ᠠᠵᠤ ᠦᠶ᠋ᠯᠡᠰ ᠤ᠋ᠨ ᠪᠦᠯᠦᠭᠵᠢᠯ ᠪᠣᠯ ᠮᠠᠯ ᠠᠵᠤ ᠠᠬᠤᠶ ᠲᠠᠷᠢᠶᠠᠯᠠᠡᠭ ᠤ᠋ᠨ ᠬᠡᠯᠪᠡᠷᠢ ᠪᠡᠨ ᠬᠤᠪᠢᠷᠠᠭᠤᠯᠤᠨ ᠬᠥᠭ᠌ᠵᠢᠬᠦ᠌ ᠶ᠋ᠢᠨ ᠱᠢᠨ᠎ᠡ ᠬᠢᠯᠠᠰ ᠴᠡᠭ᠂ ᠠᠵᠤ ᠦᠶ᠋ᠯᠡᠰ ᠤ᠋ᠨ ᠠᠭᠤᠰᠤᠯᠴᠠᠨ ᠬᠥᠭ᠌ᠵᠢᠬᠦ᠌ ᠶ᠋ᠢᠨ ᠱᠢᠨ᠎ᠡ ᠠᠴᠢᠶᠠᠯᠠᠪᠤᠷᠢ ᠪᠣᠯᠤᠨ᠎ᠠ᠃ ᠦᠪᠦᠷ ᠮᠤᠡᠭᠭᠤᠯ 《ᠵᠢᠷᠠᠨ ᠡᠳᠦᠷ ᠱᠢᠢᠳᠪᠦᠷᠢᠲᠦ ᠳᠠᠢᠯᠠᠯᠳᠤᠭᠠᠨ ᠬᠢᠬᠦ᠌》 ᠡᠷᠴᠢ ᠵᠣᠷᠢᠭ ᠵᠢᠡᠷ ᠮᠠᠯ ᠠᠵᠤ ᠠᠬᠤᠢ ᠲᠠᠷᠢᠶᠠᠯᠠᠩ ᠤ᠋ᠨ ᠦᠪᠡᠷᠮᠢᠴᠡ ᠤᠨᠴᠠᠯᠢᠭ ᠲᠠᠢ ᠳᠠᠪᠠᠭᠤᠯᠢᠭ ᠠᠵᠤ ᠦᠢᠯᠡᠰ ᠤ᠋ᠨ ᠪᠦᠯᠦᠭ᠌ᠵᠢᠯ ᠤ᠋ᠨ ᠪᠠᠢᠭᠤᠯᠤᠯᠲᠠ ᠵᠢ ᠪᠦᠬᠦ᠌ ᠲᠠᠯ᠎ᠠ ᠪᠠᠷ ᠲᠦᠷᠭᠡᠳᠬᠡᠨ ᠠᠬᠢᠭᠤᠯᠵᠤ ᠪᠠᠢᠨ᠎ᠠ᠃
11 ᠰᠠᠷ᠎ᠠ ᠶ᠋ᠢᠨ 15 ᠤ᠋ ᠡᠳᠦᠷ᠂ ᠲᠦᠩᠯᠢᠶᠣᠤ ᠬᠣᠲᠠ ᠶ᠋ᠢᠨ ᠥᠪᠥᠷ ᠮᠣᠩᠭᠣᠯ ᠤ᠋ᠨ ᠮᠧᠩ ᡁᠢ ᠨᠢᠦ ᠢᠳᠡᠭᠡᠨ ᠤ᠋ ᠬᠢᠵᠠᠭᠠᠷᠲᠤ ᠺᠣᠮᠫᠠᠨᠢ ᠶ᠋ᠢᠨ ᠦᠬᠡᠷ ᠤ᠋ᠨ ᠮᠢᠬ᠎ᠠ ᠵᠢ ᠨᠠᠷᠢᠯᠢᠭ ᠪᠤᠯᠪᠠᠰᠤᠷᠠᠭᠤᠯᠬᠤ ᠦᠶ᠋ᠯᠡᠳᠪᠦᠷᠢ ᠶ᠋ᠢᠨ ᠲᠠᠰᠤᠭ ᠲᠦ᠍ ᠠᠵᠢᠯᠴᠢᠳ ᠶᠠᠭᠠᠷᠠᠯᠲᠠᠢ ᠠᠵᠢᠯᠯᠠᠨ᠎ᠠ᠃ ᠤᠳᠤ ᠡᠨᠳᠡ ᠡᠳᠤᠷ ᠲᠤᠮᠳᠠᠴᠢ ᠪᠡᠷ 15 ᠳᠤᠨ ᠰᠢᠨ᠎ᠡ ᠰᠤᠷᠭᠤᠭ ᠦᠭᠡᠷ ᠤ᠋ᠨ ᠮᠢᠬ᠎ᠡ ᠵᠢ ᠪᠤᠷᠴᠠ ᠪᠠ ᠰᠢᠭᠦᠰᠦᠯᠡᠭᠰᠡᠨ ᠮᠢᠬ᠎ᠠ ᠵᠡᠷᠭᠡ ᠪᠦᠲᠦᠭᠡᠭᠳᠡᠭᠦᠨ ᠪᠤᠯᠭᠠᠨ ᠪᠤᠯᠪᠠᠰᠤᠷᠠᠭᠤᠯᠵᠤ᠂ 24 ᠴᠠᠭ ᠤ᠋ᠨ ᠳᠤᠲᠤᠷ᠎ᠠ ᠵᠢᠡᠭ ᠳ᠋ᠦᠡᠭ ᠤ᠋ᠨ ᠪᠡᠭᠡᠵᠢᠡᠭ ᠳ᠋ᠡᠬᠢ ᠤᠷᠢᠳᠴᠢᠯᠡᠨ ᠨᠦᠬᠡᠴᠡᠯᠡᠬᠦ ᠬᠦᠮᠦᠷᠭᠡ ᠵᠢᠴᠢ ᠪᠦᠬᠦ ᠤᠯᠤᠰ ᠤ᠋ᠨ ᠬᠡᠷᠡᠭᠯᠡᠭᠴᠢᠳ ᠤ᠋ᠨ ᠭᠠᠷ ᠲᠦ᠍ ᠬᠦᠷᠭᠡᠵᠦ ᠪᠠᠢᠨ᠎ᠠ᠃ ᠲᠤᠰ ᠺᠤᠮᠫᠠᠨᠢ ᠶ᠋ᠢᠨ ᠬᠢᠨ ᠡᠨᠡ ᠵᠢᠯ 1200 ᠲᠦᠮᠡᠨ ᠲᠥᠭᠥᠷᠢᠭ ᠤ᠋ᠨ ᠪᠠᠯᠠ ᠣᠷᠣᠭᠤᠯᠵᠤ᠂ ᠣᠶᠤᠨᠴᠢᠯᠠᠭ᠍ᠰᠠᠨ ᠦᠶ᠋ᠯᠡᠳᠪᠦᠷᠢᠯᠡᠯ ᠤ᠋ᠨ ᠱᠤᠭᠤᠮ ᠢ᠋ ᠣᠷᠣᠭᠤᠯᠤᠨ ᠠᠪᠴᠢᠷᠠᠵᠤ᠂ ᠤᠯᠠᠮᠵᠢᠯᠠᠯᠲᠤ ᠬᠠᠳᠠᠭᠠᠬᠤ ᠴᠠᠭ ᠢ᠋ 24 ᠴᠠᠭ ᠪᠠᠢᠭ᠍ᠰᠠᠨ ᠡᠴᠡ 16 ᠴᠠᠭ ᠪᠣᠯᠭᠠᠨ ᠪᠣᠭᠣᠨᠢᠰᠭᠠᠵᠤ᠂ ᠬᠡᠪᠴᠢᠶᠡᠵᠢᠭ᠌ᠰᠡᠨ ᠦᠶ᠋ᠯᠡᠳᠪᠦᠷᠢᠯᠡᠯ ᠪᠠ ᠶᠠᠰᠤ ᠴᠢᠨᠠᠷ ᠤ᠋ᠨ ᠲᠣᠭ᠍ᠲᠠᠭᠤᠨ ᠤ᠋ ᠨᠢᠭᠡᠳᠦᠯ ᠢ᠋ ᠪᠡᠶᠡᠯᠡᠭᠦᠯᠪᠡ᠃ ᠣᠢᠯᠠᠭᠠᠭ᠍ᠰᠠᠨ ᠶ᠋ᠢᠡᠷ᠂ 《ᠵᠢᠷᠠᠨ ᠡᠳᠦᠷ ᠤ᠋ᠨ ᠱᠢᠢᠳᠪᠦᠷᠢᠲᠦ ᠳᠠᠢᠯᠠᠯᠳᠤᠭᠠᠨ》 