ᠰᠤᠷᠪᠤᠯᠵᠢᠯᠠᠭ᠍ᠴᠢ 11ᠰᠠᠷ᠎ᠠ᠎ᠵᠢᠨ 19᠎ᠤ ᠡᠳᠦᠷ ᠠᠷᠠᠳ᠎ᠤᠨ ᠶᠠᠪᠤᠳᠠᠯ᠎ᠤᠨ ᠶᠠᠮᠤᠨ᠎ᠡᠴᠡ ᠣᠢᠯᠠᠭᠠᠭᠰᠠᠨᠵᠢᠡᠷ᠂ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠎ᠶᠢᠨ ᠤᠷᠢᠳᠴᠢᠯᠠᠨ ᠰᠦᠢᠳᠬᠡᠯ ᠬᠤᠷᠢᠶᠠᠬᠤ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠬᠤᠳᠠᠯᠳᠤᠭᠠᠨ᠎ᠤ ᠪᠠᠨᠭᠭᠢ᠎ᠶᠢᠨ ᠭᠤᠷᠪᠠᠳᠠᠭᠢ ᠡᠲᠡᠭᠡᠳ᠎ᠦᠨ ᠬᠠᠳᠠᠭᠠᠯᠠᠨ ᠬᠠᠮᠢᠶᠠᠷᠬᠤ ᠳᠦᠷᠢᠮ᠎ᠢ ᠲᠡᠭᠦᠯᠳᠡᠷᠵᠢᠭᠦᠯᠬᠦ᠎ᠶᠢᠨ ᠲᠥᠯᠥᠭᠡ᠂ ᠠᠷᠠᠳ᠎ᠤᠨ ᠶᠠᠪᠤᠳᠠᠯ᠎ᠤᠨ ᠶᠠᠮᠤᠨ᠂ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠣᠢᠷ᠎ᠠ᠎ᠳᠤ ᠬᠠᠮᠲᠤᠷᠠᠨ 《ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠎ᠶᠢᠨ ᠤᠷᠢᠳᠴᠢᠯᠠᠨ ᠰᠦᠢᠳᠬᠡᠯ ᠬᠤᠷᠢᠶᠠᠬᠤ ᠬᠠᠳᠠᠭᠠᠯᠠᠨ ᠬᠠᠮᠢᠶᠠᠷᠬᠤ ᠠᠵᠢᠯ᠎ᠤᠨ ᠵᠢᠯᠣᠭᠣᠳᠤᠮᠵᠢ》 ᠵᠢ ᠳᠠᠷᠤᠮᠠᠯᠯᠠᠨ ᠲᠠᠷᠬᠠᠭᠠᠵᠤ᠂ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠎ᠶᠢᠨ ᠲᠤᠰᠬᠠᠢ ᠬᠠᠳᠠᠭᠠᠯᠠᠮᠵᠢ᠎ᠶᠢᠨ ᠲᠠᠩᠰᠠᠨ ᠡᠷᠦᠬᠡ᠎ᠶᠢ ᠨᠡᠭᠡᠭᠡᠬᠦ᠂ ᠬᠤᠪᠢᠷᠠᠭᠤᠯᠬᠤ ᠪᠠ ᠬᠦᠴᠦᠨ ᠦᠭᠡᠢ ᠪᠣᠯᠭᠠᠬᠤ᠂ ᠬᠠᠳᠠᠭᠠᠯᠠᠨ ᠬᠠᠮᠢᠶᠠᠷᠬᠤ ᠪᠡᠯᠡ ᠮᠥᠩᠭᠥ᠎ᠶᠢ ᠬᠡᠷᠡᠭᠯᠡᠬᠦ ᠪᠠ ᠪᠤᠴᠠᠭᠠᠬᠤ᠂ ᠪᠡᠯᠡ ᠮᠥᠩᠭᠥ᠎ᠶᠢᠨ ᠬᠡᠪ᠎ᠦᠨ ᠪᠤᠰᠤ ᠡᠷᠭᠢᠯᠲᠡ᠎ᠶᠢᠨ ᠪᠠᠢᠳᠠᠯ ᠵᠡᠷᠭᠡ᠎ᠶᠢᠨ ᠲᠤᠬᠠᠢ ᠱᠠᠭᠠᠷᠳᠠᠯᠭ᠎ᠠ ᠭᠠᠷᠭᠠᠪᠠ᠃
