11 ᠰᠠᠷ᠎ᠠ᠎ᠶ᠋ᠢᠨ 19᠎ᠤ᠋ ᠡᠳᠦᠷ᠂ 20᠎ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠪᠤᠭᠤᠲᠤ᠂ ᠤᠯᠠᠭᠠᠨᠬᠠᠳᠠ᠂ ᠤᠷᠳᠤᠰ᠂ ᠦᠬᠠᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠤᠬᠠᠭᠤᠯᠬᠤ ᠬᠡᠯᠲᠡᠰ᠎ᠦᠨ ᠪᠠᠢᠭᠤᠯᠭ᠎ᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ᠃
ᠪᠤᠭᠤᠲᠤ ᠬᠣᠲᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠳᠠᠷᠤᠭ᠎ᠠ ᠵᠠᠩ ᠸᠧᠨ ᠲᠤᠤ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠠ᠃ ᠵᠠᠩ ᠸᠧᠨ ᠲᠤᠤ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠭᠣᠣᠯ ᠴᠢᠬᠤᠯᠠ ᠠᠭᠤᠯᠭ᠎ᠠ ᠵᠢᠴᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠵᠡᠷᠭᠡ ᠲᠠᠯ᠎ᠠ᠎ᠪᠠᠷ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠱᠢᠰᠲᠸᠮ ᠲᠠᠢ ᠪᠦᠬᠡᠳ ᠪᠦᠬᠦ᠌ ᠲᠠᠯ᠎ᠠ᠎ᠶ᠋ᠢᠨ᠂ ᠭᠣᠣᠯᠳᠠᠯᠭ᠎ᠠ ᠨᠢ ᠲᠤᠪᠤᠢ᠌ᠮᠡ᠂ ᠥᠭᠦᠯᠡᠯᠲᠡ ᠨᠢ ᠭᠦᠨᠵᠡᠭᠡᠢ᠂ ᠲᠣᠳᠣᠷᠬᠠᠢᠯᠠᠯᠲᠠ ᠨᠢ ᠣᠨᠣᠪᠴᠢᠲᠠᠢ ᠪᠠᠢᠵᠤ᠂ ᠲᠠᠯᠠᠪᠠᠢ᠎ᠳᠤ ᠪᠠᠢᠭ᠎ᠠ ᠰᠤᠨᠤᠰᠤᠬᠴᠢᠳᠢ ᠲᠤᠢᠯ᠎ᠢᠶᠠᠷ ᠤᠷᠮᠠᠱᠢᠭᠤᠯᠪᠠ᠃
ᠵᠠᠩ ᠸᠧᠨ ᠲᠤᠤ ᠪᠠᠰᠠ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠲᠦ ᠬᠦᠷᠴᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠨᠦ ᠲᠥᠯᠥᠭᠡᠯᠡᠭ᠌ᠴᠢᠳ᠎ᠲᠡᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠶᠠᠷᠢᠯᠴᠠᠵᠤ ᠰᠠᠨᠠᠯ ᠵᠢᠨᠨ ᠰᠣᠯᠢᠯᠴᠠᠪᠠ᠃
ᠤᠯᠠᠭᠠᠨᠬᠠᠳᠠ ᠬᠣᠲᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠳᠠᠷᠤᠭ᠎ᠠ ᠵᠠᠶ ᠶᠢᠩ ᠵᠢᠶᠦ᠋ᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠠ᠃ ᠵᠠᠶ ᠶᠢᠩ ᠵᠢᠶᠥ᠋ᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠲᠠᠶ ᠨᠢᠭ᠍ᠲᠠ ᠤᠶᠠᠯᠳᠤᠭᠤᠯᠤᠨ᠂ ᠪᠦᠭᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠬᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠴᠠ᠎ᠳᠠᠬᠢ ᠴᠢᠬᠤᠯᠠ ᠪᠠᠢᠷᠢ ᠰᠠᠭᠤᠷᠢ᠎ᠶ᠋ᠢ ᠣᠨᠣᠪᠴᠢᠲᠠᠶ ᠡᠵᠡᠮᠱᠢᠬᠦ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠪᠣᠯᠤᠨ ᠴᠢᠬᠤᠯᠠ ᠶᠡᠬᠡ ᠠᠷᠭ᠎ᠠ ᠬᠡᠮᠵᠢᠶ᠎ᠡ ᠶ᠋ᠢ ᠭᠦᠨᠵᠡᠭᠡᠶ ᠣᠢᠯᠠᠭᠠᠬᠤ ᠵᠡᠷᠭᠡ ᠲᠠᠯ᠎ᠠ ᠪᠡᠷ᠂ ᠱᠢᠰᠲᠧᠮ᠎ᠲᠡᠶ ᠲᠣᠳᠣᠷᠬᠠᠢᠯᠠᠵᠤ ᠭᠦᠨᠵᠡᠭᠡᠶ ᠲᠠᠢᠯᠪᠤᠷᠢᠯᠠᠪᠠ᠃
ᠵᠠᠶ ᠶᠢᠩ ᠵᠢᠶᠦ᠋ᠨ ᠪᠠᠰᠠ ᠰᠦᠩᠱᠠᠨ ᠲᠣᠭᠣᠷᠢᠭ᠎ᠤᠨ ᠬᠢᠩᠭᠠᠨ ᠵᠡᠭᠡᠯᠢ ᠭᠤᠳᠤᠮᠵᠢ᠎ᠶ᠋ᠢᠨ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠎ᠲᠤ ᠬᠦᠷᠴᠦ᠍᠂ ᠨᠡᠢᠭᠡᠮ ᠲᠣᠭᠣᠷᠢᠭ᠎ᠤᠨ ᠠᠵᠢᠯᠳᠠᠨ ᠪᠣᠯᠤᠨ ᠰᠠᠭᠤᠭᠠᠯᠢ ᠠᠷᠠᠳ᠎ᠲᠠᠶ ᠠᠵᠢᠯ ᠣᠯᠭᠣᠯᠲᠠ᠎ᠶ᠋ᠢᠨ ᠦᠢᠯᠡᠴᠢᠯᠡᠭᠡ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠬᠠᠷᠢᠯᠴᠠᠨ ᠬᠦᠳᠡᠯᠦᠯᠴᠡᠵᠤ ᠶᠠᠷᠢᠯᠴᠠᠨ ᠰᠣᠯᠢᠯᠴᠠᠪᠠ᠃
ᠤᠷᠳᠤᠰ ᠬᠤᠳᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶᠠᠨ᠎ᠤ ᠳᠠᠷᠤᠭ᠎ᠠ ᠼᠤᠤ ᠰᠧ ᠶᠠᠩ ᠲᠤᠰᠭᠠᠢ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃ ᠼᠤᠤ ᠰᠧ ᠶᠠᠩ ᠪᠦᠭᠦᠳᠡ ᠬᠤᠷᠠᠯ᠎ᠤᠨ ᠶᠡᠷᠦᠩᠬᠡᠢ ᠪᠠᠢᠳᠠᠯ᠂ ᠴᠢᠬᠤᠯᠠ ᠠᠴᠢ ᠬᠣᠯᠪᠣᠭ᠍ᠳᠠᠯ᠂ ᠭᠣᠣᠯ ᠬᠠᠷᠠᠯᠲᠠ᠂ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠵᠢᠴᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠬᠡᠷᠬᠢᠨ ᠪᠢᠴᠢᠭ᠌ᠯᠡᠬᠦ᠌ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠱᠢᠰᠲ᠋ᠧᠮ᠎ᠲᠡᠶ ᠲᠣᠳᠣᠷᠬᠠᠢᠯᠠᠵᠤ ᠭᠦᠨᠵᠡᠭᠡᠢ ᠲᠠᠢᠯᠪᠤᠷᠢᠯᠠᠵᠠᠢ᠃
ᠼᠤᠤ ᠰᠧ ᠶᠠᠩ ᠪᠠᠰᠠ ᠣᠷᠳᠣᠰ ᠬᠣᠲᠠ᠎ᠶ᠋ᠢᠨ ᠡᠨᠧᠷᠭᠢ᠎ᠶ᠋ᠢᠨ ᠲᠣᠪᠴᠢᠶ᠎ᠠ᠎ᠳᠤ ᠬᠦᠷᠴᠦ᠍᠂ ᠡᠨᠧᠷᠭᠢ᠎ᠶ᠋ᠢᠨ ᠱᠢᠰᠲ᠋ᠧᠮ᠎ᠦᠨ ᠬᠤᠯᠪᠤᠭᠳᠠᠯ ᠪᠥᠬᠥᠶ ᠺᠠᠳ᠋ᠷ ᠵᠢᠴᠢ ᠭᠤᠤᠯᠳᠠᠯᠭ᠎ᠠ᠎ᠲᠠᠶ ᠡᠨᠧᠷᠭᠢ᠎ᠶ᠋ᠢᠨ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠲᠠᠶ ᠶᠠᠷᠢᠯᠴᠠᠵᠤ ᠰᠠᠨᠠᠯ ᠵᠢᠡᠨ ᠰᠣᠯᠢᠯᠴᠠᠪᠠ᠃
