《ᠪᠣᠭᠣᠮᠲᠠ᠎ᠶᠢᠨ ᠭᠠᠳᠠᠨᠠᠬᠢ ᠪᠠᠭ᠎ᠠ ᠶᠠᠨ ᠠᠨ》 ᠲᠠᠢ ᠲᠠᠨᠢᠯᠴᠠᠬᠤᠢ
2025-11-25 09:37:07
ᠵᠣᠬᠢᠶᠠᠭ᠍ᠴᠢ᠄
ᠰᠠᠷᠠᠭᠤᠯᠬᠠᠨ ᠠᠯᠤᠰ ᠯᠢᠦ ᠬᠦᠰᠡᠯᠡᠩ
ᠣᠩᠱᠢᠭ᠍ᠰᠠᠨ ᠣᠳᠠᠭ᠎ᠠ᠄
★★★☆☆

ᠳᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠫᠠᠷᠲ᠋ᠢᠽᠠᠨ ᠠᠩᠭᠢ᠎ᠶᠢᠨ ᠰᠠᠭᠤᠷᠢᠨ ᠭᠠᠵᠠᠷ᠎ᠤᠨ ᠬᠠᠭᠤᠴᠢᠨ ᠪᠠᠭᠤᠷᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠦᠭᠡᠬᠣᠲᠠ ᠶ᠋ᠢᠨ ᠦᠴᠦᠸᠠᠨ ᠰᠢᠶᠠᠨ᠎ᠤ ᠳ᠋ᠸ ᠱᠧᠩ ᠭᠧᠦ ᠰᠢᠶᠠᠩ᠎ᠳᠤ ᠪᠠᠢᠵᠤ᠂ ᠲᠤᠬᠠᠢ᠎ᠶᠢᠨ ᠵᠢᠯ᠎ᠦᠨ ᠨᠠᠢ᠍ᠮᠠᠳᠤᠭᠠᠷ ᠵᠠᠮ᠎ᠤᠨ ᠴᠡᠷᠢᠭ᠎ᠦᠨ ᠳᠠᠯᠠᠨ ᠬᠠᠷ᠎ᠠ ᠠᠭᠤᠯᠠ᠎ᠶᠢᠨ ᠰᠠᠯᠪᠤᠷᠢ ᠠᠩᠭᠢ᠎ᠶᠢᠨ ᠵᠠᠬᠢᠷᠭ᠎ᠠ᠂ ᠰᠦᠢᠶᠤᠸᠠᠨ᠎ᠤ ᠮᠤᠵᠢ᠎ᠶᠢᠨ ᠨᠠᠮ᠎ᠤᠨ ᠬᠣᠷᠢᠶ᠎ᠠ᠂ ᠮᠤᠵᠢ᠎ᠶᠢᠨ ᠵᠠᠬᠢᠷᠭ᠎ᠠ᠎ᠶᠢᠨ ᠪᠠᠢᠭᠤᠯᠭ᠎ᠠ᠎ᠶᠢᠨ ᠰᠠᠭᠤᠭ᠎ᠠ ᠭᠠᠵᠠᠷ ᠪᠠᠢᠵᠤ᠂ ᠬᠥᠮᠥᠰ ᠲᠡᠭᠦᠨ᠎ᠢ 《ᠪᠣᠭᠣᠮᠲᠠ᠎ᠶᠢᠨ ᠭᠠᠳᠠᠨᠠᠬᠢ ᠪᠠᠭ᠎ᠠ ᠶᠠᠨ ᠠᠨ》 ᠭᠡᠵᠦ ᠨᠡᠷᠡᠢᠳᠴᠡᠢ᠃ 2008 ᠣᠨ᠎ᠤ 9 ᠰᠠᠷ᠎ᠠ᠎ᠶᠢᠨ 9᠎ᠦ ᠡᠳᠦᠷ 《ᠳᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠫᠠᠷᠲ᠋ᠢᠽᠠᠨ ᠠᠩᠭᠢ᠎ᠶᠢᠨ ᠰᠠᠭᠤᠷᠢᠨ ᠭᠠᠵᠠᠷ᠎ᠤᠨ ᠦᠵᠡᠭᠦᠯᠭᠡ᠎ᠶᠢᠨ ᠣᠷᠳᠣᠨ》 ᠵᠢᠩᠬᠢᠨᠢ᠎ᠪᠡᠷ ᠪᠠᠢᠭᠤᠯᠤᠭᠳᠠᠪᠠ᠃


QQ截图20250224163936.png


ᠳᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠫᠠᠷᠲ᠋ᠢᠽᠠᠨ ᠠᠩᠭᠢ᠎ᠶᠢᠨ ᠰᠠᠭᠤᠷᠢᠨ 

ᠭᠠᠵᠠᠷ᠎ᠤᠨ ᠦᠵᠡᠭᠦᠯᠭᠡ᠎ᠶᠢᠨ ᠣᠷᠳᠣᠨ 


QQ截图20251001113555.png


ᠤᠬ ᠰᠠᠨᠠᠭ᠎ᠠ ᠪᠠᠨ ᠦᠯᠦ ᠮᠠᠷᠲᠠᠨ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠎ᠡ


QQ截图20251117161443.png


ᠲᠤᠬᠠᠢ᠎ᠶᠢᠨ ᠦᠶ᠎ᠡ᠎ᠳᠤ ᠬᠡᠷᠡᠭᠯᠡᠵᠦ ᠪᠠᠢᠬᠰᠠᠨ ᠲᠡᠷᠭᠡ


QQ截图20251001104448.png


ᠦᠵᠡᠭᠦᠯᠭᠡ᠎ᠶᠢᠨ ᠨᠢᠭᠡᠨ ᠦᠨᠴᠦᠭ


ᠭᠦᠭᠡᠬᠣᠲᠠ᠎ᠶᠢᠨ ᠳᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠫᠠᠷᠲ᠋ᠢᠽᠠᠨ ᠠᠩᠭᠢ᠎ᠶᠢᠨ ᠰᠠᠭᠤᠷᠢᠨ ᠭᠠᠵᠠᠷ᠎ᠤᠨ ᠬᠠᠭᠤᠴᠢᠨ ᠪᠠᠭᠤᠷᠢ᠎ᠶᠢ 1964 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠎ᠶᠢᠨ ᠨᠢᠭᠡᠴᠢ ᠪᠡᠷ ᠲᠣᠭᠲᠠᠭᠠᠵᠤ᠂ 2005 ᠣᠨ᠎ᠳᠤ ᠤᠯᠤᠰ᠎ᠤᠨ ᠬᠤᠪᠢᠰᠬᠠᠯᠲᠤ ᠵᠢᠭᠤᠯᠴᠢᠯᠠᠯ᠎ᠤᠨ ᠲᠥᠯᠦᠪᠵᠢᠭᠦᠯᠭᠡ᠎ᠶᠢᠨ ᠬᠥᠲᠥᠯᠪᠦᠷᠢ᠎ᠳᠦ ᠵᠢᠭ᠍ᠰᠠᠭᠠᠵᠤ᠂ ᠲᠥᠪ᠎ᠦᠨ ᠤᠬᠠᠭᠤᠯᠬᠤ ᠬᠡᠯᠲᠡᠰ ᠵᠡᠷᠭᠡ 6 ᠶᠠᠮᠤᠨ ᠬᠣᠷᠢᠶ᠎ᠠ᠎ᠠᠴᠠ ᠪᠦᠭᠦ ᠤᠯᠤᠰ᠎ᠤᠨ ᠶᠠᠫᠤᠨ᠎ᠢ ᠡᠰᠡᠷᠭᠦᠴᠡᠬᠦ 19 ᠫᠠᠷᠲ᠋ᠢᠽᠠᠨ ᠎ᠠᠩᠭᠢ᠎ᠶᠢᠨ ᠰᠠᠭᠤᠷᠢᠨ ᠭᠠᠵᠠᠷ᠎ᠤᠨ ᠨᠢᠭᠡ ᠪᠠ ᠪᠦᠭᠦ ᠤᠯᠤᠰ᠎ᠤᠨ ᠵᠠᠭᠤᠨ ᠬᠤᠪᠢᠰᠬᠠᠯ᠎ᠤᠨ ᠰᠣᠩᠭᠣᠳᠠᠭ ᠦᠵᠡᠮᠵᠢ᠎ᠶᠢᠨ ᠣᠷᠣᠨ᠎ᠤ ᠨᠢᠭᠡ ᠭᠡᠵᠦ ᠨᠡᠷᠡᠯᠡᠵᠡᠢ᠃ ᠡᠳᠦᠭᠡ᠂ ᠥᠩᠭᠡᠷᠡᠭᠰᠡᠨ᠎ᠦ ᠳᠠᠢ᠍ᠢᠨ᠎ᠦ ᠲᠠᠯᠠᠪᠤᠷ ᠨᠢᠭᠡᠨᠲᠡ ᠬᠤᠪᠢᠰᠬᠠᠯᠲᠤ ᠵᠢᠭᠤᠯᠴᠢᠯᠠᠯ᠎ᠤᠨ ᠦᠵᠡᠮᠵᠢᠲᠦ ᠣᠷᠣᠨ ᠪᠣᠯᠵᠤ᠂ ᠳᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠫᠠᠷᠲ᠋ᠢᠽᠠᠨ ᠠᠩᠭᠢ᠎ᠶᠢᠨ ᠰᠠᠭᠤᠷᠢᠨ ᠭᠠᠵᠠᠷ᠎ᠤᠨ ᠦᠵᠡᠭᠦᠯᠭᠡ᠎ᠶᠢᠨ ᠣᠷᠳᠣᠨ ᠨᠢ ᠬᠣᠵᠢᠮ᠎ᠤᠨ ᠬᠥᠮᠥᠨ ᠠᠷᠠᠳ᠎ᠲᠤ ᠦᠨᠡᠨ ᠲᠡᠦᠬᠡ᠂ ᠴᠢᠰᠤᠲᠤ ᠪᠠᠢᠯᠳᠤᠭᠠᠨ᠎ᠢ ᠬᠠᠷᠠᠭᠤᠯᠤᠨ᠎ᠠ᠃ ᠮᠥᠩᠬᠡ ᠨᠣᠢᠷᠰᠤᠭᠰᠠᠨ ᠪᠠᠭᠠᠲᠤᠷᠴᠤᠳ ᠬᠡᠳᠦᠢᠪᠡᠷ ᠥᠨᠥᠳᠥᠷ᠎ᠦᠨ ᠵᠣᠯ ᠵᠢᠷᠭᠠᠯᠲᠤ ᠠᠮᠤᠷ ᠠᠮᠤᠭᠤᠯᠠᠩ ᠠᠮᠢᠳᠤᠷᠠᠯ᠎ᠢ ᠣᠯᠵᠤ ᠬᠠᠷᠠᠵᠤ ᠴᠢᠳᠠᠭ᠎ᠠ ᠦᠭᠡᠢ ᠪᠤᠯᠪᠠᠴᠤ ᠲᠡᠳᠡᠨ᠎ᠦ ᠦᠯᠡᠳᠡᠭᠡᠭᠰᠡᠨ  ᠬᠤᠪᠢᠰᠬᠠᠯ᠎ᠤᠨ ᠵᠣᠷᠢᠭ᠋ ᠰᠠᠨᠠᠭ᠎ᠠ ᠨᠢ ᠠᠯᠢ ᠬᠡᠳᠦᠢᠨ ᠠᠳᠬᠤ ᠰᠢᠷᠣᠢ ᠰᠢᠷᠬᠡᠭ ᠴᠢᠯᠠᠭᠤᠨ᠎ᠳᠤ ᠨᠢ ᠭᠦᠷᠲᠡᠯ᠎ᠡ ᠰᠢᠩᠭᠡᠵᠦ᠂ ᠬᠥᠮᠥᠨ ᠠᠷᠠᠳ᠎ᠤᠨ ᠭᠢᠨ ᠴᠢᠰᠤ ᠮᠢᠬᠠᠨ᠎ᠳᠤᠨᠢ ᠬᠠᠳᠠᠩᠰᠢᠪᠠ᠃ ᠦᠷᠡᠭᠳᠡᠭᠰᠡᠨ ᠪᠠᠭᠠᠲᠤᠷᠴᠤᠳ ᠡᠭᠦᠷᠢᠳᠡ ᠮᠥᠩᠬᠡᠷᠡᠵᠦ᠂ ᠬᠤᠪᠢᠰᠬᠠᠯ᠎ᠤᠨ ᠵᠣᠷᠢᠭ᠋ ᠰᠠᠨᠠᠭ᠎ᠠ ᠮᠥᠩᠬᠡᠳᠡ ᠤᠯᠠᠮᠵᠢᠯᠠᠭᠳᠠᠨ᠎ᠠ᠃


QQ截图20251001104448.png


ᠲᠤᠬᠠᠢ᠎ᠶᠢᠨ ᠦᠶ᠎ᠡ ᠎ᠶᠢᠨ ᠪᠠᠢᠳᠠᠯ᠎ᠢ ᠰᠡᠷᠭᠦᠭᠡᠨ ᠬᠠᠷᠠᠭᠤᠯᠤᠨ᠎ᠠ


QQ截图20251001113555.png


ᠬᠠᠭᠤᠴᠢ ᠪᠤᠳᠠᠰ


QQ截图20251117161443.png


ᠮᠤᠷᠢᠲᠤ ᠴᠡᠷᠢᠭ


QQ截图20250825102238.png


ᠳᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠫᠠᠷᠲ᠋ᠢᠽᠠᠨ ᠠᠩᠭᠢ᠎ᠶᠢᠨ ᠰᠠᠭᠤᠷᠢᠨ 

ᠭᠠᠵᠠᠷ᠎ᠤᠨ ᠦᠵᠡᠭᠦᠯᠭᠡ᠎ᠶᠢᠨ ᠣᠷᠳᠣᠨ᠎ᠤ ᠭᠠᠳᠠᠷ ᠦᠵᠡᠮᠵᠢ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号