ᠶᠡᠷᠦᠩᠬᠡᠢ ᠱᠦᠵᠢ ᠰᠢ ᠵᠢᠨ ᠫᠢᠩ ᠤᠢ᠍ᠢᠷ᠎ᠠ᠎ᠳᠤ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠳᠤ ᠴᠢᠬᠤᠯᠠ ᠵᠢᠭᠠᠪᠤᠷᠢ ᠥᠭ᠌ᠴᠦ᠂ ᠤᠢ᠍ᠢᠷ᠎ᠠ᠎ᠳᠤ ᠬᠤᠷᠠᠯᠳᠤᠭ᠍ᠰᠠᠨ ᠲᠥᠪ᠎ᠦᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠤᠨ ᠬᠤᠷᠠᠯ᠎ᠡᠴᠡ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢ ᠤᠯᠠᠮᠵᠢᠯᠠᠨ ᠰᠤᠷᠤᠯᠴᠠᠬᠤ᠎ᠶ᠋ᠢᠨ ᠬᠠᠮᠲᠤ ᠱᠢᠨ᠎ᠡ ᠠᠶᠠᠨ᠎ᠳᠠᠭᠠᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠠᠬᠢᠭᠤᠯᠬᠤ ᠲᠤᠬᠠᠢ ᠪᠣᠳᠠᠲᠠᠢ ᠪᠠᠢᠷᠢᠯᠠᠭᠤᠯᠤᠯᠲᠠ ᠬᠢᠵᠡᠢ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠨᠢ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠣᠯᠤᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠭᠦᠢᠴᠡᠳ ᠨᠤᠲᠠᠯᠠᠵᠤ᠂ ᠪᠦᠬᠦ᠌ ᠲᠠᠯ᠎ᠠ᠎ᠪᠠᠷ ᠬᠠᠤᠯᠢ ᠪᠡᠷ ᠤᠯᠤᠰ᠎ᠢᠶᠠᠨ ᠵᠠᠰᠠᠬᠤ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ᠂ ᠪᠦᠬᠦ᠌ ᠲᠠᠯ᠎ᠠ᠎ᠶ᠋ᠢᠨ ᠴᠢᠨᠠᠷᠲᠠᠢ᠂ ᠴᠢᠭ᠌ᠯᠡᠯ᠎ᠦᠨ ᠴᠢᠨᠠᠷᠲᠠᠢ ᠠᠰᠠᠭᠤᠳᠠᠯ᠎ᠢ ᠤᠯᠠᠮ ᠨᠢᠭᠡ ᠠᠯᠬᠤᠮ ᠲᠣᠳᠣᠷᠬᠠᠢᠯᠠᠵᠤ᠂ ᠨᠡᠢᠭᠡᠮ ᠵᠢᠷᠤᠮᠲᠤ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶ᠋ᠢ ᠭᠦᠨᠵᠡᠭᠡᠢᠷᠡᠭᠦᠯᠵᠦ᠍᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠭᠤ ᠴᠢᠨᠠᠷᠲᠠᠶ ᠪᠠᠢᠵᠤ᠂ ᠱᠢᠨ᠎ᠡ ᠠᠶᠠᠨ᠎ᠳᠠᠭᠠᠨ ᠪᠦᠬᠦ᠌ ᠲᠠᠯ᠎ᠠ᠎ᠪᠠᠷ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠠᠬᠢᠭᠤᠯᠬᠤ᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠨ ᠥᠭ᠌ᠴᠦ᠂ ᠦᠨᠳᠦᠰᠦᠨ ᠵᠢᠷᠤᠮᠯᠠᠯ ᠬᠠᠩᠭᠠᠭ᠍ᠰᠠᠨ ᠪᠠᠢᠨ᠎ᠠ᠃
ᠬᠠᠤᠯᠢ ᠴᠠᠭᠠᠵᠠ ᠪᠣᠯ ᠤᠯᠤᠰ᠎ᠢ ᠵᠠᠰᠠᠬᠤ ᠴᠢᠬᠤᠯᠠ ᠵᠡᠪᠰᠡᠭ ᠮᠥᠨ᠂ ᠬᠠᠤᠯᠢ᠎ᠪᠠᠷ ᠵᠠᠰᠠᠬᠤ ᠪᠣᠯ ᠲᠦᠷᠦ᠍᠎ᠶ᠋ᠢ ᠵᠠᠰᠠᠬᠤ ᠶ᠋ᠢᠨ ᠦᠨᠳᠦᠰᠦᠨ ᠠᠷᠭ᠎ᠠ ᠮᠠᠶᠢᠭ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ 《ᠳᠦᠷᠪᠡᠨ ᠪᠦᠬᠦ᠌ ᠲᠠᠯ᠎ᠠ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠳᠤ ᠣᠷᠣᠭᠤᠯᠤᠨ ᠬᠦᠴᠦᠲᠡᠢ ᠠᠬᠢᠭᠤᠯᠵᠤ᠂ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠶᠡᠷᠦᠩᠬᠡᠢ ᠪᠠᠢᠷᠢᠱᠢᠯ᠎ᠢ ᠦᠨᠳᠦᠰᠦᠨ᠎ᠳᠡᠭᠡᠨ ᠪᠦᠷᠢᠯᠳᠦᠭᠦᠯᠵᠦ᠍᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮᠲᠤ ᠬᠠᠤᠯᠢ ᠪᠡᠷ ᠵᠠᠰᠠᠬᠤ ᠱᠢᠰᠲ᠋ᠧᠮ ᠳᠠᠰᠤᠷᠠᠯᠳᠠ ᠦᠭᠡᠢ ᠲᠡᠭᠦᠯᠳᠡᠷᠵᠢᠵᠦ᠍᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮᠲᠤ ᠬᠠᠤᠯᠢ ᠪᠡᠷ ᠵᠠᠰᠠᠬᠤ ᠵᠠᠮ ᠶᠠᠪᠤᠬᠤ ᠳᠤᠳᠤᠮ ᠥᠷᠭᠡᠵᠢᠪᠡ᠃ 2020 ᠣᠨ᠎ᠤ 11 ᠰᠠᠷ᠎ᠠ᠎ᠳᠤ ᠬᠤᠷᠠᠯᠳᠤᠭ᠍ᠰᠠᠨ ᠲᠥᠪ᠎ᠦᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠤᠨ ᠬᠤᠷᠠᠯ᠎ᠡᠴᠡ 《ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ》 ᠵᠢ ᠵᠢᠩᠬᠢᠨᠢ᠎ᠪᠡᠷ ᠳᠤᠷᠠᠳᠴᠤ᠌᠂ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶ᠋ᠢᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠳᠠᠬᠢ ᠵᠢᠯᠣᠭᠣᠳᠭᠤ ᠪᠠᠢᠷᠢ ᠰᠠᠭᠤᠷᠢ᠎ᠶ᠋ᠢ ᠲᠣᠳᠣᠷᠬᠠᠢᠯᠠᠪᠠ᠂ ᠡᠨᠡ ᠨᠢ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮᠲᠤ ᠬᠠᠤᠯᠢ ᠪᠡᠷ ᠵᠠᠰᠠᠬᠤ ᠪᠠᠢᠭᠤᠯᠤᠯᠲᠠ᠎ᠶ᠋ᠢᠨ ᠠᠬᠢᠴᠠᠲᠤᠮᠳᠠ ᠬᠥᠱᠢᠢ᠎ᠡ ᠳᠤᠷᠠᠰᠭᠠᠯ᠎ᠤᠨ ᠠᠴᠢ ᠬᠣᠯᠪᠣᠭ᠍ᠳᠠᠯ᠎ᠲᠠᠶ ᠶᠤᠮ᠃
ᠠᠭᠤᠤ ᠶᠡᠬᠡ ᠴᠠᠭ ᠦᠶ᠎ᠡ ᠠᠭᠤᠤ ᠶᠡᠬᠡ ᠦᠵᠡᠯ ᠰᠠᠨᠠᠭ᠎ᠠ᠎ᠶ᠋ᠢ ᠪᠣᠢᠵᠢᠭᠤᠯᠵᠤ᠂ ᠠᠭᠤᠤ ᠶᠡᠬᠡ ᠦᠵᠡᠯ ᠰᠠᠨᠠᠭ᠎ᠠ ᠠᠭᠤᠤ ᠶᠡᠬᠡ ᠠᠶᠠᠨ᠎ᠢ ᠬᠥᠲᠥᠯᠥᠨ ᠳᠠᠭᠠᠭᠤᠯᠤᠨ᠎ᠠ᠃ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ ᠪᠣᠯ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠬᠠᠤᠯᠢ ᠪᠡᠷ ᠵᠠᠰᠠᠬᠤ ᠪᠠᠢᠭᠤᠯᠤᠯᠲᠠ᠎ᠶ᠋ᠢᠨ ᠬᠠᠮᠤᠭ᠎ᠤᠨ ᠴᠢᠬᠤᠯᠠ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ ᠮᠥᠨ᠂ ᠱᠢᠨ᠎ᠡ ᠴᠠᠭ ᠦᠶ᠎ᠡ᠎ᠶ᠋ᠢᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠳᠤ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠵᠢᠯᠣᠭᠣᠳᠭᠤ ᠦᠵᠡᠯ ᠰᠠᠨᠠᠭ᠎ᠠ ᠮᠥᠨ᠃ ᠤᠢ᠍ᠢᠷ᠎ᠠ᠎ᠳᠤ᠂ 《ᠰᠢ ᠵᠢᠨ ᠫᠢᠩ᠎ᠦᠨ ᠬᠠᠤᠯᠢ ᠪᠡᠷ ᠵᠠᠰᠠᠬᠤ ᠰᠤᠩᠭᠤᠮᠠᠯ ᠵᠣᠬᠢᠶᠠᠯ》᠎ᠤᠨ ᠨᠢᠭᠡᠳᠦᠭᠡᠷ ᠪᠤᠳᠢ ᠪᠣᠯᠤᠨ 《ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶ᠋ᠢᠨ ᠰᠤᠷᠤᠯᠴᠠᠯᠭ᠎ᠠ ᠵᠢᠨ ᠬᠥᠲᠥᠯᠪᠦᠷᠢ (2025 ᠣᠨ᠎ᠤ ᠬᠡᠪᠯᠡᠯ)》 ᠵᠢ ᠬᠡᠪᠯᠡᠨ ᠲᠠᠷᠬᠠᠭᠠᠪᠠ᠃ ᠪᠢᠳᠡ ᠡᠷᠬᠡ ᠰᠦᠷᠲᠦ ᠵᠢᠭᠠᠬᠤ ᠮᠠᠲ᠋ᠧᠷᠢᠶᠠᠯ ᠪᠠ ᠡᠷᠬᠡ ᠰᠦᠷᠲᠦ ᠬᠠᠪᠰᠤᠷᠤᠮᠵᠢ ᠤᠩᠱᠢᠬᠤ ᠪᠢᠴᠢᠭ᠎ᠢ ᠰᠠᠢᠲᠤᠷ ᠬᠡᠷᠡᠭ᠌ᠯᠡᠵᠦ᠍᠂ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢᠨ ᠰᠤᠷᠤᠯᠴᠠᠯᠭ᠎ᠠ ᠤᠬᠠᠭᠤᠯᠭ᠎ᠠ᠂ ᠬᠥᠮᠦᠵᠢᠯ ᠪᠣᠯᠪᠠᠰᠤᠷᠠᠯ᠂ ᠰᠤᠳᠤᠯᠭᠠᠨ ᠲᠠᠢᠯᠪᠤᠷᠢᠯᠠᠯᠲᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠦᠢᠯᠡᠳᠦᠯᠭᠡ᠎ᠳᠦ ᠢᠯᠡᠷᠡᠭᠦᠯᠬᠦ᠌ ᠬᠡᠷᠡᠭ᠌ᠲᠡᠢ᠃
