ᠬᠠᠤᠯᠢ ᠪᠡᠷ ᠬᠡᠢᠭᠦᠯᠦᠭᠰᠡᠨ ᠤᠮᠠᠷᠠᠲᠦ ᠬᠢᠯᠢ᠎ᠳᠤ ᠠᠨᠠᠷ᠎ᠤᠨ ᠴᠡᠴᠡᠭᠡᠰ ᠪᠠᠲᠠᠷᠠᠨ ᠲᠡᠯᠭᠡᠷᠡᠨ᠎ᠡ
2025-11-24 10:43:57
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠢᠮᠠᠭᠲᠠ ᠤᠯᠤᠰ ᠲᠥᠷᠥ᠎ᠶᠢᠨ ᠪᠠᠢᠭᠤᠯᠤᠯᠲᠠ ᠪᠠᠷ ᠶᠡᠷᠦᠩᠬᠡᠢᠯᠡᠨ ᠵᠢᠯᠣᠭᠣᠳᠤᠭᠤᠯᠵᠤ᠂ 《ᠬᠣᠶᠠᠷ᠎ᠢ ᠲᠣᠭᠲᠠᠭᠠᠬᠰᠠᠨ》 ᠢ᠋ ᠡᠷᠡᠰ ᠬᠦᠷᠢᠶᠡᠯᠡᠨ᠂ 《ᠲᠦᠷᠪᠡᠨ ᠤᠬᠠᠮᠰᠠᠷ》 ᠢ᠋ ᠴᠢᠩᠭᠠᠳᠬᠠᠵᠦ᠂ 《ᠲᠦᠷᠪᠡᠨ ᠢᠲᠡᠭᠡᠯ》 ᠢ᠋ᠢᠡᠨ ᠪᠠᠲᠤᠳᠬᠠᠨ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ ᠵᠢ ᠪᠠᠢᠭᠤᠯᠭ᠎ᠠ ᠢ᠋ᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠴᠢᠬᠤᠯᠠ ᠶᠡᠬᠡ ᠡᠭᠦᠷᠭᠡ ᠪᠣᠯᠭᠠᠨ ᠠᠳᠬᠤᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠠᠵᠢᠯ᠎ᠤᠨ ᠭᠤᠤᠯ ᠰᠢᠵᠢᠮ ᠢ᠋ ᠰᠢᠭᠦᠭᠦ ᠬᠤᠷᠢᠶᠠᠨ᠎ᠤ ᠬᠡᠷᠡᠭ ᠪᠤᠯᠭᠠᠨ ᠳᠠᠩᠰᠠᠯᠠᠬᠤ᠂ ᠰᠢᠭᠦᠨ ᠲᠠᠰᠤᠯᠬᠤ᠂ ᠭᠦᠢᠴᠡᠳᠬᠡᠬᠦ ᠵᠢᠴᠢ ᠲᠤᠰ ᠪᠡᠶ᠎ᠡ᠎ᠶᠢᠨ ᠪᠠᠢᠭᠤᠯᠤᠯᠲᠠ᠎ᠶᠢᠨ ᠪᠦᠬᠦ ᠶᠠᠪᠤᠴᠠ᠎ᠳᠤ ᠲᠤᠭᠤᠰᠢᠯᠠᠭᠤᠯᠵᠦ᠂ 《ᠬᠠᠤᠯᠢ ᠪᠡᠷ ᠬᠡᠢᠭᠦᠯᠦᠭᠰᠡᠨ ᠤᠮᠠᠷᠠᠲᠦ ᠬᠢᠯᠢ᠎ᠳᠤ ᠠᠨᠠᠷ᠎ᠤᠨ ᠴᠡᠴᠡᠭᠡᠰ ᠪᠠᠲᠠᠷᠠᠨ ᠲᠡᠯᠭᠡᠷᠡᠨ᠎ᠡ + ᠰᠡᠳᠬᠢᠯ ᠨᠢᠭᠡᠲᠦᠨ ᠬᠠᠮᠲᠦ ᠪᠡᠷ ᠵᠠᠰᠬᠠᠤ》 ᠨᠠᠮ᠎ᠤᠨ ᠪᠠᠢᠭᠤᠯᠤᠯᠲᠠ ᠢ᠋ᠢᠨ ᠲᠦᠷᠦᠯ ᠲᠡᠮᠲᠡᠭ ᠢ᠋ ᠡᠭᠦᠳᠴᠤ᠂ ᠨᠠᠮ᠎ᠤᠨ ᠡᠯ᠎ᠡ ᠵᠦᠢᠯ᠎ᠦᠨ ᠪᠠᠢᠭᠤᠯᠤᠯᠲᠠ ᠢ᠋ᠢᠨ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠤᠯᠬᠤ ᠵᠢ ᠬᠦᠲᠦᠯᠦᠨ ᠵᠢᠯᠤᠭᠤᠳᠪᠠ᠃


f49b6710-4fac-4154-9021-ad3bcac4781e.png


《ᠤᠯᠠᠨ ᠲᠠᠯ᠎ᠠ᠎ᠪᠠᠷ ᠬᠦᠴᠦ᠎ᠪᠡᠨ ᠬᠠᠮᠲᠤᠳᠬᠠᠨ》 ᠤᠬᠠᠭᠤᠯᠭ᠎ᠠ᠎ᠶᠢᠨ ᠵᠢᠭ᠍ᠰᠠᠭᠠᠯ᠎ᠢ ᠪᠦᠷᠢᠯᠳᠦᠭᠦᠯᠵᠦ ᠠᠴᠢᠶᠠᠯᠠᠪᠤᠷᠢ᠎ᠶᠢᠨ ᠰᠢᠨ᠎ᠡ᠎ᠶᠢ ᠡᠭᠦᠳᠤᠨ ᠤᠨᠤᠯ᠎ᠤᠨ ᠰᠦᠭ ᠰᠦᠨᠡᠰᠦ᠎ᠶᠢ ᠱᠤᠭᠤᠪᠠ

