ᠣᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠵᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ ᠤ᠋ᠨ ᠵᠣᠬᠢᠶᠠᠨ ᠪᠠᠢᠭᠤᠯᠤᠯᠲᠠ ᠵᠢᠨ ᠬᠠᠨ ᠮᠠ ᠳᠡᠯᠡᠬᠡᠶ ᠵᠢᠨ ᠠᠮᠢᠳᠤ ᠪᠣᠳᠠᠰ ᠤ᠋ᠨ ᠮᠠᠨᠳᠠᠯ ᠤ᠋ᠨ ᠬᠠᠮᠠᠭᠠᠯᠠᠯᠲᠠ ᠵᠢᠨ ᠣᠷᠣᠨ ᠤ᠋ ᠠᠩᠬᠠᠳᠤᠭᠠᠷ ᠤᠳᠠᠭ᠎ᠠ ᠵᠢᠨ 10 ᠵᠢᠯᠦᠨ ᠦᠨᠡᠯᠡᠯᠳᠡ ᠵᠢᠨ ᠳᠤᠭ᠎ᠠ ᠪᠠᠷᠢᠮᠳᠠ ᠵᠢ ᠦᠨᠳᠦᠰᠦᠯᠡᠪᠡᠯ᠂ 10 ᠵᠢᠯᠦᠨ ᠬᠤᠭᠤᠴᠠᠭᠠᠨ ᠳ᠋ᠤ ᠲᠣᠰ ᠬᠠᠮᠠᠭᠠᠯᠠᠯᠲᠠ ᠵᠢᠨ ᠣᠷᠣᠨ ᠤ᠋ ᠣᠶ ᠱᠢᠭᠤᠶ ᠵᠢᠨ ᠪᠦᠷᠬᠦᠴᠡ ᠵᠢᠨ ᠨᠣᠷᠮ᠎ᠠ 88.4% ᠪᠠᠢᠭ᠍ᠰᠠᠨ ᠡᠴᠡ ᠪᠡᠨ ᠳᠡᠭᠡᠭ᠌ᠰᠢᠯᠡᠭᠡᠳ 94.8% ᠪᠣᠯᠵᠣ᠂ ᠨᠤᠭᠤ ᠭᠠᠵᠠᠷ ᠤ᠋ᠨ ᠲᠠᠯᠠᠪᠠᠶ 12.6% ᠪᠠᠷ ᠦᠷᠭᠡᠳᠴᠠᠢ᠃
ᠬᠠᠨ ᠮᠠ ᠳᠡᠯᠡᠬᠡᠶ ᠵᠢᠨ ᠠᠮᠢᠳᠤ ᠪᠣᠳᠠᠰ ᠤ᠋ᠨ ᠮᠠᠨᠳᠠᠯ ᠤ᠋ᠨ ᠬᠠᠮᠠᠭᠠᠯᠠᠯᠲᠠ ᠵᠢᠨ ᠣᠷᠣᠨ ᠨᠢ ᠶᠡᠬᠡ ᠬᠢᠩᠭᠠᠨ ᠳᠠᠪᠠᠭ᠎ᠠ ᠵᠢᠨ ᠪᠠᠷᠠᠭᠤᠨ ᠪᠠᠯ ᠤ᠋ᠨ ᠬᠣᠢᠲᠤ ᠬᠡᠰᠡᠭᠲᠦ ᠪᠠᠢᠷᠢᠯᠠᠵᠤ᠂ ᠳᠤᠮᠳᠠᠳᠤ ᠤᠯᠤᠰ ᠤ᠋ᠨ ᠭᠤᠴᠢᠨ ᠭᠤᠷᠪᠠᠳᠡᠬᠢ ᠳᠡᠯᠡᠬᠡᠶ ᠵᠢᠨ ᠠᠮᠢᠳᠤ ᠪᠣᠳᠠᠰ ᠤ᠋ᠨ ᠮᠠᠨᠳᠠᠯ ᠤ᠋ᠨ ᠬᠠᠮᠠᠭᠠᠯᠠᠯᠲᠠ ᠵᠢᠨ ᠣᠷᠣᠨ ᠪᠤᠯᠤᠨ᠎ᠠ᠃ 10 ᠵᠢᠯᠦᠨ ᠬᠤᠭᠤᠴᠠᠭᠠᠨ ᠳ᠋ᠤ ᠬᠠᠨ ᠮᠠ ᠳᠡᠯᠡᠬᠡᠶ ᠵᠢᠨ ᠠᠮᠢᠳᠤ ᠪᠣᠳᠠᠰ ᠤ᠋ᠨ ᠮᠠᠨᠳᠠᠯ ᠤ᠋ᠨ ᠬᠠᠮᠠᠭᠠᠯᠠᠯᠲᠠ ᠵᠢᠨ ᠣᠷᠣᠨ ᠲᠦᠢᠮᠡᠷ ᠰᠡᠷᠭᠡᠢᠯᠡᠬᠦ᠌ ᠲᠤᠤᠷᠢ ᠨᠢᠭ᠍ᠲᠠ ᠰᠦᠯᠵᠢᠬᠦ᠌᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠢᠨᠠᠨ ᠬᠡᠮᠵᠢᠯᠲᠡ ᠶ᠋ᠢ ᠲᠠᠰ ᠳᠡᠪᠱᠢᠭᠦᠯᠬᠦ᠌ ᠵᠡᠷᠭᠡ ᠠᠷᠭ᠎ᠠ ᠪᠠᠷᠢᠯ ᠵᠢᠡᠷ ᠳᠡᠮᠵᠢᠨ ᠨᠡᠢᠲᠡ 1.2 ᠲᠦᠮᠡᠨ ᠺᠢᠯᠣᠮᠧᠲ᠋ᠷ ᠲᠤᠭᠤᠷᠢᠨ ᠬᠠᠮᠠᠭᠠᠯᠠᠪᠠ; ᠬᠡᠭᠡᠷ᠎ᠡ ᠵᠢᠨ ᠠᠮᠢᠲᠠᠨ ᠤ᠋ ᠳᠦᠷᠰᠦ ᠵᠢᠨ ᠰᠦᠷᠦᠭ ᠦᠷᠭᠦᠯᠵᠢᠯᠡᠨ ᠰᠡᠷᠭᠦᠵᠦ᠍᠂ ᠴᠢᠨᠣ᠎ᠠ᠂ ᠤᠷᠳᠤ ᠰᠡᠭᠦᠯᠳᠤ ᠪᠤᠭᠤ ᠵᠡᠷᠭᠡ ᠣᠯᠠᠨ ᠵᠢᠯᠳᠦ ᠬᠠᠷᠠᠭ᠍ᠳᠠᠬᠤ ᠥᠬᠡᠶ ᠳᠦᠷᠰᠦ ᠳᠠᠬᠢᠨᠳᠠ ᠢᠯᠡᠷᠡᠵᠦ᠍᠂ ᠬᠠᠨᠳᠠᠭᠠᠶ ᠵᠢᠨ ᠲᠣᠭ᠎ᠠ 168 ᠪᠠᠢᠭ᠍ᠰᠠᠨ ᠡᠴᠡ ᠪᠡᠨ ᠨᠡᠮᠡᠭ᠌ᠳᠡᠭᠡᠳ 285 ᠪᠣᠯᠵᠠᠶ; ᠡᠭᠦᠨᠦ ᠬᠠᠮᠲᠤ᠂ ᠬᠠᠮᠠᠭᠠᠯᠠᠯᠲᠠ ᠵᠢᠨ ᠣᠷᠣᠨ ᠳ᠋ᠤ ᠤᠯᠤᠰ ᠤ᠋ᠨ ᠨᠤᠭᠤ ᠭᠠᠵᠠᠷ ᠤ᠋ᠨ ᠪᠠᠢᠷᠢ ᠲᠣᠭ᠍ᠲᠠᠭᠠᠬᠤ ᠥᠷᠲᠡᠭᠡ᠂ ᠠᠺᠠᠳᠧᠮᠢᠴᠢ ᠵᠢᠨ ᠠᠵᠢᠯᠯᠠᠬᠤ ᠥᠷᠲᠡᠭᠡ ᠵᠡᠷᠭᠡ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠲᠠᠪᠴᠠᠩᠢ ᠪᠠᠢᠭᠤᠯᠵᠤ᠂ ᠬᠦᠶ᠋ᠲᠡᠨ ᠰᠡᠷᠢᠭᠦᠨ ᠪᠦᠰᠡ ᠵᠢᠨ ᠣᠶ ᠱᠢᠭᠤᠶ ᠵᠢᠨ ᠠᠮᠢ ᠠᠬᠤᠶ ᠵᠢᠨ ᠱᠢᠰᠲ᠋ᠧᠮᠦᠨ ᠬᠠᠮᠠᠭᠠᠯᠠᠯᠲᠠ ᠪᠠ ᠰᠤᠳᠤᠯᠭᠠᠨ ᠳ᠋ᠤ ᠴᠢᠬᠤᠯᠠ ᠱᠢᠨᠵᠢᠯᠡᠬᠦ᠌ ᠤᠬᠠᠭᠠᠨ ᠤ᠋ ᠦᠨᠳᠦᠰᠦᠯᠡᠯ ᠬᠠᠩᠭᠠᠪᠠ᠃ ᠣᠢᠷ᠎ᠠ ᠵᠢᠨ ᠵᠢᠯ ᠡᠴᠡ ᠨᠠᠭᠠᠰᠢ᠂ ᠬᠠᠨ ᠮᠠ ᠳᠡᠯᠡᠬᠡᠶ ᠵᠢᠨ ᠠᠮᠢᠳᠤ ᠪᠣᠳᠠᠰ ᠤ᠋ᠨ ᠮᠠᠨᠳᠠᠯ ᠤ᠋ᠨ ᠬᠠᠮᠠᠭᠠᠯᠠᠯᠲᠠ ᠵᠢᠨ ᠣᠷᠣᠨᠤ ᠬᠢᠨ ᠠᠮᠢ ᠠᠬᠤᠶ ᠵᠢᠨ ᠱᠢᠰᠲ᠋ᠧᠮᠦᠨ ᠤᠤᠭᠠᠯ ᠴᠢᠨᠠᠷ ᠪᠠ ᠪᠦᠷᠢᠨ ᠪᠦᠲᠦᠨ ᠴᠢᠨᠠᠷ ᠤ᠋ᠨ ᠬᠠᠮᠠᠭᠠᠯᠠᠯᠲᠠ ᠶ᠋ᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤ᠋ᠨ ᠬᠦᠶ᠋ᠲᠡᠨ ᠰᠡᠷᠢᠭᠦᠨ ᠪᠦᠰᠡ ᠵᠢᠨ ᠠᠮᠢᠳᠤ ᠪᠣᠳᠠᠰ ᠤ᠋ᠨ ᠮᠠᠨᠳᠠᠯ ᠤ᠋ᠨ ᠬᠠᠮᠠᠭᠠᠯᠠᠯᠲᠠ ᠵᠢᠨ ᠣᠷᠣᠨ ᠤ᠋ ᠴᠢᠬᠤᠯᠠ ᠥᠯᠢᠭᠡᠷ ᠵᠢᠱ᠌ᠢᠶ᠎ᠡ ᠪᠣᠯᠵᠠᠶ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号