ᠵᠢᠯᠣᠭᠣᠳᠤᠮᠵᠢ᠎ᠳᠤ᠂ ᠤᠷᠢᠳᠴᠢᠯᠠᠨ ᠬᠤᠷᠢᠶᠠᠬᠤ ᠲᠤᠰᠬᠠᠢ ᠬᠠᠳᠠᠭᠠᠯᠠᠮᠵᠢ᠎ᠶᠢᠨ ᠲᠠᠩᠰᠠᠨ ᠡᠷᠦᠬᠡ ᠭᠡᠳᠡᠭ ᠪᠣᠯ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠎ᠶᠢᠨ ᠬᠤᠳᠠᠯᠳᠤᠭᠠᠨ᠎ᠤ ᠪᠠᠩᠬᠢ᠎ᠳᠤ ᠨᠡᠭᠡᠭᠡᠭᠰᠡᠨ᠂ ᠨᠠᠰᠤᠲᠠᠢᠴᠤᠳ ᠡᠴᠡ ᠤᠷᠢᠳᠴᠢᠯᠠᠨ ᠬᠤᠷᠢᠶᠠᠬᠤ ᠳᠠᠨᠵᠢ᠎ᠵᠢᠨ ᠮᠥᠩᠭᠥ᠂ ᠭᠡᠰᠢᠭᠦᠨ᠎ᠦ ᠰᠦᠢᠳᠬᠡᠯ ᠵᠢᠴᠢ ᠲᠣᠭᠲᠠᠭᠠᠯ ᠶᠣᠰᠣᠭᠠᠷ ᠦᠯᠡᠳᠡᠭᠡᠨ ᠬᠠᠳᠠᠭᠠᠯᠠᠬᠤ ᠲᠦᠭᠰᠢᠭᠦᠷᠢ᠎ᠶᠢᠨ ᠪᠠᠲᠤᠯᠠᠭ᠎ᠠ᠎ᠶᠢᠨ ᠮᠥᠩᠭᠥ᠎ᠶᠢᠨ ᠲᠤᠰᠬᠠᠢ ᠲᠠᠩᠰᠠᠨ ᠡᠷᠦᠬᠡ᠎ᠶᠢ ᠵᠢᠭᠠᠵᠤ ᠪᠠᠢᠨ᠎ᠠ᠃ ᠨᠠᠰᠤᠵᠢᠯ᠎ᠤᠨ ᠪᠠᠢᠭᠤᠯᠤᠮᠵᠢ ᠨᠢ ᠲᠤᠰᠬᠠᠢ ᠬᠡᠷᠡᠭᠯᠡᠬᠦ ᠬᠠᠳᠠᠭᠠᠯᠠᠮᠵᠢ᠎ᠶᠢᠨ ᠳᠠᠩᠰᠠᠨ ᠡᠷᠦᠬᠡ᠎ᠶᠢ ᠬᠦᠴᠦᠨ ᠦᠭᠡᠢ ᠪᠣᠯᠭᠠᠬᠤ᠎ᠳᠤ᠂ ᠤᠷᠢᠳ᠎ᠵᠢᠡᠷ ᠬᠢᠨᠠᠯᠲᠠ ᠬᠠᠮᠢᠶᠠᠷᠤᠯᠲᠠ᠎ᠶᠢ ᠬᠠᠷᠢᠭᠤᠴᠠᠵᠤ ᠪᠠᠢᠭ᠎ᠠ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠦ ᠬᠠᠳᠠᠭᠠᠯᠠᠭᠰᠠᠨ ᠪᠡᠯᠡ ᠮᠥᠩᠭᠥ᠎ᠶᠢ ᠰᠢᠢᠳᠪᠦᠷᠢᠯᠡᠬᠦ ᠵᠡᠷᠭᠡ ᠲᠥᠰᠥᠯ᠎ᠢᠶᠡᠨ ᠮᠡᠳᠡᠭᠦᠯᠵᠦ᠂ ᠮᠡᠳᠡᠭᠦᠯᠦᠭᠰᠡᠨ ᠡᠳᠦᠷ᠎ᠡᠴᠡ ᠡᠬᠢᠯᠡᠨ᠂ ᠨᠠᠰᠤᠲᠠᠢᠴᠤᠳ᠎ᠡᠴᠡ ᠳᠠᠬᠢᠵᠤ ᠳᠡᠨᠵᠢ᠎ᠵᠢᠨ ᠮᠥᠩᠭᠥ᠂ ᠭᠡᠰᠢᠭᠦᠨ᠎ᠦ ᠰᠦᠢᠳᠭᠡᠯ ᠬᠤᠷᠢᠶᠠᠵᠤ ᠪᠣᠯᠬᠤ ᠦᠭᠡᠢ ᠭᠡᠵᠦ ᠲᠤᠳᠤᠷᠬᠠᠢᠯᠠᠪᠠ᠃
