ᠥᠪᠥᠷ ᠮᠣᠩᠭᠣᠯ᠎ᠤᠨ 9 ᠲᠦᠷᠦᠯ ᠲᠠᠮᠳᠡᠭ ᠪᠥᠬᠥ᠌ ᠤᠯᠤᠰ᠎ᠤᠨ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠡᠮᠳᠡᠭ᠎ᠦᠨ ᠬᠥᠭ᠌ᠵᠢᠯᠲᠡ᠎ᠶ᠋ᠢᠨ ᠦᠵᠡᠰᠬᠦᠯᠠᠡᠭ᠎ᠳᠤ ᠳᠡᠯᠭᠡᠭᠳᠡᠪᠡ
2025-11-24 10:01:14
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 18 ᠤ᠋ ᠡᠳᠦᠷ᠂ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠬᠥᠳᠡᠯᠮᠦᠷᠢ ᠦᠶ᠋ᠯᠡᠴᠢᠯᠡᠭᠡᠨ᠎ᠦ ᠬᠠᠮᠵᠢᠯᠴᠠᠭ᠎ᠠ ᠵᠢᠴᠢ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠠᠮᠳᠡᠭ ᠤ᠋ᠨ ᠬᠥᠭ᠌ᠵᠢᠯᠲᠡ᠎ᠶ᠋ᠢᠨ ᠦᠵᠡᠰᠬᠦᠯᠠᠡᠭ ᠭᠤᠸᠠᠩᠰᠢ᠎ᠶ᠋ᠢᠨ ᠨᠠᠨᠨᠢᠩ ᠬᠤᠲᠠ᠎ᠳᠤ ᠶᠠᠪᠤᠭ᠍ᠳᠠᠵᠠᠢ᠃ ᠪᠦᠬᠦ᠌ ᠤᠯᠤᠰ᠎ᠤᠨ 167 ᠤᠨᠴᠠᠯᠢᠬ᠍ᠳᠤ ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ ᠦᠵᠡᠰᠭᠦᠯᠡᠩ᠎ᠳᠦ ᠣᠷᠣᠯᠴᠠᠵᠤ᠂ ᠥᠪᠥᠷ ᠮᠣᠩᠭᠣᠯ᠎ᠤᠨ ᠣᠷᠣᠨ ᠨᠤᠲᠤᠭ᠎ᠤᠨ ᠰᠣᠶᠣᠯ ᠪᠠ ᠠᠵᠤ ᠦᠢᠯᠡᠰ᠎ᠦᠨ ᠣᠨᠴᠠᠯᠢᠭ᠎ᠲᠠᠶ 9 ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ ᠳᠤᠰ ᠤᠳᠠᠭᠠᠨ᠎ᠤ ᠦᠵᠠᠰᠬᠦᠯᠠᠡᠭ᠎ᠳᠤ ᠳᠡᠯᠭᠡᠭᠳᠡᠵᠦ᠂ ᠠᠷᠠᠳ᠎ᠤᠨ ᠠᠮᠢᠳᠤᠷᠠᠯ᠎ᠤᠨ ᠦᠢᠯᠡᠴᠢᠯᠡᠭᠡ᠂ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠵᠢᠯ ᠵᠡᠷᠭᠡ ᠤᠯᠠᠨ ᠬᠦᠷᠢᠶ᠎ᠡ᠎ᠴᠠᠷᠠᠭ᠎ᠠ ᠶ᠋ᠢ ᠬᠠᠮᠤᠷᠪᠠ᠃

ᠲᠣᠰ ᠤᠳᠠᠭᠠᠨ᠎ᠤ ᠦᠵᠡᠰᠬᠦᠯᠠᠡᠭ ᠨᠢ 《ᠬᠠᠮᠵᠢᠯᠴᠠᠭ᠎ᠠ ᠪᠠᠷ ᠠᠵᠢᠯ ᠣᠯᠭᠣᠯᠲᠠ᠎ᠶ᠋ᠢ ᠠᠬᠢᠭᠤᠯᠵᠤ ᠤᠷᠠᠨ ᠳᠠᠷᠬᠠᠨ᠎ᠤ ᠵᠤᠷᠢᠭ ᠰᠠᠨᠠᠭ᠎ᠠ ᠪᠠᠷ ᠲᠦᠷᠦᠯ ᠲᠡᠮᠳᠡᠭ᠎ᠢ ᠴᠤᠭᠴᠠᠯᠠᠬᠤ》 ᠪᠠᠷ ᠭᠤᠤᠯ ᠰᠡᠳᠦᠪ ᠪᠣᠯᠭᠠᠵᠤ᠂ ᠦᠷ᠎ᠡ ᠪᠦᠲᠦᠭᠡᠯ᠎ᠦᠨ ᠦᠵᠡᠭᠦᠯᠭᠡ᠂ ᠲᠤᠰᠭᠠᠶ ᠲᠠᠯᠠᠪᠠᠢ ᠤᠷᠢᠨ ᠡᠯᠰᠡᠬᠦ᠌᠂ ᠰᠤᠳᠤᠯᠤᠨ ᠶᠠᠷᠢᠯᠴᠠᠵᠤ ᠰᠣᠯᠢᠯᠴᠠᠬᠤ᠂ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠠᠮᠳᠡᠭ ᠤ᠋ᠨ ᠠᠵᠢᠯ᠎ᠤᠨ ᠤᠷᠤᠯᠳᠤᠭᠠᠨ ᠵᠡᠷᠭᠡ ᠣᠯᠠᠨ ᠵᠦᠶ᠋ᠯ᠎ᠦᠨ ᠠᠭᠤᠯᠭ᠎ᠠ᠎ᠶ᠋ᠢ ᠪᠠᠭ᠍ᠲᠠᠭᠠᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠠᠮᠳᠡᠭ ᠤ᠋ᠨ ᠦᠷ᠎ᠡ ᠪᠦᠲᠦᠭᠡᠯ᠎ᠦᠨ ᠦᠵᠡᠭᠦᠯᠭᠡ᠎ᠶ᠋ᠢᠨ ᠲᠣᠭᠣᠷᠢᠭ᠎ᠨᠢ 《ᠵᠢᠷᠤᠭ ᠪᠢᠴᠢᠭ + ᠪᠣᠳᠠᠲᠤ ᠪᠣᠳᠠᠰ + ᠪᠠᠶᠠᠴᠢᠯᠠᠨ ᠤᠢᠯᠠᠭᠠᠬᠤ》 ᠬᠡᠯᠪᠡᠷᠢ᠎ᠪᠡᠷ᠂ 《ᠤᠮᠠᠷᠠᠲᠤ ᠬᠢᠯᠢ᠎ᠶ᠋ᠢᠨ ᠬᠤᠪᠴᠠᠰᠤ ᠵᠠᠰᠠᠯ᠎ᠤᠨ ᠤᠷᠠᠨ ᠳᠠᠷᠬᠠᠨ》 ᠵᠡᠷᠭᠡ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠠᠮᠳᠡᠭ᠎ᠢ ᠲᠥᠪᠯᠡᠷᠡᠭᠦᠯᠦᠨ ᠳᠡᠯᠭᠡᠨ ᠦᠵᠡᠭᠦᠯᠵᠦ᠍᠂ ᠪᠣᠳᠠᠲᠤ ᠪᠣᠳᠠᠰ᠎ᠤᠨ ᠦᠵᠡᠭᠦᠯᠭᠡ᠎ᠪᠡᠷ ᠳᠠᠮᠵᠢᠨ᠂ ᠥᠪᠥᠷ ᠮᠣᠩᠭᠣᠯ᠎ᠤᠨ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠠᠮᠳᠡᠭ ᠤ᠋ᠨ ᠥᠪᠡᠷᠮᠢᠴᠡ ᠲᠠᠲᠠᠬᠤ ᠬᠦᠴᠦᠨ ᠪᠠ ᠬᠥᠭ᠌ᠵᠢᠯᠲᠡ᠎ᠶ᠋ᠢᠨ ᠳᠠᠯᠳᠠ ᠬᠦᠴᠦᠨ᠎ᠢ ᠪᠥᠬᠥ᠌ ᠲᠠᠯ᠎ᠠ᠎ᠪᠠᠷ ᠢᠯᠡᠷᠡᠭᠦᠯᠵᠠᠢ᠃

ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠎ᠦᠨ ᠬᠥᠭ᠌ᠵᠢᠯᠲᠡ᠎ᠶ᠋ᠢᠨ ᠰᠤᠳᠤᠯᠤᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠳᠡᠭᠡᠷ᠎ᠡ᠂ 《ᠪᠤᠭᠤᠲᠤ ᠵᠢᠨ ᠴᠠᠬᠢᠯᠭᠠᠨ᠎ᠤ ᠠᠵᠢᠯᠴᠢᠨ》 ᠤ᠋ ᠣᠷᠣᠯᠠᠨ ᠥᠭᠦᠯᠡᠭ᠌ᠴᠢ ᠱᠢᠤᠸᠠᠢ ᡁᠢ ᠢᠦᠶ᠂ 《ᠮᠸᠩ ᠪᠡᠷᠭᠡᠨ᠎ᠦ ᠬᠡᠷ᠎ᠦᠨ ᠶᠠᠪᠤᠳᠠᠯ》 ᠤ᠋ᠨ ᠣᠷᠣᠯᠠᠨ ᠥᠭᠦᠯᠡᠭ᠌ᠴᠢ ᠯᠢ ᠮᠢᠨ᠂ 《ᠬᠦᠷᠢᠶ᠎ᠠ ᠵᠢᠨ 〈ᠰᠠᠭᠠᠭ ᠤ᠋ᠨ ᠨᠤᠲᠤᠭ〉 ᠤ᠋ᠨ ᠱᠢᠨ᠎ᠡ ᠲᠠᠷᠢᠶᠠᠴᠢᠨ》 ᠤ᠋ ᠣᠷᠣᠯᠠᠨ ᠥᠭᠦᠯᠡᠭ᠌ᠴᠢ ᠢᠦᠶ ᠱᠢᠶᠤᠤ ᠬᠣᠩ ᠪᠣᠯᠤᠨ《ᠠᠸ᠋ᠬᠠᠨ ᠨᠠᠷᠢᠮᠤ᠎ᠶ᠋ᠢᠨ ᠲᠠᠷᠢᠶᠠᠯᠠᠩ᠎ᠤᠨ ᠮᠡᠷᠭᠡᠵᠢᠯ᠎ᠦᠨ ᠠᠵᠢᠯᠴᠢᠨ》 ᠳ᠋ᠢᠩ ᡁᠢ ᠭᠠᠩ ᠪᠥᠬᠥ᠌ ᠤᠯᠤᠰ᠎ᠤᠨ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠎ᠦᠨ ᠳᠦᠷᠢ ᠲᠥᠷᠬᠦ᠌᠎ᠶ᠋ᠢᠨ ᠣᠷᠣᠯᠠᠨ ᠥᠭᠦᠯᠡᠭ᠌ᠴᠢ᠎ᠪᠡᠷ ᠰᠣᠩᠭᠣᠭ᠍ᠳᠠᠪᠠ᠃

ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶ᠋ᠢ ᠶᠡᠬᠡ ᠪᠡᠷ ᠬᠡᠷᠡᠭ᠌ᠵᠢᠭᠦᠯᠵᠦ᠍᠂ ᠬᠥᠳᠡᠯᠮᠦᠷᠢ ᠦᠶ᠋ᠯᠡᠴᠢᠯᠡᠭᠡᠨ᠎ᠦ ᠲᠦᠷᠤᠯ ᠲᠠᠮᠳᠡᠭ ᠤ᠋ᠨ ᠪᠠᠢᠭᠤᠯᠤᠯᠲᠠ᠎ᠶ᠋ᠢᠨ ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠨ᠂ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠠᠮᠳᠡᠭ᠎ᠢ ᠪᠣᠢᠵᠢᠭᠤᠯᠤᠨ ᠪᠣᠶ ᠪᠣᠯᠭᠠᠬᠤ ᠠᠵᠢᠯᠯᠠᠭᠠᠨ᠎ᠤ ᠲᠥᠯᠥᠪᠯᠡᠭᠡ᠎ᠶ᠋ᠢ ᠥᠷᠨᠢᠭᠦᠯᠵᠦ᠍᠂ 《ᠤᠮᠠᠷᠠᠲᠤ ᠬᠢᠯᠢ᠎ᠶ᠋ᠢᠨ ᠬᠡᠷ ᠪᠦᠯᠢ᠎ᠶ᠋ᠢᠨ ᠦᠶ᠋ᠯᠡᠴᠢᠯᠡᠭᠡ》 ᠶ᠋ᠢᠨ ᠣᠷᠣᠨ ᠪᠦᠰᠡ᠎ᠶ᠋ᠢᠨ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠠᠮᠳᠡᠭ ᠢ᠋ ᠬᠦᠴᠦᠯᠡᠨ ᠪᠣᠢᠵᠢᠭᠤᠯᠵᠠᠢ᠃ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠠᠮᠳᠡᠭ᠎ᠢ ᠪᠠᠢᠭᠤᠯᠤᠨ ᠪᠣᠢᠵᠢᠭᠤᠯᠬᠤ ᠱᠢᠰᠲ᠋ᠧᠮ᠎ᠢ ᠪᠠᠢᠭᠤᠯᠵᠤ᠂《ᠢᠯᠡᠷᠡᠭᠦᠯᠬᠦ᠌ — ᠪᠣᠢᠵᠢᠭᠤᠯᠬᠤ — ᠳᠡᠭᠡᠭ᠌ᠰᠢᠯᠡᠭᠦᠯᠬᠦ᠌ — ᠪᠤᠵᠠᠭᠠᠢᠷᠠᠭᠤᠯᠬᠤ》ᠱᠠᠲᠤᠯᠢᠭ ᠪᠣᠢᠵᠢᠭᠤᠯᠬᠤ ᠲᠣᠭ᠍ᠲᠠᠴᠠ᠎ᠶ᠋ᠢ ᠪᠠᠢᠭᠤᠯᠤᠨ᠂ ᠬᠥᠳᠡᠯᠮᠦᠷᠢ ᠦᠶ᠋ᠯᠡᠴᠢᠯᠡᠭᠡᠨ᠎ᠦ ᠲᠦᠷᠤᠯ ᠲᠠᠮᠳᠡᠭ᠎ᠢ ᠣᠷᠣᠨ ᠨᠤᠲᠤᠭ᠎ᠤᠨ ᠣᠨᠴᠠᠯᠢᠭ᠂ ᠠᠵᠤ ᠦᠶ᠋ᠯᠡᠰ᠎ᠦᠨ ᠬᠥᠭ᠌ᠵᠢᠯᠲᠡ᠎ᠯᠦᠭᠡ ᠭᠦᠨ ᠠᠭᠤᠰᠤᠯᠴᠠᠭᠤᠯᠵᠤ᠂ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠠᠮᠳᠡᠭ ᠤ᠋ᠨ ᠬᠤᠭᠤᠰᠤᠨ᠎ᠢ ᠨᠦᠬᠦᠪᠤᠷᠢᠯᠠᠵᠤ᠂ ᠱᠢᠯᠢᠳᠡᠭ᠎ᠡᠴᠡ ᠬᠦᠴᠦᠷᠬᠡᠭ ᠪᠣᠯᠭᠠᠬᠤ ᠲᠠᠪᠠᠯᠳᠠᠳᠤ ᠮᠠᠶᠢᠭ᠎ᠤᠨ ᠬᠥᠭ᠌ᠵᠢᠯᠲᠡ᠎ᠶ᠋ᠢ ᠠᠬᠢᠭᠤᠯᠵᠠᠢ᠃ ᠣᠳᠣᠬᠠᠨ᠎ᠳᠤ᠂ ᠥᠪᠥᠷ ᠮᠣᠩᠭᠣᠯ ᠨᠢᠭᠡᠨᠲᠡ 12 ᠠᠢᠮᠠᠭ ᠬᠣᠲᠠ᠎ᠶ᠋ᠢᠨ 100 ᠭᠠᠷᠤᠶ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠠᠮᠳᠡᠭ᠎ᠢ ᠬᠠᠮᠤᠷᠤᠭ᠍ᠰᠠᠨ ᠡᠬᠢ ᠪᠠᠶᠠᠯᠢᠭ᠎ᠤᠨ ᠬᠥᠮᠥᠷᠭᠡ᠎ᠶ᠋ᠢ ᠪᠠᠢᠭᠤᠯᠵᠤ᠂ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠠᠮᠳᠡᠭ᠎ᠢ 124 ᠪᠣᠢᠵᠢᠭᠤᠯᠤᠨ ᠪᠣᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号