ᠶᠡᠷᠦᠩᠬᠡᠢ ᠱᠦᠵᠢ ᠰᠢ ᠵᠢᠨ ᠫᠢᠩ᠄ 《ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌ ᠪᠣᠯ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠨᠢᠭᠡᠨ ᠦᠨᠳᠦᠰᠦᠨ ᠲᠤᠷᠱᠢᠯᠭ᠎ᠠ ᠮᠥᠨ》 ᠭᠡᠵᠦ ᠭᠦᠨᠵᠡᠭᠡᠢ ᠵᠢᠭᠠᠵᠤ ᠭᠠᠷᠭᠠᠪᠠ᠃ ᠨᠠᠮ᠎ᠤᠨ ᠤᠳᠤᠷᠢᠳᠤᠯᠭ᠎ᠠ ᠪᠣᠯ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌ ᠪᠠ ᠬᠠᠤᠯᠢ ᠪᠡᠷ ᠤᠯᠤᠰ᠎ᠢᠶᠠᠨ ᠵᠠᠰᠠᠬᠤ᠎ᠶ᠋ᠢᠨ ᠦᠨᠳᠦᠰᠦᠨ ᠪᠠᠲᠤᠯᠠᠭ᠎ᠠ ᠮᠥᠨ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌ ᠪᠣᠯ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠮᠥᠨ ᠴᠢᠨᠠᠷ᠎ᠤᠨ ᠣᠨᠴᠠᠯᠢᠭ ᠮᠥᠨ᠂ ᠬᠠᠤᠯᠢ ᠪᠡᠷ ᠤᠯᠤᠰ᠎ᠢᠶᠠᠨ ᠵᠠᠰᠠᠬᠤ ᠪᠣᠯ ᠨᠠᠮ᠎ᠡᠴᠡ ᠠᠷᠠᠳ ᠲᠦᠮᠡᠨ᠎ᠢ ᠤᠳᠤᠷᠢᠳᠤᠨ ᠤᠯᠤᠰ᠎ᠢᠶᠠᠨ ᠵᠠᠰᠠᠬᠤ᠎ᠶ᠋ᠢᠨ ᠦᠨᠳᠦᠰᠦᠨ ᠠᠷᠭ᠎ᠠ ᠪᠤᠳᠤᠯᠭ᠎ᠠ ᠮᠥᠨ᠂ ᠡᠨᠡ ᠭᠤᠷᠪᠠ ᠨᠢ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠠᠭᠤᠤ ᠶᠡᠬᠡ ᠦᠢᠯᠡᠳᠦᠯᠭᠡᠲᠤᠮᠳᠠ ᠨᠢᠭᠡᠳᠴᠦ᠍ ᠪᠠᠢᠳᠠᠭ᠃ ᠱᠢᠨ᠎ᠡ ᠠᠶᠠᠨ᠎ᠳᠠᠭᠠᠨ᠂ ᠡᠷᠬᠡᠪᠰᠢ ᠨᠠᠮ᠎ᠤᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠳᠠᠬᠢ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠨᠠᠮ᠎ᠤᠨ ᠤᠳᠤᠷᠢᠳᠤᠯᠭ᠎ᠠ᠎ᠶ᠋ᠢ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠪᠦᠬᠦ᠌ ᠶᠠᠪᠤᠴᠠ ᠪᠠ ᠡᠯ᠎ᠡ ᠲᠠᠯ᠎ᠠ᠎ᠳᠤ ᠲᠤᠭᠤᠱᠢᠯᠠᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠡᠷᠬᠡᠪᠰᠢ ᠠᠷᠠᠳ ᠲᠦᠮᠡᠨ᠎ᠦ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠢᠮᠠᠭ᠍ᠲᠠ ᠠᠷᠠᠳ ᠲᠦᠮᠡᠨ᠎ᠢ ᠬᠠᠤᠯᠢ ᠪᠡᠷ ᠤᠯᠤᠰ᠎ᠢᠶᠠᠨ ᠵᠠᠰᠠᠬᠤ᠎ᠶ᠋ᠢᠨ ᠭᠤᠤᠯ ᠴᠣᠭ᠍ᠴᠠ ᠪᠠ ᠬᠦᠴᠦᠨ ᠴᠢᠳᠠᠯ᠎ᠤᠨ ᠡᠬᠢ ᠪᠤᠯᠠᠭ ᠪᠣᠯᠭᠠᠬᠤ ᠬᠡᠷᠡᠭ᠌ᠲᠡᠢ᠃ ᠡᠷᠬᠡᠪᠰᠢ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠬᠠᠤᠯᠢ᠎ᠪᠠᠷ ᠵᠠᠰᠠᠬᠤ᠎ᠶ᠋ᠢ ᠲᠦᠷᠦ᠍᠎ᠶ᠋ᠢ ᠵᠠᠰᠠᠬᠤ ᠶ᠋ᠢᠨ ᠦᠨᠳᠦᠰᠦᠨ ᠠᠷᠭ᠎ᠠ ᠮᠠᠶᠢᠭ ᠪᠣᠯᠭᠠᠵᠤ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠲᠠᠰᠤᠷᠠᠯᠲᠠ ᠦᠭᠡᠢ ᠤᠷᠤᠭᠰᠢ ᠠᠬᠢᠭᠤᠯᠬᠤ ᠬᠡᠷᠡᠭ᠌ᠲᠡᠢ᠃
ᠵᠠᠨᠭᠭᠢᠯᠠᠭᠠᠵᠢᠨ ᠭᠤᠭᠴᠤᠭ᠎ᠠ ᠵᠢ ᠠᠳᠬᠤᠵᠤ ᠪᠦᠬᠦ ᠲᠠᠯ᠎ᠠ ᠵᠢ ᠲᠠᠢᠴᠢᠯᠠᠨ᠎ᠠ᠃ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠢᠰᠲᠧᠮ᠎ᠢ ᠪᠠᠶ᠋ᠢᠭᠤᠯᠬᠤ ᠪᠣᠯ ᠬᠠᠤᠯᠢ ᠪᠡᠷ ᠤᠯᠤᠰ᠎ᠢᠶᠠᠨ ᠵᠠᠰᠠᠬᠤ᠎ᠶᠢ ᠪᠦᠬᠦ ᠲᠠᠯ᠎ᠠ᠎ᠪᠠᠷ ᠠᠬᠢᠭᠤᠯᠬᠤ᠎ᠶᠢᠨ ᠶᠡᠷᠦᠩᠬᠡᠢ ᠭᠠᠷᠳᠡᠴᠡ ᠮᠥᠨ᠃ ᠪᠢᠳᠡ ᠡᠨᠡ ᠬᠦ᠌ ᠶᠡᠷᠦᠩᠬᠡᠢ ᠭᠠᠷᠳᠡᠴᠡ ᠶ᠋ᠢ ᠪᠠᠲᠤ ᠠᠳᠬᠤᠵᠤ᠂ ᠬᠠᠤᠯᠢ᠎ᠪᠠᠷ ᠤᠯᠤᠰ᠎ᠢᠶᠠᠨ ᠵᠠᠰᠠᠬᠤ᠂ ᠬᠠᠤᠯᠢ᠎ᠪᠠᠷ ᠲᠦᠷᠦ ᠪᠠᠷᠢᠬᠤ᠂ ᠬᠠᠤᠯᠢ᠎ᠪᠠᠷ ᠵᠠᠰᠠᠭ ᠶᠠᠪᠤᠭᠤᠯᠬᠤ᠎ᠶᠢ ᠬᠠᠮᠲᠤ᠎ᠪᠠᠷ ᠠᠬᠢᠭᠤᠯᠬᠤ᠎ᠶᠢ ᠪᠠᠷᠢᠮᠲᠠᠯᠠᠵᠤ᠂ ᠬᠠᠤᠯᠢ ᠪᠡᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶᠢ ᠬᠦᠴᠦᠯᠡᠨ ᠠᠬᠢᠭᠤᠯᠵᠤ᠂ ᠲᠥᠪ ᠭᠣᠣᠯᠴᠢ᠎ᠪᠠᠷ ᠬᠠᠤᠯᠢ ᠪᠠᠷᠢᠬᠤ᠎ᠶᠢ ᠪᠦᠬᠦ ᠲᠠᠯ᠎ᠠ᠎ᠪᠠᠷ ᠠᠬᠢᠭᠤᠯᠵᠤ᠂ ᠬᠠᠤᠯᠢ ᠪᠡᠷ ᠵᠠᠰᠠᠬᠤ ᠨᠡᠢᠭᠡᠮ᠎ᠦᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠬᠠᠤᠯᠢ ᠪᠡᠷ ᠵᠠᠰᠠᠬᠤ ᠵᠠᠮ ᠳᠡᠭᠡᠷ᠎ᠡ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ᠎ᠪᠠᠷ ᠬᠠᠤᠯᠢ ᠲᠣᠭᠲᠠᠭᠠᠬᠤ᠂ ᠬᠠᠤᠯᠢ᠎ᠶᠢ ᠴᠢᠩᠭ᠎ᠠ ᠬᠡᠷᠡᠭᠵᠢᠭᠦᠯᠬᠦ᠂ ᠲᠥᠪ ᠭᠣᠣᠯᠴᠢ᠎ᠪᠠᠷ ᠬᠠᠤᠯᠢ ᠪᠠᠷᠢᠬᠤ᠂ ᠪᠦᠬᠦ ᠠᠷᠠᠳ᠎ᠢᠶᠠᠷ᠎ᠢᠶᠠᠨ ᠬᠠᠤᠯᠢ᠎ᠶᠢ ᠰᠠᠬᠢᠬᠤ᠎ᠶᠢ ᠪᠦᠬᠦ ᠲᠠᠯ᠎ᠠ᠎ᠪᠠᠷ ᠠᠬᠢᠭᠤᠯᠵᠤ᠂ ᠪᠦᠷᠢᠨ ᠲᠡᠭᠦᠯᠳᠡᠷ ᠬᠠᠤᠯᠢ ᠴᠠᠭᠠᠵᠠ᠎ᠶᠢᠨ ᠵᠢᠷᠤᠮᠵᠢᠯ᠎ᠤᠨ ᠰᠢᠰᠲᠧᠮ᠎ᠢ ᠲᠦᠷᠭᠡᠳᠭᠡᠨ ᠪᠤᠢ ᠪᠣᠯᠭᠠᠵᠤ᠂ ᠤᠯᠤᠰ᠎ᠤᠨ ᠡᠯ᠎ᠡ ᠲᠠᠯ᠎ᠠ᠎ᠶᠢᠨ ᠠᠵᠢᠯ᠎ᠤᠨ ᠬᠠᠤᠯᠢ᠎ᠪᠠᠷ ᠵᠠᠰᠠᠬᠤ᠎ᠶᠢ ᠪᠦᠬᠦ ᠲᠠᠯ᠎ᠠ᠎ᠪᠠᠷ ᠠᠬᠢᠭᠤᠯᠵᠤ᠂ ᠨᠡᠩ ᠪᠦᠷᠢᠨ ᠲᠡᠭᠦᠯᠳᠡᠷ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠢᠰᠲᠧᠮ᠎ᠢ ᠪᠠᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠰᠠᠭᠤᠷᠢ᠎ᠶᠢ ᠪᠡᠬᠢᠵᠢᠭᠦᠯᠬᠦ ᠬᠡᠷᠡᠭᠲᠡᠢ᠃ ᠬᠠᠤᠯᠢ ᠪᠡᠷ ᠵᠠᠰᠠᠬᠤ ᠠᠵᠢᠯ᠎ᠤᠨ ᠡᠩᠨᠡᠭᠡᠨ᠎ᠦ ᠪᠠᠢᠭᠤᠯᠤᠯᠲᠠ ᠪᠣᠯᠣᠨ ᠬᠠᠤᠯᠢ ᠪᠡᠷ ᠵᠠᠰᠠᠬᠤ ᠴᠢᠳᠠᠪᠤᠷᠢᠲᠠᠨ᠎ᠢ ᠬᠥᠮᠥᠵᠢᠭᠦᠯᠬᠦ᠎ᠶᠢ ᠭᠦᠨᠵᠡᠭᠡᠢᠷᠡᠭᠦᠯᠵᠦ᠂ ᠤᠳᠤᠷᠢᠳᠬᠤ ᠺᠠᠳ᠋ᠷ ᠭᠡᠬᠦ 《ᠵᠠᠩᠭᠢᠯᠠᠭ᠎ᠠ᠎ᠶᠢᠨ ᠴᠥᠭᠡᠨ ᠲᠣᠭᠠᠲᠠᠨ》 ᠢ᠋ ᠠᠳᠬᠤᠵᠤ᠂ ᠪᠦᠬᠦ ᠠᠷᠠᠳ ᠢᠷᠭᠡᠳ᠎ᠦᠨ ᠬᠠᠤᠯᠢ ᠪᠡᠷ ᠵᠠᠰᠠᠬᠤ ᠤᠬᠠᠮᠰᠠᠷ ᠪᠣᠯᠣᠨ ᠬᠠᠤᠯᠢ ᠪᠡᠷ ᠵᠠᠰᠠᠬᠤ ᠬᠡᠪ ᠪᠣᠯᠪᠠᠰᠤᠷᠠᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭᠲᠡᠢ᠃
ᠬᠠᠤᠯᠢ᠎ᠶᠢ ᠵᠢᠷᠤᠮᠯᠠᠨ ᠠᠵᠢᠯᠯᠠᠵᠤ᠂ ᠬᠠᠤᠯᠢ ᠪᠡᠷ ᠵᠠᠰᠠᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠡ ᠬᠤᠷᠠᠯ᠎ᠡᠴᠡ ᠪᠠᠲᠤᠯᠠᠭᠰᠠᠨ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠰᠠᠨᠠᠭᠤᠯᠭ᠎ᠠ》 ᠳ᠋ᠤ᠌ 《ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠤᠨ ᠪᠠᠢᠭᠤᠯᠤᠯᠲᠠ᠎ᠶᠢ ᠨᠡᠩ ᠥᠨᠳᠥᠷ ᠲᠦᠪᠰᠢᠨ᠎ᠳᠦ ᠬᠦᠷᠭᠡᠬᠦ》 ᠵᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ᠎ᠳᠤ ᠣᠷᠣᠭᠤᠯᠵᠤ᠂ ᠬᠠᠤᠯᠢ᠎ᠪᠠᠷ ᠵᠠᠰᠠᠬᠤ ᠠᠵᠤ ᠠᠬᠤᠢ᠂ ᠢᠲᠡᠭᠡᠮᠵᠢᠲᠦ ᠠᠵᠤ ᠠᠬᠤᠢ᠎ᠶᠢ ᠪᠦᠲᠦᠭᠡᠨ ᠪᠠᠢᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢ ᠪᠡᠷ ᠵᠠᠰᠠᠭᠰᠠᠨ ᠳᠡᠯᠡᠬᠡᠢᠴᠢᠯᠡᠭᠰᠡᠨ ᠲᠡᠷᠢᠭᠦᠨ ᠵᠡᠷᠭᠡ᠎ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠣᠯᠭᠠᠨ᠎ᠠ ᠭᠡᠵᠦ ᠳᠤᠷᠠᠳᠤᠨ ᠭᠠᠷᠭᠠᠪᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠡ ᠬᠤᠷᠠᠯ᠎ᠤᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠴᠦ᠂ ᠲᠤᠭᠳᠠᠭᠤᠨ ᠤ᠋ ᠳᠤᠮᠳᠠ ᠤᠷᠤᠭᠰᠢᠯᠠᠨ ᠳᠠᠪᠰᠢᠬᠤ᠎ᠪᠠᠷ ᠴᠢᠷᠮᠠᠢᠵᠤ ᠪᠦᠬᠦ ᠲᠠᠯ᠎ᠠ᠎ᠪᠠᠷ ᠬᠠᠤᠯᠢ ᠪᠡᠷ ᠤᠯᠤᠰ᠎ᠢᠶᠠᠨ ᠵᠠᠰᠠᠬᠤ ᠡᠯ᠎ᠡ ᠵᠦᠢᠯ᠎ᠦᠨ ᠠᠵᠢᠯ᠎ᠢ ᠰᠠᠢᠲᠤᠷ ᠬᠢᠵᠦ᠂ ᠬᠠᠤᠯᠢ᠎ᠪᠠᠷ ᠵᠠᠰᠠᠬᠤ᠎ᠶᠢᠨ ᠦᠨᠳᠦᠰᠦ ᠰᠠᠭᠤᠷᠢ᠎ᠶᠢ ᠪᠡᠬᠢᠵᠢᠭᠦᠯᠬᠦ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠂ ᠠᠯᠤᠰ ᠬᠡᠳᠤ᠎ᠳᠦ ᠠᠰᠢᠭ᠍ᠲᠠᠢ ᠪᠠᠢᠯᠭᠠᠬᠤ ᠪᠠᠲᠤᠯᠠᠭ᠎ᠠ᠎ᠶᠢᠨ ᠦᠢᠯᠡᠳᠦᠯ᠎ᠢ ᠨᠡᠩ ᠰᠠᠢᠨ ᠪᠠᠳᠠᠷᠠᠭᠤᠯᠵᠤ᠂ ᠬᠠᠤᠯᠢ᠎ᠪᠠᠷ ᠵᠠᠰᠠᠬᠤ ᠵᠠᠮ ᠳᠡᠭᠡᠷ᠎ᠡ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠡᠷᠡᠭᠲᠡᠢ᠃ ᠬᠠᠤᠯᠢ ᠪᠡᠷ ᠵᠠᠰᠠᠬᠤ ᠬᠢᠭᠡᠳ ᠥᠭᠡᠷᠡᠴᠢᠯᠡᠯᠲᠡ᠂ ᠬᠥᠭᠵᠢᠯᠲᠡ᠂ ᠲᠣᠭᠲᠠᠭᠤᠨ ᠪᠠᠢᠳᠠᠯ᠎ᠢ ᠬᠠᠷᠢᠯᠴᠠᠨ ᠤᠶᠠᠯᠳᠤᠭᠤᠯᠬᠤ᠎ᠶᠢ ᠨᠡᠩ ᠴᠢᠬᠤᠯᠠᠴᠢᠯᠠᠵᠤ᠂ ᠬᠠᠤᠯᠢ ᠪᠡᠷ ᠵᠠᠰᠠᠬᠤ ᠪᠡᠷ ᠪᠠᠢᠭᠤᠯᠤᠯ᠎ᠤᠨ ᠳᠠᠪᠠᠭᠤᠯᠢᠭ᠋᠎ᠢᠶᠠᠨ ᠪᠡᠬᠢᠵᠢᠭᠦᠯᠬᠦ ᠪᠠ ᠢᠯᠡᠷᠡᠭᠦᠯᠵᠦ᠂ ᠴᠢᠨᠠᠷ ᠰᠠᠢᠲᠠᠢ ᠬᠥᠭᠵᠢᠯᠲᠡ᠎ᠳᠦ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠢ᠃ ᠨᠡᠢᠭᠡᠮ᠎ᠦᠨ ᠲᠥᠪ ᠭᠣᠣᠯᠴᠢ ᠰᠢᠳᠤᠷᠭᠤ ᠶᠣᠰᠣ᠌᠎ᠶᠢ ᠪᠠᠲᠤᠯᠠᠨ ᠠᠬᠢᠭᠤᠯᠬᠤ ᠵᠢ ᠨᠡᠩ ᠴᠢᠬᠤᠯᠠᠴᠢᠯᠠᠵᠤ᠂ ᠠᠷᠠᠳ ᠲᠦᠮᠡᠨ᠎ᠦ ᠡᠷᠬᠡ ᠠᠰᠢᠭ᠋᠎ᠢ ᠬᠠᠤᠯᠢ ᠪᠡᠷ ᠪᠠᠲᠤᠯᠠᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭᠳᠡᠭᠦᠯᠵᠦ᠂ ᠠᠷᠠᠳ ᠲᠦᠮᠡᠨ᠎ᠦ ᠲᠥᠯᠥᠭᠡ ᠬᠠᠤᠯᠢ᠎ᠪᠠᠷ ᠵᠠᠰᠠᠬᠤ᠂ ᠠᠷᠠᠳ ᠲᠦᠮᠡᠨ᠎ᠳᠦ ᠲᠦᠰᠢᠭᠯᠡᠬᠦ᠂ ᠠᠷᠠᠳ ᠲᠦᠮᠡᠨ᠎ᠳᠦ ᠪᠤᠶᠠᠨ ᠦᠢᠯᠡᠳᠬᠦ᠂ ᠠᠷᠠᠳ ᠲᠦᠮᠡᠨ᠎ᠢ ᠬᠠᠮᠠᠭᠠᠯᠠᠬᠤ᠎ᠶᠢ ᠪᠠᠷᠢᠮᠲᠠᠯᠠᠬᠤ ᠬᠡᠷᠡᠭᠲᠡᠢ᠃ ᠤᠯᠤᠰ᠎ᠤᠨ ᠠᠮᠤᠷ ᠲᠦᠪᠰᠢᠨ ᠪᠠ ᠨᠡᠢᠭᠡᠮ᠎ᠦᠨ ᠲᠣᠭᠲᠠᠭᠤᠨ ᠪᠠᠢᠳᠠᠯ᠎ᠢ ᠬᠠᠮᠠᠭᠠᠯᠠᠵᠤ᠂ ᠭᠠᠳᠠᠭᠠᠳᠤ᠎ᠳᠤ ᠬᠣᠯᠪᠣᠭᠳᠠᠬᠤ ᠬᠠᠤᠯᠢ᠎ᠪᠠᠷ ᠵᠠᠰᠠᠬᠤ ᠰᠢᠰᠲᠧᠮ ᠪᠠ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠨ᠂ ᠬᠠᠤᠯᠢ᠎ᠪᠠᠷ ᠵᠠᠰᠠᠬᠤ ᠠᠷᠭ᠎ᠠ ᠮᠠᠶᠢᠭ᠋᠎ᠢ ᠬᠡᠷᠡᠭᠯᠡᠨ ᠥᠷᠢᠰᠦᠯᠳᠦᠭᠡᠨ᠎ᠢ ᠪᠦᠲᠦᠮᠵᠢᠲᠡᠢ ᠠᠷᠭᠠᠴᠡᠭᠠᠵᠤ᠂ ᠠᠶᠤᠯ ᠲᠦᠭᠰᠢᠭᠦᠷᠢ᠎ᠶᠢ ᠰᠡᠷᠭᠡᠢᠯᠡᠨ᠂ ᠨᠡᠢᠭᠡᠮ ᠵᠢᠷᠤᠮᠲᠤ ᠣᠳᠣᠬᠢᠴᠢᠯᠠᠯᠲᠠ᠎ᠶᠢ ᠰᠢᠢᠳᠪᠦᠷᠢᠯᠡᠭᠴᠢ ᠴᠢᠨᠠᠷᠲᠠᠢ ᠠᠬᠢᠯᠲᠠ᠎ᠲᠠᠢ ᠪᠣᠯᠭᠠᠬᠤ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠶᠢ ᠦᠨᠡᠨ ᠬᠦ᠌ ᠪᠠᠲᠤᠯᠠᠬᠤ᠎ᠳᠤ ᠪᠠᠲᠤ ᠴᠢᠩᠭ᠎ᠠ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠢ᠃
ᠰᠢᠨ᠎ᠡ ᠠᠶᠠᠨ᠎ᠳᠤ᠂ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠠᠨᠠᠭᠠᠴᠢᠯᠠᠭ᠎ᠠ᠎ᠡᠴᠡ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠨᠠᠮ᠎ᠤᠨ ᠲᠥᠪ ᠬᠤᠷᠢᠶ᠎ᠠ᠎ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠦᠨᠡᠨ ᠬᠦ᠌ ᠪᠣᠳᠠᠲᠠᠢ᠎ᠳᠤ ᠨᠠᠢᠳᠠᠪᠤᠷᠢᠵᠢᠭᠤᠯᠵᠤ᠂ ᠬᠠᠤᠯᠢ ᠪᠡᠷ ᠵᠠᠰᠠᠬᠤ ᠳᠤᠮᠳᠠᠳᠤ ᠤᠯᠤᠰ᠎ᠤᠨ ᠪᠠᠢᠭᠤᠯᠤᠯᠲᠠ᠎ᠶᠢᠨ ᠠᠤᠭ᠎ᠠ ᠬᠦᠴᠦᠨ᠎ᠢ ᠨᠢᠭ᠍ᠲᠠᠷᠠᠭᠤᠯᠵᠤ᠂ ᠬᠠᠤᠯᠢ ᠪᠡᠷ ᠵᠠᠰᠠᠬᠤ ᠳᠤᠮᠳᠠᠳᠤ ᠤᠯᠤᠰ᠎ᠤᠨ ᠪᠠᠢᠭᠤᠯᠤᠯᠲᠠ᠎ᠶᠢᠨ ᠰᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠴᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠬᠦᠴᠦᠲᠡᠢ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠰᠤᠭᠠᠢ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)