ᠬᠠᠳᠠᠭᠠᠯᠠᠵᠤ ᠬᠠᠮᠢᠶᠠᠷᠬᠤ ᠪᠡᠯᠡ ᠮᠥᠩᠭᠥ᠎ᠶᠢ ᠬᠡᠷᠡᠭᠯᠡᠬᠦ ᠲᠠᠯ᠎ᠠ᠎ᠪᠠᠷ᠂ ᠵᠢᠯᠤᠭᠤᠳᠤᠮᠵᠢ ᠳ᠋ᠤ᠂ ᠨᠠᠰᠤᠵᠢᠯ᠎ᠤᠨ ᠪᠠᠢᠭᠤᠯᠤᠮᠵᠢ ᠨᠢ ᠵᠠᠷᠴᠢᠮ ᠳᠡᠭᠡᠷ᠎ᠡ᠎ᠪᠡᠨ ᠬᠠᠳᠠᠭᠠᠯᠠᠵᠤ ᠬᠠᠮᠢᠶᠠᠷᠬᠤ ᠪᠠᠩᠬᠢ ᠪᠠᠷ ᠳᠠᠮᠵᠢᠭᠤᠯᠤᠨ ᠳᠡᠨᠵᠢ᠎ᠵᠢᠨ ᠮᠥᠩᠭᠥ᠂ ᠭᠡᠰᠢᠭᠦᠨ᠎ᠦ ᠰᠦᠢᠳᠬᠡᠯ ᠬᠤᠷᠢᠶᠠᠨ᠎ᠠ᠃ ᠪᠤᠰᠤᠳ ᠲᠥᠯᠥᠪᠦᠷᠢ᠎ᠶᠢᠨ ᠪᠠᠢᠭᠤᠯᠤᠮᠵᠢ᠎ᠶᠢ ᠲᠠᠮᠵᠢᠬᠤ ᠪᠤᠶᠤ ᠪᠡᠯᠡᠨ ᠵᠣᠭᠣᠰ ᠬᠤᠷᠢᠶᠠᠬᠤ᠎ᠳᠤ ᠬᠦᠷᠪᠡᠯ᠂ ᠬᠤᠷᠢᠶᠠᠭᠰᠠᠨ ᠲᠤᠬᠠᠢ᠎ᠶᠢᠨ ᠡᠳᠦᠷ (ᠬᠠᠮᠤᠭ᠎ᠤᠨ ᠣᠷᠣᠢ᠎ᠳᠠᠭᠠᠨ ᠳᠠᠷᠠᠭ᠎ᠠ ᠡᠳᠦᠷ) ᠲᠡᠬᠡᠨ ᠰᠢᠯᠵᠢᠭᠦᠯᠦᠨ ᠥᠭᠬᠦ ᠪᠤᠶᠤ ᠲᠤᠰᠬᠠᠢ ᠬᠠᠳᠠᠭᠠᠯᠠᠮᠵᠢ᠎ᠶᠢᠨ ᠳᠠᠨᠭᠰᠠᠨ᠎ᠳᠤ ᠬᠠᠳᠠᠭᠠᠯᠠᠬᠤ ᠬᠡᠷᠡᠭᠲᠡᠢ; ᠬᠠᠳᠠᠭᠠᠯᠠᠵᠤ ᠬᠠᠮᠢᠶᠠᠷᠬᠤ ᠪᠡᠯᠡ ᠮᠥᠩᠭᠥ᠎ᠶᠢ ᠭᠡᠨᠡᠳᠲᠡ᠎ᠶᠢᠨ ᠪᠠᠢᠳᠠᠯ ᠳᠣᠣᠷ᠎ᠠ ᠨᠠᠰᠤᠲᠠᠢᠴᠤᠳ᠎ᠤᠨ ᠡᠪᠡᠳᠴᠢᠨ ᠦᠵᠡᠭᠦᠯᠦᠭᠰᠡᠨ ᠵᠠᠷᠤᠳᠠᠯ᠎ᠢ ᠲᠥᠯᠥᠬᠦ᠎ᠳᠦ ᠬᠡᠷᠡᠭᠯᠡᠭᠰᠡᠨ ᠪᠠᠢᠪᠠᠯ᠂ ᠬᠠᠳᠠᠭᠠᠯᠠᠵᠤ ᠬᠠᠮᠢᠶᠠᠷᠬᠤ ᠪᠠᠩᠬᠢ᠎ᠡᠴᠡ ᠳᠤᠲᠠᠭᠳᠠᠯ᠎ᠢ ᠨᠢ ᠪᠠᠭᠲᠠᠭᠠᠨ ᠭᠦᠢᠴᠡᠳᠬᠡᠵᠦ ᠪᠣᠯᠣᠨ᠎ᠠ᠂ ᠨᠠᠰᠤᠵᠢᠯ᠎ᠤᠨ ᠪᠠᠢᠭᠤᠯᠤᠮᠵᠢ ᠨᠢ ᠨᠠᠰᠤᠲᠠᠢᠴᠤᠳ᠎ᠤᠨ ᠡᠪᠡᠳᠴᠢᠨ ᠦᠵᠡᠭᠦᠯᠦᠭᠰᠡᠨᠦ ᠳᠠᠷᠠᠭᠠᠬᠢ 7 ᠠᠵᠢᠯᠯᠠᠬᠤ ᠡᠳᠦᠷ᠎ᠦᠨ ᠳᠣᠲᠣᠷ᠎ᠠ ᠬᠠᠮᠢᠶ᠎ᠠ ᠪᠦᠬᠦᠢ ᠭᠡᠷᠡᠴᠢ ᠮᠠᠲᠧᠷᠢᠶᠠᠯ᠎ᠢᠶᠠᠨ ᠨᠥᠬᠥᠵᠦ ᠪᠦᠷᠢᠳᠦᠭᠦᠯᠬᠦ ᠬᠡᠷᠡᠭᠲᠡᠢ ᠭᠡᠵᠦ ᠱᠠᠭᠠᠷᠳᠠᠪᠠ᠃
