11 ᠰᠠᠷ᠎ᠠ᠎ᠶ᠋ᠢᠨ 21 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠪᠠᠶᠠᠨᠨᠠᠭᠤᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠤᠷᠢᠶ᠎ᠠ᠎ᠶᠢᠨ ᠪᠠᠢᠭᠤᠯᠭ᠎ᠠ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠃
ᠪᠠᠶᠠᠨᠨᠠᠭᠤᠷ ᠬᠣᠲᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠡᠷᠬᠢᠯᠡᠭ᠌ᠴᠢ ᠭᠤᠤ ᠵᠠᠨ ᠱᠧᠩ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠣᠯᠤᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ᠂ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠭᠣᠣᠯ ᠬᠠᠷᠠᠯᠲᠠ᠂ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠵᠡᠷᠭᠡ ᠲᠠᠯ᠎ᠠ᠎ᠪᠠᠷ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠳᠤᠬᠠᠢ ᠭᠦᠨᠵᠡᠭᠡᠶ ᠲᠠᠢᠯᠤᠮᠵᠢ ᠬᠢᠵᠦ᠂ ᠭᠦᠨᠴᠡ ᠲᠠᠢᠯᠪᠤᠷᠢᠯᠠᠵᠤ᠂ ᠠᠭᠤᠯᠭ᠎ᠠ ᠭᠤᠢᠳᠠ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃
ᠤᠬᠠᠭᠤᠯᠤᠨ ᠲᠠᠢᠯᠪᠤᠷᠢᠯᠠᠬᠤ᠎ᠡᠴᠡ ᠡᠮᠦᠨ᠎ᠡ ᠨᠢᠭᠡ ᠡᠳᠦᠷ᠂ ᠭᠤᠤ ᠵᠠᠨ ᠱᠧᠩ ᠪᠠᠰᠠ ᠯᠢᠨ ᠾᠧ ᠲᠣᠭᠣᠷᠢᠭ᠋᠎ᠤᠨ ᠵᠢᠨᠴᠤᠸᠠᠨ ᠵᠡᠭᠡᠯᠢ ᠭᠤᠳᠤᠮᠵᠢ ᠶᠢᠨ ᠱᠦᠢ ᠶᠤᠸᠠᠨ ᠨᠡᠢᠭᠡᠮ ᠲᠣᠭᠣᠷᠢᠭ᠋᠎ᠲᠤ ᠭᠦᠨᠵᠡᠭᠡᠢᠷᠡᠵᠦ᠂ ᠨᠡᠢᠭᠡᠮ ᠲᠣᠭᠣᠷᠢᠭ᠋᠎ᠤᠨ ᠠᠵᠢᠯᠲᠠᠨ᠂ ᠰᠠᠭᠤᠭᠠᠯᠢ ᠠᠷᠠᠳ᠎ᠤᠨ ᠲᠥᠯᠥᠭᠡᠯᠡᠭᠴᠢᠳ᠎ᠲᠠᠢ ᠰᠠᠨᠠᠯ᠎ᠢᠶᠠᠨ ᠰᠣᠯᠢᠯᠴᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠰᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯ᠎ᠤᠨ ᠬᠣᠷᠢᠶ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠳᠡᠳ᠋ ᠵᠠᠬᠢᠷᠤᠯ ᠠᠨ ᠵᠢᠩ ᠽᠸ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ》 ᠰᠡᠳᠦᠪ᠎ᠢᠶᠡᠷ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠲᠡᠦᠬᠡᠨ ᠣᠷᠣᠨ ᠪᠠᠢᠷᠢ᠎ᠶᠢ ᠣᠨᠣᠪᠴᠢᠲᠠᠶ ᠡᠵᠡᠮᠳᠡᠬᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠡᠷᠦᠩᠬᠡᠢ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠬᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠡᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠡᠭᠦᠷᠭᠡ ᠪᠣᠯᠣᠨ ᠴᠢᠬᠤᠯᠠ ᠶᠡᠬᠡ ᠠᠷᠭ᠎ᠠ ᠬᠡᠮᠵᠢᠶᠡᠭᠡᠬᠦ ᠭᠤᠷᠪᠠᠨ ᠲᠠᠯ᠎ᠠ ᠪᠡᠷ ᠪᠥᠬᠥ ᠲᠠᠯ᠎ᠠ᠎ᠪᠠᠷ ᠤᠬᠠᠭᠤᠯᠤᠨ ᠲᠠᠢᠯᠪᠤᠷᠢᠯᠠᠬᠤ ᠪᠠ ᠰᠢᠰᠲᠸᠮ ᠲᠠᠢ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠳᠠᠷᠤᠭ᠎ᠠ ᠦ᠋ ᠵᠧᠨ ᠴᠢᠩ ᠪᠥᠬᠥᠳᠡ ᠬᠤᠷᠠᠯ᠎ᠤᠨ ᠶᠡᠷᠦᠩᠬᠡᠢ ᠪᠠᠢᠳᠠᠯ᠂ ᠴᠢᠬᠤᠯᠠ ᠶᠡᠬᠡ ᠠᠴᠢ ᠬᠣᠯᠪᠣᠭᠳᠠᠯ᠎ᠤᠨ ᠲᠣᠭᠣᠷᠢᠨ᠎ᠳᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠶᠢᠨ ᠲᠦᠷ ᠴᠠᠭ ᠲᠤᠰᠢᠶᠠᠯ ᠡᠭᠦᠷᠭᠡᠯᠡᠭᠰᠡᠨ ᠰᠤᠷᠭᠠᠭᠤᠯᠢ᠎ᠶᠢᠨ ᠵᠠᠬᠢᠷᠤᠯ᠎ᠤᠨ ᠲᠤᠰᠠᠯᠠᠭ᠍ᠴᠢ ᠵᠠᠩ ᠱᠢ ᠷᠦᠩ ᠲᠤᠰᠬᠠᠢ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃ ᠵᠠᠩ ᠱᠢ ᠷᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ᠎ᠵᠢᠨ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠲᠠᠢ ᠨᠢᠭ᠍ᠲᠠ ᠤᠶᠠᠯᠳᠤᠭᠤᠯᠵᠤ᠂ ᠪᠦᠬᠦᠳᠠ ᠬᠤᠷᠠᠯ᠎ᠤᠨ ᠴᠢᠬᠤᠯᠠ ᠠᠴᠢ ᠬᠣᠯᠪᠣᠭᠳᠠᠯ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ ᠵᠢᠨ ᠭᠣᠣᠯ ᠠᠭᠤᠯᠭ᠎ᠠ ᠵᠢᠴᠢ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ᠎ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠵᠡᠷᠭᠡ ᠲᠠᠯ᠎ᠠ᠎ᠪᠠᠷ ᠰᠢᠰᠲᠧᠮ᠎ᠲᠠᠢ ᠲᠣᠳᠣᠷᠬᠠᠢᠯᠠᠨ ᠲᠠᠢᠯᠪᠤᠷᠢᠯᠠᠭᠰᠠᠨ ᠪᠥᠭᠡᠳ ᠭᠦᠨᠵᠡᠭᠡᠢ ᠲᠠᠢᠯᠪᠤᠷᠢᠯᠠᠪᠠ᠃