ᠢ᠋ ᠡᠬᠢᠯᠡᠬᠦᠯᠦᠭᠰᠡᠨ ᠡᠴᠡ ᠨᠠᠭᠠᠰᠢ᠂ ᠲᠣᠰ ᠺᠣᠮᠫᠠᠨᠢ ᠶ᠋ᠢᠨ ᠡᠳᠦᠷ ᠪᠦᠷᠢ ᠶ᠋ᠢᠨ ᠦᠶ᠋ᠯᠡᠳᠪᠦᠷᠢᠯᠡᠯ ᠪᠣᠷᠣᠯᠠᠭᠤᠯᠭ᠎ᠠ ᠶ᠋ᠢᠨ ᠬᠡᠮᠵᠢᠶ᠎ᠡ ᠴᠥᠮ 100 ᠲᠦᠮᠡᠨ ᠲᠥᠭᠥᠷᠢᠭ ᠢ᠋ ᠳᠠᠪᠠᠵᠠᠢ᠂ ᠡᠭᠦᠨ ᠳ᠋ᠦ ᠡᠳᠦᠷ ᠪᠦᠷᠢ ᠶ᠋ᠢᠨ ᠰᠢᠭᠤᠳ ᠨᠡᠪᠲᠡᠷᠡᠭᠦᠯᠬᠡ ᠶ᠋ᠢᠨ ᠪᠣᠷᠣᠯᠠᠭᠤᠯᠭ᠎ᠠ ᠶ᠋ᠢᠨ ᠬᠡᠮᠵᠢᠶ᠎ᠡ ᠨᠢ 60 — 80 ᠲᠦᠮᠡᠨ ᠲᠥᠭᠥᠷᠢᠭᠲᠦ᠍ ᠬᠦᠷᠴᠦ ᠪᠠᠢᠨ᠎ᠠ᠃
ᠡᠨᠡ ᠵᠢᠯ ᠡᠴᠡ ᠨᠠᠭᠠᠰᠢ᠂ ᠲᠦᠩᠯᠢᠶᠣᠤ ᠬᠣᠲᠠ ᠬᠣᠷᠴᠢᠨ ᠦᠭᠡᠷ ᠤ᠋ᠨ ᠮᠢᠬ᠎ᠠ ᠵᠢᠨ ᠦᠪᠡᠷᠮᠢᠴᠠ ᠤᠨᠴᠠᠯᠢᠭ ᠲᠠᠢ ᠳᠠᠪᠠᠭᠤᠯᠢᠭ ᠠᠵᠤ ᠦᠶ᠋ᠯᠡᠰ ᠤ᠋ᠨ ᠪᠦᠯᠦᠭ᠌ᠵᠢᠯ ᠤ᠋ᠨ ᠲᠥᠷᠥᠯ ᠵᠦᠶ᠋ᠯ ᠢ᠋ ᠬᠦᠴᠦᠯᠡᠨ ᠠᠬᠢᠭᠤᠯᠵᠤ᠂ ᠳᠠᠭᠠᠭᠤᠯᠤᠭ᠍ᠴᠢ ᠠᠵᠤ ᠠᠬᠤᠢᠯᠠᠯ ᠤ᠋ᠨ ᠵᠢᠱ᠌ᠢᠶ᠎ᠡ ᠦᠵᠡᠭᠦᠯᠦᠨ ᠳᠠᠢᠴᠢᠯᠠᠬᠤ ᠦᠶ᠋ᠯᠡᠳᠦᠯ ᠢ᠋ ᠭᠦᠶ᠋ᠴᠡᠳ ᠪᠠᠳᠠᠷᠠᠭᠤᠯᠤᠨ᠂ 《ᠬᠣᠷᠴᠢᠨ ᠦᠬᠡᠷ》 ᠤ᠋ᠨ ᠲᠥᠷᠥᠯ ᠲᠡᠮᠳᠡᠭ ᠤ᠋ᠨ ᠨᠡᠷ᠎ᠡ ᠠᠯᠳᠠᠷᠰᠢᠯ ᠵᠢᠴᠢ ᠨᠦᠯᠦᠭᠡᠯᠡᠬᠦ ᠬᠦᠴᠦᠨ ᠢ᠋ ᠦᠷᠬᠦᠯᠵᠢᠯᠡᠨ ᠦᠷᠭᠡᠳᠭᠡᠵᠦ᠂ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠬᠡᠯᠬᠢᠶ᠎ᠡ ᠵᠢ ᠤᠯᠠᠮ ᠲᠡᠭᠦᠯᠳᠡᠷᠵᠢᠭᠦᠯᠤᠨ᠂ ᠥᠷᠲᠡᠭ ᠤ᠋ᠨ ᠬᠡᠯᠬᠢᠶ᠎ᠡ ᠵᠢ ᠳᠡᠭᠡᠭ᠌ᠰᠢᠯᠡᠭᠦᠯᠪᠡ᠃ ᠤᠳᠤ ᠪᠥᠬᠥ᠌ ᠬᠣᠲᠠ ᠳ᠋ᠦ 396 ᠲᠦᠮᠡᠨ ᠦᠬᠡᠷ ᠲᠡᠵᠢᠭᠡᠵᠦ᠍᠂ ᠠᠵᠤ ᠦᠶ᠋ᠯᠡᠰ ᠤ᠋ᠨ ᠬᠡᠯᠬᠢᠶ᠎ᠡ ᠶ᠋ᠢᠨ ᠦᠶ᠋ᠯᠡᠳᠬᠦᠨ ᠤ᠋ ᠥᠷᠲᠡᠭ ᠨᠢ 500 ᠳ᠋ᠦᠩᠱᠢᠭᠤᠷ ᠲᠥᠭᠥᠷᠢᠭ ᠲᠦ᠍ ᠬᠦᠷᠴᠦ᠍᠂ ᠪᠦᠲᠦᠭᠡᠭᠳᠡᠭᠦᠨ ᠪᠤᠯᠭᠠᠨ ᠡᠳ᠋ᠰᠢᠭᠦᠯᠦᠨ ᠪᠤᠯᠪᠠᠰᠤᠷᠠᠭᠤᠯᠬᠤ ᠨᠤᠷᠮ᠎ᠠ ᠵᠠᠭᠤᠨ ᠤ᠋ ᠬᠠᠷᠢᠴᠠᠯ ᠶ᠋ᠢᠡᠷ 10 ᠬᠤᠪᠢ ᠳᠡᠭᠡᠭᠰᠢᠯᠡᠪᠡ᠃ ᠤᠳᠤᠬᠠᠨ ᠳ᠋ᠤ ᠲᠦᠩᠯᠢᠶᠣᠤ ᠬᠣᠲᠠ ᠶ᠋ᠢᠨ ᠬᠢᠨ 《ᠵᠢᠷᠠᠨ ᠡᠳᠦᠷ ᠤ᠋ᠨ ᠱᠢᠢᠳᠪᠦᠷᠢᠲᠦ ᠳᠠᠢᠯᠠᠯᠳᠤᠭᠠᠨ ᠬᠢᠬᠦ᠌》 ᠡᠷᠴᠢ ᠵᠤᠷᠢᠭ ᠵᠢᠡᠷ ᠪᠦᠬᠦ ᠬᠦᠴᠦᠨ ᠶ᠋ᠢᠡᠷ ᠶ᠋ᠢᠡᠨ ᠰᠢᠪᠳᠤᠯᠤᠯᠲᠠ ᠬᠢᠵᠦ᠂ 《ᠪᠥᠬᠥ᠌ ᠤᠯᠤᠰ ᠤ᠋ᠨ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠲᠡᠷᠢᠭᠦᠨ ᠪᠠᠯᠭᠠᠰᠤ》 ᠵᠢ ᠪᠥᠲᠥᠭᠡᠨ ᠪᠠᠢᠭᠤᠯᠬᠤ ᠣᠨ ᠤ᠋ ᠡᠭᠦᠷᠭᠡ ᠪᠡᠨ ᠴᠢᠨᠠᠷ ᠰᠠᠢᠲᠠᠶ ᠪᠡᠶᠡᠯᠡᠭᠦᠯᠬᠦ᠌ ᠪᠠᠷ ᠴᠢᠷᠮᠠᠢᠵᠦ ᠪᠠᠢᠨ᠎ᠠ᠃ ᠵᠢᠯ ᠤ᠋ᠨ ᠰᠡᠭᠦᠯᠴᠢ ᠪᠤᠯᠳᠠᠯ᠎ᠠ ᠪᠦᠬᠦ᠌ ᠬᠣᠲᠠ ᠪᠡᠷ ᠵᠢᠡᠨ 150 ᠲᠦᠮᠡᠨ ᠦᠬᠡᠷ᠂ 30 ᠲᠦᠮᠡᠨ ᠲᠣᠨ ᠦᠬᠡᠷ ᠤ᠋ᠨ ᠮᠢᠬᠠᠨ ᠤ᠋ ᠭᠠᠷᠭᠠᠯᠲᠠ ᠵᠢ ᠪᠡᠶᠡᠯᠡᠭᠦᠯᠵᠦ᠍᠂ ᠡᠯ᠎ᠡ ᠲᠥᠷᠥᠯ ᠤ᠋ᠨ ᠦᠬᠡᠷ ᠤ᠋ᠨ ᠮᠢᠬᠠᠨ ᠤ᠋ ᠪᠦᠲᠦᠭᠡᠭ᠌ᠳᠡᠬᠦᠨ ᠢ᠋ 3 ᠲᠦᠮᠡᠨ ᠲᠣᠨ ᠡᠴᠡ ᠳᠡᠭᠡᠭ᠌ᠰᠢ ᠡᠳ᠋ᠰᠢᠬᠦᠯᠦᠨ ᠪᠤᠯᠪᠠᠰᠤᠷᠠᠭᠤᠯᠵᠤ ᠪᠤᠷᠤᠯᠠᠭᠤᠯᠬᠤ ᠪᠡᠷ ᠬᠦᠴᠦᠯᠡᠵᠤ ᠪᠠᠢᠨ᠎ᠠ᠃
ᠥᠪᠥᠷ ᠮᠣᠩᠭᠣᠯ ᠳ᠋ᠦ ᠣᠲᠣ ᠲᠠᠯ᠎ᠠ ᠨᠤᠲᠤᠭ ᠤ᠋ᠨ ᠮᠢᠬᠠᠨ ᠤ᠋ ᠬᠣᠨᠢ᠂ ᠪᠣᠷᠣᠲᠣᠬᠣᠶ ᠶ᠋ᠢᠨ ᠨᠡᠷᠡᠨ ᠬᠤᠸᠠᠷ᠂ ᠮᠤᠨᠢ ᠠᠭᠤᠯᠠ ᠶ᠋ᠢᠨ ᠲᠥᠮᠥᠰᠥ᠍ ᠵᠡᠷᠭᠡ 10 ᠤᠯᠤᠰ ᠤ᠋ᠨ ᠳᠡᠰ ᠤ᠋ᠨ ᠦᠪᠡᠷᠮᠢᠴᠡ ᠤᠨᠴᠠᠯᠢᠭ ᠲᠠᠢ ᠳᠠᠪᠠᠭᠤᠯᠢᠭ ᠠᠵᠤ ᠦᠶ᠋ᠯᠡᠰ ᠤ᠋ᠨ ᠪᠦᠯᠦᠭᠵᠢᠯ ᠲᠠᠢ ᠪᠠᠢᠵᠤ᠂ ᠪᠦᠬᠦ ᠤᠷᠤᠨ ᠤ᠋ ᠳᠦᠷᠦᠯ ᠵᠦᠢᠯ ᠤ᠋ᠨ ᠤᠷᠤᠨ ᠤ᠋ ᠳᠤᠳᠤᠷᠠᠬᠢ ᠥᠪᠡᠷᠲᠡᠭᠡᠨ ᠵᠠᠰᠠᠬᠤ ᠣᠷᠣᠨ ᠤ᠋ ᠲᠠᠰ ᠡᠴᠡ ᠳᠡᠭᠡᠭ᠌ᠰᠢᠬᠢ ᠳᠠᠭᠠᠭᠤᠯᠤᠭᠴᠢ ᠠᠵᠤ ᠠᠬᠤᠢᠯᠠᠯ 240 ᠵᠢ ᠳᠠᠪᠠᠨ᠂ 73.17 ᠲᠦᠮᠡᠨ ᠮᠠᠯᠵᠢᠬᠤ ᠲᠠᠷᠢᠶᠠᠯᠠᠬᠤ ᠡᠷᠦᠬᠡ ᠵᠢ ᠳᠠᠢᠴᠢᠯᠠᠨ ᠣᠷᠣᠯᠭ᠎ᠠ ᠵᠢ ᠨᠢ ᠨᠡᠮᠡᠭ᠌ᠳᠡᠭᠦᠯᠵᠦ᠍᠂ ᠮᠠᠯᠴᠢᠨ ᠲᠠᠷᠢᠶᠠᠴᠢᠨ ᠤ᠋ ᠬᠥᠮᠦᠨ ᠳᠤᠮᠳᠠᠴᠢ ᠶ᠋ᠢᠨ ᠡᠵᠡᠮᠳᠡᠵᠦ᠍ ᠪᠣᠯᠬᠤ ᠣᠷᠣᠯᠭ᠎ᠠ ᠵᠢ 16.94% ᠪᠡᠷ ᠨᠡᠮᠡᠭ᠌ᠳᠡᠬᠦᠯᠪᠡ᠃ ᠮᠠᠨ ᠤ᠋ ᠤᠷᠤᠨ 《ᠵᠢᠷᠠᠨ ᠡᠳᠦᠷ ᠤ᠋ᠨ ᠰᠢᠢᠳᠪᠤᠷᠢᠳᠤ ᠲᠠᠢᠯᠠᠯᠳᠤᠭᠠᠨ ᠬᠢᠬᠦ》ᠬᠤᠭᠤᠴᠠᠭ᠎ᠠ ᠵᠢ ᠴᠢᠩᠭ᠎ᠠ ᠠᠳᠭᠤᠨ ᠲᠦᠷᠦᠯ ᠵᠦᠢᠯ ᠶ᠋ᠢᠡᠷ ᠲᠤᠯᠭᠠᠭᠤᠷᠢᠯᠠᠯ ᠪᠣᠯᠭᠠᠵᠤ᠂ ᠲᠦᠷᠦᠯ ᠵᠦᠢᠯ ᠡᠴᠡ ᠦᠷ᠎ᠡ ᠠᠱᠢᠭ ᠣᠯᠵᠤ᠂ ᠦᠷ᠎ᠡ ᠠᠱᠢᠭ ᠶ᠋ᠢᠡᠷ ᠠᠵᠤ ᠦᠢᠯᠡᠰ ᠢ᠋ ᠠᠬᠢᠭᠤᠯᠤᠨ᠂ ᠠᠵᠤ ᠦᠢᠯᠡᠰ ᠶ᠋ᠢᠡᠷ ᠮᠠᠯᠴᠢᠨ ᠲᠠᠷᠢᠶᠠᠴᠢᠨ ᠢ᠋ ᠪᠠᠶᠠᠵᠢᠭᠤᠯᠵᠤ᠂ ᠦᠪᠡᠷᠮᠢᠴᠠ ᠤᠨᠴᠠᠯᠢᠭ ᠲᠠᠢ ᠳᠠᠪᠠᠭᠤᠯᠢᠭ ᠠᠵᠤ ᠦᠢᠯᠡᠰ ᠤ᠋ᠨ ᠪᠦᠯᠦᠭ᠌ᠵᠢᠯ ᠶ᠋ᠢᠡᠷ ᠠᠵᠤ ᠦᠢᠯᠡᠰ ᠤ᠋ᠨ ᠬᠥᠭ᠌ᠵᠢᠯᠲᠡ ᠶ᠋ᠢ ᠱᠢᠨ᠎ᠡ ᠥᠨᠳᠥᠷᠯᠢᠭ ᠲᠦ᠍ ᠭᠠᠷᠭᠠᠬᠤ ᠪᠠᠷ ᠴᠢᠷᠮᠠᠢᠵᠤ ᠪᠠᠢᠨ᠎ᠠ᠃