ᠦᠵᠡᠯ ᠰᠠᠨᠠᠭ᠎ᠠ ᠪᠣᠯ ᠦᠢᠯᠡ ᠠᠵᠢᠯᠯᠠᠭ᠎ᠠ᠎ᠶᠢᠨ ᠤᠳᠤᠷᠢᠳᠤᠮᠵᠢ ᠮᠥᠨ᠃ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠬᠦ ᠬᠤᠷᠢᠶ᠎ᠠ ᠳᠤᠬᠠᠢᠯᠠᠬᠰᠠᠨ ᠠᠵᠢᠯ᠎ᠤᠨ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠤᠬᠠᠭᠤᠯᠭ᠎ᠠ ᠬᠥᠮᠦᠵᠢᠯ᠎ᠢ ᠪᠠᠢᠩᠭᠤᠵᠢᠭᠤᠯᠬᠤ ᠲᠣᠭᠲᠠᠴᠠ᠎ᠶᠢ ᠳᠠᠰᠤᠷᠠᠯᠳᠠ ᠦᠭᠡᠢ ᠲᠡᠭᠦᠯᠳᠡᠷᠵᠢᠭᠦᠯᠦᠨ ᠪᠡᠬᠢᠵᠢᠭᠦᠯᠵᠡᠢ᠃ ᠰᠤᠷᠤᠯᠴᠠᠯᠭ᠎ᠠ ᠬᠥᠮᠦᠵᠢᠯ᠎ᠦᠨ ᠲᠠᠯ᠎ᠠ᠎ᠪᠠᠷ᠂ ᠨᠠᠮ᠎ᠤᠨ ᠤᠳᠤᠷᠢᠳᠬᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ ᠡᠷᠬᠡᠪᠰᠢ ᠲᠤᠰᠬᠠᠢ ᠰᠡᠳᠦᠪᠲᠦ ᠰᠤᠷᠤᠯᠴᠠᠨ ᠰᠤᠳᠤᠯᠤᠨ ᠶᠠᠷᠢᠯᠴᠠᠬᠤ ᠬᠤᠷᠠᠯ ᠬᠢᠬᠦ᠂ ᠨᠠᠮ᠎ᠤᠨ ᠡᠭᠦᠷ ᠡᠷᠬᠡᠪᠰᠢ ᠰᠤᠷᠤᠯᠴᠠᠯᠭ᠎ᠠ ᠰᠣᠯᠢᠯᠴᠠᠭ᠎ᠠ ᠪᠠ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠬᠦ ᠵᠢ ᠪᠠᠷᠢᠮᠳᠠᠯᠠᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠶᠠᠪᠤᠳᠠᠯ᠎ᠢ ᠡᠷᠬᠡᠪᠰᠢ ᠰᠢᠭᠦᠭᠦ ᠲᠤᠰᠢᠶᠠᠯᠲᠠᠨ᠎ᠢ ᠪᠣᠯᠪᠠᠰᠤᠷᠠᠭᠤᠯᠬᠤ ᠵᠠᠪᠠᠯ ᠰᠤᠷᠬᠤ ᠬᠢᠴᠢᠶᠡᠯ ᠪᠣᠯᠭᠠᠬᠤ᠂ ᠡᠷᠬᠡᠪᠰᠢ ᠭᠣᠣᠯ ᠰᠡᠳᠦᠪᠲᠦ ᠦᠢᠯᠡᠳᠦᠯᠭᠡ᠎ᠶᠢᠨ ᠠᠵᠢᠯᠯᠠᠭ᠎ᠠ᠎ᠶᠢ ᠥᠷᠨᠢᠭᠦᠯᠬᠦ 《4 ᠡᠷᠬᠡᠪᠰᠢ》 ᠵᠢ ᠪᠡᠶᠡᠯᠡᠭᠦᠯᠪᠡ᠃

ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠬᠦ ᠬᠤᠷᠢᠶ᠎ᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠬᠢᠯᠡᠵᠦ᠂ ᠪᠦᠬᠦ ᠤᠯᠤᠰ᠎ᠤᠨ 95 ᠰᠢᠭᠦᠭᠦ ᠲᠤᠰᠢᠶᠠᠯᠲᠠᠨ ᠪᠠ 144 ᠦᠨᠳᠦᠰᠦᠨ ᠱᠠᠲᠤᠨ᠎ᠤ ᠨᠠᠮ᠎ᠤᠨ ᠠᠵᠢᠯᠲᠠᠨ ᠪᠣᠯᠪᠠᠰᠤᠷᠠᠯ᠎ᠳᠤ ᠣᠷᠣᠯᠴᠠᠪᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠪᠡᠷ ᠭᠣᠣᠯ ᠰᠡᠳᠦᠪ ᠪᠣᠯᠭᠠᠨ ᠤᠨᠤᠯ᠎ᠤᠨ ᠰᠤᠷᠤᠯᠴᠠᠯᠭ᠎ᠠ᠂ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ᠎ᠶᠢ 30 ᠭᠠᠷᠤᠢ ᠤᠳᠠᠭ᠎ᠠ ᠥᠷᠨᠢᠭᠦᠯᠵᠦ᠂ ᠨᠠᠮ᠎ᠤᠨ ᠡᠭᠦᠷ᠎ᠢ ᠦᠨᠡᠨ ᠬᠦ᠌ ᠨᠢᠭᠡ ᠲᠠᠯ᠎ᠠ᠎ᠶᠢ ᠪᠦᠯᠬᠦᠮᠳᠡᠭᠦᠯᠬᠦ᠂ ᠨᠢᠭᠡ ᠲᠠᠯ᠎ᠠ᠎ᠶᠢ ᠲᠣᠭᠲᠠᠭᠤᠨ ᠪᠠᠢᠯᠭᠠᠬᠤ ᠲᠠᠢ᠍ᠢᠴᠢᠨ ᠪᠡᠬᠢᠯᠡᠯᠲᠡ ᠪᠣᠯᠭᠠᠬᠤ᠎ᠶᠢ ᠠᠬᠢᠭᠤᠯᠵᠤ᠂ ᠨᠠᠮ᠎ᠤᠨ ᠭᠡᠰᠢᠭᠦᠨ᠎ᠦ ᠪᠦᠯᠬᠦᠮᠳᠡᠯ ᠲᠣᠭᠲᠠᠭᠤᠨ ᠪᠠᠢᠳᠠᠯ᠎ᠢ ᠬᠠᠮᠠᠭᠠᠯᠠᠬᠤ᠂ ᠬᠠᠮᠲᠤ᠎ᠪᠠᠷ ᠴᠢᠨᠡᠭᠡᠯᠢᠭᠵᠢᠬᠦ᠎ᠶᠢ ᠠᠬᠢᠭᠤᠯᠬᠤ ᠲᠤᠭ ᠲᠡᠮᠳᠡᠭ᠎ᠦᠨ ᠦᠢᠯᠡᠳᠦᠯ᠎ᠢ ᠪᠠᠳᠠᠷᠠᠭᠤᠯᠪᠠ᠃

