ᠦᠪᠦᠷ ᠮᠤᠩᠭᠤᠯ᠎ᠤᠨ 11 ᠪᠠᠭᠰᠢ ᠪᠦᠬᠦ ᠤᠯᠤᠰ᠎ᠤᠨ 《ᠲᠦᠷᠦᠬᠦᠴᠢ ᠭᠠᠯᠠᠭᠤ》 ᠲᠦᠯᠦᠪᠯᠡᠬᠡ ᠳ᠋ᠤ ᠰᠤᠩᠭᠤᠭᠳᠠᠪᠠ
2025-11-24 11:19:29
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ ᠰᠤᠷᠭᠠᠨ ᠬᠦᠮᠦᠵᠢᠯ᠎ᠤᠨ ᠶᠠᠮᠤᠨ ᠤ᠋ ᠠᠯᠪᠠᠨ ᠲᠢᠩᠬᠢᠮ ᠡᠴᠡ 《ᠪᠦᠬᠦ ᠤᠯᠤᠰ᠎ᠤᠨ ᠰᠢᠶᠠᠨ᠎ᠤ ᠬᠡᠪᠴᠢᠶᠡᠨ ᠤ᠋ ᠡᠩ᠎ᠤᠨ ᠦᠨᠳᠦᠷ ᠵᠡᠷᠬᠡ ᠵᠢᠨ ᠳᠤᠮᠳᠠᠳᠤ ᠰᠤᠷᠭᠠᠭᠤᠯᠢ ᠵᠢᠨ 〈ᠲᠦᠷᠦᠬᠦᠴᠢ ᠭᠠᠯᠠᠭᠤ〉 ᠲᠦᠯᠦᠪᠯᠡᠭᠡ ᠳ᠋ᠤ ᠰᠤᠩᠭᠤᠭᠳᠠᠭᠰᠠᠳ᠎ᠤᠨ ᠮᠡᠳᠡᠭᠳᠡᠯ》 ᠢ᠋ ᠨᠡᠢᠳᠡᠯᠡᠵᠦ᠂ ᠬᠢᠩᠭᠠᠨ ᠠᠢᠮᠠᠭ᠎ᠤᠨ ᠤᠯᠠᠭᠠᠨᠬᠤᠳᠠ ᠵᠢᠨ ᠠᠷᠪᠠᠨ ᠳᠠᠪᠤᠳᠤᠭᠠᠷ ᠳᠤᠮᠳᠠᠳᠤ ᠰᠤᠷᠭᠠᠭᠤᠯᠢ ᠵᠢᠨ ᠪᠠᠭᠰᠢ ᠸᠠᠩ ᠰᠢᠨ᠂ ᠲᠦᠩᠯᠢᠶᠤᠤ ᠬᠤᠳᠠ ᠵᠢᠨ ᠵᠠᠷᠤᠳ ᠬᠤᠰᠢᠭᠤᠨ᠎ᠤ ᠨᠢᠬᠡᠳᠦᠬᠡᠷ ᠳᠤᠮᠳᠠᠳᠤ ᠰᠤᠷᠭᠠᠭᠤᠯᠢ ᠵᠢᠨ ᠪᠠᠭᠰᠢ ᠯᠢ ᠶᠠᠨ ᠹᠠᠩ᠂ ᠪᠠᠶᠠᠨᠨᠠᠭᠤᠷ ᠬᠤᠳᠠ ᠵᠢᠨ ᠤᠷᠠᠳ᠎ᠤᠨ ᠡᠮᠦᠨᠡᠳᠤ ᠬᠤᠰᠢᠭᠤᠨ᠎ᠤ  ᠨᠢᠬᠡᠳᠦᠬᠡᠷ ᠳᠤᠮᠳᠠᠳᠤ ᠰᠤᠷᠭᠠᠭᠤᠯᠢ ᠵᠢᠨ ᠪᠠᠭᠰᠢ ᠡᠾᠧ ᠸᠧᠢ ᠬᠠᠢ ᠵᠡᠷᠬᠡ ᠦᠪᠦᠷ ᠮᠤᠩᠭᠤᠯ᠎ᠤᠨ 11 ᠪᠠᠭᠰᠢ ᠰᠤᠩᠭᠤᠭᠳᠠᠭᠰᠠᠨ ᠪᠠᠢᠨ᠎ᠠ᠃

ᠤᠢᠯᠠᠭᠠᠭᠰᠠᠨ ᠵᠢᠡᠷ᠂ ᠲᠦᠷᠦᠬᠦᠦ ᠪᠦᠯᠦᠭ᠎ᠤᠨ ᠪᠦᠬᠦ ᠤᠯᠤᠰ᠎ᠤᠨ ᠰᠢᠶᠠᠨ᠎ᠤ ᠬᠡᠪᠴᠢᠶᠡᠨ ᠤ᠋ ᠡᠩ᠎ᠤᠨ ᠦᠨᠳᠦᠷ ᠵᠡᠷᠬᠡ ᠵᠢᠨ ᠳᠤᠮᠳᠠᠳᠤ ᠰᠤᠷᠭᠠᠭᠤᠯᠢ ᠵᠢᠨ 《ᠲᠦᠷᠦᠬᠦᠴᠢ ᠭᠠᠯᠠᠭᠤ》 ᠲᠦᠯᠦᠪᠯᠡᠭᠡ ᠵᠢᠨ ᠪᠠᠭᠰᠢ ᠵᠢᠨ ᠠᠵᠢᠯ᠎ᠤᠨ ᠪᠠᠢᠷᠢ ᠳ᠋ᠤ 600 ᠪᠠᠭᠰᠢ ᠰᠤᠩᠭᠤᠭᠳᠠᠪᠠ᠃ 《ᠲᠦᠷᠦᠬᠦᠴᠢ ᠭᠠᠯᠠᠭᠤ》 ᠲᠦᠯᠦᠪᠯᠡᠭᠡ ᠵᠢᠨ ᠪᠠᠭᠰᠢ ᠵᠢᠨ ᠠᠵᠢᠯ᠎ᠤᠨ ᠪᠠᠢᠷᠢ ᠨᠢ ᠤᠷᠢᠵᠤ ᠬᠡᠷᠡᠭᠯᠡᠬᠦ ᠳᠤᠭᠳᠠᠴᠠ ᠵᠢ ᠬᠡᠷᠡᠭᠵᠢᠬᠦᠯᠵᠦ᠂ 3 ᠵᠢᠯ᠎ᠤᠨ ᠬᠤᠭᠤᠴᠠᠭ᠎ᠠ ᠳᠠᠢ ᠪᠡᠷ ᠤᠷᠢᠵᠤ ᠬᠡᠷᠡᠭᠯᠡᠨ᠂ 《ᠲᠦᠷᠦᠬᠦᠴᠢ ᠭᠠᠯᠠᠭᠤ》 ᠲᠦᠯᠦᠪᠯᠡᠭᠡ ᠳ᠋ᠤ ᠰᠤᠩᠭᠤᠭᠳᠠᠭᠰᠠᠨ ᠪᠠᠭᠰᠢ ᠨᠠᠷ᠎ᠤᠨ ᠵᠢᠱ᠌ᠢᠶ᠎ᠠ ᠦᠵᠡᠬᠦᠯᠬᠦ ᠦᠢᠯᠡᠳᠦᠯ᠎ᠢ ᠪᠠᠳᠠᠷᠠᠭᠤᠯᠵᠤ᠂ ᠰᠢᠶᠠᠨ᠎ᠤ ᠬᠡᠪᠴᠢᠶᠡᠨ᠎ᠤ 《ᠲᠦᠷᠦᠬᠦᠴᠢ ᠭᠠᠯᠠᠭᠤ》 ᠲᠦᠯᠦᠪᠯᠡᠭᠡ ᠵᠢᠨ ᠪᠠᠭᠰᠢ ᠵᠢᠨ ᠠᠵᠢᠯ᠎ᠤᠨ ᠦᠷᠦᠬᠡ ᠵᠢ ᠪᠠᠢᠭᠤᠯᠵᠤ ᠪᠠᠭᠰᠢ ᠨᠠᠷ᠎ᠢ ᠬᠦᠮᠦᠵᠢᠬᠦᠯᠦᠨ ᠵᠢᠯᠤᠭᠤᠳᠬᠤ ᠵᠢ ᠴᠢᠩᠭᠠᠳᠬᠠᠨ᠎ᠠ᠃ ᠰᠤᠷᠭᠠᠨ ᠬᠦᠮᠦᠵᠢᠯ᠎ᠤᠨ ᠶᠠᠮᠤᠨ ᠡᠴᠡ ᠢᠵᠢᠯ ᠠᠯᠬᠤᠮᠳᠤ ᠬᠢᠴᠢᠶᠡᠯ᠎ᠤᠨ ᠳᠠᠩᠬᠢᠮ᠂ ᠲᠠᠭᠤᠤ ᠲᠦᠷᠰᠦ ᠰᠢᠩᠬᠡᠬᠡᠯᠳᠡ ᠵᠢᠨ ᠲᠦᠬᠦᠬᠡᠷᠦᠮᠵᠢ ᠬᠠᠩᠭᠠᠨ᠂ ᠳᠤᠮᠳᠠᠳᠤ ᠪᠠᠷᠠᠭᠤᠨ ᠤᠷᠤᠨ᠎ᠳ᠋ᠡᠬᠢ ᠠᠵᠢᠯ᠎ᠤᠨ ᠦᠷᠦᠬᠡ ᠳ᠋ᠤ ᠵᠠᠷᠤᠳᠠᠯ᠎ᠤᠯᠭᠤᠬᠤ ᠵᠢ ᠳᠡᠮᠵᠢᠨ᠎ᠡ᠃

《ᠮᠡᠳᠡᠭᠳᠡᠯ》 ᠳ᠋ᠤ᠂ ᠡᠯ᠎ᠠ ᠭᠠᠵᠠᠷ᠎ᠤᠨ ᠬᠢᠨ ᠪᠤᠳᠠᠳᠤ ᠪᠠᠢᠳᠠᠯ ᠳᠠᠢ ᠪᠠᠨ ᠤᠶᠠᠯᠳᠤᠭᠤᠯᠵᠤ᠂ ᠵᠤᠬᠢᠶᠠᠨ ᠪᠠᠢᠭᠤᠯᠤᠨ ᠬᠡᠷᠡᠭᠵᠢᠬᠦᠯᠬᠦ ᠵᠢ ᠰᠠᠢᠳᠤᠷ ᠠᠳᠬᠤᠵᠤ᠂ ᠳᠤᠰᠬᠠᠢ ᠮᠡᠷᠬᠡᠵᠢᠯ᠎ᠤᠨ ᠲᠦᠯᠦᠪᠵᠢᠬᠦᠯᠬᠡ ᠵᠢ ᠴᠢᠩᠭᠠᠳᠬᠠᠵᠤ᠂ ᠰᠢᠶᠠᠨ᠎ᠤ ᠬᠡᠪᠴᠢᠶᠡᠨ᠎ᠤ ᠡᠩ᠎ᠤᠨ ᠦᠨᠳᠦᠷ ᠵᠡᠷᠬᠡ ᠵᠢᠨ ᠳᠤᠮᠳᠠᠳᠤ ᠰᠤᠷᠭᠠᠭᠤᠯᠢ ᠵᠢᠨ ᠴᠢᠨᠠᠷ ᠰᠠᠢᠳᠠᠢ ᠬᠦᠭᠵᠢᠯᠳᠡ ᠳ᠋ᠤ ᠪᠠᠭᠰᠢ ᠵᠢᠨ ᠡᠩᠨᠡᠬᠡ ᠵᠢᠨ ᠪᠠᠳᠤᠯᠠᠭ᠎ᠠ ᠬᠠᠩᠭᠠᠬᠤ ᠬᠡᠷᠡᠭᠳᠡᠢ ᠬᠡᠵᠦ ᠱᠠᠭᠠᠷᠳᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号