ᠨᠡᠬᠦᠳᠠᠯ᠎ᠤᠨ ᠰᠢᠪᠠᠭᠤ ᠰᠠᠢᠬᠠᠨ ᠪᠠᠢᠭᠠᠯᠢ 《ᠪᠤᠯᠵᠤᠭ᠎ᠠ》 ᠲᠠᠢ
2025-11-24 10:34:16
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠠᠮᠢ ᠠᠬᠤᠢ ᠣᠷᠴᠢᠨ ᠲᠣᠭᠣᠷᠢᠨ ᠤ᠋ ᠰᠠᠢᠵᠢᠷᠠᠯᠳᠠ ᠵᠢ ᠰᠢᠪᠠᠭᠤᠳ ᠤᠷᠢᠳ ᠵᠢᠡᠷ ᠮᠡᠳᠡᠭᠡᠯᠡᠳᠡᠭ ᠶᠤᠮ


ᠠᠭᠤᠷ ᠠᠮᠢᠰᠬᠤᠯ ᠬᠦᠢᠳᠡᠷᠡᠬᠦ᠎ᠵᠢ ᠲᠠᠭᠠᠯᠳᠤᠨ ᠦᠪᠦᠷ ᠮᠤᠩᠭᠤᠯ ᠳ᠋ᠤ ᠨᠡᠬᠦᠳᠡᠯᠯᠡᠨ ᠪᠠᠭᠤᠬᠤ ᠰᠢᠪᠠᠭᠤᠳ ᠤᠯᠠᠰᠢᠷᠠᠵᠠᠢ᠃ ᠠᠯᠠᠱᠠ ᠠᠢᠮᠠᠭ ᠤ᠋ᠨ ᠡᠵᠡᠨ᠎ᠡ ᠵᠢᠨ ᠨᠣᠭᠣᠭᠠᠨ ᠪᠦᠷᠢᠳᠦ ᠡᠴᠡ ᠪᠠᠶᠠᠨᠨᠠᠭᠤᠷ ᠤ᠋ᠨ ᠤᠯᠠᠭᠠᠨᠰᠤᠬᠠᠢ ᠬᠦᠷᠳᠡᠯ᠎ᠡ᠂ ᠪᠤᠭᠤᠲᠤ ᠵᠢᠨ ᠬᠠᠲᠤᠨ ᠭᠣᠣᠯ ᠤ᠋ᠨ ᠤᠯᠤᠰ ᠤ᠋ᠨ ᠨᠤᠭᠤ ᠭᠠᠵᠠᠷ ᠤ᠋ᠨ ᠴᠡᠴᠡᠷᠯᠢᠭ ᠡᠴᠡ ᠲᠦᠩᠯᠢᠶᠣᠤ ᠬᠤᠳᠠ ᠵᠢᠨ ᠬᠣᠷᠴᠢᠨ ᠵᠡᠭᠦᠨ ᠭᠠᠷᠤᠨ ᠬᠣᠢᠲᠤ ᠬᠤᠰᠢᠭᠤᠨ ᠤ᠋ ᠬᠢᠯᠢ ᠳᠣᠲᠣᠷᠠᠬᠢ ᠨᠠᠭᠤᠷ ᠴᠥᠭᠥᠷᠥᠮ ᠬᠦᠷᠲᠡᠯ᠎ᠡ᠂ ᠦᠪᠦᠭᠳᠤ ᠠᠵᠢᠷ᠂ ᠬᠦᠭᠡ ᠳᠡᠭᠡᠯᠡᠢ᠂ ᠬᠤᠨ ᠭᠠᠯᠠᠭᠤ᠂ ᠠᠯ ᠰᠡᠭᠦᠯ ᠵᠡᠷᠭᠡ  ᠨᠡᠭᠦᠳᠡᠯ ᠤ᠋ᠨ ᠰᠢᠪᠠᠭᠤᠳ ᠪᠣᠯᠵᠣᠭ᠎ᠠ ᠶᠤᠰᠤᠭᠠᠷ ᠨᠢᠰᠤᠨ ᠢᠷᠡᠵᠤ᠂ ᠡᠪᠤᠯ ᠴᠠᠭ᠎ᠤᠨ ᠡᠭᠡ ᠪᠠᠢᠭᠠᠯᠢ᠎ᠳᠤ ᠦᠵᠡᠮᠵᠢ ᠪᠦᠷᠢᠳᠤᠬᠦᠯᠤᠨ᠎ᠠ᠃

ᠠᠮᠢ ᠠᠬᠤᠢ ᠣᠷᠴᠢᠨ ᠲᠣᠭᠣᠷᠢᠨ ᠤ᠋ ᠰᠠᠢᠵᠢᠷᠠᠯᠳᠠ ᠵᠢ ᠰᠢᠪᠠᠭᠤᠳ ᠤᠷᠢᠳ ᠵᠢᠡᠷ ᠮᠡᠳᠡᠭᠡᠯᠡᠳᠡᠭ ᠭᠡᠳᠡᠭ᠃ ᠤᠢᠷ᠎ᠠ ᠵᠢᠨ ᠵᠢᠯ ᠡᠴᠡ ᠨᠠᠭᠠᠰᠢ ᠥᠪᠥᠷ ᠮᠣᠩᠭᠣᠯ ᠠᠮᠢᠳᠤ ᠪᠤᠳᠠᠰ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠬᠤ ᠠᠵᠢᠯᠯᠠᠭ᠎ᠠ ᠎ᠵᠢ ᠡᠷᠴᠢᠮᠳᠠᠢ ᠦᠷᠨᠢᠭᠦᠯᠵᠤ᠂ ᠨᠡᠭᠦᠳᠡᠯ ᠤ᠋ᠨ ᠰᠢᠪᠠᠭᠤᠳ ᠢ᠋ ᠠᠩᠨᠠᠬᠤ ᠬᠠᠤᠯᠢ ᠪᠤᠰᠤ ᠠᠵᠢᠯᠯᠠᠭ᠎ᠠ ᠵᠡᠷᠭᠡ ᠳ᠋ᠤ ᠴᠢᠡᠭᠭ᠎ᠠ ᠴᠤᠬᠢᠯᠳᠠ ᠦᠭᠴᠤ᠂ ᠠᠮᠢ ᠠᠬᠤᠢ ᠤᠷᠴᠢᠨ ᠳᠤᠭᠤᠷᠢᠨ ᠤ᠋ ᠬᠠᠤᠯᠢ ᠬᠡᠷᠡᠭᠵᠢᠭᠦᠯᠦᠯᠳᠡ ᠵᠢᠨ ᠡᠷᠴᠢᠮ ᠵᠢᠡᠨ ᠦᠷᠭᠦᠯᠵᠢᠯᠡᠨ ᠴᠢᠩᠭᠠᠷᠠᠭᠤᠯᠵᠤ᠂ ᠨᠤᠭᠤ ᠭᠠᠵᠠᠷ ᠤ᠋ᠨ ᠵᠠᠰᠠᠯᠳᠠ ᠪᠠ ᠠᠮᠢ ᠠᠬᠤᠢ ᠵᠢᠨ ᠤᠰᠤ ᠨᠦᠭᠦᠪᠦᠷᠢᠯᠡᠭᠦ ᠢᠨᠵᠧᠨᠧᠷᠢᠩ ᠢ᠋ ᠬᠡᠷᠡᠭᠵᠢᠭᠦᠯᠤᠨ᠂ ᠨᠡᠭᠦᠳᠡᠯ ᠤ᠋ᠨ ᠰᠢᠪᠠᠭᠤᠳ᠎ᠤᠨ ᠨᠡᠬᠦᠳᠠᠯᠯᠠᠨ ᠪᠠᠭᠤᠬᠤ᠎ᠳᠤ ᠰᠠᠢᠨ ᠰᠠᠢᠬᠠᠨ ᠤᠷᠴᠢᠨ ᠲᠤᠭᠤᠷᠢᠨ᠎ᠢ ᠪᠦᠷᠢᠯᠳᠦᠬᠦᠯᠤᠨ ᠦᠭᠴᠠᠢ᠃

ᠨᠡᠭᠦᠳᠡᠯ ᠤ᠋ᠨ ᠰᠢᠪᠠᠭᠤᠳ ᠢ᠋ ᠪᠦᠲᠦᠮᠵᠢᠲᠡᠢ ᠬᠠᠮᠠᠭᠠᠯᠠᠬᠤ ᠳ᠋ᠤ᠂ ᠣᠷᠴᠢᠨ ᠳᠤᠭᠤᠷᠢᠨ ᠤ᠋ ᠬᠠᠮᠠᠭᠠᠯᠠᠯᠳᠠ ᠎ᠵᠢ ᠦᠷᠭᠦᠯᠵᠢᠯᠡᠨ ᠴᠢᠩᠭ᠎ᠠ ᠠᠳᠬᠤᠵᠤ᠂ ᠬᠠᠮᠠᠭᠠᠯᠠᠯᠳᠠ᠎ᠵᠢᠨ ᠲᠣᠣᠷ ᠢ᠋ ᠨᠢᠭᠳᠠ ᠰᠦᠯᠵᠢᠬᠦ ᠵᠢᠨ ᠬᠠᠮᠲᠤ ᠬᠠᠤᠯᠢ ᠴᠠᠭᠠᠵᠠ ᠲᠦᠷᠢᠮ ᠲᠤᠭᠳᠠᠭᠠᠯ ᠤ᠋ᠨ ᠤᠬᠠᠭᠤᠯᠭ᠎ᠠ ᠵᠢ ᠴᠢᠩᠭᠠᠳᠬᠠᠵᠤ᠂ ᠬᠠᠮᠢᠶᠠᠷᠴᠤ ᠬᠠᠮᠠᠭᠠᠯᠠᠬᠤ ᠲᠣᠭᠲᠠᠴᠠ ᠵᠢ ᠲᠡᠭᠦᠯᠳᠡᠷᠵᠢᠭᠦᠯᠦᠨ᠂ ᠬᠠᠤᠯᠢ ᠬᠡᠷᠡᠭᠵᠢᠭᠦᠯᠬᠦ ᠶᠠᠰᠤ ᠴᠢᠨᠠᠷ ᠢ᠋ ᠳᠡᠭᠡᠭᠰᠢᠯᠡᠭᠦᠯᠬᠦ ᠴᠢᠬᠤᠯᠠᠳᠠᠢ᠃ ᠪᠦᠳᠤᠮᠵᠢᠳᠠᠢ ᠬᠠᠮᠠᠭᠠᠯᠠᠪᠠᠯ ᠰᠠᠶᠢ ᠪᠦᠳᠤᠮᠵᠢ ᠦᠯᠡᠮᠵᠢ ᠪᠤᠯᠵᠤ᠂ ᠠᠮᠢ ᠠᠬᠤᠢ ᠤᠷᠴᠢᠨ ᠲᠤᠭᠤᠷᠢᠨ᠎ᠢ ᠬᠠᠮᠠᠭᠠᠯᠠᠵᠤ᠂ ᠠᠮᠢᠳᠠᠨ ᠭᠤᠤᠯᠳᠠᠨ ᠡᠶ᠎ᠠ ᠨᠠᠢᠷᠳᠠᠢ ᠠᠮᠢᠳᠤᠷᠠᠨ ᠤᠷᠤᠰᠢᠵᠤ ᠴᠢᠳᠠᠬᠤ ᠨᠢ ᠢᠯᠡᠭᠡᠨ᠃

ᠨᠡᠭᠦᠳᠡᠯ ᠤ᠋ᠨ ᠰᠢᠪᠠᠭᠤᠳ ᠢ᠋ ᠬᠠᠮᠠᠭᠠᠯᠠᠵᠤ᠂ ᠨᠡᠭᠦᠳᠡᠯ ᠤ᠋ᠨ ᠰᠢᠪᠠᠭᠤᠳ ᠯᠤᠭ᠎ᠠ ᠪᠤᠴᠠᠨ ᠢᠷᠡᠭᠦ᠎ᠵᠢᠨ 《ᠪᠤᠯᠵᠤᠭ᠎ᠠ》 ᠳᠠᠯᠪᠢᠶ᠎ᠠ᠃ ᠨᠡᠬᠦᠳᠠᠯ᠎ᠤᠨ ᠰᠢᠪᠠᠭᠤᠳ᠎ᠤᠨ ᠬᠠᠮᠠᠭᠠᠯᠠᠯᠳᠠ ᠨᠢ ᠠᠮᠢ ᠠᠬᠤᠢ ᠵᠢᠨ ᠲᠡᠩᠴᠡᠭᠦᠷᠢ ᠵᠢ ᠪᠠᠳᠤᠯᠠᠬᠤ ᠳ᠋ᠤ᠌ ᠮᠠᠰᠢ ᠴᠢᠬᠤᠯᠠ ᠦᠢᠯᠡᠳᠤᠯ ᠦᠵᠡᠬᠦᠯᠵᠤ ᠪᠠᠢᠳᠠᠭ᠃ ᠡᠨᠡ ᠨᠢ ᠡᠬᠡ ᠪᠠᠢᠭᠠᠯᠢ ᠵᠢᠨ ᠤᠷᠢᠶᠠᠯᠠᠭ᠎ᠠ ᠪᠤᠯᠬᠤ ᠪᠦᠭᠡᠳ ᠬᠦᠮᠦᠨ ᠲᠦᠷᠦᠯᠬᠢᠳᠡᠨ ᠤ᠋ ᠵᠠᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠪᠤᠯᠬᠤ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号