ᠰᠢᠭᠦᠬᠦ ᠬᠣᠷᠢᠶᠠᠨ᠎ᠤ ᠠᠵᠢᠯ᠎ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠲᠠᠢ ᠪᠠᠨ ᠨᠢᠭ᠍ᠲᠠ ᠤᠶᠠᠯᠳᠤᠭᠤᠯᠵᠤ᠂ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠬᠦ ᠬᠤᠷᠢᠶ᠎ᠠ 《ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠤᠯᠠᠨ ᠲᠦᠮᠡᠨᠴᠢ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠂ ᠨᠠᠮ᠎ᠤᠨ ᠭᠡᠰᠢᠭᠦᠨ᠎ᠦ 《ᠬᠣᠣᠰ ᠨᠡᠷ᠎ᠡ ᠮᠡᠳᠡᠭᠦᠯᠦᠯᠲᠡ᠂ ᠬᠣᠣᠰ ᠦᠢᠯᠡᠴᠢᠯᠡᠭᠡ᠂ ᠬᠣᠣᠰ ᠮᠡᠳᠡᠭᠦᠯᠦᠯᠲᠡ ᠬᠢᠬᠦ》 ᠠᠵᠢᠯ᠎ᠢᠶᠠᠷ ᠭᠠᠷᠳᠠᠴᠠ ᠪᠣᠯᠭᠠᠵᠤ᠂ ᠦᠨᠳᠦᠰᠦᠲᠡᠨ᠎ᠤ ᠲᠦᠷᠦ ᠢ᠋ᠢᠨ ᠪᠤᠳᠤᠯᠭ᠎ᠠ ᠢ᠋ᠢᠨ ᠤᠬᠠᠭᠤᠯᠭ᠎ᠠ ᠢ᠋ᠢᠨ ᠰᠠᠷ᠎ᠠ᠂ ᠦᠨᠳᠦᠰᠦᠲᠡᠨ᠎ᠤ ᠬᠠᠤᠯᠢ ᠪᠡᠷ ᠵᠠᠰᠠᠬᠤ ᠤᠬᠠᠭᠤᠯᠭ᠎ᠠ ᠢ᠋ᠢᠨ ᠭᠠᠷᠠᠭ᠂ ᠦᠨᠳᠦᠰᠦᠲᠡᠡ᠎ᠤ ᠪᠦᠯᠬᠦᠮᠲᠡᠯ ᠲᠠᠪᠰᠢᠯᠲᠠ ᠢ᠋ᠢᠨ ᠠᠵᠢᠯᠯᠠᠭ᠎ᠠ ᠢ᠋ᠢᠨ ᠰᠠᠷ᠎ᠠ ᠵᠡᠷᠭᠡ ᠵᠠᠩᠭᠢᠯᠠᠭ᠎ᠠ᠎ᠶᠢᠨ ᠴᠡᠭ᠎ᠢ ᠠᠰᠢᠭ᠍ᠯᠠᠵᠤ᠂  《ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ᠂ ᠨᠠᠮ᠎ᠤᠨ ᠡᠭᠦᠷ ᠠᠯᠤᠰᠯᠠᠭᠰᠠᠨ》ᠬᠠᠮᠲᠤᠷᠠᠭᠰᠠᠨ ᠤᠬᠠᠭᠤᠯᠭ᠎ᠠ᠎ᠶᠢᠨ ᠵᠢᠭ᠍ᠰᠠᠭᠠᠯ᠎ᠢ ᠪᠠᠢᠭᠤᠯᠪᠠ᠃ ᠤᠯᠠᠨ ᠨᠢᠭᠡᠴᠢ᠎ᠲᠠᠢ ᠬᠣᠯᠪᠤᠭᠠᠯᠠᠨ ᠰᠠᠢᠬᠠᠨ ᠲᠣᠭᠣᠷᠢᠭ᠋᠎ᠤᠨ ᠳ᠋ᠢᠩ ᠰᠢᠶᠠᠩ ᠨᠡᠢᠭᠡᠮ ᠲᠣᠭᠣᠷᠢᠭ᠋᠎ᠲᠤ 《ᠲᠠᠪᠤᠨ ᠰᠠᠷ᠎ᠠ᠎ᠶᠢᠨ ᠰᠢᠨ᠎ᠡ᠎ᠶᠢᠨ ᠲᠠᠪᠤᠨ᠎ᠤ ᠪᠠᠶᠠᠷ᠎ᠲᠤ ᠠᠨᠠᠷ᠎ᠤᠨ ᠦᠷ᠎ᠡ ᠲᠠᠢ ᠭᠠᠷ ᠬᠤᠯᠪᠤᠯᠴᠠᠨ᠂ ᠦᠨᠳᠦᠰᠦᠲᠡᠨ᠎ᠦ ᠳᠦᠷᠦ᠎ᠶᠢᠨ ᠪᠣᠳᠣᠯᠭ᠎ᠠ᠎ᠪᠠᠷ ᠲᠦᠮᠡᠨ ᠡᠷᠦᠬᠡ᠎ᠶᠢ ᠳᠤᠯᠠᠭᠠᠴᠠᠭᠤᠯᠬᠤ》ᠦᠨᠳᠦᠰᠦᠲᠡᠨ᠎ᠦ ᠳᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠠᠵᠢᠯᠯᠠᠭ᠎ᠠ᠎ᠶᠢ ᠬᠠᠮᠲᠤ ᠪᠠᠷ ᠡᠷᠬᠢᠯᠡᠵᠦ᠂ ᠪᠠᠢᠩᠭᠤ ᠬᠡᠷᠡᠭᠯᠡᠬᠦ ᠬᠠᠤᠯᠢ ᠴᠠᠭᠠᠵᠠ᠎ᠶᠢᠨ ᠮᠡᠳᠡᠯᠭᠡ᠎ᠶᠢ ᠲᠠᠢᠯᠪᠤᠷᠢᠯᠠᠨ᠂ ᠨᠠᠮ᠎ᠤᠨ ᠦᠨᠳᠦᠰᠦᠲᠡᠨ᠎ᠦ ᠳᠦᠷᠦ᠎ᠶᠢᠨ ᠪᠣᠳᠣᠯᠭ᠎ᠠ᠎ᠶᠢ ᠤᠬᠠᠭᠤᠯᠪᠡ᠃ ᠬᠥᠬᠡᠬᠣᠲᠠ᠎ᠶᠢᠨ ᠴᠡᠷᠢᠭ᠎ᠦᠨ ᠶᠠᠪᠤᠳᠠᠯ᠎ᠤᠨ ᠰᠢᠭᠦᠬᠦ ᠬᠣᠷᠢᠶ᠎ᠠ ᠵᠡᠷᠭᠡ ᠤᠯᠠᠨ ᠨᠢᠭᠡᠴᠢ᠎ᠲᠠᠢ ᠬᠠᠮᠲᠤ ᠪᠠᠷ ᠰᠢᠯᠢ᠎ᠶᠢᠨ ᠭᠣᠣᠯ ᠠᠢᠮᠠᠭ᠎ᠤᠨ ᠬᠢᠯᠢ᠎ᠶᠢᠨ ᠬᠠᠮᠠᠭᠠᠯᠠᠯᠲᠠ᠎ᠶᠢᠨ ᠴᠡᠷᠢᠭ᠎ᠦᠨ ᠬᠤᠸᠠᠷᠠᠨ ᠪᠠ ᠬᠢᠯᠢ ᠬᠢᠵᠠᠭᠠᠷ᠎ᠤᠨ ᠮᠠᠯᠵᠢᠬᠤ ᠣᠷᠣᠨ᠎ᠳᠤ ᠬᠦᠷᠴᠦ᠂《ᠬᠠᠤᠯᠢ ᠪᠡᠷ ᠵᠠᠰᠠᠬᠤ·ᠤᠳᠬ᠎ᠠ ᠤᠷᠠᠯᠢᠭ᠋》 ᠢ᠋ ᠬᠢᠯᠢ᠎ᠶᠢᠨ ᠪᠣᠭᠣᠮᠲᠠ᠎ᠳᠤ ᠬᠦᠷᠬᠡᠬᠦ ᠠᠵᠢᠯᠯᠠᠭ᠎ᠠ ᠵᠢ ᠦᠷᠨᠢᠭᠦᠯᠦᠨ᠂ ᠴᠡᠷᠢᠭ ᠠᠩᠭᠢ᠎ᠶᠢᠨ ᠳᠠᠷᠤᠭ᠎ᠠ ᠪᠠᠢᠯᠳᠤᠭ᠍ᠴᠢᠳ᠎ᠲᠤ ᠴᠡᠷᠢᠭ᠎ᠬᠦᠮᠦᠨ ᠵᠢᠴᠢ ᠴᠡᠷᠢᠭ᠎ᠤᠨ ᠭᠡᠷ ᠪᠦᠯᠢ᠎ᠶᠢᠨ ᠬᠢᠨ᠎ᠦ ᠨᠡᠢᠳᠡᠮ ᠠᠩᠬᠠᠷᠴᠤ ᠪᠠᠢᠭ᠎ᠠ ᠬᠠᠤᠯᠢ ᠴᠠᠭᠠᠵᠠ᠎ᠶᠢᠨ ᠠᠰᠠᠭᠤᠳᠠᠯ᠎ᠢ ᠲᠠᠢᠯᠪᠤᠷᠢᠯᠠᠪᠡ᠃

《ᠠᠷᠠᠳ᠎ᠲᠦᠮᠡᠨ ᠵᠢᠡᠷ ᠦᠨᠳᠦᠰᠦ ᠪᠣᠯᠭᠠᠨ》 ᠦᠨᠳᠦᠰᠦᠲᠡᠨ᠎ᠦ ᠪᠦᠯᠬᠦᠮᠳᠡᠯ᠎ᠢ ᠠᠬᠢᠭᠤᠯᠵᠦ ᠡᠭᠦᠷᠭᠡ ᠴᠢᠳᠠᠪᠬᠢ᠎ᠳᠠᠭᠠᠨ ᠰᠠᠭᠤᠷᠢᠯᠠᠨ ᠬᠢᠯᠢ ᠬᠢᠵᠠᠭᠠᠷ᠎ᠤᠨ ᠲᠣᠭᠲᠠᠭᠤᠨ᠎ᠢ ᠪᠠᠲᠤᠯᠠᠪᠠ

《ᠠᠷᠠᠳ ᠲᠦᠮᠡᠨ᠎ᠦ ᠬᠡᠷᠡᠭᠴᠡᠭᠡ》᠎ᠪᠡᠷ ᠪᠠᠷᠢᠮᠵᠢᠶ᠎ᠠ ᠪᠣᠯᠭᠠᠨ ᠣᠯᠠᠨ ᠲᠦᠮᠡᠨ᠎ᠦ ᠪᠣᠳᠠᠲᠠᠢ ᠬᠦᠰᠡᠯ ᠱᠠᠭᠠᠷᠳᠠᠯᠭ᠎ᠠ᠎ᠳᠤ ᠢᠳᠡᠪᠬᠢᠲᠡᠢ᠎ᠪᠡᠷ ᠬᠠᠷᠢᠭᠤᠯᠲᠠ ᠥᠭᠴᠦ᠂ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠬᠦ ᠬᠤᠷᠢᠶ᠎ᠠ ᠪᠣᠳᠠᠲᠤ ᠠᠵᠢᠯ ᠡᠴᠡ ᠪᠠᠨ ᠭᠠᠷᠳᠠᠵᠤ᠂ ᠭᠣᠣᠯ ᠰᠢᠵᠢᠮ ᠢ᠋ ᠲᠤᠭᠤᠰᠢᠯᠠᠭᠤᠯᠬᠤ ᠠᠵᠢᠯ ᠢ᠋ ᠪᠣᠳᠠᠲᠠᠢ ᠠᠳᠬᠤᠨ ᠨᠠᠷᠢᠯᠢᠭ᠋ ᠨᠠᠢᠳᠠᠪᠤᠷᠢᠵᠢᠭᠤᠯᠪᠠ᠃

ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠬᠦ ᠬᠤᠷᠢᠶ᠎ᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠢ᠋ᠢᠨ ᠤᠬᠠᠮᠰᠠᠷ᠎ᠢ ᠪᠠᠲᠦ ᠴᠤᠬᠴᠠᠯᠠᠬᠤ ᠵᠢ ᠠᠷᠠᠳ᠎ᠤᠨ ᠠᠮᠢᠳᠤᠷᠠᠯ᠎ᠤᠨ ᠬᠠᠤᠯᠢ ᠴᠠᠭᠠᠵᠠ᠎ᠶᠢᠨ ᠪᠠᠲᠤᠯᠠᠭ᠎ᠠ᠎ᠶᠢ ᠴᠢᠩᠭᠠᠳᠬᠠᠬᠤ ᠠᠵᠢᠯ᠎ᠳᠤ ᠲᠤᠭᠤᠰᠢᠯᠠᠭᠤᠯᠵᠦ᠂《ᠲᠥᠯᠥᠭᠡᠯᠡᠭᠴᠢ ᠭᠡᠰᠢᠭᠦᠨ + ᠰᠢᠭᠦᠬᠦ ᠬᠣᠷᠢᠶ᠎ᠠ》 ᠢ᠋ᠢᠨ ᠢᠷᠭᠡᠨ᠎ᠦ ᠪᠠ ᠬᠤᠳᠠᠯᠳᠤᠭᠠᠨ᠎ᠤ ᠶᠠᠪᠤᠳᠠᠯ᠎ᠤᠨ ᠵᠠᠭᠤᠷᠠᠯᠳᠤᠭᠠᠨ᠎ᠢ ᠰᠢᠢᠳᠪᠦᠷᠢᠯᠡᠬᠦ ᠲᠣᠭᠲᠠᠴᠠ᠎ᠶᠢ ᠭᠦᠨᠵᠡᠭᠡᠢᠷᠡᠭᠦᠯᠵᠦ᠂ 《ᠬᠠᠤᠯᠢ ᠴᠠᠭᠠᠵᠠ᠎ᠶᠢᠨ ᠵᠦᠪᠯᠡᠯᠭᠡ ᠦᠭᠬᠦ ᠲᠡᠷᠢᠭᠦᠨ ᠲᠤᠰᠬᠠᠢ ᠮᠡᠷᠭᠡᠵᠢᠯᠲᠡᠨ + ᠰᠢᠭᠦᠬᠦ ᠬᠣᠷᠢᠶ᠎ᠠ》 ᠢ᠋ᠢᠨ ᠤᠯᠠᠨ ᠡᠰᠢᠴᠢᠯᠡᠭᠰᠡᠨ ᠰᠢᠢᠳᠪᠦᠷᠢᠯᠡᠬᠦ ᠲᠣᠭᠲᠠᠴᠠ᠎ᠶᠢ ᠪᠠᠢᠭᠤᠯᠤᠬᠰᠠᠨ ᠮᠦᠷᠲᠡᠭᠡᠨ ᠠᠷᠠᠳ᠎ᠤᠨ ᠠᠮᠢᠳᠤᠷᠠᠯ᠎ᠳᠤ ᠬᠣᠯᠪᠣᠭᠳᠠᠭᠰᠠᠨ ᠬᠡᠷᠡᠭ᠎ᠢ ᠭᠦᠢᠴᠡᠳᠬᠡᠬᠦ ᠲᠤᠰᠬᠠᠢ ᠠᠵᠢᠯᠯᠠᠭ᠎ᠠ ᠪᠠ ᠬᠦᠯᠦᠰᠦᠨ ᠮᠠᠯᠴᠢᠨ ᠲᠠᠷᠢᠶᠠᠴᠢᠨ᠎ᠤ ᠴᠠᠯᠢᠩ᠎ᠳᠤ ᠬᠣᠯᠪᠣᠭᠳᠠᠭᠰᠠᠨ ᠬᠡᠷᠡᠭ᠎ᠢ ᠭᠦᠢᠴᠡᠳᠬᠡᠬᠦ ᠲᠤᠰᠬᠠᠢ ᠠᠵᠢᠯᠯᠠᠭ᠎ᠠ᠎ᠶᠢ ᠬᠦᠴᠦᠲᠡᠢ ᠠᠬᠢᠭᠤᠯᠵᠤ᠂ ᠠᠷᠠᠳ᠎ᠤᠨ ᠠᠮᠢᠳᠤᠷᠠᠯ᠎ᠳᠤ ᠬᠣᠯᠪᠣᠭᠳᠠᠭᠰᠠᠨ ᠬᠡᠷᠡᠭ᠎ᠢ ᠤᠷᠢᠳ ᠢ᠋ᠢᠡᠷ ᠬᠡᠷᠡᠭ ᠪᠣᠯᠭᠠᠨ ᠳᠠᠩᠰᠠᠯᠠᠬᠤ᠂ ᠤᠷᠢᠳ ᠢ᠋ᠢᠡᠷ ᠭᠦᠢᠴᠡᠳᠬᠡᠬᠦ᠂ ᠭᠦᠢᠴᠡᠳᠬᠡᠬᠦ ᠵᠣᠭᠣᠰ᠎ᠢ ᠤᠷᠢᠳ ᠢ᠋ᠢᠡᠷ ᠣᠯᠭᠣᠬᠤ 《ᠭᠤᠷᠪᠠ᠎ᠶᠢ ᠤᠷᠢᠳ ᠢ᠋ᠢᠡᠷ ᠪᠣᠳᠣᠯᠬᠢᠯᠠᠬᠤ》 ᠳᠦᠷᠢᠮ᠎ᠢ ᠬᠡᠷᠡᠭᠵᠢᠭᠦᠯᠪᠡ᠃ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠬᠦ ᠬᠤᠷᠢᠶ᠎ᠠ 《ᠤᠮᠠᠷᠠᠲᠤ ᠬᠢᠯᠢ᠎ᠶᠢᠨ ᠹᠸᠩ ᠴᠢᠶᠤᠤ》 ᠢ᠋ᠢᠨ ᠤᠯᠠᠨ ᠡᠰᠢᠴᠢᠯᠡᠭᠰᠡᠨ ᠡᠶᠡᠲᠡᠭᠦᠯᠬᠦ ᠲᠦᠷᠦᠯ ᠲᠡᠮᠲᠡᠭ ᠢ᠋ ᠴᠤᠬᠴᠠᠯᠠᠵᠦ᠂ 2024 ᠣᠨ᠎ᠳᠤ᠂ ᠪᠦᠬᠦ ᠣᠷᠣᠨ᠎ᠤ ᠰᠢᠭᠦᠬᠦ ᠬᠣᠷᠢᠶ᠎ᠠ᠎ᠶᠢᠨ ᠵᠠᠭᠠᠯᠳᠤᠬᠤ ᠡᠴᠡ ᠡᠮᠦᠨ᠎ᠡ ᠡᠶᠡᠳᠡᠭᠦᠯᠦᠭᠡᠳ ᠠᠮᠵᠢᠯᠲᠠ ᠣᠯᠣᠭᠰᠠᠨ ᠬᠡᠷᠡᠭ 30.96 ᠲᠦᠮᠡᠨ ᠬᠤᠪᠢ ᠪᠠᠢᠵᠤ᠂ ᠵᠠᠭᠠᠯᠳᠤᠬᠤ ᠡᠴᠡ ᠡᠮᠦᠨ᠎ᠡ ᠡᠶᠡᠳᠡᠭᠦᠯᠦᠭᠡᠳ ᠠᠮᠵᠢᠯᠲᠠ ᠣᠯᠣᠭᠰᠠᠨ ᠨᠤᠷᠮ᠎ᠠ 81.54%᠎ᠳᠤ ᠬᠦᠷᠪᠡ᠃ 2025 ᠣᠨ᠎ᠤ 9 ᠰᠠᠷ᠎ᠠ᠎ᠶᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠰᠢᠭᠦᠬᠦ ᠬᠣᠷᠢᠶ᠎ᠠ ᠶᠡᠷᠦᠩᠬᠡᠢᠯᠡᠨ ᠵᠠᠰᠠᠬᠤ ᠲᠥᠪ᠎ᠦᠨ ᠴᠣᠩᠬᠣᠪᠴᠢ᠎ᠳᠤ 2.6 ᠲᠦᠮᠡ ᠭᠠᠷᠤᠢ ᠬᠡᠷᠡᠭ᠎ᠢ ᠬᠡᠷᠡᠭ ᠪᠣᠯᠭᠠᠨ ᠳᠡᠩᠰᠡᠯᠡᠵᠦ᠂ ᠡᠭᠦᠨ᠎ᠳᠦ 1.4 ᠲᠦᠮᠡ ᠭᠠᠷᠤᠢ ᠬᠡᠷᠡᠭ᠎ᠢ ᠠᠮᠵᠢᠯᠲᠠ᠎ᠲᠠᠢ ᠡᠶᠡᠳᠡᠭᠦᠯᠵᠦ᠂ ᠵᠠᠭᠤᠷᠠᠯᠳᠤᠭᠠᠨ᠎ᠢ ᠪᠦᠲᠦᠮᠵᠢᠲᠡᠶ᠎ᠪᠡᠷ ᠰᠠᠯᠭᠠᠨ ᠰᠢᠢᠳᠪᠦᠷᠢᠯᠡᠵᠡᠢ᠃ ᠪᠥᠬᠥ ᠣᠷᠣᠨ᠎ᠤ ᠰᠢᠭᠦᠬᠦ ᠬᠣᠷᠢᠶ᠎ᠠ 67 ᠲᠥᠷᠥᠯ᠎ᠦᠨ ᠢᠷᠭᠡᠨ᠎ᠦ ᠪᠠ ᠬᠤᠳᠠᠯᠳᠤᠭᠠᠨ᠎ᠤ ᠶᠠᠪᠤᠳᠠᠯ᠎ᠤᠨ ᠬᠡᠷᠡᠭ᠎ᠲᠦ ᠵᠠᠭᠠᠯᠳᠤᠬᠤ ᠪᠢᠴᠢᠭ᠂ ᠮᠠᠷᠭᠤᠬᠤ ᠪᠢᠴᠢᠭ᠎ᠦᠨ ᠵᠢᠱ᠌ᠢᠶ᠎ᠡ ᠦᠵᠡᠭᠦᠯᠬᠦ ᠲᠣᠪᠬᠢᠮᠠᠯ᠎ᠢ ᠪᠥᠬᠥ ᠲᠠᠯ᠎ᠠ᠎ᠪᠠᠷ ᠬᠡᠷᠡᠭᠯᠡᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠨᠠᠩ ᠳᠥᠭᠥᠮ ᠳᠥᠲᠡ᠂ ᠥᠨᠳᠥᠷ ᠪᠦᠲᠦᠮᠵᠢᠲᠡᠶ ᠬᠠᠤᠯᠢ ᠴᠠᠭᠠᠵᠠ ᠢ᠋ᠢᠨ ᠦᠢᠯᠡᠴᠢᠯᠡᠭᠡ ᠬᠠᠩᠭᠠᠪᠠ᠃

