ᠰᠦᠯᠵᠢᠶᠡᠨ᠎ᠤ ᠬᠠᠯᠠᠮᠰᠢᠯ ᠭᠠᠵᠠᠷ᠎ᠤᠨ ᠵᠠᠰᠠᠯᠲᠠ ᠢ᠋ᠢᠨ ᠲᠡᠰ ᠲᠡᠪᠰᠢᠯᠲᠠ
2025-11-24 10:58:04
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠡᠪᠦᠯ᠎ᠦᠨ ᠡᠬᠢᠨ᠎ᠦ ᠦᠳᠡ᠎ᠶᠢᠨ ᠬᠣᠢᠨ᠎ᠠ᠂ ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠺᠤᠸᠠᠨ ᠰᠢᠶᠠᠩ ᠽᠢ ᠠᠮᠲᠠᠲᠤ ᠢᠳᠡᠭᠡᠨ᠎ᠦ ᠵᠡᠭᠡᠯᠢ᠎ᠳᠤ ᠵᠢᠭᠤᠯᠴᠢᠯᠠᠨ ᠲᠤᠭᠤᠷᠢᠭ᠎ᠠ ᠬᠦᠮᠦᠨ᠎ᠤ ᠲᠤᠭ᠎ᠠ ᠪᠠᠭᠠᠰᠤᠭ᠎ᠠ ᠦᠭᠡᠢ᠃ ᠲᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ᠂ ᠰᠣᠶᠣᠯ᠎ᠤᠨ ᠦᠵᠡᠭᠦᠯᠭᠡ᠂ ᠰᠠᠢᠨ ᠳᠤᠷ᠎ᠠ᠎ᠶᠢᠨ ᠦᠢᠯᠡᠴᠢᠯᠡᠭᠡ᠎ᠶᠢ ᠨᠢᠭᠡ ᠴᠣᠭᠴᠠᠵᠢᠭᠤᠯᠤᠭᠰᠠᠨ 《ᠬᠤᠪᠢᠰᠬᠠᠯᠲᠦ ᠤᠯᠠᠭ᠎ᠠ ᠦᠷᠳᠡᠭᠡ》 ᠳ᠋ᠤ᠌ ᠨᠠᠮ᠎ᠤᠨ ᠭᠡᠰᠢᠭᠦᠨ ᠪᠣᠯᠣᠨ ᠬᠤᠳᠠᠯᠳᠤᠭᠠᠴᠢᠨ ᠡᠷᠦᠭᠡ ᠢ᠋ᠢᠨ ᠰᠠᠢᠨ ᠲᠤᠷᠠᠴᠤᠳ ᠵᠢᠭᠤᠯᠴᠢᠯᠠᠬᠴᠢ᠎ᠳᠤ ᠵᠠᠮ ᠱᠤᠭᠤᠮ ᠢ᠋ ᠵᠢᠭᠠᠨ ᠦᠭᠴᠦ᠂ ᠪᠠᠴᠢᠮ ᠪᠠᠢᠲᠠᠯ ᠢ᠋ ᠠᠷᠭᠠᠴᠠᠭᠠᠵᠦ ᠠᠪᠤᠷᠠᠨ ᠲᠤᠰᠠᠯᠠᠬᠤ ᠵᠡᠷᠭᠡ ᠤᠢᠯᠠᠴᠢᠯᠡᠭᠡ ᠬᠠᠩᠭᠠᠨ᠎ᠠ᠃ ᠨᠢᠳᠤᠨᠤᠨ ᠡᠴᠡ ᠨᠠᠭᠠᠰᠢ᠂ ᠤᠯᠠᠭ᠎ᠠ ᠥᠷᠲᠡᠭᠡ ᠵᠢᠨ ᠰᠠᠢᠨ ᠳᠤᠷᠠᠴᠤᠳ ᠣᠯᠠᠨ ᠲᠦᠮᠡᠨ᠎ᠳᠦ 2000 ᠭᠠᠷᠤᠢ ᠬᠥᠮᠥᠨ ᠤᠳᠠᠭ᠎ᠠ ᠦᠢᠯᠡᠴᠢᠯᠡᠵᠡᠢ᠃

