤᠷᠠᠨ ᠳᠠᠷᠬᠠᠨ ᠤ᠋ ᠠᠵᠢᠯᠯᠠᠬᠤ ᠦᠷᠦᠭᠡ ᠵᠢ ᠪᠠᠢᠭᠤᠯᠪᠠ᠃ ᠪᠥᠬᠥ᠌ ᠣᠷᠣᠨ ᠳ᠋ᠦ ᠠᠵᠢᠯ ᠮᠡᠷᠭᠡᠵᠢᠯ ᠤ᠋ᠨ ᠤᠷ᠎ᠠ ᠴᠢᠳᠠᠪᠤᠷᠢ ᠶ᠋ᠢᠨ ᠪᠤᠯᠪᠠᠰᠤᠷᠠᠯ ᠢ᠋ 134.25 ᠲᠦᠮᠡᠨ ᠬᠥᠮᠦᠨ ᠤᠳᠠᠭ᠎ᠠ ᠥᠷᠨᠢᠭᠦᠯᠵᠦ᠍᠂ ᠳᠡᠭᠡᠳᠦ ᠮᠡᠷᠭᠡᠵᠢᠯ ᠤ᠋ᠨ ᠴᠢᠳᠠᠪᠤᠷᠢᠲᠠᠨ ᠢ᠋ ᠨᠡᠢᠲᠡ 24 ᠲᠦᠮᠡᠨ ᠬᠥᠮᠦᠨ ᠤᠳᠠᠭ᠎ᠠ ᠱᠢᠨ᠎ᠡ ᠪᠡᠷ ᠨᠡᠮᠡᠭ᠌ᠳᠡᠭᠦᠯᠦᠭᠰᠡᠨ ᠪᠠᠢᠨ᠎ᠠ᠃
ᠪᠦᠬᠦ᠌ ᠲᠠᠯ᠎ᠠ ᠶ᠋ᠢᠨ ᠦᠶ᠋ᠯᠡᠴᠢᠯᠡᠭᠡ ᠪᠡᠷ ᠠᠵᠢᠯ ᠣᠯᠭᠣᠯᠲᠠ ᠶ᠋ᠢᠨ ᠬᠡᠪᠴᠢᠶ᠎ᠡ ᠵᠢ ᠦᠷᠭᠡᠳᠭᠡᠪᠡ
《ᠨᠠᠳᠠ ᠳ᠋ᠦ ᠲᠣᠬᠢᠷᠠᠬᠤ ᠠᠵᠢᠯ ᠪᠠᠢᠨ᠎ᠠ ᠤᠤ?》 ᠬᠡᠵᠤ 11 ᠰᠠᠷ᠎ᠠ ᠶ᠋ᠢᠨ 2 ᠤ᠋ᠨ ᠡᠳᠦᠷ ᠵᠡᠮᠳᠡᠭ ᠬᠦᠮᠦᠨ ᠸᠠᠩ ᠶᠠᠨ ᠬᠢᠩᠭᠠᠨ ᠠᠢᠮᠠᠭ ᠤ᠋ᠨ ᠤᠯᠠᠭᠠᠨᠬᠣᠲᠠ ᠶ᠋ᠢᠨ ᠲᠢᠶᠧ ᠰᠢ ᠵᠡᠭᠡᠯᠢ ᠶ᠋ᠢᠨ ᠠᠷᠰᠠᠷ ᠠᠵᠢᠯ ᠤ᠋ᠨ ᠵᠠᠬ᠎ᠠ ᠳᠡᠯᠭᠡᠭᠦᠷ ᠤ᠋ᠨ ᠶᠡᠷᠦᠩᠬᠡᠢᠯᠡᠭ᠌ᠰᠡᠨ ᠦᠶ᠋ᠯᠡᠴᠢᠯᠡᠭᠡᠨ ᠤ᠋ ᠴᠤᠡᠭᠬᠤᠪᠴᠢ ᠶ᠋ᠢᠨ ᠡᠮᠦᠨ᠎ᠡ ᠬᠦᠷᠴᠦ᠍ ᠯᠠᠪᠯᠠᠨ᠎ᠠ᠃ ᠲᠢᠶᠧ ᠰᠢ ᠵᠡᠭᠡᠯᠢ ᠶ᠋ᠢᠨ ᠠᠷᠰᠠᠷ ᠠᠵᠢᠯ ᠤ᠋ᠨ ᠵᠠᠬ᠎ᠠ ᠳᠡᠯᠭᠡᠭᠦᠷ ᠤ᠋ᠨ ᠬᠠᠷᠢᠭᠤᠴᠠᠯᠭᠠᠲᠠᠨ ᠼᠦᠢ ᠴᠠᠩ ᠪᠦᠦ ᠬᠣᠯᠪᠣᠭ᠍ᠳᠠᠯ ᠪᠦᠬᠦᠢ ᠪᠠᠢᠳᠠᠯ ᠢ᠋ ᠯᠠᠪᠯᠠᠨ ᠠᠰᠠᠭᠤᠭ᠍ᠰᠠᠨ ᠤ᠋ ᠳᠠᠷᠠᠭ᠎ᠠ᠂ ᠠᠷᠰᠠᠷ ᠠᠵᠢᠯ ᠤ᠋ᠨ ᠵᠠᠬ᠎ᠠ ᠳᠡᠯᠭᠡᠭᠦᠷ ᠤ᠋ᠨ ᠰᠦᠯᠵᠢᠶᠡᠨ ᠱᠢᠰᠲ᠋ᠧᠮ ᠡᠴᠡ ᠢᠯᠢ ᠪᠦᠯᠦᠭᠯᠡᠯ ᠤ᠋ᠨ ᠦᠢᠯᠡᠳᠪᠦᠷᠢᠯᠡᠯ ᠤ᠋ᠨ ᠲᠠᠰᠤᠭ ᠪᠣᠭᠣᠳᠠᠯᠯᠠᠬᠤ ᠠᠵᠢᠯᠴᠢᠨ ᠡᠯᠰᠡᠵᠦ᠍ ᠪᠠᠢᠬᠤ ᠵᠢ ᠮᠡᠳᠡᠵᠦ᠂ ᠸᠠᠡᠭ ᠶᠠᠨ ᠢ᠋ ᠲᠠᠨᠢᠯᠴᠠᠭᠤᠯᠵᠤ ᠦᠭᠪᠡ᠃
ᠦᠢᠯᠡᠴᠢᠯᠡᠭᠡ ᠶ᠋ᠢᠨ ᠴᠤᠡᠭᠬᠤᠪᠴᠢ ᠵᠢ ᠤᠷᠤᠭᠰᠢ ᠰᠢᠯᠵᠢᠭᠦᠯᠵᠤ᠂ ᠡᠮᠦᠨ᠎ᠡ ᠹᠷᠣᠨᠲ ᠲᠦ᠍ ᠭᠦᠨᠵᠡᠭᠡᠢᠷᠡᠨᠠ᠃ 2021 ᠣᠨ ᠡᠴᠡ ᠨᠠᠭᠠᠰᠢ᠂ ᠪᠥᠬᠥ᠌ ᠣᠷᠣᠨ ᠳ᠋ᠦ 《ᠬᠡᠷ ᠤ᠋ᠨ ᠡᠭᠦᠳᠡᠨ》ᠳ᠋ᠤᠨᠢ ᠠᠵᠢᠯ ᠣᠯᠭᠣᠬᠤ ᠦᠶ᠋ᠯᠡᠴᠢᠯᠡᠭᠡᠨ ᠤ᠋ ᠥᠷᠲᠡᠭᠡ ᠵᠢ 1052᠂ ᠠᠷᠰᠠᠷ ᠠᠵᠢᠯ ᠤ᠋ᠨ ᠵᠠᠬ᠎ᠠ ᠳᠡᠯᠭᠡᠭᠦᠷ ᠪᠠ ᠠᠷᠰᠠᠷ ᠠᠵᠢᠯ ᠤ᠋ᠨ ᠥᠷᠲᠡᠭᠡ ᠵᠢ 153 ᠪᠠᠢᠷᠢᠰᠢᠭᠤᠯᠤᠨ ᠪᠠᠢᠭᠤᠯᠵᠤ᠂ ᠤᠯᠠᠨ ᠳ᠋ᠤ ᠤᠢᠷ᠎ᠠ ᠬᠠᠪᠢ ᠳ᠋ᠠᠭᠠᠨ ᠠᠵᠢᠯ ᠤᠯᠬᠤ ᠠᠵᠠ ᠵᠠᠪᠰᠢᠶᠠᠨ ᠬᠠᠡᠭᠭᠠᠪᠠ᠃ ᠡᠭᠦᠨ ᠤ᠋ ᠬᠠᠮᠲᠤ᠂ 《ᠠᠵᠢᠯ ᠣᠯᠭᠣᠯᠲᠠ +》 ᠵᠠᠭ᠍ᠪᠤᠷ ᠲᠦ᠍ ᠱᠢᠨ᠎ᠡ ᠵᠢ ᠡᠭᠦᠳᠴᠦ᠍᠂ ᠠᠵᠢᠯᠴᠢᠨ ᠡᠯᠰᠡᠬᠦ᠌ ᠴᠤᠭ᠍ᠯᠠᠭᠠᠨ ᠢ᠋ ᠬᠤᠳᠠᠯᠳᠤᠭᠠᠨ ᠤ᠋ ᠲᠠᠯᠠᠪᠠᠶ᠂ ᠰᠥᠨᠢ ᠶ᠋ᠢᠨ ᠵᠠᠬ᠎ᠠ᠂ ᠰᠦᠮ᠎ᠡ ᠶ᠋ᠢᠨ ᠴᠤᠭ᠍ᠯᠠᠭᠠᠨ ᠳ᠋ᠤ ᠨᠡᠬᠦᠯᠬᠡᠨ ᠡᠷᠭᠢᠯᠡᠵᠦ᠍᠂ ᠦᠶ᠋ᠯᠡᠴᠢᠯᠡᠭᠡ ᠶ᠋ᠢ ᠤᠢᠷ᠎ᠡ ᠬᠠᠪᠢ ᠳ᠋ᠦ ᠦᠷᠬᠦᠯᠵᠢ ᠶ᠋ᠢᠨ ᠴᠢᠨᠠᠷᠲᠠᠢ ᠪᠠᠢᠯᠭᠠᠬᠤ ᠵᠢ ᠦᠨᠡᠨ ᠬᠦ᠌ ᠪᠠᠲᠤᠯᠠᠵᠤ᠂ ᠣᠳᠣᠬᠠᠨ ᠪᠤᠯᠳᠠᠯ᠎ᠠ ᠡᠯ᠎ᠡ ᠲᠥᠷᠥᠯ ᠤ᠋ᠨ ᠠᠵᠢᠯᠴᠢᠨ ᠡᠯᠰᠡᠬᠦ᠌ ᠠᠵᠢᠯᠯᠠᠭ᠎ᠠ ᠵᠢ 1.1 ᠲᠦᠮᠡᠨ ᠲᠠᠯᠠᠪᠠᠶ ᠥᠷᠨᠢᠭᠦᠯᠵᠦ᠍᠂ 1188 ᠲᠦᠮᠡᠨ ᠤᠳᠠᠭ᠎ᠠ ᠳ᠋ᠤ ᠠᠵᠢᠯ ᠤ᠋ᠨ ᠪᠠᠢᠷᠢ ᠬᠠᠩᠭᠠᠪᠠ᠃
《ᠠᠷᠪᠠᠨ ᠳᠥᠷᠪᠡᠳᠦᠭᠡᠷ ᠲᠠᠪᠤᠨ ᠵᠢᠯ》 ᠢ᠋ ᠡᠷᠭᠢᠴᠡᠭᠦᠯᠬᠦᠶ᠎ᠡ᠂ ᠦᠪᠤᠷ ᠮᠤᠩᠭᠤᠯ ᠬᠠᠯᠠᠭᠤᠨ ᠳᠤᠯᠠᠭᠠᠨ ᠠᠵᠢᠯ ᠣᠯᠭᠣᠯᠲᠠ ᠶ᠋ᠢᠨ ᠬᠠᠷᠢᠭᠤᠯᠲᠠ ᠶ᠋ᠢᠨ ᠬᠠᠭᠤᠳᠠᠰᠤ ᠵᠢ ᠲᠤᠰᠢᠶᠠᠵᠤ᠂ ᠠᠷᠠᠳ ᠤ᠋ᠨ ᠠᠮᠢᠳᠤᠷᠠᠯ ᠤ᠋ᠨ ᠰᠠᠭᠤᠷᠢ ᠵᠢ ᠪᠡᠬᠢᠵᠢᠭᠦᠯᠤᠨ᠂ ᠲᠦᠭ ᠲᠦᠮᠡᠨ ᠠᠢᠯ ᠡᠷᠦᠬᠡ ᠵᠢ ᠰᠠᠬᠢᠨ ᠬᠠᠮᠠᠭᠠᠯᠠᠪᠠ᠃ ᠱᠢᠨ᠎ᠡ ᠠᠶᠠᠨᠢ᠋ ᠪᠠᠷᠠᠯᠠᠬᠤᠶ᠎ᠠ᠂ ᠦᠪᠤᠷ ᠮᠤᠩᠭᠤᠯ ᠨᠡᠩ ᠭᠦᠢᠴᠡᠳ᠂ ᠨᠡᠩ ᠴᠢᠨᠠᠷ ᠰᠠᠢᠲᠠᠢ ᠠᠵᠢᠯ ᠣᠯᠭᠣᠯᠲᠠ ᠪᠡᠷ ᠴᠢᠨᠠᠷ ᠰᠠᠢᠲᠠᠢ ᠬᠥᠭ᠌ᠵᠢᠯᠲᠡ ᠳ᠋ᠤ ᠲᠠᠰᠤᠷᠠᠯᠳᠠ ᠦᠭᠡᠢ ᠴᠢᠳᠠᠪᠤᠷᠢᠲᠠᠨ ᠤ᠋ ᠬᠥᠳᠡᠯᠭᠡᠬᠦ᠌ ᠬᠦᠴᠦᠨ ᠨᠡᠮᠡᠷᠢᠯᠡᠬᠦ᠌ ᠪᠡᠷ ᠮᠠᠷᠡᠢᠨ ᠴᠢᠷᠮᠠᠢᠨ᠎ᠠ᠃