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠢ᠋ᠢᠨ ᠤᠬᠠᠮᠰᠠᠷ ᠢ᠋ ᠪᠠᠲᠦ ᠴᠤᠬᠴᠠᠯᠠᠬᠤ ᠵᠢ ᠠᠮᠢ ᠠᠬᠤᠢ ᠤᠷᠴᠢᠨ ᠲᠤᠭᠤᠷᠢᠨ᠎ᠤ ᠠᠮᠤᠷ ᠲᠦᠪᠰᠢᠨ᠎ᠤ ᠬᠠᠤᠯᠢ ᠴᠠᠭᠠᠵᠠ ᠢ᠋ᠢᠨ ᠬᠠᠯᠬᠠᠪᠴᠢ ᠵᠢ ᠪᠠᠲᠦ ᠴᠤᠬᠴᠠᠯᠠᠬᠤ ᠠᠵᠢᠯ᠎ᠳᠤ ᠲᠤᠭᠤᠰᠢᠯᠠᠭᠤᠯᠤᠨ᠂ ᠤᠷᠴᠢᠨ ᠲᠤᠭᠤᠷᠢᠨ᠎ᠤ ᠡᠬᠢ ᠪᠠᠶᠠᠯᠢᠬ᠎ᠤᠨ ᠬᠡᠷᠡᠭ ᠢ᠋ ᠲᠦᠪᠯᠡᠷᠡᠭᠦᠯᠦᠨ ᠬᠠᠮᠢᠶᠠᠷᠬᠤ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠵᠦ᠂ ᠣᠷᠴᠢᠨ ᠲᠤᠭᠤᠷᠢᠨ᠎ᠤ ᠡᠬᠢ ᠪᠠᠶᠠᠯᠢᠭ᠋᠎ᠢ ᠡᠪᠳᠡᠭᠰᠡᠨ ᠶᠠᠯᠠᠲᠤ ᠠᠵᠢᠯᠯᠠᠭ᠎ᠠ᠎ᠶᠢ ᠬᠠᠤᠯᠢ ᠶᠣᠰᠣᠭᠠᠷ ᠴᠢᠩᠭ᠎ᠠ ᠰᠢᠢᠳᠭᠡᠵᠦ᠂ ᠲᠤᠰᠬᠠᠢᠵᠢᠭ᠍ᠰᠠᠨ ᠰᠢᠭᠦᠨ ᠲᠠᠰᠤᠯᠤᠯᠲᠠ᠎ᠪᠠᠷ ᠣᠷᠴᠢᠨ ᠲᠤᠭᠤᠷᠢᠨ᠎ᠤ ᠬᠠᠤᠯᠢ ᠴᠠᠭᠠᠵᠠ᠎ᠶᠢᠨ ᠬᠠᠮᠠᠭᠠᠯᠠᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠪᠡ᠃ ᠡᠯ᠎ᠡ ᠦᠨᠳᠦᠰᠦᠲᠡᠨ᠎ᠤ ᠦᠢᠯᠡᠳᠪᠦᠷᠢᠯᠡᠯ ᠠᠮᠢᠳᠤᠷᠠᠯ ᠎ᠤᠨ ᠡᠮᠬᠢ ᠳᠢᠭ᠌ᠯᠢᠮ ᠎ᠳᠤ ᠬᠣᠯᠪᠣᠭᠳᠠᠭᠰᠠᠨ ᠬᠡᠷᠡᠭ᠂ ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ᠎ᠤ ᠭᠠᠵᠠᠷ ᠰᠢᠷᠣᠢ᠎ᠶᠢᠨ ᠵᠠᠭᠤᠷᠠᠯᠳᠤᠭᠠᠨ᠂ ᠪᠡᠯᠴᠢᠭᠡᠷ᠎ᠤᠨ ᠳᠠᠭᠠᠭᠠᠴᠢᠯᠠᠯᠲᠠ᠎ᠶᠢᠨ ᠭᠡᠷ᠎ᠡ᠎ᠶᠢᠨ ᠵᠠᠭᠤᠷᠠᠯᠳᠤᠭᠠᠨ ᠬᠢᠭᠡᠳ ᠡᠷᠬᠡ᠎ᠳᠦ ᠬᠠᠯᠳᠠᠭᠰᠠᠨ ᠬᠡᠷᠡᠭ᠂ ᠮᠠᠯᠴᠢᠨ ᠲᠠᠷᠢᠶᠠᠴᠢᠳ ᠲᠸ᠋ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠳᠤ ᠬᠣᠯᠪᠣᠭᠳᠠᠭᠰᠠᠨ ᠬᠡᠷᠡᠭ᠎ᠢ ᠬᠠᠤᠯᠢ ᠶᠣᠰᠣᠭᠠᠷ ᠰᠢᠭᠦᠨ ᠰᠢᠢᠳᠪᠦᠷᠢᠯᠡᠵᠦ᠂ ᠡᠯ᠎ᠡ ᠦᠨᠳᠦᠰᠦᠲᠡᠨ ᠎ᠤ ᠤᠯᠠᠨ ᠲᠦᠮᠡᠨ᠎ᠤ ᠬᠠᠤᠯᠢ ᠶᠣᠰᠣᠨ ᠎ᠤ ᠡᠷᠬᠡ ᠠᠰᠢᠭ᠋᠎ᠢ ᠡᠷᠡᠰ ᠬᠠᠮᠠᠭᠠᠯᠠᠪᠠ᠃

《ᠭᠤᠷᠪᠠᠨ ᠬᠡᠮᠵᠢᠯ ᠢ᠋ᠢᠡᠷ ᠬᠣᠯᠪᠤᠭᠠᠯᠠᠨ ᠬᠥᠳᠡᠯᠦᠯᠴᠡᠨ》 ᠨᠠᠮ᠎ᠤᠨ ᠵᠤᠬᠢᠶᠠᠨ ᠪᠠᠢᠭᠤᠯᠤᠯᠲᠠ᠎ᠳᠤ ᠬᠦᠴᠦᠨ ᠤᠯᠭᠤᠵᠦ ᠵᠢᠱ᠌ᠢᠶ᠎ᠡ ᠦᠵᠡᠭᠦᠯᠤᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠢᠯᠭ᠎ᠠ ᠭᠠᠷᠭᠠᠪᠠ

ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠬᠦ ᠬᠤᠷᠢᠶ᠎ᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠬᠦᠴᠦᠨ ᠣᠯᠭᠣᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠨᠠᠮ᠎ᠤᠨ ᠡᠭᠦᠷ᠎ᠦᠨ ᠪᠠᠢᠭᠤᠯᠤᠯᠲᠠ + ᠨᠠᠮ᠎ᠤᠨ ᠭᠡᠰᠢᠭᠦᠨ᠎ᠦ ᠵᠢᠱ᠌ᠢᠶ᠎ᠡ ᠦᠵᠡᠭᠦᠯᠬᠦ + ᠰᠣᠶᠣᠯ᠎ᠤᠨ ᠨᠡᠪᠴᠢᠯᠲᠡ》 ᠭᠡᠬᠦ ᠭᠤᠷᠪᠠᠨ ᠬᠡᠮᠵᠢᠯ ᠢ᠋ᠢᠡᠷ ᠬᠣᠯᠪᠤᠭᠠᠯᠠᠨ ᠬᠥᠳᠡᠯᠦᠯᠴᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠬᠠᠮ ᠠᠷᠭ᠎ᠠ ᠵᠢ ᠬᠡᠷᠡᠭᠯᠡᠪᠡ᠃

ᠨᠠᠮ᠎ᠤᠨ ᠡᠭᠦᠷ᠎ᠦᠨ ᠪᠠᠢᠭᠤᠯᠤᠯᠲᠠ᠎ᠶᠢ ᠠᠳᠬᠤᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠭᠣᠣᠯ ᠰᠢᠵᠢᠮ᠎ᠤᠨ ᠪᠠᠢᠲᠠᠯ᠎ᠢ ᠪᠠᠲᠤ ᠴᠢᠩᠭ᠎ᠠ ᠪᠡᠬᠢᠯᠡᠯᠲᠡ᠎ᠶᠢᠨ 《ᠵᠢᠱ᠌ᠢᠶᠡᠴᠢ》 ᠨᠠᠮ᠎ᠤᠨ ᠡᠭᠦᠷ᠎ᠢ ᠡᠭᠦᠳᠦᠨ ᠪᠠᠶ᠋ᠢᠭᠤᠯᠬᠤ ᠦᠨᠡᠯᠡᠨ ᠲᠣᠭᠲᠠᠭᠠᠬᠤ ᠪᠠᠷᠢᠮᠵᠢᠶ᠎ᠠ ᠪᠣᠯᠭᠠᠵᠤ᠂ ᠡᠯ᠎ᠡ ᠨᠠᠮ᠎ᠤᠨ ᠡᠭᠦᠷ 《ᠭᠤᠷᠪᠠᠨ ᠬᠤᠷᠠᠯ ᠨᠢᠭᠡ ᠬᠢᠴᠢᠶᠡᠯ》᠂ ᠭᠠᠷᠠᠭ᠎ᠤᠨ ᠲᠣᠭᠲᠠᠮᠠᠯ ᠬᠤᠷᠠᠯ᠂ ᠭᠣᠣᠯ ᠰᠡᠳᠦᠪᠲᠦ ᠨᠠᠮ᠎ᠤᠨ ᠡᠳᠦᠷ᠂ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠢᠯᠠᠩ ᠵᠡᠷᠭᠡ ᠬᠡᠯᠪᠡᠷᠢ᠎ᠪᠡᠷ᠂ ᠨᠢᠭᠡᠨ ᠭᠣᠣᠯ ᠰᠢᠵᠢᠮ᠎ᠢ ᠲᠤᠭᠤᠰᠢᠯᠠᠭᠤᠯᠬᠤ ᠢ᠋ᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠰᠤᠷᠤᠯᠴᠠᠨ ᠣᠢᠯᠠᠭᠠᠵᠤ᠂ ᠤᠯᠤᠰ ᠲᠦᠷᠦ᠎ᠶᠢᠨ ᠥᠨᠳᠥᠷᠴᠡ ᠡᠴᠡ ᠰᠢᠭᠦᠨ ᠲᠠᠰᠤᠯᠬᠤ ᠠᠵᠢᠯ᠎ᠳᠤ ᠬᠠᠨᠳᠤᠬᠤ ᠤᠬᠠᠮᠰᠠᠷᠲᠤ ᠴᠢᠨᠠᠷ᠎ᠢᠶᠠᠨ ᠴᠢᠩᠭᠠᠳᠬᠠᠪᠠ᠃ ᠨᠠᠮ᠎ᠤᠨ ᠭᠡᠰᠢᠭᠦᠨ᠎ᠦ ᠵᠢᠱ᠌ᠢᠶ᠎ᠡ ᠦᠵᠡᠭᠦᠯᠬᠦ᠎ᠶᠢ ᠠᠳᠬᠤᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠥᠨᠳᠥᠷ ᠬᠡᠪ ᠪᠣᠯᠪᠠᠰᠤᠷᠠᠯ᠎ᠲᠠᠢ ᠺᠠᠳ᠋ᠷ᠎ᠤᠨ ᠡᠩᠨᠡᠭᠡ᠎ᠶᠢ ᠶᠡᠬᠡ ᠪᠡᠷ ᠬᠥᠮᠥᠵᠢᠭᠦᠯᠵᠦ᠂ ᠭᠠᠵᠠᠷ᠎ᠤᠨ ᠳᠡᠰ᠎ᠤᠨ ᠤᠳᠤᠷᠢᠳᠬᠤ ᠺᠠᠳ᠋ᠷ᠎ᠢ ᠰᠣᠩᠭᠣᠨ ᠲᠣᠮᠢᠯᠠᠬᠤ᠂ ᠰᠢᠭᠦᠭᠦ ᠲᠤᠰᠢᠶᠠᠯᠲᠠᠨ᠎ᠤ ᠵᠡᠷᠭᠡ ᠳᠡᠰ ᠪᠠ ᠠᠯᠪᠠᠲᠠᠨ᠎ᠤ ᠲᠤᠰᠢᠶᠠᠯ᠎ᠤᠨ ᠳᠡᠰ᠎ᠢ ᠳᠡᠪᠰᠢᠭᠦᠯᠵᠦ ᠰᠢᠯᠭᠠᠨ ᠪᠠᠢᠴᠠᠭᠠᠬᠤ ᠶᠠᠪᠤᠴᠠ᠎ᠳᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ᠎ᠶᠢ ᠰᠢᠯᠭᠠᠨ ᠪᠠᠢᠴᠠᠭᠠᠬᠤ ᠭᠣᠣᠯᠳᠠᠯᠭ᠎ᠠ ᠪᠣᠯᠭᠠᠵᠤ᠂ ᠦᠨᠳᠦᠰᠦᠲᠡᠨ᠎ᠦ ᠭᠠᠵᠠᠷ ᠣᠷᠣᠨ᠎ᠤ ᠺᠠᠳ᠋ᠷ᠎ᠤᠨ ᠡᠩᠨᠡᠭᠡᠨ᠎ᠦ 《ᠳᠦᠷᠪᠡᠨ ᠣᠨᠴᠠᠭᠠᠢ》 ᠵᠢᠨ ᠴᠢᠬᠤᠯᠠ ᠱᠠᠭᠠᠷᠳᠠᠯᠭ᠎ᠠ᠎ᠶᠢ ᠺᠠᠳ᠋ᠷ᠎ᠤᠨ ᠳᠠᠪᠰᠢᠵᠤ ᠪᠠᠭᠤᠵᠤ ᠪᠦᠷ ᠪᠣᠯᠬᠤ᠂ 《ᠬᠠᠷᠢᠭᠤᠴᠠᠯᠭ᠎ᠠ ᠡᠭᠦᠷᠭᠡᠯᠡᠵᠦ ᠵᠢᠳᠭᠦᠯ ᠴᠢᠷᠮᠠᠢᠯᠭ᠎ᠠ ᠭᠠᠷᠭᠠᠬᠰᠠᠨ ᠰᠠᠢᠨ ᠺᠠᠳ᠋ᠷ》 ᠤ᠋ᠨ ᠰᠢᠯᠭᠠᠷᠠᠭᠤᠯᠤᠯᠲᠠ᠎ᠶᠢᠨ ᠴᠢᠬᠤᠯᠠ ᠦᠨᠳᠦᠰᠦᠯᠡᠯ ᠪᠣᠯᠭᠠᠪᠠ᠃ ᠰᠣᠶᠣᠯ᠎ᠤᠨ ᠨᠡᠪᠴᠢᠯᠲᠡ᠎ᠶᠢ ᠠᠳᠬᠤᠵᠤ᠂ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠎ᠶᠢᠨ ᠪᠠᠢᠭᠤᠯᠭ᠎ᠠ᠎ᠶᠢᠨ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ》 ᠭᠣᠣᠯ ᠰᠡᠳᠦᠪᠲᠦ 《ᠬᠠᠤᠯᠢ ᠪᠡᠷ ᠤᠮᠠᠷᠠᠲᠤ ᠬᠢᠯᠢ᠎ᠶᠢ ᠭᠡᠢᠭᠦᠯᠬᠦ》 ᠨᠣᠮ ᠤᠩᠰᠢᠬᠤ ᠬᠤᠷᠠᠯ᠎ᠤᠨ ᠠᠵᠢᠯᠯᠠᠭ᠎ᠠ᠎ᠶᠢ ᠡᠷᠬᠢᠯᠡᠵᠦ᠂ ᠨᠠᠮ᠎ᠤᠨ ᠡᠭᠦᠷ᠎ᠦᠨ ᠨᠠᠮ᠎ᠤᠨ ᠭᠡᠰᠢᠭᠦᠳ᠎ᠡᠴᠡ ᠨᠣᠮ ᠪᠢᠴᠢᠭ᠎ᠲᠡᠬᠢ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠯᠢᠭᠡᠷ᠎ᠢ ᠶᠠᠷᠢᠵᠤ᠂ ᠰᠢᠭᠦᠨ ᠲᠠᠰᠤᠯᠬᠤ ᠭᠦᠢᠴᠡᠳᠬᠡᠬᠦ ᠬᠡᠷᠡᠭ ᠢ᠋ ᠰᠢᠢᠳᠪᠦᠷᠢᠯᠡᠬᠦ ᠶᠠᠪᠤᠴᠠ᠎ᠳᠠᠬᠢ ᠦᠵᠡᠯ ᠰᠠᠨᠠᠭᠠᠨ᠎ᠤ ᠣᠢᠯᠠᠭᠠᠯᠲᠠ᠎ᠶᠢ ᠬᠤᠪᠢᠶᠠᠯᠴᠠᠵᠤ᠂ ᠤᠯᠠᠨ᠎ᠳᠤ 《ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠦᠨ ᠬᠥᠮᠥᠨ ᠮᠡᠲᠦ ᠲᠤᠲᠤᠨᠤ》 ᠭᠦᠨ ᠵᠤᠵᠠᠭᠠᠨ ᠨᠥᠬᠥᠷᠯᠡᠯ᠎ᠢ ᠭᠦᠨᠵᠡᠭᠡᠢ ᠣᠢᠯᠠᠭᠠᠭᠤᠯᠵᠤ᠂ ᠺᠠᠳ᠋ᠷ ᠴᠠᠭᠳᠠᠭ᠎ᠠ᠎ᠶᠢᠨ ᠰᠣᠶᠣᠯ᠎ᠤᠨ ᠬᠡᠪ ᠪᠣᠯᠪᠠᠰᠤᠷᠠᠯ᠎ᠢ ᠴᠢᠨᠠᠭᠰᠢᠳᠠ ᠳᠡᠭᠡᠭᠰᠢᠯᠡᠭᠦᠯᠪᠡ᠃

(ᠵᠢᠷᠤᠭ ᠢ᠋ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠭᠦ ᠬᠤᠷᠢᠶ᠎ᠠ ᠡᠴᠡ ᠬᠠᠩᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号