​ᠦᠪᠦᠷ ᠮᠤᠩᠭᠤᠯ ᠬᠥᠯᠥᠨ ᠨᠠᠭᠤᠷ ᠤ᠋ᠨ ᠨᠡᠭᠦᠳᠡᠯ ᠤ᠋ᠨ ᠱᠢᠪᠠᠭᠤᠳ᠎ᠢ ᠰᠠᠢᠲᠤᠷ ᠬᠠᠮᠠᠭᠠᠯᠠᠵᠦ ᠪᠤᠢ
2025-11-24 10:38:45
ᠵᠣᠬᠢᠶᠠᠭ᠍ᠴᠢ᠄
​ᠨᠠᠮᠤᠭ
ᠣᠩᠱᠢᠭ᠍ᠰᠠᠨ ᠣᠳᠠᠭ᠎ᠠ᠄
★★★☆☆

ᠬᠥᠯᠥᠨ ᠨᠠᠭᠤᠷ ᠤ᠋ᠨ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠬᠠᠮᠢᠶᠠᠷᠤᠯᠲᠠ ᠵᠢᠨ ᠲᠣᠪᠴᠢᠶ᠎ᠠ᠎ᠵᠢᠨ ᠬᠢᠨ ᠨᠡᠭᠦᠳᠡᠯ ᠤ᠋ᠨ ᠱᠢᠪᠠᠭᠤ ᠵᠡᠷᠭᠡ ᠬᠡᠭᠡᠷ᠎ᠡ ᠵᠢᠨ ᠠᠮᠢᠲᠠᠨ ᠤ᠋ ᠬᠠᠮᠠᠭᠠᠯᠠᠯᠲᠠ ᠬᠠᠮᠢᠶᠠᠷᠤᠯᠲᠠ ᠶ᠋ᠢ ᠴᠢᠩᠭᠠᠳᠭᠠᠵᠤ᠂ ᠬᠠᠮᠠᠭᠠᠯᠠᠯᠲᠠ ᠵᠢᠨ ᠣᠷᠣᠨ ᠳ᠋ᠤ ᠪᠣᠰᠣᠭ᠎ᠠ ᠴᠣᠭ᠍ᠴᠠᠲᠤ ᠲᠣᠭᠣᠷᠢᠨ ᠬᠠᠮᠠᠭᠠᠯᠠᠬᠤ ᠱᠢᠰᠲ᠋ᠧᠮ ᠢ᠋ ᠪᠦᠷᠢᠯᠳᠦᠭᠦᠯᠤᠨ᠂ ᠲᠣᠭᠣᠷᠢᠨ ᠬᠠᠮᠠᠭᠠᠯᠠᠬᠤ ᠬᠦᠷᠢᠶ᠎ᠡ ᠬᠡᠪᠴᠢᠶ᠎ᠡ ᠶ᠋ᠢ ᠥᠷᠭᠡᠳᠭᠡᠬᠦ᠌᠂ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ ᠳ᠋ᠤ ᠴᠣᠬᠢᠯᠲᠠ ᠥᠭ᠌ᠴᠦ ᠨᠡᠭᠦᠳᠡᠯ ᠤ᠋ᠨ ᠱᠢᠪᠠᠭᠤᠳ ᠎ᠤᠨ ᠠᠮᠤᠷ ᠲᠦᠪᠱᠢᠨ ᠢ᠋ ᠦᠨᠡᠨ ᠬᠦ᠌ ᠪᠠᠲᠤᠯᠠᠵᠤ ᠪᠤᠢ᠃

ᠬᠥᠳᠡᠯᠦᠩᠭᠦᠶ ᠬᠢᠨᠠᠨ ᠬᠡᠮᠵᠢᠯᠲᠡ ᠵᠡᠷᠭᠡ ᠠᠷᠭ᠎ᠠ ᠪᠠᠷᠢᠯ ᠵᠢᠡᠷ ᠨᠡᠭᠦᠳᠡᠯ ᠤ᠋ᠨ ᠱᠢᠪᠠᠭᠤᠳ ᠤ᠋ᠨ ᠳᠦᠷᠰᠦ ᠵᠢᠨ ᠰᠦᠷᠦᠭ ᠤ᠋ᠨ ᠲᠣᠭ᠎ᠠ ᠬᠡᠮᠵᠢᠶ᠎ᠡ᠂ ᠣᠷᠣᠱᠢᠨ ᠠᠮᠢᠳᠤᠷᠠᠬᠤ ᠪᠠᠢᠳᠠᠯ ᠵᠢᠴᠢ ᠭᠡᠮ ᠬᠢᠵᠢᠭ ᠤ᠋ᠨ ᠢᠷᠡᠯᠲᠡ ᠵᠢᠨ ᠬᠥᠳᠡᠯᠦᠩᠭᠦᠶ ᠬᠢᠨᠠᠨ ᠬᠡᠮᠵᠢᠯᠲᠡ ᠶ᠋ᠢ ᠴᠠᠭ ᠲᠤᠬᠠᠶ ᠳ᠋ᠤᠨᠢ ᠥᠷᠨᠢᠭᠦᠯᠵᠦ᠍᠂ ᠨᠡᠭᠦᠳᠡᠯ ᠤ᠋ᠨ ᠱᠢᠪᠠᠭᠤᠳ ᠤ᠋ᠨ ᠨᠡᠭᠦᠳᠡᠯᠯᠡᠬᠦ᠌ ᠵᠢᠮ᠎ᠡ ᠶᠣᠰᠣ ᠶ᠋ᠢ ᠱᠢᠰᠲ᠋ᠧᠮ ᠲᠡᠶ ᠡᠵᠡᠮᠱᠢᠨ᠂ ᠱᠢᠨᠵᠢᠯᠡᠬᠦ᠌ ᠤᠬᠠᠭᠠᠨᠴᠢ ᠪᠠᠷ ᠬᠠᠮᠠᠭᠠᠯᠠᠬᠤ ᠪᠠ ᠨᠠᠷᠢᠯᠢᠭ ᠣᠨᠣᠪᠴᠢᠲᠠᠶ ᠪᠠᠷ ᠬᠠᠮᠢᠶᠠᠷᠬᠤ ᠳ᠋ᠤ ᠪᠠᠲᠤ ᠲᠤᠯᠭᠠᠭᠤᠷᠢᠯᠠᠯ ᠬᠠᠩᠭᠠᠪᠠ᠃ ᠨᠡᠭᠦᠳᠡᠯ ᠤ᠋ᠨ ᠱᠢᠪᠠᠭᠤᠳ ᠤ᠋ᠨ ᠨᠡᠭᠦᠳᠡᠯ ᠤ᠋ᠨ ᠠᠮᠤᠷ ᠲᠦᠪᠱᠢᠨ ᠢ᠋ ᠬᠠᠮᠠᠭᠠᠯᠠᠬᠤ ᠵᠢᠨ ᠬᠠᠮᠳᠤ ᠳᠤᠰ ᠲᠣᠪᠴᠢᠶ᠎ᠠ ᠪᠠᠰᠠ ᠱᠢᠷᠬᠠᠲᠤᠭ᠍ᠰᠠᠨ ᠱᠢᠪᠠᠭᠤᠳ ᠢ᠋ ᠠᠪᠤᠷᠠᠨ ᠲᠤᠰᠠᠯᠠᠬᠤ ᠠᠵᠢᠯ ᠢ᠋ ᠢᠳᠡᠪᠬᠢᠲᠡᠶ ᠦᠷᠨᠢᠭᠦᠯᠵᠤ ᠪᠠᠢᠨ᠎ᠠ᠃ ᠬᠠᠮᠠᠭᠠᠯᠠᠯᠲᠠ ᠪᠠ ᠬᠠᠮᠢᠶᠠᠷᠤᠯᠲᠠ ᠵᠢᠨ ᠴᠢᠳᠠᠪᠤᠷᠢ ᠵᠢᠨ ᠲᠠᠰᠤᠷᠠᠯᠲᠠ ᠥᠬᠡᠶ ᠳᠡᠭᠡᠭ᠌ᠰᠢᠯᠡᠬᠦ᠌ ᠶ᠋ᠢ ᠳᠠᠭᠠᠯᠳᠤᠨ᠂ ᠬᠠᠮᠠᠭᠠᠯᠠᠯᠲᠠ ᠵᠢᠨ ᠣᠷᠣᠨ ᠤ᠋ ᠳᠣᠲᠣᠷᠠᠬᠢ ᠠᠮᠢ ᠠᠬᠤᠶ ᠣᠷᠴᠢᠨ ᠲᠣᠭᠣᠷᠢᠨ ᠦᠷᠭᠦᠯᠵᠢᠯᠡᠨ ᠰᠠᠢᠵᠢᠷᠠᠨ᠂ ᠨᠡᠩ ᠣᠯᠠᠨ ᠱᠢᠪᠠᠭᠤᠳ ᠡᠨᠳᠡ ᠣᠷᠣᠱᠢᠨ ᠠᠮᠢᠳᠤᠷᠠᠵᠤ ᠦᠷᠡᠵᠢᠨ ᠲᠥᠯᠵᠢᠬᠦ ᠪᠤᠯᠵᠠᠢ᠃ 2025 ᠣᠨ ᠤ᠋ ᠨᠠᠮᠤᠷ ᠤ᠋ᠨ ᠤᠯᠠᠷᠢᠯ ᠤ᠋ᠨ ᠱᠢᠪᠠᠭᠤᠨ ᠤ᠋ ᠲᠥᠷᠥᠯ ᠢ᠋ ᠬᠢᠨᠠᠨ ᠬᠡᠮᠵᠢᠭ᠌ᠰᠡᠨ ᠲᠣᠭ᠎ᠠ ᠪᠠᠷᠢᠮᠲᠠ ᠶ᠋ᠢ ᠦᠨᠳᠦᠰᠦᠯᠡᠪᠡᠯ᠂ ᠬᠠᠮᠠᠭᠠᠯᠠᠯᠲᠠ ᠵᠢᠨ ᠣᠷᠣᠨ ᠳ᠋ᠤ ᠨᠡᠢᠲᠡ 10 ᠪᠠᠭ᠂ 22 ᠢᠵᠠᠭᠤᠷ᠂ 41 ᠲᠥᠷᠥᠯ᠂ 68 ᠲᠦᠷᠰᠤ ᠵᠢᠨ 75311 ᠱᠢᠪᠠᠭᠤᠨ ᠤ᠋ ᠲᠦᠷᠦᠯ ᠢ᠋ ᠲᠡᠮᠳᠡᠭ᠌ᠯᠡᠵᠦ᠍᠂ 2024 ᠣᠨ ᠤ᠋ ᠨᠠᠮᠤᠷ ᠤ᠋ᠨ ᠤᠯᠠᠷᠢᠯ ᠤ᠋ᠨ ᠬᠢ ᠡᠴᠡ 21442 ᠨᠡᠮᠡᠭ᠌ᠳᠡᠨ᠂ ᠭᠠᠯᠠᠭᠤ ᠨᠤᠭᠤᠰᠤᠨ ᠤ᠋ ᠲᠥᠷᠥᠯ ᠵᠢᠡᠷ ᠭᠤᠤᠯᠯᠠᠵᠤ᠂ ᠤᠯᠤᠰ ᠤ᠋ᠨ ᠬᠣᠶᠠᠳᠤᠭᠠᠷ ᠳᠡᠰ ᠤ᠋ᠨ ᠬᠠᠮᠠᠭᠠᠯᠠᠯᠲᠠ ᠵᠢᠨ ᠠᠮᠢᠲᠠᠨ ᠪᠤᠯᠬᠤ ᠬᠠᠯᠢᠭᠤᠨ ᠭᠠᠯᠠᠭᠤ᠂ ᠬᠠᠯᠪᠠᠭᠠᠨᠲᠤ ᠦᠷᠪᠢᠯᠳᠡᠢ᠂ ᠭᠠᠩᠭᠠᠷ ᠬᠤᠨ ᠵᠡᠷᠭᠡ 15 ᠲᠦᠷᠰᠤ ᠵᠢᠨ 1979 ᠰᠢᠪᠠᠭᠤ ᠪᠠᠭ᠍ᠲᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号