ᠦᠬᠠᠶ ᠬᠣᠲᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠨᠠᠮ᠎ᠤᠨ ᠠᠵᠢᠯ᠎ᠤᠨ ᠬᠤᠷᠢᠶ᠎ᠠ ᠵᠢᠨ ᠪᠠᠢᠩᠭᠤ᠎ᠶ᠋ᠢᠨ ᠳᠡᠳ᠋ ᠱᠦᠵᠢ ᠰᠦᠨ ᠠᠶ ᠹᠠᠩ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠠ᠃ ᠰᠦᠨ ᠠᠶ ᠹᠠᠩ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠠᠬᠢᠴᠠ ᠳᠤᠮᠳᠠᠬᠢ ᠴᠢᠬᠤᠯᠠ ᠪᠠᠢᠷᠢ ᠰᠠᠭᠤᠷᠢ ᠵᠢᠴᠢ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ᠂ ᠭᠤᠤᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ ᠪᠣᠯᠤᠨ ᠦᠨᠳᠦᠰᠦᠨ ᠪᠠᠲᠤᠯᠠᠭ᠎ᠠ᠎ᠶ᠋ᠢ ᠭᠦᠨᠵᠡᠭᠡᠶ ᠲᠣᠳᠣᠷᠬᠠᠢᠯᠠᠨ ᠲᠠᠢᠯᠪᠤᠷᠢᠯᠠᠵᠤ᠂ ᠥᠪᠡᠷᠲᠡᠭᠡᠨ ᠵᠠᠰᠠᠬᠤ ᠣᠷᠣᠨ᠎ᠤ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠰᠡᠳᠭᠢᠮᠵᠢ ᠠᠷᠭ᠎ᠠ ᠬᠡᠮᠵᠢᠶ᠎ᠡ᠎ᠶ᠋ᠢ ᠭᠦᠨᠵᠡᠭᠡᠶ ᠲᠠᠢᠯᠪᠤᠷᠢᠯᠠᠵᠠᠶ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠱᠢᠰᠲ᠋ᠧᠮ᠎ᠲᠡᠶ ᠪᠥᠭᠡᠳ ᠪᠦᠬᠦ᠌ ᠲᠠᠯ᠎ᠠ᠎ᠶ᠋ᠢᠨ ᠪᠠᠢᠵᠤ᠂ ᠭᠣᠣᠯᠳᠠᠯᠭ᠎ᠠ᠎ᠶ᠋ᠢ ᠳᠤᠪᠤᠢ᠌ᠯᠭᠠᠵᠦ᠍᠂ ᠴᠢᠩᠭ᠎ᠠ ᠨᠢᠮᠪᠠᠢ ᠪᠥᠭᠡᠳ ᠣᠨᠣᠪᠴᠢᠲᠠᠢ ᠪᠠᠢᠵᠤ᠂ ᠢᠯᠡ ᠲᠣᠳᠣ ᠠᠮᠢᠳᠤᠯᠢᠭ ᠪᠠᠢᠯ᠎ᠠ᠃
ᠰᠦᠨ ᠠᠶ ᠹᠠᠩ ᠪᠠᠰᠠ ᠦᠬᠠᠶ ᠬᠣᠲᠠ᠎ᠶ᠋ᠢᠨ ᠵᠠᠰᠠᠭ ᠵᠠᠬᠢᠷᠭᠠᠨ᠎ᠤ ᠲᠥᠪ᠎ᠲᠦ ᠬᠦᠷᠴᠦ᠍᠂ ᠡᠯ᠎ᠡ ᠪᠠᠢᠭᠤᠯᠭ᠎ᠠ ᠨᠢᠭᠡᠴᠢ᠎ᠶ᠋ᠢᠨ ᠨᠠᠮ᠎ᠤᠨ ᠠᠵᠢᠯᠲᠠᠨ᠎ᠲᠠᠶ ᠨᠢᠭᠤᠷᠳᠠᠨ ᠶᠠᠷᠢᠯᠴᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠦᠨ ᠪᠠᠢᠭᠤᠯᠭ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ (ᠥᠭᠡᠷᠡᠴᠢᠯᠡᠯᠲᠡ᠎ᠶ᠋ᠢᠨ ᠠᠯᠪᠠᠨ ᠬᠡᠷ) ᠤ᠋ᠨ ᠳᠡᠳ᠋ ᠡᠷᠬᠢᠯᠡᠭ᠌ᠴᠢ ᠶᠠᠩ ᠵᠢᠶ ᠵᠧᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠠ᠃ ᠶᠠᠩ ᠵᠢᠶ ᠵᠧᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠶ ᠪᠥᠬᠥ᠌ ᠲᠠᠯ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠶ ᠡᠵᠡᠮᠳᠡᠵᠦ᠍ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠵᠡᠷᠭᠡ ᠲᠠᠯ᠎ᠠ᠎ᠪᠠᠷ ᠱᠢᠰᠲ᠋ᠧᠮ᠎ᠲᠡᠶ ᠲᠠᠢᠯᠤᠮᠵᠢ ᠬᠢᠵᠦ᠍ ᠭᠦᠨᠵᠡᠭᠡᠶ ᠲᠣᠳᠣᠷᠬᠠᠢᠯᠠᠨ ᠲᠠᠢᠯᠪᠤᠷᠢᠯᠠᠪᠠ᠃