ᠵᠢᠯᠤᠭᠤᠳᠤᠮᠵᠢ᠎ᠳᠤ ᠪᠠᠰᠠ᠂ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠵᠦᠪᠯᠡᠯᠴᠡᠭᠡᠷ᠎ᠲᠦ ᠪᠣᠯᠵᠣᠨ ᠲᠣᠭᠲᠠᠭᠰᠠᠨ ᠪᠠ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠰᠦᠢᠳᠬᠡᠯ ᠪᠤᠴᠠᠭᠠᠬᠤ ᠶᠣᠰᠣᠲᠠᠢ ᠪᠠᠢᠪᠠᠯ᠂ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ ᠴᠠᠭ ᠲᠤᠬᠠᠢ ᠳ᠋ᠤᠨᠢ ᠬᠠᠳᠠᠭᠠᠯᠠᠮᠵᠢ᠎ᠶᠢᠨ ᠪᠠᠩᠬᠢ᠎ᠳᠤ ᠰᠦᠢᠳᠬᠡᠯ ᠪᠤᠴᠠᠭᠠᠬᠤ ᠭᠤᠶᠤᠴᠢᠯᠠᠯ ᠲᠤᠰᠢᠶᠠᠬᠤ ᠬᠡᠷᠡᠭᠲᠡᠢ᠃ ᠬᠠᠳᠠᠭᠠᠯᠠᠵᠤ ᠬᠠᠮᠢᠶᠠᠷᠬᠤ ᠪᠠᠩᠬᠢ ᠬᠠᠮᠢᠶ᠎ᠠ ᠪᠦᠬᠦᠢ ᠮᠡᠳᠡᠭᠡ ᠵᠠᠩᠭᠢ᠎ᠶᠢ ᠬᠠᠷᠭᠤᠭᠤᠯᠤᠭᠰᠠᠨ᠎ᠤ ᠳᠠᠷᠠᠭ᠎ᠠ᠂ ᠰᠦᠢᠳᠬᠡᠯ ᠪᠤᠴᠠᠭᠠᠬᠤ ᠭᠤᠶᠤᠴᠢᠯᠠᠯ ᠲᠤᠰᠢᠶᠠᠭᠰᠠᠨ ᠲᠤᠬᠠᠢ᠎ᠶᠢᠨ ᠡᠳᠦᠷ(ᠬᠠᠮᠤᠭ᠎ᠤᠨ ᠣᠷᠣᠢ᠎ᠳᠠᠭᠠᠨ ᠳᠠᠷᠠᠭ᠎ᠠ ᠡᠳᠦᠷ) ᠲᠤ᠌ ᠤᠤᠯ᠎ᠤᠨ ᠠᠷᠭ᠎ᠠ ᠵᠠᠮ᠎ᠢᠶᠠᠷ ᠦᠯᠡᠳᠡᠭᠰᠡᠨ ᠰᠦᠢᠳᠬᠡᠯ᠎ᠢ ᠨᠢᠭᠡ ᠯᠡ ᠤᠳᠠᠭ᠎ᠠ ᠳᠡᠭᠡᠷ᠎ᠡ ᠪᠤᠴᠠᠭᠠᠬᠤ ᠬᠡᠷᠡᠭᠲᠡᠢ ᠭᠡᠵᠦ ᠱᠠᠭᠠᠷᠳᠠᠪᠠ᠃
(ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ ᠴᠠᠬᠢᠯᠭᠠᠨ ᠮᠡᠳᠡᠭᠡ)