458 ᠮᠸᠲᠷ᠎ᠤᠷᠳᠤ ᠡᠨᠡ᠎ᠬᠦ ᠬᠠᠭᠤᠴᠢᠨ ᠵᠡᠭᠡᠯᠢ ᠨᠢ 《ᠨᠠᠮ᠎ᠤᠨ ᠪᠠᠢᠭᠤᠯᠤᠯᠲᠠ ᠪᠡᠷ ᠬᠦᠲᠦᠯᠦᠨ ᠲᠠᠭᠠᠭᠤᠯᠵᠦ᠂ ᠬᠦᠨᠵᠡᠭᠡᠢ ᠠᠭᠤᠰᠤᠯᠴᠠᠨ ᠬᠠᠮᠲᠦ ᠪᠡᠷ ᠴᠤᠬᠴᠠᠯᠠᠬᠤ》 ᠲᠦᠷᠦᠯ ᠲᠡᠮᠲᠡᠭ᠎ᠤᠨ ᠪᠠᠢᠭᠤᠯᠤᠯᠲᠠ ᠪᠠᠷ ᠮᠢᠩᠭ᠎ᠠ ᠭᠠᠷᠤᠢ ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ ᠨᠠᠮ᠎ᠤᠨ ᠪᠠᠢᠭᠤᠯᠤᠯᠲᠠ᠎ᠶᠢᠨ ᠦᠨᠳᠦᠰᠦᠨ ᠱᠠᠲᠤᠨ᠎ᠤ ᠵᠠᠰᠠᠯᠲᠠ᠎ᠳᠤ ᠬᠦᠴᠦᠨ ᠣᠯᠭᠣᠬᠤ᠂ ᠦᠨᠳᠦᠰᠦᠲᠡᠨ᠎ᠦ ᠠᠭᠤᠰᠤᠯᠴᠠᠯ᠎ᠢ ᠠᠬᠢᠭᠤᠯᠬᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠬᠤ ᠠᠮᠢᠳᠤᠯᠢᠭ᠋ ᠵᠢᠱ᠌ᠢᠶ᠎ᠡ ᠪᠣᠯᠵᠠᠢ᠃

ᠣᠢᠷ᠎ᠠ᠎ᠶᠢᠨ ᠵᠢᠯ᠎ᠳᠦ᠂ ᠬᠣᠲᠣᠩ ᠠᠷᠠᠳ᠎ᠤᠨ ᠲᠣᠭᠣᠷᠢᠭ᠋᠎ᠤᠨ ᠬᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠪᠠᠷ ᠠᠵᠢᠯ᠎ᠤᠨ ᠭᠣᠣᠯ ᠰᠢᠵᠢᠮ ᠪᠤᠯᠭᠠᠵᠦ᠂ 《ᠬᠦᠢᠰᠦ᠋ᠢ ᠵᠢᠨ ᠬᠠᠭᠤᠴᠢᠨ ᠬᠤᠳᠠ᠎ᠶᠢᠨ ᠲᠡᠦᠬᠡ ᠰᠣᠶᠣᠯ᠎ᠤᠨ ᠲᠡᠩᠭᠡᠯᠢᠭ》ᠤ᠋ᠨ ᠪᠦᠲᠦᠭᠡᠨ ᠪᠠᠢᠭᠤᠯᠤᠯᠲᠠ ᠢ᠋ᠢᠨ ᠠᠵᠠ ᠲᠣᠬᠢᠶᠠᠯ᠎ᠳᠤ ᠲᠦᠰᠢᠭᠯᠡᠨ᠂ ᠬᠠᠭᠤᠴᠢᠨ ᠬᠤᠳᠠ᠂ ᠬᠠᠭᠤᠴᠢᠨ ᠵᠡᠭᠡᠯᠢ᠂ ᠬᠠᠭᠤᠴᠢᠨ ᠦᠨᠦᠷ ᠠᠮᠲᠠ᠎ᠶᠢ ᠣᠢᠯᠠᠭᠠᠵᠤ᠂ ᠺᠤᠸᠠᠨ ᠰᠢᠶᠠᠩ ᠽᠢ ᠠᠮᠲᠠᠲᠤ ᠢᠳᠡᠭᠡᠨ᠎ᠦ ᠵᠡᠭᠡᠯᠢ᠎ᠶᠢ ᠪᠦᠬᠦ ᠲᠠᠯ᠎ᠠ᠎ᠪᠠᠷ ᠲᠡᠰ ᠳᠡᠪᠰᠢᠭᠦᠯᠦᠨ ᠥᠭᠡᠷᠡᠴᠢᠯᠡᠵᠦ᠂ ᠡᠷᠬᠢᠨ ᠲᠣᠭᠣᠷᠢᠨ᠎ᠤ ᠴᠢᠩ ᠺᠠᠢ ᠴᠢᠶᠣᠤ ᠬᠦᠬᠦᠷᠭᠡ ᠵᠡᠷᠭᠡ᠎ᠨᠢ ᠬᠣᠲᠣᠩ ᠠᠷᠠᠳ᠎ᠤᠨ ᠲᠣᠭᠣᠷᠢᠭ᠋᠎ᠤᠨ 《ᠬᠣᠢᠲᠤ ᠡᠭᠦᠳᠡᠨ᠎ᠦ ᠳᠤᠷᠠᠰᠤᠮᠵᠢ》 ᠵᠢᠨ ᠰᠣᠶᠣᠯ ᠵᠢᠭᠤᠯᠴᠢᠯᠠᠯ᠎ᠤᠨ ᠦᠵᠡᠮᠵᠢ᠎ᠶᠢ ᠪᠦᠷᠢᠯᠳᠦᠭᠦᠯᠵᠦ᠂ ᠭᠠᠵᠠᠷ ᠣᠷᠣᠨ᠎ᠤ ᠰᠣᠶᠣᠯ ᠵᠢᠭᠤᠯᠴᠢᠯᠠᠯ᠎ᠤᠨ ᠬᠥᠭᠵᠢᠯᠲᠡ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ᠎ᠢᠶᠡᠷ ᠪᠠᠷᠠᠬᠤ ᠦᠭᠡᠢ ᠪᠠᠰᠠ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠳᠤ ᠨᠡᠩ ᠥᠷᠭᠡᠨ ᠠᠭᠤᠳᠠᠮ ᠲᠠᠪᠴᠠᠩ ᠬᠠᠩᠭᠠᠵᠠᠢ᠃

ᠬᠤᠳᠠᠯᠳᠤᠭᠠᠴᠢᠨ ᠡᠷᠦᠬᠡ ᠢ᠋ᠢᠨ《ᠭᠠᠭᠴᠠᠭᠠᠷ᠎ᠢᠶᠠᠨ ᠲᠡᠮᠡᠴᠡᠵᠦ》 ᠪᠠᠢᠭᠰᠠᠨ᠎ᠡᠴᠠ ᠨᠢ 《ᠪᠦᠯᠦᠭᠯᠡᠨ ᠬᠥᠭᠵᠢᠭᠦ》 ᠪᠣᠯᠭᠠᠨ ᠬᠤᠪᠢᠷᠠᠭᠤᠯᠬᠤ᠎ᠶᠢᠨ ᠲᠥᠯᠥᠭᠡ᠂ ᠬᠠᠷᠢᠶ᠎ᠠ ᠭᠠᠵᠠᠷ᠎ᠤᠨ ᠵᠡᠭᠡᠯᠢ ᠭᠤᠳᠤᠮᠵᠢ᠎ᠶᠢᠨ ᠨᠠᠮ᠎ᠤᠨ ᠠᠵᠢᠯ᠎ᠤᠨ ᠬᠣᠷᠢᠶ᠎ᠠ ᠲᠦᠷᠦᠭᠦᠯᠡᠨ ᠬᠠᠭᠤᠴᠢᠨ ᠬᠣᠲᠠ ᠢ᠋ᠢᠨ ᠺᠤᠸᠠᠨ ᠰᠢᠶᠠᠩ ᠽᠢ ᠬᠤᠳᠠᠯᠳᠤᠭᠠᠴᠢᠨ᠎ᠤ ᠡᠪᠯᠡᠯ ᠢ᠋ ᠪᠠᠢᠭᠤᠯᠵᠤ᠂ 88 ᠬᠤᠳᠠᠯᠳᠤᠭᠠᠴᠢᠨ ᠡᠷᠦᠬᠡ᠎ᠶᠢ ᠡᠪᠯᠡᠯ᠎ᠳᠤ ᠣᠷᠣᠭᠤᠯᠤᠨ᠂ ᠨᠡᠢᠭᠡᠮ ᠲᠣᠭᠣᠷᠢᠭ᠋᠎ᠤᠨ ᠨᠠᠮ᠎ᠤᠨ ᠭᠡᠰᠢᠭᠦᠨ ᠺᠠᠳ᠋ᠷ᠎ᠢ ᠰᠣᠩᠭᠣᠨ ᠲᠣᠮᠢᠯᠠᠵᠤ ᠬᠤᠳᠠᠯᠳᠤᠭᠠᠴᠢᠨ᠎ᠤ ᠡᠪᠯᠡᠯ᠎ᠦᠨ ᠨᠠᠮ᠎ᠤᠨ ᠪᠠᠢᠭᠤᠯᠤᠯᠲᠠ᠎ᠶᠢᠨ ᠵᠢᠭᠠᠨ ᠵᠢᠯᠣᠭᠣᠳᠤᠭ᠍ᠴᠢ᠎ᠶᠢᠨ ᠲᠤᠰᠢᠶᠠᠯ᠎ᠢ ᠡᠭᠦᠷᠭᠡᠯᠡᠭᠦᠯᠵᠦ᠂ ᠬᠤᠳᠠᠯᠳᠤᠭᠠᠴᠢᠨ ᠡᠷᠦᠬᠡ᠎ᠶᠢᠨ ᠰᠢᠯᠢᠳᠡᠭ ᠲᠥᠯᠥᠭᠡᠯᠡᠭᠴᠢ᠎ᠶᠢ ᠨᠡᠢᠭᠡᠮ ᠲᠣᠭᠣᠷᠢᠭ᠋᠎ᠤᠨ ᠨᠡᠷ᠎ᠡ ᠬᠦᠨᠳᠦᠲᠦ ᠭᠡᠰᠢᠭᠦᠨ᠎ᠢᠶᠡᠷ ᠰᠣᠩᠭᠣᠨ ᠤᠷᠢᠵᠤ᠂ ᠰᠣᠯᠪᠢᠴᠠᠨ ᠲᠤᠰᠢᠶᠠᠯ ᠡᠭᠦᠷᠭᠡᠯᠡᠬᠦ᠎ᠪᠡᠷ ᠳᠠᠮᠵᠢᠨ ᠵᠠᠰᠠᠯᠲᠠ᠎ᠶᠢᠨ ᠬᠠᠮᠳᠤᠷᠠᠯ ᠬᠦᠴᠦᠨ᠎ᠢ ᠨᠢᠭ᠍ᠲᠠᠷᠠᠭᠤᠯᠪᠠ᠃ ᠬᠤᠳᠠᠯᠳᠤᠭᠠᠴᠢᠨ ᠡᠷᠦᠬᠡ᠎ᠶᠢᠨ ᠠᠩᠬᠠᠷᠴᠤ ᠪᠠᠢᠭ᠎ᠠ ᠲᠦᠷᠢᠶᠡᠰᠦᠨ ᠮᠥᠩᠭᠥ᠎ᠶᠢᠨ ᠠᠰᠠᠭᠤᠳᠠᠯ᠎ᠳᠤ ᠴᠢᠭᠯᠡᠭᠦᠯᠦᠨ᠂ ᠭᠤᠷᠪᠠᠳᠠᠭᠢ ᠡᠲᠡᠭᠡᠳ᠎ᠦᠨ ᠪᠠᠢᠭᠤᠯᠤᠮᠵᠢ᠎ᠶᠢ ᠤᠷᠢᠵᠤ ᠵᠣᠬᠢᠰᠲᠠᠢ ᠣᠷᠣᠨ ᠵᠠᠢ᠎ᠶᠢ ᠲᠥᠰᠥᠭᠡᠯᠡᠨ ᠪᠤᠳᠤᠵᠤ᠂ ᠭᠡᠷ ᠪᠠᠢᠰᠢᠩ᠎ᠤᠨ ᠡᠵᠡᠨ ᠬᠢᠭᠡᠳ ᠬᠤᠳᠠᠯᠳᠤᠭᠠᠴᠢᠨ ᠡᠷᠦᠬᠡ᠎ᠶᠢ ᠵᠣᠬᠢᠶᠠᠨ ᠪᠠᠢᠭᠤᠯᠤᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ 《ᠬᠤᠳᠠᠯᠳᠤᠭᠠᠨ᠎ᠤ ᠫᠦᠰᠡ᠎ᠶᠢᠨ ᠲᠦᠷᠢᠶᠡᠰᠦᠯᠡᠯ ᠵᠢᠴᠢ ᠲᠥᠷᠥᠯ ᠵᠦᠢᠯ᠎ᠦᠨ ᠡᠵᠡᠩᠨᠡᠯᠲᠡ᠎ᠶᠢᠨ ᠵᠢᠷᠤᠮᠵᠢᠯ᠎ᠤᠨ ᠰᠠᠨᠠᠭᠠᠴᠢᠯᠠᠭ᠎ᠠ᠎ᠶᠢᠨ ᠪᠢᠴᠢᠭ》 ᠢ᠋ ᠲᠣᠭᠲᠠᠭᠠᠵᠤ᠂ ᠬᠤᠳᠠᠯᠳᠤᠭᠠᠴᠢᠨ ᠡᠷᠦᠬᠡ᠎ᠶᠢ ᠡᠷᠬᠡ ᠲᠡᠭᠰᠢ ᠥᠷᠢᠰᠦᠯᠳᠦᠭᠡᠨ᠎ᠦ ᠳᠤᠮᠳᠠ ᠭᠠᠷ ᠬᠣᠯᠪᠣᠨ ᠬᠥᠭᠵᠢᠭᠦᠯᠪᠡ᠃

ᠬᠤᠪᠢᠰᠬᠠᠯᠲᠦ ᠬᠥᠳᠡᠯᠭᠡᠭᠦᠷ᠎ᠦᠨ ᠵᠠᠰᠠᠯᠲᠠ᠎ᠶᠢ ᠴᠢᠩᠭᠠᠳᠬᠠᠵᠤ᠂ ᠦᠨᠡᠨᠴᠢ ᠢᠲᠡᠭᠡᠮᠵᠢᠲᠡᠢ ᠡᠵᠡᠩᠨᠡᠯᠲᠡ᠎ᠶᠢ ᠵᠡᠭᠡᠯᠢ ᠲᠣᠭᠣᠷᠢᠭ᠋᠎ᠤᠨ 《ᠠᠯᠳᠠᠨ ᠦᠰᠦᠭᠲᠦ ᠫᠠᠢᠰᠠ》 ᠪᠣᠯᠭᠠᠪᠠ᠃ ᠬᠣᠲᠣᠩ ᠠᠷᠠᠳ᠎ᠤᠨ ᠲᠣᠭᠣᠷᠢᠭ᠋᠎ᠤᠨ ᠬᠢᠨ ᠺᠤᠸᠠᠨ ᠰᠢᠶᠠᠩ ᠽᠢ ᠵᠡᠭᠡᠯᠢ ᠲᠣᠭᠣᠷᠢᠭ᠋᠎ᠤᠨ ᠶᠡᠷᠦᠩᠬᠡᠢᠯᠡᠭᠰᠡᠨ ᠨᠠᠮ᠎ᠤᠨ ᠬᠣᠷᠢᠶ᠎ᠠ᠎ᠶᠢ ᠪᠠᠢᠭᠤᠯᠵᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠬᠤᠳᠠ᠎ᠶᠢᠨ ᠬᠠᠮᠢᠶᠠᠷᠤᠯᠲᠠ ᠵᠡᠷᠭᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠵᠢᠴᠢ ᠬᠤᠳᠠᠯᠳᠤᠭᠠᠴᠢᠨ ᠡᠷᠦᠬᠡ᠎ᠶᠢᠨ ᠲᠥᠯᠥᠭᠡᠯᠡᠭᠴᠢ᠎ᠶᠢ ᠣᠷᠣᠯᠴᠠᠭᠤᠯᠵᠤ᠂ 8 ᠬᠤᠳᠠᠯᠳᠤᠭᠠᠨ᠎ᠤ ᠲᠣᠣᠷᠵᠢᠯ᠎ᠢ ᠬᠤᠪᠢᠶᠠᠷᠢᠯᠠᠵᠤ᠂ 《ᠲᠣᠣᠷᠵᠢᠯ᠎ᠤᠨ ᠳᠠᠷᠤᠭ᠎ᠠ + ᠲᠣᠣᠷᠵᠢᠯ᠎ᠤᠨ ᠠᠵᠢᠯᠲᠠᠨ + ᠵᠡᠭᠡᠯᠢ᠎ᠶᠢᠨ ᠳᠠᠷᠤᠭ᠎ᠠ + ᠤᠯᠠᠨ ᠲᠠᠯ᠎ᠠ᠎ᠶᠢᠨ ᠲᠥᠯᠥᠭᠡᠯᠡᠭᠴᠢ》 ᠵᠢᠨ ᠵᠠᠰᠠᠯᠲᠠ᠎ᠶᠢᠨ ᠵᠠᠭᠪᠤᠷ᠎ᠢ ᠪᠠᠢᠭᠤᠯᠵᠤ᠂ 《ᠪᠠᠭ᠎ᠠ ᠶᠠᠪᠤᠳᠠᠯ᠎ᠢ ᠲᠣᠣᠷᠵᠢᠯ᠎ᠳᠦ ᠰᠢᠢᠳᠪᠦᠷᠢᠯᠡᠬᠦ᠂ ᠶᠡᠬᠡ ᠶᠠᠪᠤᠳᠠᠯ᠎ᠢ ᠬᠠᠮᠵᠢᠯᠴᠠᠨ ᠭᠦᠢᠴᠡᠳᠬᠡᠬᠦ》 ᠶ᠋ᠢ ᠪᠡᠶᠡᠯᠡᠭᠦᠯᠪᠡ᠃ ᠡᠭᠦᠨ᠎ᠦ ᠬᠠᠮᠲᠤ᠂ 《ᠦᠨᠡᠨᠴᠢ ᠢᠲᠡᠭᠡᠮᠵᠢᠲᠡᠢ᠎ᠪᠡᠷ ᠡᠵᠡᠩᠨᠡᠬᠦ᠎ᠳᠦ ᠦᠨ᠎ᠡ ᠬᠠᠩᠰᠢ᠎ᠶᠢ ᠢᠯᠡ ᠬᠠᠳᠠᠬᠤ》 ᠵᠢ ᠬᠡᠷᠡᠭᠵᠢᠭᠦᠯᠵᠦ᠂ ᠬᠤᠳᠠᠯᠳᠤᠭᠠᠴᠢᠨ ᠡᠷᠦᠬᠡ᠎ᠶᠢ ᠵᠣᠬᠢᠶᠠᠨ ᠪᠠᠢᠭᠤᠯᠤᠨ ᠠᠵᠢᠯ ᠲᠥᠷᠥᠯ᠎ᠦᠨ ᠢᠳᠡᠭᠡᠨ᠎ᠦ ᠵᠦᠢᠯ᠎ᠦᠨ ᠡᠵᠡᠩᠨᠡᠯᠲᠡ᠎ᠶᠢᠨ ᠪᠠᠷᠢᠮᠵᠢᠶ᠎ᠠ᠎ᠶᠢ ᠬᠠᠮᠲᠤ ᠪᠠᠷ ᠲᠣᠭᠲᠠᠭᠠᠪᠠ᠃ ᠡᠳᠦᠷ ᠲᠤᠲᠤᠮ᠎ᠤᠨ ᠲᠣᠭᠣᠷᠢᠨ ᠪᠠᠢᠴᠠᠭᠠᠯᠲᠠ᠂ ᠵᠠᠭᠠᠯᠳᠤᠯᠭ᠎ᠠ᠎ᠶᠢᠨ ᠬᠠᠷᠢᠭᠤ ᠲᠤᠰᠬᠠᠯ᠂ ᠡᠷᠡᠭᠦᠯ ᠬᠠᠮᠠᠭᠠᠯᠠᠯ᠎ᠤᠨ ᠰᠤᠭᠤᠴᠢᠨ ᠪᠠᠢᠴᠠᠭᠠᠯᠲᠠ᠎ᠶᠢᠨ ᠦᠷ᠎ᠡ ᠳ᠋ᠦᠩ ᠵᠡᠷᠭᠡ ᠣᠯᠠᠨ ᠲᠠᠯ᠎ᠠ᠎ᠶᠢᠨ ᠲᠣᠭ᠎ᠠ ᠪᠠᠷᠢᠮᠲᠠ᠎ᠶᠢ ᠦᠨᠳᠦᠰᠦᠯᠡᠨ 《ᠤᠯᠠᠭᠠᠨ ᠬᠠᠷ᠎ᠠ ᠰᠠᠮᠪᠠᠷ᠎ᠠ》 ᠭᠠᠷᠭᠠᠵᠤ᠂ ᠦᠨᠡᠨᠴᠢ ᠢᠲᠡᠭᠡᠮᠵᠢᠲᠡᠢ ᠬᠤᠳᠠᠯᠳᠤᠭᠠᠴᠢᠨ ᠡᠷᠦᠭᠡ ᠵᠢ ᠬᠥᠬᠢᠭᠦᠯᠦᠨ ᠰᠠᠢᠰᠢᠶᠠᠵᠤ᠂ ᠲᠣᠭᠲᠠᠭᠠᠯ ᠡᠴᠡ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠢᠯᠡᠴᠢᠯᠡᠪᠡ᠃ ᠣᠳᠣᠬᠠᠨ᠎ᠳᠤ᠂ ᠺᠤᠸᠠᠨ ᠰᠢᠶᠠᠩ ᠽᠢ ᠵᠡᠭᠡᠯᠢ ᠲᠣᠭᠣᠷᠢᠭ᠋᠎ᠤᠨ ᠢᠳᠡᠭᠡᠨ᠎ᠦ ᠠᠮᠤᠷ ᠲᠦᠪᠰᠢᠨ᠎ᠦ ᠰᠤᠭᠤᠴᠢᠨ ᠪᠠᠢᠴᠠᠭᠠᠯᠲᠠ᠎ᠳᠤ ᠬᠢᠷᠢ ᠲᠡᠩᠴᠡᠭᠰᠡᠨ ᠨᠣᠷᠮ᠎ᠠ ᠦᠷᠭᠦᠯᠵᠢᠯᠡᠨ ᠳᠡᠭᠡᠭᠰᠢᠯᠡᠵᠦ᠂ ᠵᠢᠭᠤᠯᠴᠢᠯᠠᠭ᠍ᠰᠠᠳ᠎ᠤᠨ 《ᠠᠮᠲᠠᠲᠤ ᠢᠳᠡᠭᠡᠨ ᠠᠮᠲᠠᠷᠬᠠᠬᠤ ᠭᠠᠵᠠᠷ》 ᠪᠣᠯᠤᠯ᠎ᠠ᠃

ᠬᠣᠲᠣᠩ ᠠᠷᠠᠳ᠎ᠤᠨ ᠲᠣᠭᠣᠷᠢᠭ᠋᠎ᠤᠨ ᠬᠢᠨ ᠨᠠᠮ᠎ᠤᠨ ᠪᠠᠢᠭᠤᠯᠤᠯᠲᠠ᠎ᠶᠢᠨ ᠳᠠᠪᠠᠭᠤᠯᠢᠭ᠋᠎ᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠵᠤ᠂ ᠦᠨᠳᠦᠰᠦᠲᠡᠨ᠎ᠦ ᠠᠭᠤᠰᠤᠯᠴᠠᠯ᠎ᠤᠨ ᠠᠮᠢᠵᠢᠷᠠᠯ᠎ᠤᠨ ᠬᠦᠴᠦᠨ᠎ᠢ ᠵᠠᠰᠠᠯᠲᠠ᠎ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠦ᠂ ᠥᠨᠥᠳᠥᠷ᠎ᠦᠨ ᠺᠤᠸᠠᠨ ᠰᠢᠶᠠᠩ ᠽᠢ ᠨᠢ ᠠᠮᠲᠠᠲᠤ ᠢᠳᠡᠭᠡᠨ᠎ᠦ ᠰᠠᠢᠬᠠᠨ ᠦᠨᠦᠷ ᠬᠠᠩᠬᠤᠯᠤᠭᠰᠠᠨ ᠰᠦᠯᠵᠢᠶᠡᠨ᠎ᠦ ᠬᠠᠯᠠᠮᠰᠢᠯ ᠭᠠᠵᠠᠷ ᠪᠤᠯᠤᠬᠰᠠᠨ ᠢ᠋ᠢᠡᠷ ᠪᠠᠷᠠᠬᠤ ᠦᠭᠡᠢ᠂ ᠨᠡᠩ ᠴᠤ᠌ ᠦᠨᠳᠦᠰᠦᠨ ᠱᠠᠲᠤᠨ᠎ᠤ ᠵᠠᠰᠠᠯᠲᠠ᠎ᠶᠢᠨ ᠡᠶ᠎ᠡ ᠵᠣᠬᠢᠴᠠᠩᠭᠤᠢ ᠵᠢᠷᠤᠭ ᠲᠥᠰᠥᠪ᠎ᠢ ᠢᠯᠡᠷᠡᠭᠦᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号