《ᠪᠢᠳᠡ ᠵᠢᠯ ᠤ᠋ᠨ ᠰᠡᠭᠦᠯᠴᠢ ᠶ᠋ᠢᠨ ᠱᠢᠪᠲᠤᠯᠤᠯᠲᠠ ᠶ᠋ᠢᠨ ᠱᠠᠲᠤᠨ ᠳ᠋ᠦ ᠲᠥᠷᠥᠯ ᠵᠦᠶ᠋ᠯ ᠤ᠋ᠨ ᠰᠡᠭᠦᠯ ᠬᠤᠷᠢᠶᠠᠬᠤ ᠵᠢᠴᠢ ᠨᠠᠢᠳᠠᠪᠤᠷᠢᠵᠢᠭᠤᠯᠬᠤ ᠠᠵᠢᠯ ᠢ᠋ ᠴᠢᠩᠭ᠎ᠠ ᠰᠠᠢᠲᠤᠷ ᠠᠳᠬᠤᠵᠤ᠂ ᠠᠵᠤ ᠦᠶ᠋ᠯᠡᠰ ᠤ᠋ᠨ ᠬᠡᠯᠬᠢᠶ᠎ᠡ ᠵᠢ ᠤᠯᠠᠮ ᠤᠷᠳᠤᠳᠬᠠᠨ᠂ ᠥᠷᠲᠡᠭ ᠤ᠋ᠨ ᠬᠡᠯᠬᠢᠶ᠎ᠡ ᠶ᠋ᠢᠨ ᠠᠭᠤᠰᠤᠯᠴᠠᠯ ᠤ᠋ᠨ ᠬᠡᠮᠵᠢᠶ᠎ᠡ ᠵᠢ ᠳᠡᠭᠡᠭ᠌ᠰᠢᠯᠡᠭᠦᠯᠵᠦ᠍᠂ ᠤᠯᠤᠰ ᠤ᠋ᠨ ᠳᠡᠰ ᠤ᠋ᠨ ᠦᠪᠠᠷᠮᠢᠴᠠ ᠤᠨᠴᠠᠯᠢᠭ ᠲᠠᠢ ᠳᠠᠪᠠᠭᠤᠯᠢᠭ ᠠᠵᠤ ᠦᠶ᠋ᠯᠡᠰ ᠤ᠋ᠨ ᠪᠦᠯᠦᠭᠵᠢᠯ ᠤ᠋ᠨ ᠬᠥᠭ᠌ᠵᠢᠯᠲᠡ ᠶ᠋ᠢᠨ ᠦᠷ᠎ᠡ ᠪᠦᠲᠦᠭᠡᠯ ᠤ᠋ᠨ ᠨᠠᠩ ᠥᠷᠭᠡᠨ ᠬᠡᠪᠴᠢᠶᠡᠨ ᠳ᠋ᠤ ᠠᠱᠢᠭ ᠬᠦᠷᠲᠡᠭᠡᠬᠦ᠌ ᠵᠢ ᠦᠨᠡᠨ ᠬᠦ᠌ ᠪᠠᠲᠤᠯᠠᠵᠤ᠂ ᠨᠠᠩ ᠪᠣᠳᠠᠲᠠᠶ ᠦᠷ᠎ᠡ ᠪᠦᠲᠦᠮᠵᠢ ᠤᠯᠬᠤ ᠪᠡᠷ ᠬᠦᠴᠦᠯᠡᠵᠤ ᠪᠠᠢᠨ᠎ᠠ》 ᠭᠡᠵᠦ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠤ᠋ᠨ ᠬᠥᠳᠡᠭᠡ ᠲᠣᠰᠭᠣᠨ ᠤ᠋ ᠠᠵᠤ ᠦᠶ᠋ᠯᠡᠰ ᠤ᠋ᠨ ᠬᠥᠭ᠌ᠵᠢᠯᠲᠡ ᠪᠠ ᠠᠲᠠᠷ ᠬᠠᠭᠠᠯᠪᠤᠷᠢᠯᠠᠯᠲᠠ ᠶ᠋ᠢᠨ ᠭᠠᠵᠠᠷ ᠤ᠋ᠨ ᠳᠠᠷᠤᠭ᠎ᠠ ᠱᠢᠩ ᠷᠦᠢ ᠶᠠᠷᠢᠵᠤ ᠪᠠᠢᠯ᠎ᠠ᠃